ᠰᠣᠮᠤ ᠰᠢᠶᠠᠩ ᠪᠠᠯᠭᠠᠰᠤ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ | ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠨᠠᠮ ᠵᠠᠰᠠᠭ | ᠤᠨ ᠣᠳᠤᠷᠢᠳᠬᠤ ᠪᠠᠭ ᠪᠣᠯᠤᠨ ᠣᠳᠤᠷᠢᠳᠬᠤ ᠺᠠᠳ᠋ᠷ ᠤᠨ ᠠᠵᠢᠯ ᠤᠨ ᠪᠦᠲᠦᠮᠵᠢ ᠶᠢ ᠬᠢᠨᠠᠨ ᠰᠢᠯᠭᠠᠬᠤ | ᠬᠠᠷᠢᠭᠤᠴᠠᠯᠭ᠎ᠠ ᠶᠢᠨ ᠲᠥᠷᠢᠮ ᠢ ᠨᠠᠶᠢᠳᠠᠪᠤᠷᠢᠵᠢᠭᠤᠯᠵᠤ᠂ ᠳᠣᠣᠷᠠᠬᠢ ᠮᠠᠲᠦ ᠶᠢᠨ ᠡᠭᠦᠷᠭᠡ ᠬᠠᠷᠢᠭᠤᠴᠠᠯᠭ᠎ᠠ ᠶᠢ | ᠭᠦᠢᠴᠡᠳᠭᠡᠬᠦ ᠬᠡᠷᠡᠭᠲᠡᠢ᠄ | 1. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ ᠠᠭᠤᠰᠤᠯᠴᠠᠭᠤᠯᠤᠨ᠂ ᠮᠠᠯᠵᠢᠬᠤ ᠲᠠᠷᠢᠶᠠᠯᠠᠬᠤ ᠣᠷᠤᠨ ᠤ ᠠᠵᠤ | ᠦᠢᠯᠡᠰ ᠬᠦᠭᠵᠢᠨ ᠮᠠᠨᠳᠤᠵᠤ᠂ ᠠᠮᠢ ᠠᠬᠤᠢ ᠰᠠᠶᠢᠵᠢᠷᠠᠨ᠂ ᠨᠣᠲᠤᠭ ᠤᠨ ᠬᠡᠪ ᠰᠣᠷᠲᠠᠯ ᠪᠣᠯᠪᠠᠰᠤᠨ᠂ ᠠᠮᠢᠳᠤᠷᠠᠯ | ᠪᠠᠶᠠᠨ ᠴᠢᠨᠡᠭᠡᠯᠢᠭ ᠪᠠᠶᠢᠬᠤ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ︔ | 2. ᠬᠠᠷᠢᠶᠠᠲᠤ ᠣᠷᠤᠨ ᠤ ᠪᠠᠨ ᠬᠠᠷᠢᠴᠠᠩᠭᠤᠢ ᠪᠠᠷ ᠬᠤᠴᠤᠷᠤᠩᠭᠤᠢ ᠴᠦᠬᠡᠨ ᠲᠤᠭᠠᠲᠤ ᠦᠨᠳᠦᠰᠦᠲᠡᠨ | ᠲᠥᠪᠯᠡᠷᠡᠨ ᠰᠠᠭᠤᠷᠢᠰᠢᠭᠰᠠᠨ ᠭᠠᠴᠠᠭ᠎ᠠ ᠲᠤᠰᠬᠤᠨ ᠢ ᠳᠡᠳᠭᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠭᠡ ᠪᠠᠷ ᠬᠦᠭᠵᠢᠭᠦᠯᠬᠦ ᠬᠡᠷᠡᠭᠲᠡᠢ︔ | 3. ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ | ᠦᠢᠯᠡᠴᠢᠯᠡᠭᠡ ᠶᠢᠨ ᠲᠡᠩᠴᠡᠭᠦᠷᠢᠲᠡᠢ ᠪᠠᠶᠢᠬᠤ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠥᠮᠡᠨ ᠤ | ᠠᠵᠢᠯ ᠣᠯᠭᠤᠯᠲᠠ᠂ ᠰᠤᠷᠭᠠᠨ ᠬᠦᠮᠦᠵᠢᠯ᠂ ᠡᠮ ᠡᠮᠨᠡᠯᠭᠡ᠂ ᠣᠷᠤᠨ ᠰᠠᠭᠤᠴᠠ᠂ ᠨᠠᠰᠤᠵᠢᠯ᠂ ᠨᠡᠶᠢᠭᠡᠮ ᠤᠨ | ᠪᠠᠲᠤᠯᠠᠭ᠎ᠠ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ︔ | 4. ᠬᠠᠷᠢᠶᠠᠲᠤ ᠣᠷᠤᠨ ᠤ ᠪᠠᠨ ᠰᠠᠭᠤᠭᠠᠯᠢ ᠠᠷᠠᠳ ᠪᠣᠯᠤᠨ ᠨᠡᠭᠦᠳᠡᠯ ᠬᠦᠮᠦᠨ ᠠᠮᠠ ᠶᠢᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠠᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠥᠮᠡᠨ ᠤ ᠬᠠᠮᠲᠤ | ᠪᠠᠷ ᠰᠤᠷᠤᠯᠴᠠᠵᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠬᠦᠭᠵᠢᠬᠦ ᠶᠢ ᠠᠬᠢᠭᠤᠯᠬᠤ ᠬᠡᠷᠡᠭᠲᠡᠢ︔ | 5. ᠵᠦᠷᠢᠴᠡᠯ ᠵᠢᠭᠤᠷᠠᠯᠳᠤᠭᠠᠨ ᠢ ᠰᠢᠭᠰᠢᠨ ᠪᠠᠶᠢᠴᠠᠭᠠᠵᠤ ᠠᠷᠢᠯᠭᠠᠨ ᠰᠢᠢᠳᠪᠦᠷᠢᠯᠡᠬᠦ ᠠᠵᠢᠯ ᠢ ᠢᠳᠡᠪᠬᠢᠲᠡᠢ | ᠦᠷᠨᠢᠭᠦᠯᠵᠦ᠂ ᠡᠯ᠎ᠡ ᠵᠦᠢᠯ ᠤᠨ ᠵᠦᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠬᠠᠤᠯᠢ ᠶᠤᠰᠤᠭᠠᠷ | ᠵᠤᠬᠢᠰᠲᠠᠢ ᠰᠢᠢᠳᠪᠦᠷᠢᠯᠡᠬᠦ ᠬᠡᠷᠡᠭᠲᠡᠢ᠃ |