ᠬᠦᠷᠢᠶ᠎ᠡ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/6/3
    ᠬᠦᠷᠢᠶ᠎ᠡ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠠᠮ ᠤᠨ ᠲᠥᠪ ᠬᠤᠷᠢᠶᠠᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠲᠠ ᠵᠢᠴᠢ ᠬᠦᠷᠢᠶ᠎ᠡ ᠬᠤᠰᠢᠭᠤᠨ ᠤ ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠪᠥᠬᠦ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡ ᠶᠢᠨ ᠠᠬᠢᠴᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠠᠵᠤ ᠦᠶᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃     ︵ᠬᠤᠶᠠᠷ︶ ᠪᠦᠬᠦ ᠬᠤᠰᠢᠭᠤᠨ ᠤ ᠠᠵᠤ ᠦᠶᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠵᠢᠯᠣᠭᠤᠳᠤᠨ᠂ ᠠᠵᠢᠯ ᠲᠥᠷᠥᠯ ᠤᠨ ᠬᠥᠭᠵᠢᠯᠲᠡ ᠶᠢᠨ ᠳᠤᠮᠳᠠᠬᠢ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ  ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠡᠷᠬᠢᠯᠳᠠ ᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠡᠵᠡᠮᠰᠢᠯ  ᠤᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠵᠢᠴᠢ ᠣᠨ ᠤ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃     ︵ᠭᠤᠷᠪᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ ᠢ ᠬᠠᠷᠢᠭᠤᠴᠠᠨ ᠳᠤᠷᠠᠳᠴᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠵᠢᠴᠢ ᠬᠦᠷᠢᠶ᠎ᠡ ᠬᠤᠰᠢᠭᠤᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ᠂ ᠬᠤᠰᠢᠭᠤᠨ ᠤ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠦᠪᠰᠢᠶᠡᠷᠡᠭᠦᠯᠵᠦ᠂ ᠲᠠᠩᠰᠠᠯᠠᠭᠤᠯᠵᠦ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠪᠡᠯᠡ ᠣᠷᠣᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠳᠤ ᠬᠠᠷᠢᠶᠠᠯᠠᠭᠳᠠᠬᠤ ᠲᠥᠷᠥᠯ ᠵᠦᠢᠯ ᠢ ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠨ᠎ᠡ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠷᠬᠢᠯᠳᠠ ᠪᠠ ᠵᠤᠬᠢᠴᠠᠭᠤᠯᠬᠤ ᠶᠢ ᠵᠢᠯᠣᠭᠤᠳᠤᠨ᠎ᠠ᠃     ︵ᠳᠥᠷᠪᠡ︶ ᠬᠦᠷᠢᠶ᠎ᠡ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ  ᠶᠢᠨ ᠶᠡᠷᠦᠩᠬᠡᠶ ᠲᠥᠯᠥᠪᠵᠢᠭᠦᠯᠭᠡ ᠪᠤᠯᠤᠨ ᠠᠵᠤ ᠦᠶᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠶᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠲᠥᠷᠥ  ᠶᠢᠨ ᠪᠣᠳᠣᠯᠭ᠎ᠠ ᠪᠠ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠳᠦᠷᠢᠮ ᠢ ᠲᠣᠭᠲᠠᠭᠠᠨ᠂ ᠠᠵᠤ ᠦᠢᠯᠡᠳᠪᠦᠷᠢ ᠶᠢᠨ ᠪᠠᠶᠢᠷᠢᠰᠢᠭᠤᠯᠤᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠳᠠᠪᠤᠰᠤᠨ ᠤ ᠦᠶᠯᠡᠰ ᠤᠨ ᠭᠤᠤᠯᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠲᠥᠷᠥᠯ ᠤᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠶᠴᠡᠳᠬᠡᠨ᠎ᠡ᠃ ᠪᠥᠬᠦ ᠬᠤᠰᠢᠭᠤᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃     ︵ᠲᠠᠪᠤ︶ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠪᠦᠬᠦ ᠬᠤᠰᠢᠭᠤᠨ  ᠤ ᠠᠵᠤ ᠦᠶᠯᠡᠳᠪᠦᠷᠢ ᠶᠢᠨ ᠡᠨᠧᠷᠭᠢ ᠶᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠶᠯᠡᠳᠪᠦᠷᠢᠯᠡᠯ ᠢ ᠠᠬᠢᠭᠤᠯᠬᠤ ᠲᠥᠷᠥ ᠶᠢᠨ ᠪᠣᠳᠣᠯᠭ᠎ᠠ ᠵᠢᠴᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠶᠯ ᠪᠠ ᠰᠢᠨ᠎ᠡ ᠦᠶᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ  ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠥᠬᠦᠶ ᠤᠯᠤᠰ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠲᠠ ᠵᠢᠴᠢ ᠬᠦᠷᠢᠶ᠎ᠡ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠤ ᠦᠶᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠶᠯ ᠳᠤ ᠣᠷᠣᠯᠴᠠᠵᠤ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠠᠵᠤ ᠦᠶᠢᠯᠡᠰᠵᠢᠯᠲᠡ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠡᠷᠡᠲᠦ ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠵᠢᠯᠣᠭᠤᠳᠤᠨ᠎ᠠ᠃     ︵ᠳᠣᠯᠤᠭ᠎ᠠ︶ ᠲᠣᠨᠤᠭ ᠲᠥᠬᠦᠭᠡᠷᠦᠮᠵᠢ ᠦᠶᠯᠡᠳᠬᠦ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠮᠣᠩᠭᠤᠯ ᠬᠢᠲᠠᠳ ᠡᠮ ᠤᠨ ᠦᠶᠯᠡᠰ ᠤᠨ ᠣᠳᠣᠬᠢᠴᠢᠯᠠᠬᠤ᠂ ᠡᠷᠴᠢᠮᠵᠢᠭᠦᠯᠬᠦ ᠬᠥᠭᠵᠢᠯᠲᠡ ᠶᠢ ᠠᠬᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠲᠠ ᠵᠢᠴᠢ ᠬᠦᠷᠢᠶ᠎ᠡ ᠬᠤᠰᠢᠭᠤᠨ ᠤ ᠭᠤᠤᠯᠳᠠᠯᠭ᠎ᠠ ᠲᠠᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠥᠬᠦᠶ ᠴᠢᠬᠤᠯᠠ ᠶᠡᠭᠡ ᠲᠤᠰᠬᠠᠶ ᠵᠦᠶᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠤᠯᠤᠰ  ᠲᠠᠭᠠᠨ ᠦᠶᠯᠡᠳᠪᠦᠷᠢᠯᠡᠬᠦ ᠶᠢ ᠠᠬᠢᠭᠤᠯᠤᠨ᠂ ᠣᠷᠣᠭᠤᠯᠵᠤ ᠢᠷᠡᠭᠰᠡᠨ ᠮᠡᠷᠭᠡᠵᠢᠯ ᠲᠣᠨᠤᠭ ᠲᠥᠬᠦᠭᠡᠷᠦᠮᠵᠢ ᠶᠢ ᠰᠢᠩᠭᠡᠭᠡᠨ ᠰᠢᠨ᠎ᠡ ᠶᠢ ᠡᠭᠦᠳᠬᠦ ᠶᠢ ᠵᠢᠯᠣᠭᠤᠳᠴᠤ᠂ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠤᠨ ᠬᠥᠭᠵᠢᠯᠲᠡ  ᠶᠢ ᠠᠬᠢᠭᠤᠯᠤᠨ᠎ᠠ᠃     ︵ᠨᠠᠶᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠭᠤᠯᠤᠯᠲᠠ ᠶᠢᠨ ᠠᠵᠢᠯ ᠢ ᠬᠠᠷᠢᠭᠤᠴᠠᠨ᠎ᠠ ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠶᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ ᠦᠶᠯᠡᠰ᠂ ᠮᠡᠳᠡᠭᠡ ᠵᠠᠩᠭᠢ ᠶᠢᠨ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠡᠵᠡᠮᠰᠢᠯ  ᠤᠨ ᠰᠢᠰᠲ᠋ᠧᠮ ᠤᠨ ᠲᠣᠤᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠷᠢᠭᠤᠴᠠᠨ᠎ᠠ᠃ ᠴᠢᠮᠡᠭᠡ ᠨᠡᠪᠲᠡᠷᠡᠯᠭᠡ ᠶᠢᠨ ᠲᠣᠣᠷ ᠰᠦᠯᠵᠢᠶ᠎ᠡ ᠶᠢᠨ ᠰᠠᠭᠤᠷᠢ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠰᠦᠯᠵᠢᠶᠡᠨ ᠤ ᠡᠬᠢ ᠪᠠᠶᠠᠯᠢᠭ ᠢ ᠬᠠᠮᠳᠤᠪᠠᠷ ᠪᠠᠶᠢᠭᠤᠯᠵᠤ ᠬᠠᠮᠳᠤᠪᠡᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠠᠶᠢᠭᠤᠯᠤᠯᠲᠠ᠂ ᠡᠷᠬᠢᠯᠳᠠ᠂ ᠬᠠᠮᠢᠶᠠᠷᠤᠯᠲᠠ ᠶᠢ ᠬᠠᠷᠢᠭᠤᠴᠠᠨ᠎ᠠ᠃     ︵ᠶᠢᠰᠦ︶ ᠪᠥᠬᠦ ᠬᠤᠰᠢᠭᠤᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠡᠭᠦᠷᠭᠡ ᠴᠢᠳᠠᠪᠤᠷᠢ  ᠶᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠳ᠋ᠠᠶᠢᠲ᠋ᠠ ᠶᠢᠨ ᠡᠬᠢ ᠪᠠᠶᠠᠯᠢᠭ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠪᠡ᠂ ᠣᠨ ᠤ ᠲᠥᠯᠥᠪᠯᠡᠭᠡ᠂ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠪᠠᠷᠢᠮᠵᠢᠶ᠎ᠠ ᠵᠢᠷᠤᠮᠵᠢᠯ ᠪᠠ ᠦᠨᠡᠯᠡᠯᠲᠡ ᠶᠢᠨ ᠰᠢᠰᠲ᠋ᠧᠮ ᠢ ᠲᠥᠯᠥᠪᠯᠡᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ  ᠤ ᠲᠣᠮᠣ ᠳ᠋ᠠᠶᠢᠲ᠋ᠠ ᠶᠢᠨ ᠬᠠᠮᠢᠶ᠎ᠠ ᠪᠥᠬᠦᠶ ᠠᠵᠤ ᠦᠶᠯᠡᠰ ᠤᠨ ᠬᠥᠭᠵᠢᠯᠲᠡ ᠪᠠ ᠠᠵᠢᠯ ᠲᠥᠷᠥᠯ ᠤᠨ ᠬᠠᠮᠢᠶᠠᠷᠤᠯᠲᠠ  ᠶᠢ ᠬᠠᠷᠢᠭᠤᠴᠠᠨ᠎ᠠ᠃ ᠲᠣᠮᠣ ᠳ᠋ᠠᠶᠢᠲ᠋ᠠ᠂ ᠮᠡᠳᠡᠭᠡ ᠵᠠᠩᠭᠢᠵᠢᠯᠲᠠ ᠶᠢᠨ ᠬᠦᠷᠢᠶᠡᠨ ᠳᠠᠬᠢ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠡᠭᠦᠷᠭᠡᠯᠡᠨ᠎ᠡ᠃ ᠲᠣᠮᠣ ᠳ᠋ᠠᠶᠢᠲ᠋ᠠ᠂ ᠮᠡᠳᠡᠭᠡ ᠵᠠᠩᠭᠢᠵᠢᠯᠲᠠ ᠶᠢᠨ ᠴᠢᠳᠠᠪᠤᠷᠢᠲᠠᠨ ᠤ ᠬᠦᠷᠢᠶ᠎ᠡ ᠴᠠᠷᠠᠭ᠎ᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠠᠬᠢᠭᠤᠯᠤᠨ᠎ᠠ᠃     ︵ᠠᠷᠪᠠ︶ ᠪᠦᠬᠦ ᠬᠤᠰᠢᠭᠤᠨ ᠤ ᠮᠣᠩᠭᠤᠯ ᠬᠢᠲᠠᠳ ᠡᠮ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠮᠣᠩᠭᠤᠯ ᠬᠢᠲᠠᠳ ᠡᠮ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠮᠣᠩᠭᠤᠯ ᠬᠢᠲᠠᠳ ᠡᠮ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠥᠬᠦ ᠬᠤᠰᠢᠭᠤᠨ ᠤ ᠮᠣᠩᠭᠤᠯ ᠬᠢᠲᠠᠳ ᠡᠮ ᠤᠨ ᠲᠠᠷᠢᠮᠠᠯ᠂ ᠦᠶᠯᠡᠳᠪᠦᠷᠢᠯᠡᠯ᠂ ᠰᠢᠨᠵᠢᠯᠡᠬᠦ ᠤᠬᠠᠭᠠᠨ ᠤ ᠰᠤᠳᠤᠯᠤᠯ ᠂ ᠡᠵᠡᠩᠨᠡᠯᠲᠡ ᠵᠡᠷᠭᠡ ᠠᠵᠢᠯ ᠢ ᠵᠢᠯᠣᠭᠤᠳᠤᠨ ᠵᠣᠬᠢᠴᠠᠭᠤᠯᠵᠤ᠂ ᠪᠥᠬᠦ ᠬᠤᠰᠢᠭᠤᠨ ᠤ ᠮᠣᠩᠭᠤᠯ ᠬᠢᠲᠠᠳ ᠡᠮ ᠤᠨ ᠠᠵᠤ ᠦᠶᠯᠡᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡᠳᠦᠯᠲᠡᠶ ᠬᠥᠭᠵᠢᠯᠲᠡ ᠶᠢᠨ ᠲᠠᠪᠴᠠᠩ ᠢ ᠪᠠᠶᠢᠭᠤᠯᠤᠨ᠎ᠠ᠃ ᠮᠣᠩᠭᠤᠯ ᠬᠢᠲᠠᠳ ᠡᠮ ᠤᠨ ᠠᠵᠤ ᠦᠶᠯᠡᠰ ᠤᠨ ᠮᠡᠳᠡᠭᠡ ᠵᠠᠩᠭᠢ ᠶᠢ ᠴᠤᠭᠯᠠᠭᠤᠯᠵᠤ᠂ ᠡᠮᠬᠢᠳᠬᠡᠵᠦ ᠂ ᠬᠠᠷᠢᠭᠤ ᠲᠤᠰᠬᠠᠬᠤ ᠪᠠ ᠨᠡᠶᠢᠲᠡᠯᠡᠵᠦ᠂ ᠪᠥᠬᠦ ᠬᠤᠰᠢᠭᠤᠨ ᠤ ᠮᠣᠩᠭᠤᠯ ᠬᠢᠲᠠᠳ ᠡᠮ ᠤᠨ ᠠᠵᠤ ᠦᠶᠯᠡᠰ ᠤᠨ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢ ᠲᠡᠭᠦᠯᠳᠡᠷᠵᠢᠭᠦᠯᠬᠦ ᠪᠠ ᠪᠠᠶᠢᠭᠤᠯᠤᠨ᠎ᠠ᠃ ᠮᠣᠩᠭᠤᠯ ᠬᠢᠲᠠᠳ ᠡᠮ ᠤᠨ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠪᠥᠬᠦ ᠬᠤᠰᠢᠭᠤᠨ ᠤ ᠮᠣᠩᠭᠤᠯ ᠬᠢᠲᠠᠳ ᠡᠮ ᠤᠨ ᠠᠵᠤ ᠦᠶᠯᠡᠰ  ᠢ ᠬᠥᠭᠵᠢᠭᠦᠯᠬᠦ ᠴᠢᠬᠤᠯᠠ ᠶᠡᠭᠡ ᠲᠥᠷᠥᠯ ᠵᠦᠶᠯ ᠢ ᠨᠠᠶᠢᠷᠠᠭᠤᠯᠤᠨ ᠵᠣᠬᠢᠶᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤ ᠪᠠ ᠬᠤᠰᠢᠭᠤ ᠱᠠᠲᠤᠨ ᠤ ᠮᠣᠩᠭᠤᠯ ᠬᠢᠲᠠᠳ ᠡᠮ ᠤᠨ ᠠᠵᠤ ᠦᠶᠯᠡᠰ ᠤᠨ ᠲᠥᠷᠥᠯ ᠵᠦᠶᠯ ᠢ ᠭᠤᠶᠤᠴᠢᠯᠠᠨ ᠮᠡᠳᠡᠭᠦᠯᠬᠦ᠂ ᠲᠥᠷᠥᠯ ᠵᠦᠶᠯ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠮᠣᠩᠭᠤᠯ ᠬᠢᠲᠠᠳ ᠡᠮ ᠤᠨ ᠰᠤᠳᠤᠯᠤᠨ ᠨᠡᠭᠡᠭᠡᠬᠦ ᠲᠥᠷᠥᠯ ᠵᠦᠶᠯ ᠤᠨ ᠨᠥᠭᠡᠴᠡᠯᠡᠬᠦ ᠬᠥᠮᠥᠷᠭᠡ ᠶᠢ ᠪᠠᠶᠢᠭᠤᠯᠵᠤ᠂ ᠮᠣᠩᠭᠤᠯ ᠬᠢᠲᠠᠳ ᠡᠮ ᠤᠨ ᠠᠵᠤ ᠦᠶᠢᠯᠡᠰᠵᠢᠯᠲᠡ ᠶᠢᠨ ᠲᠤᠰᠬᠠᠶ ᠵᠦᠶᠯ ᠤᠨ ᠪᠠᠯᠠ ᠮᠥᠩᠭᠦ ᠶᠢ ᠬᠠᠮᠢᠶᠠᠷᠴᠤ ᠬᠡᠷᠡᠭᠯᠡᠬᠦ ᠠᠵᠢᠯ ᠢ ᠰᠠᠶᠢᠲᠤᠷ ᠬᠢᠨ᠎ᠠ᠃     ︵ᠠᠷᠪᠠᠨ ᠨᠢᠭᠡ︶ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃     ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号