ᠬᠦᠷᠢᠶ᠎ᠡ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠠᠮ ᠤᠨ ᠲᠥᠪ ᠬᠤᠷᠢᠶᠠᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ | ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠵᠠᠮ ᠬᠠᠷᠢᠯᠴᠠᠭ᠎ᠠ ᠲᠡᠭᠡᠭᠡᠪᠦᠷᠢ | ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠵᠠᠮ ᠲᠡᠭᠡᠭᠡᠪᠦᠷᠢ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠥᠷᠢᠮ | ᠲᠣᠭᠲᠠᠭᠠᠯ ᠤᠨ ᠲᠥᠰᠦᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠵᠠᠰᠠᠮᠠᠯ ᠵᠠᠮ ᠤᠰᠤᠨ | ᠵᠠᠮ ᠤᠨ ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ᠂ ᠳᠦᠷᠢᠮ ᠲᠣᠭᠲᠠᠭᠠᠯ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠨ᠎ᠠ᠃ ᠬᠠᠮᠢᠶ᠎ᠠ ᠪᠦᠬᠦᠢ ᠪᠦᠷᠢᠳᠬᠡᠨ ᠵᠠᠳᠠᠯᠬᠤ | ᠠᠵᠢᠯ ᠢ ᠡᠭᠦᠷᠭᠡᠯᠡᠨ᠎ᠡ᠃ | ︵ᠬᠤᠶᠠᠷ︶ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠬᠢᠨᠠᠨ ᠬᠠᠮᠢᠶᠠᠷᠤᠨ᠎ᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥᠯ ᠵᠦᠢᠯ᠂ | ᠪᠡᠯᠡ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠬᠤᠷᠠᠮᠳᠤᠭᠤᠯᠬᠤ ᠵᠡᠷᠭᠡ ᠲᠠᠯ᠎ᠠ | ᠶᠢᠨ ᠪᠤᠰᠤᠳ ᠰᠠᠨᠠᠭᠤᠯᠭ᠎ᠠ ᠶᠢ ᠳᠤᠷᠠᠳᠴᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠮᠢᠶ᠎ᠠ | ᠪᠦᠬᠦᠢ ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ | ᠲᠦᠭᠰᠢᠭᠦᠷᠢ ᠶᠢ ᠰᠡᠷᠭᠡᠶᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ | ᠢ ᠬᠢᠨᠠᠨ ᠬᠠᠮᠢᠶᠠᠷᠤᠨ᠎ᠠ᠃ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ᠂ ᠵᠠᠮ ᠳᠤ ᠬᠤᠯᠪᠣᠭᠳᠠᠬᠤ | ᠪᠠᠷᠢᠯᠭ᠎ᠠ ᠪᠣᠯᠤᠨ ᠰᠦᠶᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠦᠬᠦᠢ ᠤᠴᠢᠷ ᠤᠳ ᠢ ᠬᠠᠮᠢᠶᠠᠷᠴᠤ᠂ ᠵᠠᠰᠠᠮᠠᠯ | ᠵᠠᠮ ᠤᠨ ᠠᠷᠠᠴᠢᠯᠠᠯᠲᠠ᠂ ᠵᠠᠮ ᠤᠨ ᠶᠠᠪᠤᠳᠠᠯ᠂ ᠠᠵᠢᠯᠯᠠᠭᠠᠨ ᠤ ᠦᠢᠯᠡᠴᠢᠯᠡᠭᠡ ᠪᠣᠯᠤᠨ ᠵᠠᠰᠠᠮᠠᠯ ᠵᠠᠮ ᠢ ᠨᠢᠭᠡᠳᠦᠯᠲᠡᠶ | ᠲᠥᠯᠥᠪᠯᠡᠨ ᠲᠣᠬᠢᠷᠠᠭᠤᠯᠬᠤ᠂ ᠵᠠᠮ ᠤᠨ ᠲᠣᠤᠷ ᠢ ᠬᠢᠨᠠᠨ ᠬᠡᠮᠵᠢᠬᠦ ᠵᠡᠷᠭᠡ ᠠᠵᠢᠯ ᠢ ᠬᠠᠮᠢᠶᠠᠷᠤᠨ᠎ᠠ᠃ ᠬᠥᠳᠡᠭᠡ | ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠢᠨᠠᠨ | ᠵᠢᠯᠤᠭᠤᠳᠤᠨ᠎ᠠ᠃ | ︵ᠳᠥᠷᠪᠡ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ | ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ | ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠶᠢᠭᠤᠯᠤᠭᠰᠠᠨ ᠦᠨ᠎ᠡ ᠶᠢᠨ ᠲᠣᠭᠲᠠᠭᠰᠠᠨ ᠨᠣᠷᠮ᠎ᠠ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠴᠢᠳᠠᠮᠵᠢ᠂ ᠶᠠᠰᠤ ᠴᠢᠨᠠᠷ ᠲᠤ | ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠲᠠᠪᠤ︶ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠠᠵᠢᠯ ᠢ ᠬᠢᠨᠠᠨ ᠬᠠᠮᠢᠶᠠᠷᠤᠨ᠎ᠠ᠃ ᠡᠷᠬᠡ ᠶᠢᠨ ᠬᠡᠪᠴᠢᠶᠡᠨ ᠳᠣᠲᠣᠷᠠᠬᠢ ᠵᠠᠮ ᠤᠨ ᠠᠶᠠᠨᠴᠢᠳ ᠤᠨ | ᠲᠡᠭᠡᠭᠡᠪᠦᠷᠢ᠂ ᠤᠰᠤᠨ ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠨᠥᠬᠦᠴᠡᠯ ᠤᠨ ᠨᠥᠯᠥᠭᠡᠯᠡᠯ ᠢ ᠦᠨᠡᠯᠡᠬᠦ | ᠬᠠᠮᠢᠶᠠᠷᠤᠯᠲᠠ ᠶᠢ ᠬᠠᠷᠢᠭᠤᠴᠠᠨ᠎ᠠ᠃ ᠵᠠᠮ ᠤᠰᠤᠨ ᠵᠠᠮ ᠤᠨ ᠠᠶᠠᠨᠴᠢᠳ ᠤ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ | ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠤᠷ ᠦᠷᠳᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ | ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠨᠠᠷ ᠴᠢᠳᠠᠯ ᠢ ᠪᠠᠶᠢᠴᠠᠭᠠᠨ | ᠬᠡᠮᠵᠢᠬᠦ᠂ ᠮᠠᠰᠢᠨᠲᠤ ᠲᠡᠷᠭᠡ ᠶᠢᠨ ᠵᠢᠯᠣᠭᠤᠴᠢ ᠶᠢᠨ ᠪᠤᠯᠪᠠᠰᠤᠷᠠᠯ᠂ ᠠᠵᠢᠯᠯᠠᠭᠰᠠᠳ ᠤᠨ ᠬᠠᠮᠢᠶᠠᠷᠤᠯᠲᠠ ᠵᠡᠷᠭᠡ ᠠᠵᠢᠯ | ᠢ ᠬᠢᠨᠠᠯᠲᠠ ᠲᠠᠯᠪᠢᠨ ᠵᠢᠯᠣᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ | ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ | ᠬᠠᠮᠢᠶᠠᠷᠤᠯᠲᠠ ᠶᠢ ᠬᠢᠨᠠᠨ ᠵᠢᠯᠣᠭᠤᠳᠤᠨ᠎ᠠ᠃ ᠤᠰᠤᠨ ᠠᠶᠠᠯᠠᠯ ᠤᠨ ᠵᠠᠮ᠂ ᠭᠠᠷᠠᠮ᠂ ᠭᠠᠷᠠᠮ ᠤᠨ ᠠᠷᠠᠴᠢᠯᠠᠯᠲᠠ | ᠬᠠᠮᠠᠭᠠᠯᠠᠯᠲᠠ ᠶᠢ ᠬᠢᠨᠠᠨ ᠵᠢᠯᠣᠭᠤᠳᠴᠤ᠂ ᠣᠩᠭᠤᠴᠠ ᠰᠠᠯ ᠢ ᠳᠠᠩᠰᠠᠯᠠᠬᠤ᠂ ᠰᠢᠯᠭᠠᠨ ᠪᠠᠶᠢᠴᠠᠭᠠᠬᠤ ᠪᠠ | ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃ | ︵ᠵᠢᠷᠭᠤᠭ᠎ᠠ︶ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠭᠦᠢ | ᠦᠶᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ | ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ | ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠬᠠᠮᠢᠶ᠎ᠠ ᠪᠦᠬᠦᠢ ᠵᠠᠮ ᠤᠨ ᠰᠦᠯᠵᠢᠶᠡᠨ ᠤ ᠡᠷᠬᠢᠯᠳᠠ ᠶᠢᠨ ᠪᠠᠶᠢᠳᠠᠯ ᠢ ᠬᠢᠨᠠᠨ ᠰᠢᠨᠵᠢᠵᠦ | ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠭᠤᠤᠯᠳᠠᠯᠭ᠎ᠠ ᠲᠠᠢ ᠡᠳ᠋ ᠪᠣᠳᠠᠰ᠂ | ᠠᠶᠠᠨᠴᠢᠳ ᠪᠠ ᠪᠠᠷᠠᠭ᠎ᠠ ᠶᠢᠨ ᠪᠠᠴᠢᠮ ᠲᠡᠭᠡᠭᠡᠪᠦᠷᠢ ᠶᠢ ᠲᠣᠬᠢᠷᠠᠭᠤᠯᠤᠨ ᠡᠵᠡᠮᠳᠡᠬᠦ ᠶᠢ ᠬᠠᠷᠢᠭᠤᠴᠠᠨ᠎ᠠ᠃ | ︵ᠳᠣᠯᠤᠭ᠎ᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠬᠦ ᠠᠵᠢᠯ ᠢ ᠬᠢᠨᠠᠨ ᠵᠢᠯᠣᠭᠤᠳᠤᠨ᠎ᠠ᠃ ᠬᠦᠨᠳᠦ ᠶᠡᠭᠡ ᠬᠡᠷᠡᠭ ᠢ ᠪᠠᠶᠢᠴᠠᠭᠠᠬᠤ ᠪᠠ ᠵᠠᠰᠠᠭ | ᠵᠠᠬᠢᠷᠭᠠᠨ ᠤ ᠣᠷᠣᠨ ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠬᠠᠮᠢᠶᠠᠷᠬᠤ ᠬᠠᠷᠢᠶᠠᠯᠠᠯ ᠢ ᠨᠢ | ᠵᠢᠭᠠᠨ ᠲᠣᠭᠲᠠᠭᠠᠭᠰᠠᠨ ᠬᠡᠷᠡᠭ ᠢ ᠳᠠᠭᠠᠭᠠᠨ ᠰᠢᠢᠳᠪᠦᠷᠢᠯᠡᠨ᠎ᠡ᠃ | ︵ᠨᠠᠶᠮᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ | ᠢ ᠬᠠᠮᠠᠭᠠᠯᠠᠬᠤ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃ | ︵ᠶᠢᠰᠦ︶ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠵᠢᠯᠲᠠ᠂ | ᠪᠠᠷᠢᠮᠵᠢᠶᠠᠵᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠ︶ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ | ᠠᠵᠢᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |