ᠬᠦᠷᠢᠶ᠎ᠡ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2021/6/3
    ᠬᠦᠷᠢᠶ᠎ᠡ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠠᠮ ᠤᠨ ᠲᠥᠪ ᠬᠤᠷᠢᠶᠠᠨ ᠤ ᠬᠤᠳᠠᠯᠳᠤᠭᠠᠨ ᠤ ᠶᠠᠪᠤᠳᠠᠯ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠦ ᠶᠠᠪᠤᠴᠠ ᠳᠤ ᠬᠤᠳᠠᠯᠳᠤᠭᠠᠨ ᠤ ᠶᠠᠪᠤᠳᠠᠯ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄     ︵ᠨᠢᠭᠡ︶ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠲᠡᠯᠡᠬᠡᠢ ᠶᠢᠨ ᠠᠵᠤ ᠠᠬᠤᠶ ᠶᠢᠨ ᠬᠤᠷᠰᠢᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠤᠨ᠂ ᠬᠥᠭᠵᠢᠭᠦᠯᠦᠯᠲᠡ ᠶᠢᠨ ᠲᠥᠯᠥᠪᠵᠢᠭᠦᠯᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠭᠠᠳᠠᠭᠠᠳᠤ ᠨᠡᠭᠡᠭᠡᠯᠲᠡ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠠᠵᠤ ᠠᠬᠤᠶ ᠶᠢᠨ ᠬᠠᠮᠵᠢᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃     ︵ᠬᠤᠶᠠᠷ︶ ᠭᠦᠢᠯᠬᠡᠬᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠬᠡᠨ ᠤ ᠦᠢᠯᠡᠰ ᠪᠣᠯᠤᠨ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠭᠦᠢᠯᠬᠡᠬᠡᠨ ᠤ ᠪᠠᠷᠢᠮᠵᠢᠶᠠᠵᠢᠭᠤᠯᠤᠭᠰᠠᠨ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠭᠰᠡᠨ ᠡᠵᠡᠩᠨᠡᠯᠲᠡ᠂ ᠪᠠᠷᠠᠭᠠᠨ ᠤ ᠭᠦᠢᠯᠬᠡᠬᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠣᠳᠣ ᠦᠶ᠎ᠡ ᠶᠢᠨ ᠭᠦᠢᠯᠬᠡᠬᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃     ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠲᠠ ᠶᠢᠨ ᠬᠤᠯᠪᠣᠭᠳᠠᠯ ᠪᠥᠬᠦᠶ ᠪᠠᠷᠠᠭᠠᠨ ᠤ ᠭᠦᠶᠯᠭᠡᠭᠡᠨ ᠤ ᠦᠶᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠦᠶᠯᠡᠰ ᠤᠨ ᠬᠥᠭᠵᠢᠯᠲᠡ ᠶᠢ ᠵᠣᠬᠢᠴᠠᠭᠤᠯᠤᠨ ᠬᠠᠮᠢᠶᠠᠷᠬᠤ᠂ ᠶᠡᠷᠦᠩᠬᠡᠶᠢᠯᠡᠭᠰᠡᠨ ᠦᠶᠯᠡᠴᠢᠯᠡᠭᠡ ᠬᠠᠩᠭᠠᠬᠤ ᠵᠡᠷᠭᠡ ᠠᠵᠢᠯ ᠢ ᠡᠭᠦᠷᠭᠡᠯᠡᠨ᠎ᠡ᠃     ︵ᠳᠥᠷᠪᠡ︶ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠂ ᠶᠡᠭᠡ ᠬᠡᠮᠵᠢᠶᠡᠨ ᠤ ᠦᠢᠯᠡᠳᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠣᠯᠤᠨ ᠬᠤᠲᠠ  ᠶᠢᠨ ᠬᠤᠳᠠᠯᠳᠤᠭᠠᠨ ᠤ ᠲᠣᠣᠷ ᠴᠡᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠢᠰᠲ᠋ᠧᠮ  ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠤᠳᠤ ᠦᠶ᠎ᠡ ᠶᠢᠨ ᠭᠦᠢᠯᠭᠡᠭᠡᠨ ᠤ ᠲᠣᠣᠷ  ᠤᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠲᠦᠯᠬᠢᠨ ᠠᠬᠢᠭᠤᠯᠤᠨ᠎ᠠ᠃     ︵ᠲᠠᠪᠤ︶ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠲᠦᠷᠦᠭᠦᠯᠡᠵᠦ ᠵᠣᠬᠢᠴᠠᠭᠤᠯᠤᠨ ᠴᠡᠭᠴᠡᠯᠡᠵᠦ ᠵᠢᠷᠤᠮᠵᠢᠭᠤᠯᠤᠨ᠂ ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠴᠤ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠨᠴᠠᠭᠠᠢ ᠭᠦᠢᠯᠭᠡᠭᠡᠨ ᠤ ᠠᠵᠢᠯ ᠲᠥᠷᠥᠯ ᠳᠤ ᠬᠢᠨᠠᠯᠲᠠ ᠲᠠᠯᠪᠢᠵᠤ ᠬᠠᠮᠢᠶᠠᠷᠤᠨ᠂ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ᠂ ᠲᠣᠮᠣ ᠬᠡᠯᠪᠡᠷᠢ ᠶᠢᠨ ᠬᠤᠳᠠᠯᠳᠤᠭ᠎ᠠ ᠠᠷᠠᠯᠵᠢᠶ᠎ᠠ  ︵ᠲᠡᠯᠬᠡᠨ ᠦᠵᠡᠭᠦᠯᠭᠦ︶ ᠶᠢᠨ ᠠᠵᠢᠯᠯᠠᠭ᠎ᠠ ᠶᠢᠨ ᠭᠠᠵᠠᠷ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃     ︵ᠵᠢᠷᠭᠤᠭ᠎ᠠ︶ ᠪᠦᠬᠦ ᠬᠤᠰᠢᠭᠤᠨ ᠤ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠡᠷᠬᠢᠯᠳᠠ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠰᠢᠨᠵᠢᠯᠡᠵᠦ᠂ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠨ᠎ᠠ᠃ ᠮᠢᠬᠠᠨ ᠤ ᠵᠦᠶᠯ ᠵᠡᠷᠭᠡ ᠴᠢᠬᠤᠯᠠ ᠬᠡᠷᠡᠭᠯᠡᠭᠡᠨ ᠤ ᠵᠦᠶᠯ ᠢ ᠨᠥᠭᠡᠴᠡᠯᠡᠬᠦ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠢ ᠬᠠᠷᠢᠭᠤᠴᠠᠵᠤ᠂ ᠪᠣᠯᠪᠠᠰᠤᠷᠠᠭᠤᠯᠤᠭᠰᠠᠨ ᠲᠣᠰᠣᠨ ᠤ ᠭᠦᠶᠯᠭᠡᠭᠡᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ᠃     ︵ᠲᠤᠯᠤᠭ᠎ᠠ︶ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠠ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠭᠠᠳᠠᠭᠠᠳᠤ ᠠᠷᠠᠯᠵᠢᠶᠠᠨ ᠤ ᠬᠤᠯᠪᠣᠭᠳᠠᠯ ᠪᠦᠬᠦᠢ ᠲᠠᠸᠠᠷ᠂ ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ  ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠭᠠᠳᠠᠭᠠᠳᠤ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠵᠢᠴᠢ ᠮᠡᠷᠭᠡᠵᠢᠯ᠂ ᠢᠵᠢ ᠪᠦᠷᠢᠳᠦᠭᠰᠡᠨ ᠲᠤᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠦᠷᠦ ᠶᠢᠨ ᠪᠤᠳᠤᠯᠭ᠎ᠠ ᠪᠠ ᠪᠣᠯᠪᠠᠰᠤᠷᠠᠭᠤᠯᠬᠤ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠪᠠᠷᠢᠮᠵᠢᠶᠠᠵᠢᠭᠤᠯᠬᠤ ᠠᠵᠢᠯ ᠢ ᠲᠦᠯᠬᠢᠨ ᠠᠬᠢᠭᠤᠯᠵᠤ᠂ ᠮᠡᠷᠭᠡᠵᠢᠯ ᠢ ᠣᠷᠣᠭᠤᠯᠵᠤ ᠢᠷᠡᠬᠦ᠂ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ ᠭᠠᠷᠭᠠᠬᠤ  ᠶᠢ ᠤᠯᠤᠰ ᠠᠴᠠ ᠬᠢᠵᠠᠭᠠᠷᠯᠠᠬᠤ ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃     ︵ᠨᠠᠶᠮᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠦᠶᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠠᠬᠢᠭᠤᠯᠬᠤ ᠪᠠ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠬᠤᠰᠢᠭᠤᠨ ᠤ ᠲᠡᠯᠬᠡᠨ ᠦᠵᠡᠭᠦᠯᠭᠦ ᠦᠶᠯᠡᠰ ᠢ ᠠᠬᠢᠭᠤᠯᠬᠤ ᠪᠠ ᠬᠠᠮᠢᠶᠠᠷᠤᠯᠲᠠ  ᠶᠢᠨ ᠠᠵᠢᠯ ᠢ ᠬᠠᠷᠢᠭᠤᠴᠠᠨ᠎ᠠ᠃       ︵ᠶᠢᠰᠦ︶ ᠡᠷᠬᠡ ᠣᠯᠭᠤᠯᠲᠠ ᠶᠢ ᠦᠨᠳᠦᠰᠦᠯᠡᠨ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠢ ᠲᠥᠯᠥᠭᠡᠯᠡᠨ ᠭᠠᠳᠠᠭᠠᠳᠤ ᠤᠯᠤᠰ ᠲᠠᠢ ᠠᠵᠤ ᠠᠬᠤᠶ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠤᠯᠤᠰ ᠤᠨ ᠢᠯᠭᠠᠯ ︵ᠭᠠᠵᠠᠷ ᠣᠷᠣᠨ︶ ᠤᠨ ᠣᠷᠣᠨ ᠨᠤᠲᠤᠭ ᠤᠨ ᠬᠤᠭᠤᠷᠣᠨᠳᠣᠬᠢ ᠠᠵᠤ ᠠᠬᠤᠶ ᠠᠷᠠᠯᠵᠢᠶᠠᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ  ᠢ ᠰᠢᠶᠳᠪᠦᠷᠢᠯᠡᠨ᠎ᠡ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠲᠠᠯ᠎ᠠ ᠶᠢᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠭᠠᠳᠠᠭᠠᠳᠤ ᠶᠢᠨ ᠬᠤᠳᠠᠯᠳᠤᠭᠠᠴᠢᠨ ᠤ ᠲᠥᠯᠥᠭᠡᠯᠡᠬᠦ ᠪᠠᠶᠢᠭᠤᠯᠤᠮᠵᠢ ᠪᠣᠯᠤᠨ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠤᠳᠠᠯᠳᠤᠭ᠎ᠠ ᠡᠷᠬᠢᠯᠡᠬᠦ ᠭᠠᠵᠠᠷ ᠲᠠᠢ ᠬᠠᠷᠢᠯᠴᠠᠨ᠎ᠠ᠃       ︵ᠠᠷᠪᠠ︶ ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠬᠠᠮᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢ ᠬᠠᠪᠰᠤᠷᠤᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠣᠯᠴᠢ ᠠᠷᠠᠯᠵᠢᠶ᠎ᠠ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ᠃     ︵ᠠᠷᠪᠠᠨ ᠨᠢᠭᠡ︶ ᠪᠥᠬᠦ ᠬᠤᠰᠢᠭᠤᠨ ᠤ ᠭᠠᠳᠠᠭᠠᠳᠤ ᠠᠵᠤ ᠠᠬᠤᠶ ᠶᠢᠨ ᠬᠠᠮᠲᠤᠷᠠᠯᠴᠠᠭᠠᠨ ᠤ ᠠᠵᠢᠯ ᠢ ᠬᠠᠷᠢᠭᠤᠴᠠᠵᠤ᠂ ᠣᠷᠣᠰ᠂ ᠮᠣᠩᠭᠤᠯ ᠤᠯᠤᠰ ᠪᠠ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ ᠤᠨ ᠭᠠᠳᠠᠭᠠᠳᠤ ᠠᠵᠤ ᠠᠬᠤᠶ ᠶᠢᠨ ᠬᠠᠮᠲᠤᠷᠠᠯᠴᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠭᠠᠳᠠᠭᠠᠳᠤ ᠳᠤ ᠬᠥᠳᠡᠯᠮᠦᠷᠢ ᠦᠶᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ ᠬᠢᠬᠦ᠂ ᠭᠠᠳᠠᠭᠠᠳᠤ ᠳᠤ ᠪᠠᠯᠠ ᠣᠷᠣᠭᠤᠯᠤᠨ ᠠᠵᠤ ᠠᠬᠤᠶᠢᠯᠠᠯ ︵ᠮᠥᠩᠭᠦᠨ ᠭᠦᠶᠯᠭᠡᠭᠡᠨ ᠤ ᠠᠵᠤ ᠠᠬᠤᠶᠢᠯᠠᠯ ᠪᠠᠭᠲᠠᠬᠤ ᠥᠬᠡᠶ︶ ᠡᠷᠭᠢᠯᠡᠬᠦ᠂ ᠬᠦᠷᠢᠶ᠎ᠡ ᠬᠤᠰᠢᠭᠤᠨ ᠤ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠ ᠤᠯᠤᠰ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ ᠵᠦᠶᠯ ᠢ ᠬᠠᠤᠯᠢ ᠶᠣᠰᠣᠭᠠᠷ ᠬᠠᠮᠢᠶᠠᠷᠤᠨ᠎ᠠ᠃     ︵ᠠᠷᠪᠠᠨ ᠬᠤᠶᠠᠷ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ ᠵᠡᠷᠭᠡ ᠤᠴᠢᠷ ᠤᠳ ᠢ ᠬᠢᠨᠠᠨ ᠵᠥᠪᠰᠢᠶᠡᠷᠡᠬᠦ ᠪᠠ ᠳᠠᠩᠰᠠᠯᠠᠬᠤ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ᠂ ᠭᠡᠷ᠎ᠡ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃       ︵ᠠᠷᠪᠠᠨ ᠭᠤᠷᠪᠠ︶ ᠮᠠᠨ ᠤ ᠬᠤᠰᠢᠭᠤᠨ ᠤ ᠭᠤᠤᠯᠳᠠᠯᠭ᠎ᠠ ᠲᠠᠢ ᠳᠠᠪᠠᠭᠤᠯᠢᠭ ᠭᠤᠤᠯᠯᠠᠬᠤ ᠠᠵᠤ ᠦᠶᠯᠡᠰ᠂ ᠰᠢᠨ᠎ᠡ ᠪᠠᠷ ᠮᠠᠨᠳᠤᠭᠰᠠᠨ ᠠᠵᠤ ᠦᠶᠯᠡᠰ ᠤᠨ ᠬᠥᠭᠵᠢᠯᠲᠡ ᠶᠢᠨ ᠬᠠᠨᠳᠤᠰᠢ ᠳᠤ ᠰᠤᠳᠤᠯᠭᠠᠨ ᠬᠢᠬᠦ ᠶᠢ ᠬᠠᠷᠢᠭᠤᠴᠠᠵᠤ ᠂ ᠬᠠᠮᠢᠶ᠎ᠠ ᠪᠥᠬᠦᠶ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠶᠢ ᠴᠠᠭ ᠲᠤᠬᠠᠶ ᠳᠤᠨᠢ ᠳᠤᠷᠠᠳᠤᠨ᠎ᠠ᠃ ᠮᠠᠨ ᠤ ᠬᠤᠰᠢᠭᠤᠨ  ᠤ ᠠᠵᠤ ᠠᠬᠤᠢ ᠶᠢᠨ ᠬᠠᠮᠵᠢᠯᠴᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠪᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠨ᠎ᠠ᠃ ᠮᠠᠨ ᠤ ᠬᠤᠰᠢᠭᠤᠨ ᠤ ᠣᠨ  ᠤ ᠠᠵᠤ ᠠᠬᠤᠶ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠡᠭᠦᠷᠭᠡ ᠶᠢᠨ ᠭᠦᠶᠴᠡᠳᠬᠡᠯ ᠲᠤᠭ᠎ᠠ ᠶᠢ ᠲᠣᠭᠲᠠᠭᠠᠨ᠎ᠠ᠃ ᠮᠠᠨ ᠤ ᠬᠤᠰᠢᠭᠤᠨ ᠤ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠶᠯ ᠤᠨ ᠬᠥᠮᠥᠷᠭᠡ ᠶᠢ ᠴᠠᠭ ᠲᠤᠬᠠᠶ ᠳᠤᠨᠢ ᠪᠦᠷᠢᠨ ᠪᠣᠯᠭᠠᠨ ᠲᠡᠭᠦᠯᠳᠡᠷᠵᠢᠭᠦᠯᠦᠨ᠎ᠡ᠃ ᠡᠮᠦᠨᠡᠬᠢ ᠬᠤᠭᠤᠴᠠᠭᠠᠨ ᠳᠤ ᠪᠠᠯᠠ ᠣᠷᠣᠭᠤᠯᠬᠤ ᠪᠡᠶᠡᠴᠢ ᠴᠣᠭᠴᠠ ᠶᠢᠨ ᠬᠤᠰᠢᠭᠤᠨ ᠤ ᠵᠠᠰᠠᠭ ᠤᠨ ᠣᠷᠳᠣᠨ ᠲᠠᠢ ᠲᠣᠭᠲᠠᠭᠠᠬᠤ ᠪᠠᠷ ᠪᠠᠶᠢᠭ᠎ᠠ ᠬᠡᠯᠡᠯᠴᠡᠭᠡᠷ ᠤᠨ ᠪᠢᠴᠢᠭ ᠤᠨ ᠠᠭᠤᠯᠭ᠎ᠠ ᠶᠢ ᠬᠢᠨᠠᠨ ᠬᠠᠷᠭᠤᠭᠤᠯᠤᠨ᠎ᠠ᠃     ︵ᠠᠷᠪᠠᠨ ᠳᠥᠷᠪᠡ︶ ᠮᠠᠨ ᠤ ᠬᠤᠰᠢᠭᠤᠨ ᠤ ᠠᠵᠤ ᠠᠬᠤᠶ ᠶᠢᠨ ᠬᠠᠮᠲᠤᠷᠠᠯᠴᠠᠭ᠎ᠠ᠂ ᠪᠠᠯᠠ ᠣᠷᠣᠭᠤᠯᠤᠯᠲᠠ  ᠶᠢᠨ ᠣᠷᠴᠢᠨ ᠲᠣᠭᠤᠷᠢᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠲᠤᠭᠤᠷᠪᠢᠵᠤ ᠤᠬᠠᠭᠤᠯᠤᠨ ᠲᠤᠤᠱᠯᠠᠭᠤᠯᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠮᠠᠨ ᠤ ᠬᠤᠰᠢᠭᠤ ᠪᠣᠯᠤᠨ ᠤᠯᠤᠰ ᠤᠨ ᠶᠠᠮᠤᠨ ᠵᠥᠪᠯᠡᠯ᠂ ᠭᠠᠵᠠᠷ ᠣᠷᠣᠨ ᠤ ᠠᠵᠤ ᠠᠬᠤᠶ ᠶᠢᠨ ᠬᠠᠮᠲᠤᠷᠠᠯᠴᠠᠭ᠎ᠠ ᠰᠣᠯᠢᠯᠴᠠᠭᠠᠨ ᠤ ᠠᠵᠢᠯᠯᠠᠭ᠎ᠠ ᠶᠢ ᠵᠣᠬᠢᠴᠠᠭᠤᠯᠤᠨ ᠬᠠᠷᠢᠯᠴᠠᠬᠤ ᠶᠢ ᠬᠠᠷᠢᠭᠤᠴᠠᠨ᠎ᠠ᠃ ᠣᠨᠳᠣᠤ ᠭᠠᠵᠠᠷ ᠤᠨ ᠬᠤᠳᠠᠯᠳᠤᠭᠠᠴᠢᠳ ᠤᠨ ᠨᠡᠶᠢᠭᠡᠮᠯᠢᠭ ᠯᠦᠭᠡ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠶᠢ ᠬᠠᠷᠢᠭᠤᠴᠠᠨ᠎ᠠ᠃ ᠨᠥᠬᠦᠷᠰᠡᠭ ᠭᠠᠵᠠᠷ ᠣᠷᠣᠨ᠂ ᠨᠥᠬᠦᠷᠰᠡᠭ ᠨᠢᠭᠡᠴᠡ ᠯᠦᠭᠡ ᠶᠢᠨ ᠵᠣᠬᠢᠴᠠᠭᠤᠯᠭ᠎ᠠ ᠨᠡᠪᠲᠡᠷᠡᠯᠴᠡᠭᠡ ᠶᠢ ᠬᠠᠷᠢᠭᠤᠴᠠᠨ᠎ᠠ᠃ ᠴᠢᠬᠤᠯᠠ ᠶᠡᠭᠡ ᠠᠵᠤ ᠠᠬᠤᠶ ᠶᠢᠨ ᠬᠤᠷᠰᠢᠯᠴᠠᠭ᠎ᠠ᠂ ᠪᠡᠯᠡ ᠣᠷᠣᠭᠤᠯᠤᠯᠲᠠ ᠶᠢ ᠠᠬᠢᠭᠤᠯᠬᠤ᠂ ᠲᠥᠷᠥᠯ ᠵᠦᠢᠯ ᠲᠠᠨᠢᠯᠴᠠᠭᠤᠯᠬᠤ ᠵᠡᠷᠭᠡ ᠠᠵᠢᠯᠯᠠᠭ᠎ᠠ ᠳᠤ ᠣᠷᠣᠯᠴᠠᠬᠤ ᠶᠢ ᠵᠣᠬᠢᠴᠠᠭᠤᠯᠬᠤ ᠪᠠ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃     ︵ᠠᠷᠪᠠᠨ ᠲᠠᠪᠤ︶ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠲᠤᠷᠠᠨ ᠬᠤᠰᠢᠭᠤᠨ ᠤ ᠰᠢᠭᠤᠳ ᠬᠠᠷᠢᠶ᠎ᠠ ᠲᠤᠰᠬᠠᠶ ᠮᠡᠷᠭᠡᠵᠢᠯ ᠤᠨ ᠠᠷᠠᠯᠵᠢᠶᠠᠴᠢᠨ ᠤᠷᠢᠬᠤ ᠺᠠᠳ᠋ᠷ ᠢ ᠰᠣᠩᠭᠤᠨ ᠲᠣᠮᠢᠯᠠᠬᠤ᠂ ᠬᠠᠮᠢᠶᠠᠷᠬᠤ᠂ ᠰᠢᠯᠭᠠᠨ ᠬᠢᠨᠠᠬᠤ ᠠᠵᠢᠯ ᠢ ᠰᠠᠶᠢᠲᠤᠷ ᠬᠢᠨ᠎ᠠ᠃     ︵ᠠᠷᠪᠠᠨ ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠣᠯᠤᠨ ᠮᠠᠨ ᠤ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠤᠬᠠᠶ ᠡᠯ᠎ᠡ ᠵᠦᠶᠯ  ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠬᠠᠭᠤᠯᠤᠨ ᠲᠤᠤᠱᠯᠠᠭᠤᠯᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠮᠠᠨ ᠤ ᠬᠤᠰᠢᠭᠤᠨ ᠤ ᠭᠤᠤᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠷᠥᠯ ᠵᠦᠶᠯ ᠤᠨ ᠬᠥᠮᠥᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠮᠠᠨ ᠤ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠬᠤ᠂ ᠬᠥᠭᠵᠢᠯᠲᠡ ᠶᠢ ᠠᠬᠢᠭᠤᠯᠬᠤ᠂ ᠦᠶᠯᠡᠴᠢᠯᠡᠭᠡ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠨᠡᠶᠢᠲᠡ ᠶᠢᠨ ᠥᠮᠴᠢᠯᠡᠯ ᠤᠨ ᠪᠤᠰᠤ ᠳᠤᠮᠳᠠ ᠵᠢᠵᠢᠭ ᠠᠵᠤ ᠠᠬᠤᠶᠢᠯᠠᠯ ᠳᠤ ᠵᠣᠬᠢᠴᠠᠭᠤᠯᠤᠨ ᠦᠶᠯᠡᠴᠢᠯᠡᠬᠦ ᠵᠢᠯᠣᠭᠤᠳᠣᠯᠭ᠎ᠠ ᠪᠠᠨ ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠰᠤᠷᠠᠯᠲᠠ ᠥᠬᠡᠶ ᠬᠥᠭᠵᠢᠨ ᠪᠤᠵᠠᠭᠠᠶᠢᠷᠬᠠᠤ ᠶᠢ ᠠᠬᠢᠭᠤᠯᠤᠨ᠎ᠠ᠃     ︵ᠠᠷᠪᠠᠨ ᠳᠣᠯᠤᠭ᠎ᠠ︶ ᠭᠠᠳᠠᠭᠠᠳᠤ ᠨᠡᠭᠡᠭᠡᠯᠲᠡ᠂ ᠠᠵᠤ ᠠᠬᠤᠶ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠳᠡᠭᠡ ᠵᠠᠩᠭᠢ ᠴᠤᠭᠯᠠᠭᠤᠯᠬᠤ᠂ ᠰᠢᠯᠢᠨ ᠰᠣᠩᠭᠤᠬᠤ ᠵᠢᠴᠢ ᠨᠡᠶᠢᠲᠡᠯᠡᠬᠦ ᠶᠢ ᠴᠢᠩᠭᠠᠷᠠᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠪᠡᠯᠡ ᠣᠷᠣᠭᠤᠯᠬᠤ ᠭᠤᠣᠯ ᠴᠣᠭᠴᠠ ᠳᠤ ᠪᠡᠯᠡ ᠣᠷᠣᠭᠤᠯᠬᠤ ᠤᠳᠤᠷᠢᠳᠤᠮᠵᠢ᠂ ᠲᠥᠷᠥ ᠶᠢᠨ ᠪᠣᠳᠣᠯᠭ᠎ᠠ ᠶᠢᠨ ᠲᠡᠳᠬᠦᠮᠵᠢ᠂ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠲᠠᠯ᠎ᠠ ᠶᠢᠨ ᠯᠠᠪᠯᠠᠯᠭ᠎ᠠ  ᠶᠢᠨ ᠦᠢᠯᠡᠴᠢᠯᠡᠭᠡ ᠬᠠᠩᠭᠠᠨ᠎ᠠ᠃ ᠭᠤᠤᠯᠳᠠᠯᠭ᠎ᠠ ᠲᠠᠢ ᠠᠵᠤ ᠠᠬᠤᠶ ᠶᠢᠨ ᠬᠠᠮᠲᠤᠷᠠᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠶᠯ ᠤᠨ ᠪᠦᠬᠦ ᠶᠠᠪᠤᠴᠠ ᠶᠢ ᠮᠥᠷᠳᠡᠨ ᠦᠶᠯᠡᠴᠢᠯᠡᠬᠦ ᠶᠢ ᠬᠠᠷᠢᠭᠤᠴᠠᠨ᠎ᠠ᠃ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠰᠠᠶᠢᠲᠤᠷ ᠬᠢᠨ᠎ᠡ᠃ ᠮᠠᠨ ᠤ ᠬᠤᠰᠢᠭᠤᠨ ᠳᠤ ᠢᠷᠡᠭᠰᠡᠨ ᠵᠣᠴᠢᠨ ᠬᠤᠳᠠᠯᠳᠤᠭᠠᠴᠢᠨ ᠢ ᠬᠦᠯᠢᠶᠡᠨ ᠠᠪᠴᠤ ᠵᠣᠬᠢᠴᠠᠭᠤᠯᠬᠤ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃     ︵ᠠᠷᠪᠠᠨ ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号