ᠬᠦᠷᠢᠶ᠎ᠡ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2021/6/3
    ᠬᠦᠷᠢᠶ᠎ᠡ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠭᠵᠢᠭᠦᠯᠦᠯᠲᠡ ᠪᠠ ᠥᠭᠡᠷᠡᠴᠢᠯᠡᠯᠲᠡ᠂ ᠡᠨᠧᠷᠭᠢ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠬᠥᠭᠵᠢᠭᠦᠯᠦᠯᠲᠡ ᠪᠠ ᠥᠭᠡᠷᠡᠴᠢᠯᠡᠯᠲᠡ᠂ ᠡᠨᠧᠷᠭᠢ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄     ︵ᠨᠢᠭᠡ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠲᠤᠮᠳᠠ ᠤᠷᠳᠦ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠨᠢᠭᠡᠳᠦᠯᠲᠡᠶ ᠲᠥᠯᠥᠪᠵᠢᠭᠦᠯᠬᠦ ᠰᠢᠰᠲ᠋ᠧᠮ ᠤᠨ ᠪᠠᠶᠢᠭᠤᠯᠤᠯᠲᠠ  ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠬᠤᠰᠢᠭᠤᠨ ᠱᠠᠲᠤᠨ ᠤ ᠲᠤᠰᠬᠠᠶ ᠲᠥᠯᠥᠪᠵᠢᠭᠦᠯᠭᠡ᠂ ᠣᠷᠣᠨ ᠪᠦᠰᠡ  ᠶᠢᠨ ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ ᠪᠠ ᠪᠥᠬᠦ ᠬᠤᠰᠢᠭᠤᠨ ᠤ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠵᠢᠭᠦᠯᠦᠨ ᠵᠣᠯᠭᠠᠭᠤᠯᠬᠤ ᠶᠢ ᠬᠠᠷᠢᠭᠤᠴᠠᠨ᠎ᠠ᠃ ᠬᠤᠰᠢᠭᠤᠨ ᠤ ᠵᠠᠰᠠᠭ  ᠤᠨ ᠣᠷᠳᠣᠨ ᠤ ᠨᠠᠶᠢᠳᠠᠯᠭ᠎ᠠ ᠪᠠᠷ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ᠂ ᠠᠵᠤ ᠠᠬᠤᠶ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠣᠷᠣᠯᠠᠨ ᠲᠤᠭᠤᠷᠪᠢᠨ᠎ᠠ᠃     ︵ᠬᠤᠶᠠᠷ︶ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠷᠠᠳᠤᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠦᠨᠡᠯᠡᠨ ᠵᠢᠱᠢᠵᠦ ᠬᠢᠨᠠᠨ ᠵᠢᠯᠣᠭᠤᠳᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠥᠷᠥᠯ ᠵᠦᠶᠯ ᠢ ᠬᠢᠨᠠᠨ ᠵᠢᠯᠣᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠤᠨ᠎ᠠ᠃     ︵ᠭᠤᠷᠪᠠ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠨᠢᠭᠡᠳᠦᠯᠲᠡᠢ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ᠂ ᠬᠤᠷᠸ᠎ᠠ ᠲᠤᠬᠢᠷᠠᠭᠤᠯᠤᠯᠳᠠ ᠡᠵᠡᠮᠳᠡᠯ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ ᠠᠬᠤᠢ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠡᠷᠬᠢᠯᠳᠠ ᠶᠢ ᠲᠣᠬᠢᠷᠠᠭᠤᠯᠵᠤ᠂ ᠠᠵᠤ ᠠᠬᠤᠶ ᠶᠢᠨ ᠡᠷᠬᠢᠯᠳᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ ᠳᠡᠭᠡᠳᠦ ᠱᠠᠲᠤᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠥᠭᠡᠨ ᠲᠣᠭᠠᠨ ᠤ ᠬᠦᠷᠢᠶ᠎ᠡ ᠬᠤᠰᠢᠭᠤᠨ ᠠᠴᠠ ᠬᠠᠮᠢᠶᠠᠷᠴᠤ ᠪᠠᠶᠢᠭ᠎ᠠ ᠴᠢᠬᠤᠯᠠ ᠲᠠᠸᠠᠷ ᠤᠨ ᠦᠶᠯᠡᠴᠢᠯᠡᠭᠡᠨ ᠤ ᠦᠨ᠎ᠡ ᠬᠠᠩᠰᠢ ᠪᠣᠯᠤᠨ ᠴᠢᠬᠤᠯᠠ ᠰᠦᠶᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ᠂ ᠵᠣᠭᠤᠰᠣᠨ ᠤ ᠲᠦᠷᠦ ᠶᠢᠨ ᠪᠤᠳᠤᠯᠭ᠎ᠠ ᠪᠠ ᠭᠠᠵᠠᠷ ᠰᠢᠷᠣᠢ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃     ︵ᠳᠥᠷᠪᠡ︶ ᠠᠵᠤ ᠠᠬᠤᠶ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠂ ᠬᠠᠮᠢᠶ᠎ᠠ ᠪᠦᠬᠦᠢ ᠥᠭᠡᠷᠡᠴᠢᠯᠡᠯᠲᠡ  ᠶᠢᠨ ᠰᠠᠨᠠᠭᠤᠯᠭ᠎ᠠ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠦᠭᠦᠯᠡᠨ ᠠᠬᠢᠭᠤᠯᠤᠨ᠎ᠠ᠃ ᠥᠮᠴᠢᠯᠡᠯ ᠤᠨ ᠡᠷᠬᠡ ᠶᠢᠨ ᠲᠦᠷᠢᠮ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ ᠶᠢ ᠵᠣᠬᠢᠴᠠᠩᠭᠤᠢ ᠪᠠᠷ ᠲᠦᠯᠬᠢᠨ ᠠᠬᠢᠭᠤᠯᠤᠨ᠎ᠠ᠃ ᠠᠵᠤ ᠠᠬᠤᠢ ᠶᠢᠨ ᠦᠨᠳᠦᠰᠦᠨ ᠲᠦᠷᠢᠮ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃     ︵ᠲᠠᠪᠤ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠶᠢᠨ ᠶᠡᠷᠦᠩᠬᠡᠶ ᠬᠡᠮᠵᠢᠶ᠎ᠡ ᠶᠢ ᠲᠡᠩᠴᠡᠭᠦᠯᠬᠦ ᠪᠠ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠳᠤᠷᠠᠳᠤᠨ᠎ᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠲᠦᠯᠬᠢᠨ ᠠᠬᠢᠭᠤᠯᠤᠨ᠎ᠠ᠃ ᠭᠠᠷᠴᠤ ᠶᠠᠪᠤᠬᠤ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠡᠭᠦᠷᠭᠡᠯᠡᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠪᠦᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ  ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠪᠠᠯᠠ ᠣᠷᠣᠭᠤᠯᠤᠯᠲᠠ ᠶᠢ ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠵᠤ᠂ ᠪᠥᠬᠦ ᠬᠤᠰᠢᠭᠤᠨ  ᠤ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ᠂ ᠪᠦᠲᠦᠴᠡ  ᠶᠢ ᠲᠣᠬᠢᠷᠠᠭᠤᠯᠤᠨ ᠡᠵᠡᠮᠳᠡᠬᠦ ᠬᠠᠷᠠᠯᠲᠠ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠡᠷᠬᠡ ᠮᠡᠳᠡᠯ ᠪᠠ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠭᠠᠷᠴᠠᠭ ᠢ ᠲᠤᠭᠤᠷᠪᠢᠨ ᠲᠣᠭᠲᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠤᠨ᠎ᠠ᠃ ᠴᠢᠬᠤᠯᠠ ᠶᠡᠭᠡ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠲᠥᠯᠥᠪᠵᠢᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠥᠭᠡᠳ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃     ︵ᠳᠣᠯᠤᠭ᠎ᠠ︶ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠢᠶ᠎ᠠ ᠪᠥᠬᠦᠶ ᠣᠷᠣᠨ ᠪᠦᠰᠡ ᠶᠢᠨ ᠲᠥᠯᠥᠪᠵᠢᠭᠦᠯᠭᠡ ᠪᠠ ᠲᠥᠷᠥ  ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠣᠯᠤᠨ ᠬᠦᠷᠢᠶ᠎ᠡ ᠬᠤᠰᠢᠭᠤᠨ ᠤ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠵᠢᠴᠢ ᠪᠤᠰᠤᠳ ᠤᠨᠴᠠᠭᠠᠢ ᠬᠦᠴᠢᠷᠳᠡᠯᠲᠡᠶ ᠭᠠᠵᠠᠷ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠬᠡᠷᠡᠭᠵᠢᠭᠦᠯᠵᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠶᠢ ᠬᠡᠷᠡᠭᠵᠢᠭᠦᠯᠦᠨ᠎ᠡ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠦᠯᠬᠢᠨ ᠠᠬᠢᠭᠤᠯᠤᠨ᠎ᠠ᠃     ︵ᠨᠠᠶᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠦᠯᠦᠪᠵᠢᠭᠦᠯᠬᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠤᠯᠭᠠᠭᠤᠯᠤᠨ᠎ᠠ᠃ ᠴᠢᠬᠤᠯᠠ ᠶᠡᠭᠡ ᠰᠠᠭᠤᠷᠢ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠲᠦᠯᠬᠢᠨ ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠲᠦᠯᠬᠢᠨ ᠠᠬᠢᠭᠤᠯᠤᠨ᠎ᠠ᠃ ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃     ︵ᠶᠢᠰᠦ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠴᠦ ᠦᠢᠯᠡᠰ ᠪᠤᠰᠬᠠᠬᠤ ᠶᠢ ᠲᠦᠯᠬᠢᠨ ᠠᠬᠢᠭᠤᠯᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠰᠢᠨ᠎ᠡ ᠶᠢ ᠡᠭᠦᠳᠬᠦ ᠪᠠ ᠪᠣᠶᠢᠵᠢᠭᠤᠯᠬᠤ ᠲᠦᠷᠦ ᠶᠢᠨ ᠪᠤᠳᠤᠯᠭ᠎ᠠ ᠶᠢ ᠳᠤᠷᠠᠳᠤᠨ ᠭᠠᠷᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠦᠷᠢᠶ᠎ᠡ ᠬᠤᠰᠢᠭᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠲᠥᠯᠥᠪᠵᠢᠭᠦᠯᠦᠨ ᠪᠠᠶᠢᠷᠢᠰᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠪᠥᠭᠡᠳ ᠠᠬᠢᠭᠤᠯᠤᠨ ᠬᠡᠷᠡᠭᠵᠢᠭᠦᠯᠵᠦ᠂ ᠠᠵᠤ ᠦᠢᠯᠡᠰ ᠤᠨ ᠳᠡᠰ ᠳᠡᠪᠰᠢᠬᠦ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃     ︵ᠠᠷᠪᠠ︶ ᠠᠵᠤ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ ᠪᠠᠶᠠᠯᠢᠭ  ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠳᠤ ᠬᠤᠯᠪᠣᠭᠳᠠᠭᠰᠠᠨ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠮᠥᠷᠳᠡᠨ ᠰᠤᠳᠤᠯᠵᠤ ᠮᠠᠭᠠᠳᠯᠠᠨ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ  ᠶᠢ ᠲᠡᠩᠴᠡᠭᠦᠯᠬᠦ ᠪᠠ ᠬᠤᠷᠸ᠎ᠠ ᠲᠣᠬᠢᠷᠠᠭᠤᠯᠭ᠎ᠠ ᠡᠵᠡᠮᠰᠢᠯ ᠢ ᠬᠠᠷᠢᠭᠤᠴᠠᠵᠤ᠂ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ᠂ ᠲᠦᠭᠦᠬᠡᠶ ᠮᠠᠲ᠋ᠧᠷᠢᠶᠠᠯ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠲᠣᠬᠢᠷᠠᠭᠤᠯᠤᠨ ᠡᠵᠡᠮᠳᠡᠬᠦ ᠰᠠᠨᠠᠯ ᠢ ᠬᠠᠮᠵᠢᠯᠴᠠᠨ ᠳᠤᠷᠠᠳᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠦᠷᠢᠶ᠎ᠡ ᠬᠤᠰᠢᠭᠤᠨ ᠤ ᠨᠥᠭᠡᠴᠡ ᠡᠳ᠋ ᠪᠣᠳᠠᠰ ᠤᠨ ᠲᠥᠷᠥᠯ ᠵᠦᠶᠯ ᠤᠨ ᠭᠠᠷᠴᠠᠭ᠂ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃     ︵ᠠᠷᠪᠠᠨ ᠨᠢᠭᠡ︶ ᠨᠡᠶᠢᠭᠡᠮ ᠤᠨ ᠬᠥᠭᠵᠢᠯᠲᠡ ᠪᠣᠯᠤᠨ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ  ᠶᠢᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠶᠡᠷᠦᠩᠬᠡᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ  ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢ ᠵᠣᠬᠢᠴᠠᠩᠭᠤᠢ ᠪᠠᠷ ᠬᠥᠭᠵᠢᠭᠦᠯᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠦᠭᠦᠯᠡᠨ ᠥᠷᠨᠢᠭᠦᠯᠦᠨ᠎ᠡ᠃     ︵ᠠᠷᠪᠠᠨ ᠬᠤᠶᠠᠷ︶ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠰᠡᠷᠭᠦᠭᠡᠬᠦ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ  ᠶᠢᠨ ᠨᠥᠬᠦᠪᠥᠷᠢ ᠶᠢᠨ ᠲᠣᠭᠲᠠᠴᠠ ᠶᠢ ᠪᠦᠷᠢᠨᠰᠢᠬᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠬᠤ ᠬᠠᠷᠠᠯᠲᠠ᠂ ᠡᠭᠦᠷᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     ︵ᠠᠷᠪᠠᠨ ᠭᠤᠷᠪᠠ︶ ᠤᠯᠤᠰ ᠤᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠠᠷᠪᠠᠨ ᠳᠥᠷᠪᠡ︶ ᠪᠦᠬᠦ ᠬᠤᠰᠢᠭᠤᠨ ᠤ ᠠᠮᠤ ᠪᠤᠳᠠᠭᠠᠨ ᠤ ᠭᠦᠶᠯᠭᠡᠭᠡ ᠪᠣᠯᠤᠨ ᠡᠳ᠋ ᠪᠠᠷᠠᠭ᠎ᠠ ᠨᠥᠭᠡᠴᠡᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠣᠯᠤᠨ ᠬᠦᠷᠢᠶ᠎ᠡ ᠬᠤᠰᠢᠭᠤᠨ  ᠤ ᠴᠢᠬᠤᠯᠠ ᠡᠳ᠋ ᠪᠠᠷᠠᠭ᠎ᠠ ᠨᠥᠭᠡᠴᠡᠯᠡᠬᠦ ᠲᠥᠯᠥᠪᠵᠢᠭᠦᠯᠭᠡ᠂ ᠨᠥᠭᠡᠴᠡᠯᠡᠬᠦ ᠲᠥᠷᠥᠯ ᠵᠦᠶᠯ ᠤᠨ ᠭᠠᠷᠴᠠᠭ ᠢ ᠲᠤᠤᠱᠯᠠᠭᠤᠯᠤᠨ ᠬᠡᠷᠡᠭᠵᠢᠭᠦᠯᠬᠦ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠣᠯᠤᠨ ᠬᠦᠷᠢᠶ᠎ᠡ ᠬᠤᠰᠢᠭᠤᠨ ᠤ ᠨᠥᠭᠡᠴᠡᠯᠡᠯ ᠤᠨ ᠶᠡᠷᠦᠩᠬᠡᠶ ᠲᠥᠯᠥᠪᠵᠢᠭᠦᠯᠭᠡ ᠪᠣᠯᠤᠨ ᠲᠥᠷᠥᠯ ᠵᠦᠶᠯ ᠤᠨ ᠭᠠᠷᠴᠠᠭ ᠢ ᠦᠨᠳᠦᠰᠦᠯᠡᠨ᠂ ᠪᠥᠬᠦ ᠬᠤᠰᠢᠭᠤᠨ ᠤ ᠴᠢᠬᠤᠯᠠ ᠪᠥᠬᠦᠶ ᠪᠠᠴᠢᠮ ᠪᠠᠶᠢᠳᠠᠯ  ᠢ ᠠᠷᠭᠠᠴᠠᠬᠤ ᠨᠥᠭᠡᠴᠡ ᠡᠳ᠋ ᠪᠣᠳᠠᠰ ᠢ ᠬᠤᠷᠢᠶᠠᠨ ᠨᠥᠭᠡᠴᠡᠯᠡᠬᠦ᠂ ᠡᠭᠡᠯᠵᠢᠯᠡᠭᠦᠯᠬᠦ ᠪᠠ ᠬᠢᠨᠠᠨ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠬᠡᠷᠡᠭᠯᠡᠬᠦ ᠲᠥᠯᠥᠪᠯᠡᠭᠡ ᠪᠣᠯᠤᠨ ᠵᠠᠷᠯᠢᠭ ᠢ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠠᠮᠤ ᠪᠤᠳᠠᠭ᠎ᠠ᠂ ᠡᠮ ᠤᠨ ᠵᠦᠶᠯ ᠤᠨ ᠨᠥᠭᠡᠴᠡ ᠪᠠ ᠭᠠᠮᠰᠢᠭ  ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢ ᠬᠠᠮᠢᠶᠠᠷᠤᠨ᠎ᠠ᠃ ᠬᠤᠰᠢᠭᠤᠨ ᠤ ᠳᠣᠲᠣᠨ᠎ᠠ ᠭᠠᠳᠠᠨᠠᠬᠢ ᠠᠮᠤ ᠪᠤᠳᠠᠭ᠎ᠠ ᠪᠠ ᠨᠥᠭᠡᠴᠡ ᠡᠳ᠋ ᠪᠣᠳᠠᠰ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠬᠢᠨᠠᠨ ᠬᠡᠮᠵᠢᠨ᠎ᠡ᠃ ᠪᠦᠬᠦ ᠬᠤᠰᠢᠭᠤᠨ ᠤ ᠠᠮᠤ ᠪᠤᠳᠠᠭᠠᠨ ᠤ ᠭᠦᠶᠯᠭᠡᠭᠡᠨ ᠤ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠪᠣᠳᠠᠲᠠᠶ ᠠᠵᠢᠯ ᠢ ᠡᠭᠦᠷᠭᠡᠯᠡᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠪᠠ ᠴᠡᠷᠢᠭ ᠤᠨ ᠠᠮᠤ ᠪᠤᠳᠠᠭᠠᠨ ᠤ ᠬᠠᠩᠭᠠᠯᠭ᠎ᠠ ᠬᠢᠭᠡᠳ ᠬᠠᠮᠢᠶᠠᠷᠤᠯᠲᠠ ᠶᠢ ᠬᠠᠷᠢᠭᠤᠴᠠᠨ᠎ᠠ᠃ ᠠᠮᠤ ᠪᠤᠳᠠᠭ᠎ᠠ ᠪᠣᠯᠤᠨ ᠡᠳ᠋ ᠪᠣᠳᠠᠰ ᠨᠥᠭᠡᠴᠡᠯᠡᠬᠦ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠠᠮᠤ ᠪᠤᠳᠠᠭᠠᠨ ᠤ ᠭᠦᠶᠯᠭᠡᠭᠡᠨ ᠤ ᠠᠵᠢᠯ ᠲᠥᠷᠥᠯ ᠤᠨ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠦᠷᠢᠶ᠎ᠡ ᠬᠤᠰᠢᠭᠤᠨ ᠱᠠᠳᠤᠨ ᠤ ᠠᠮᠤ ᠪᠤᠳᠠᠭ᠎ᠠ᠂ ᠡᠮ ᠤᠨ ᠵᠦᠶᠯ ᠤᠨ ᠨᠥᠭᠡᠴᠡ ᠪᠠ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢ ᠳᠠᠭᠠᠭᠠᠨ ᠬᠠᠳᠠᠭᠠᠯᠠᠬᠤ ᠨᠢᠬᠡᠴᠡ ᠶᠢᠨ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃     ︵ᠠᠷᠪᠠᠨ ᠲᠠᠪᠤ︶ ᠪᠦᠬᠦ ᠬᠤᠰᠢᠭᠤᠨ ᠤ ᠨᠥᠭᠡᠴᠡᠯᠡᠯ ᠤᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠦᠬᠦ ᠬᠤᠰᠢᠭᠤᠨ ᠤ ᠨᠥᠭᠡᠴᠡᠯᠡᠯ ᠤᠨ ᠰᠠᠭᠤᠷᠢ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠨᠢᠭᠡᠳᠦᠯᠲᠡᠶ ᠬᠠᠷᠢᠭᠤᠴᠠᠵᠤ᠂ ᠪᠦᠬᠦ ᠬᠤᠰᠢᠭᠤᠨ ᠤ ᠨᠥᠭᠡᠴᠡᠯᠡᠯ ᠤᠨ ᠰᠠᠭᠤᠷᠢ ᠲᠦᠭᠦᠬᠡᠷᠦᠮᠵᠢ᠂ ᠠᠮᠤ ᠪᠤᠳᠠᠭᠠᠨ ᠤ ᠭᠦᠶᠯᠭᠡᠭᠡᠨ ᠤ ᠲᠦᠭᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠨᠥᠭᠡᠴᠡᠯᠡᠯ ᠤᠨ ᠰᠠᠭᠤᠷᠢ ᠲᠦᠭᠦᠬᠡᠷᠦᠮᠵᠢ ᠪᠣᠯᠤᠨ ᠠᠮᠤ ᠪᠤᠳᠠᠭᠠᠨ ᠤ ᠭᠦᠶᠯᠭᠡᠭᠡᠨ ᠤ ᠲᠦᠭᠦᠬᠡᠷᠦᠮᠵᠢ ᠶᠢᠨ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠣᠯᠤᠨ ᠬᠤᠰᠢᠭᠤ ᠲᠤᠰ ᠱᠠᠲᠤᠨ ᠤ ᠪᠡᠯᠡ ᠣᠷᠣᠭᠤᠯᠤᠯᠲᠠ ᠶᠢᠨ ᠲᠥᠷᠥᠯ ᠵᠦᠶᠯ ᠢ ᠬᠠᠮᠢᠶᠠᠷᠤᠨ᠎ᠠ᠃     ︵ᠠᠷᠪᠠᠨ ᠵᠢᠷᠭᠤᠭ᠎ᠠ︶ ᠬᠠᠮᠢᠶᠠᠷᠴᠤ ᠪᠠᠶᠢᠭ᠎ᠠ ᠵᠠᠰᠠᠭ ᠤᠨ ᠣᠷᠳᠣᠨ ᠤ ᠨᠥᠭᠡᠴᠡᠯᠡᠯ᠂ ᠠᠵᠤ ᠠᠬᠤᠶᠢᠯᠠᠯ ᠤᠨ ᠨᠥᠭᠡᠴᠡᠯᠡᠯ ᠵᠢᠴᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠠᠮᠤ ᠪᠤᠳᠠᠭᠠᠨ ᠤ ᠭᠦᠢᠯᠭᠡᠭᠡ ᠳᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯᠭᠦᠢ ᠪᠠ ᠬᠠᠷ᠎ᠠ ᠠᠮᠤ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠤᠨ ᠬᠥᠮᠥᠷᠭᠡ ᠶᠢᠨ ᠬᠠᠳᠠᠭᠠᠯᠠᠯᠲᠠ ᠶᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠬᠤᠰᠢᠭᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃     ︵ᠠᠷᠪᠠᠨ ᠳᠣᠯᠤᠭ᠎ᠠ︶ ᠪᠦᠬᠦ ᠬᠤᠰᠢᠭᠤᠨ ᠤ ᠠᠮᠤ ᠪᠤᠳᠠᠭᠠᠨ ᠤ ᠭᠦᠶᠯᠭᠡᠭᠡᠨ ᠤ ᠠᠵᠢᠯ ᠲᠥᠷᠥᠯ ᠤᠨ ᠬᠠᠮᠢᠶᠠᠷᠤᠯᠲᠠ ᠪᠣᠯᠤᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠂ ᠠᠮᠤ ᠪᠤᠳᠠᠭᠠᠨ ᠤ ᠭᠦᠶᠯᠭᠡᠭᠡ ᠪᠣᠯᠤᠨ ᠡᠳ᠋ ᠪᠠᠷᠠᠭ᠎ᠠ ᠨᠥᠭᠡᠴᠡᠯᠡᠬᠦ ᠪᠠᠷᠢᠮᠵᠢᠶ᠎ᠠ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ ᠶᠢᠨ ᠭᠠᠳᠠᠭᠠᠳᠤ ᠯᠤᠭ᠎ᠠ  ᠶᠢᠨ ᠬᠠᠮᠵᠢᠯᠴᠠᠭ᠎ᠠ ᠪᠠ ᠰᠣᠯᠢᠯᠴᠠᠭ᠎ᠠ ᠶᠢ ᠬᠠᠷᠢᠭᠤᠴᠠᠨ᠎ᠠ᠃     ︵ᠠᠷᠪᠠᠨ ᠨᠠᠶᠮᠠ︶ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠣᠯᠤᠨ ᠬᠦᠷᠢᠶ᠎ᠡ ᠬᠤᠰᠢᠭᠤᠨ ᠤ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ  ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠭᠤᠣᠯᠳᠠᠯᠭ᠎ᠠ ᠲᠠᠢ ᠭᠠᠵᠠᠷ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠤᠣᠯᠳᠠᠯᠭ᠎ᠠ  ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠰᠠᠪᠠ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃     ︵ᠠᠷᠪᠠ ᠶᠢᠰᠦ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠦᠨᠳᠦᠰᠦᠯᠡᠨ᠂ ᠪᠦᠬᠦ ᠬᠤᠰᠢᠭᠤᠨ ᠤ ᠣᠳᠣ ᠦᠶ᠎ᠡ ᠶᠢᠨ ᠡᠨᠧᠷᠭᠢ  ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ  ᠶᠢ ᠰᠤᠳᠤᠯᠤᠨ ᠳᠤᠷᠠᠳᠴᠤ᠂ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠡᠨᠧᠷᠭᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠠᠷᠭ᠎ᠠ᠂ ᠬᠡᠷᠡᠭᠵᠢᠭᠦᠯᠬᠦ ᠨᠠᠷᠢᠨ ᠳᠦᠷᠢᠮ ᠵᠡᠷᠭᠡ  ᠶᠢ ᠲᠤᠭᠤᠷᠪᠢᠨ ᠲᠣᠭᠲᠠᠭᠠᠵᠤ᠂ ᠡᠨᠧᠷᠭᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃     ︵ᠬᠤᠷᠢ︶ ᠪᠦᠬᠦ ᠬᠤᠰᠢᠭᠤᠨ ᠤ ᠨᠡᠭᠦᠷᠡᠰᠦ᠂ ᠴᠠᠬᠢᠯᠭᠠᠨ ᠬᠦᠴᠦᠨ᠂ ᠰᠢᠨ᠎ᠡ ᠡᠨᠧᠷᠭᠢ ᠪᠣᠯᠤᠨ ᠳᠠᠬᠢᠨ ᠡᠭᠦᠰᠴᠦ ᠪᠣᠯᠬᠤ ᠡᠨᠧᠷᠭᠢ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠬᠢᠬᠦ ᠪᠠ ᠲᠦᠯᠡᠰᠢᠨ ᠡᠲ᠋ᠢᠯ ᠠᠯᠺᠣᠣᠯ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢ ᠡᠭᠦᠷᠭᠡᠯᠡᠨ᠎ᠡ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠴᠢ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠵᠤ᠂ ᠲᠠᠩᠰᠠᠯᠠᠭᠤᠯᠵᠦ ᠬᠢᠨᠠᠭᠠᠳ ᠰᠢᠯᠵᠢᠭᠦᠯᠦᠨ ᠮᠡᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠡᠨᠧᠷᠭᠢ ᠶᠢᠨ ᠬᠥᠭᠵᠢᠯᠲᠡ ᠶᠢᠨ ᠠᠵᠢᠯ ᠢ ᠵᠢᠯᠣᠭᠤᠳᠤᠨ ᠵᠤᠬᠢᠴᠠᠭᠤᠯᠤᠨ᠎ᠠ᠃     ︵ᠬᠤᠷᠢᠨ ᠨᠢᠭᠡ︶ ᠡᠨᠧᠷᠭᠢ ᠶᠢᠨ ᠴᠢᠬᠤᠯᠠ ᠶᠡᠭᠡ ᠲᠣᠨᠣᠭᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠵᠢᠴᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠵᠤ᠂ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠢᠵᠢ ᠪᠦᠷᠢᠳᠦᠭᠰᠡᠨ ᠲᠥᠬᠦᠭᠡᠷᠦᠮᠵᠢ ᠶᠢ ᠣᠷᠣᠭᠤᠯᠵᠤ ᠢᠷᠡᠨ ᠰᠢᠩᠭᠡᠭᠡᠵᠦ ᠰᠢᠨ᠎ᠡ ᠶᠢ ᠡᠭᠦᠳᠬᠦ ᠶᠢ ᠵᠢᠯᠣᠭᠤᠳᠴᠤ᠂ ᠬᠠᠮᠢᠶ᠎ᠠ ᠪᠦᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠰᠢᠨ᠎ᠡ ᠦᠢᠯᠡᠳᠬᠦᠨ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃     ︵ᠬᠤᠷᠢᠨ ᠬᠤᠶᠠᠷ︶ ᠪᠦᠬᠦ ᠬᠤᠰᠢᠭᠤᠨ ᠤ ᠡᠨᠧᠷᠭᠢ ᠶᠢᠨ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢᠨ ᠬᠠᠷᠠᠯᠲᠠ ᠶᠢ ᠦᠨᠳᠦᠰᠦᠯᠡᠨ᠂ ᠮᠠᠨ ᠤ ᠬᠤᠰᠢᠭᠤᠨ ᠤ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠶᠢᠨ ᠰᠠᠨᠠᠭᠤᠯᠭ᠎ᠠ ᠶᠢ ᠳᠤᠷᠠᠳᠴᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠵᠣᠬᠢᠴᠠᠭᠤᠯᠵᠤ᠂ ᠡᠨᠧᠷᠭᠢ ᠶᠢᠨ ᠦᠶᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠪᠣᠯᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠵᠣᠯᠭᠠᠭᠤᠯᠤᠨ᠎ᠠ᠃     ︵ᠬᠤᠷᠢᠨ ᠭᠤᠷᠪᠠ︶ ᠪᠥᠬᠦ ᠬᠤᠰᠢᠭᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠠᠶᠤᠯᠭᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠪᠥᠬᠦ ᠬᠤᠰᠢᠭᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠶᠤᠯᠭᠦᠢ ᠶᠢᠨ ᠬᠦᠨᠳᠦ ᠣᠨᠴᠠ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠬᠠᠤ᠂ ᠪᠠᠶᠢᠴᠠᠭᠠᠨ ᠰᠢᠶᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃ ᠪᠦᠬᠦ ᠬᠤᠰᠢᠭᠤᠨ ᠤ ᠡᠨᠧᠷᠭᠢ ᠶᠢᠨ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ᠂ ᠡᠨᠧᠷᠭᠢ ᠶᠢᠨ ᠡᠷᠬᠢᠯᠳᠠ ᠶᠢ ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠳᠤ ᠣᠷᠣᠯᠴᠠᠬᠤ ᠪᠠᠳᠤᠯᠠᠭ᠎ᠠ ᠶᠢ ᠬᠠᠷᠢᠭᠤᠴᠠᠨ᠎ᠠ᠃     ︵ᠬᠤᠷᠢᠨ ᠳᠥᠷᠪᠡ︶ ᠪᠦᠬᠦ ᠬᠤᠰᠢᠭᠤᠨ ᠤ ᠴᠠᠬᠢᠯᠭᠠᠨ ᠬᠦᠴᠦᠨ ᠤ ᠡᠷᠬᠢᠯᠳᠠ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠬᠤ ᠶᠢ ᠬᠠᠷᠢᠭᠤᠴᠠᠵᠤ᠂ ᠴᠠᠬᠢᠯᠭᠠᠨ ᠬᠦᠴᠦᠨ ᠪᠣᠯᠤᠨ ᠴᠠᠬᠢᠯᠭᠠᠨ ᠤ ᠲᠣᠤᠷ ᠤᠨ ᠡᠷᠬᠢᠯᠳᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠨ᠎ᠡ᠃ ᠪᠦᠬᠦ ᠬᠤᠰᠢᠭᠤᠨ ᠤ ᠴᠠᠬᠢᠯᠭᠠᠨ ᠬᠦᠴᠦᠨ ᠤ ᠠᠵᠢᠯ ᠲᠥᠷᠥᠯ ᠤᠨ ᠡᠷᠬᠢᠯᠳᠠ ᠶᠢᠨ ᠠᠮᠤᠷ ᠲᠦᠪᠰᠢᠨ ᠪᠠ ᠴᠠᠬᠢᠯᠭᠠᠨ ᠬᠦᠴᠦᠨ ᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠴᠠᠬᠢᠯᠭᠠᠨ ᠬᠦᠴᠦᠨ ᠤ ᠲᠥᠬᠦᠭᠡᠷᠦᠮᠵᠢ ᠶᠢ ᠬᠠᠮᠠᠭᠠᠯᠠᠬᠤ ᠪᠠ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠬᠠᠤᠯᠢ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠪᠦᠬᠦ ᠬᠤᠰᠢᠭᠤᠨ ᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠶᠢᠨ ᠲᠥᠯᠥᠪᠯᠡᠭᠡ ᠶᠢ ᠰᠤᠳᠤᠯᠤᠨ ᠲᠣᠭᠲᠠᠭᠠᠬᠤ  ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠰᠤᠳᠤᠯᠤᠨ ᠲᠣᠭᠲᠠᠭᠠᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃     ︵ᠬᠤᠷᠢᠨ ᠲᠠᠪᠤ︶ ᠪᠦᠬᠦ ᠬᠤᠰᠢᠭᠤᠨ ᠤ ᠡᠨᠧᠷᠭᠢ ᠶᠢᠨ ᠦᠶᠯᠡᠳᠪᠦᠷᠢᠯᠡᠯ᠂ ᠡᠷᠬᠢᠯᠳᠠ ᠪᠠ ᠬᠠᠮᠢᠶᠠᠷᠤᠯᠲᠠ ᠶᠢ ᠬᠠᠷᠢᠭᠤᠴᠠᠵᠤ᠂ ᠡᠨᠧᠷᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠡᠬᠢ ᠪᠠᠶᠠᠯᠢᠭ᠂ ᠡᠳ᠋ ᠤᠨ ᠵᠠᠰᠠᠭ ᠭᠠᠶᠢᠯᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ  ᠶᠢᠨ ᠦᠨ᠎ᠡ ᠬᠠᠩᠰᠢ ᠶᠢᠨ ᠲᠣᠬᠢᠷᠠᠭᠤᠯᠤᠯᠲᠠ ᠵᠡᠷᠭᠡ ᠰᠠᠨᠠᠭᠤᠯᠭ᠎ᠠ ᠶᠢ ᠳᠤᠷᠠᠳᠤᠨ᠎ᠠ᠃     ︵ᠬᠤᠷᠢᠨ ᠵᠢᠷᠭᠤᠭ᠎ᠠ︶ ᠪᠦᠬᠦ ᠬᠤᠰᠢᠭᠤᠨ ᠤ ᠡᠨᠧᠷᠭᠢ ᠶᠢᠨ ᠭᠠᠳᠠᠭᠠᠳᠤ ᠯᠤᠭ᠎ᠠ ᠶᠢᠨ ᠬᠤᠷᠰᠢᠯᠴᠠᠭ᠎ᠠ ᠥᠷᠨᠢᠭᠦᠯᠬᠦ ᠶᠢ ᠬᠠᠷᠢᠭᠤᠴᠠᠵᠤ᠂ ᠡᠷᠭᠢᠨ ᠲᠣᠭᠤᠷᠢᠨ ᠤ ᠣᠷᠣᠨ ᠪᠦᠰᠡ ᠶᠢᠨ ᠡᠨᠧᠷᠭᠢ ᠨᠡᠭᠡᠭᠡᠨ ᠠᠰᠢᠭᠯᠠᠬᠤ ᠬᠤᠷᠰᠢᠯᠴᠠᠭ᠎ᠠ ᠶᠢᠨ ᠠᠵᠢᠯ ᠢ ᠵᠣᠬᠢᠴᠠᠭᠤᠯᠤᠨ ᠠᠬᠢᠭᠤᠯᠤᠨ᠎ᠠ᠃     ︵ᠬᠤᠷᠢᠨ ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号