︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠦᠨᠡᠮᠯᠡᠯ ᠪᠠ ᠭᠡᠷᠡᠴᠢ ᠶᠢ ᠰᠠᠯᠭᠠᠬᠤ﹀ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠬᠡᠷᠡᠭᠵᠢᠭᠦᠯᠬᠦ ᠲᠥᠰᠦᠯ︾ ᠤᠨ ᠲᠥᠷᠥ ᠶᠢᠨ | ᠪᠣᠳᠣᠯᠭ᠎ᠠ ᠶᠢᠨ ᠲᠤᠬᠠᠢ ᠲᠣᠪᠴᠢ ᠠᠰᠠᠭᠤᠯᠲᠠ ᠬᠠᠷᠢᠭᠤᠯᠲᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠤᠯᠠᠮ ᠨᠢᠭᠡ ᠠᠯᠬᠤᠮ ᠬᠥᠭᠵᠢᠭᠡᠬᠦ ᠲᠤᠬᠠᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠬᠡᠪᠴᠢᠶᠡᠨ ᠳᠤ ᠠᠵᠤ ᠠᠬᠤᠶᠢᠯᠠᠯ ᠤᠨ | ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠪᠦᠬᠦᠨ ᠢ ᠬᠠᠮᠤᠷᠬᠤ ᠨᠠᠷᠢᠨ ᠬᠠᠭᠤᠳᠠᠰᠤ ᠶᠢᠨ | ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠬᠦ ᠪᠠᠷ ᠪᠣᠢ᠃ | ᠨᠢᠭᠡ᠂ ᠶᠠᠭᠤᠨ ᠤ ᠤᠴᠢᠷ ᠠᠴᠠ ︽ᠬᠡᠷᠡᠭᠵᠢᠭᠦᠯᠬᠦ ᠲᠥᠰᠦᠯ︾ ᠢ ᠲᠣᠭᠲᠠᠭᠠᠬᠤ ᠬᠡᠷᠡᠭᠲᠡᠶ ᠪᠤᠢ︖ | ︽︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹2021︺ 7 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ | ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠪᠥᠬᠦ ᠣᠷᠣᠨ ᠤ ᠬᠡᠪᠴᠢᠶᠡᠨ ᠳᠠᠬᠢ ︽ | ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠷᠢᠨ ᠪᠦᠷᠬᠦᠭᠦᠯᠬᠦ ᠶᠢ ᠲᠦᠷᠭᠡᠳᠬᠡᠨ ᠠᠬᠢᠭᠤᠯᠵᠤ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ | ᠪᠦᠲᠦᠮᠵᠢᠲᠡᠶ ᠬᠥᠭᠵᠢᠭᠡᠵᠦ᠂ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠲᠥᠯᠥᠭᠡ ︽ | ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ | ᠬᠤᠶᠠᠷ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠨᠢ ᠶᠠᠮᠠᠷ | ᠪᠣᠢ︖ | 2021 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠪᠦᠬᠦ ᠣᠷᠣᠨ ᠤ ᠬᠡᠪᠴᠢᠶᠡᠨ ᠳᠤ ᠠᠵᠤ | ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠤᠨ ᠪᠦᠬᠦᠨ ᠢ ᠬᠠᠮᠤᠷᠬᠤ ᠨᠠᠷᠢᠨ | ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠪ ᠠᠴᠠ ᠲᠣᠭᠲᠠᠭᠠᠭᠰᠠᠨ 523 ᠵᠦᠢᠯ ᠵᠢᠴᠢ ᠥᠪᠡᠷᠲᠡᠭᠡᠨ | ᠵᠠᠰᠠᠬᠤ ᠣᠷᠣᠨ ᠤ ᠬᠡᠪᠴᠢᠶᠡᠨ ᠳᠤ ᠲᠣᠭᠲᠠᠭᠠᠭᠰᠠᠨ 18 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠢᠯᠡᠰ ᠲᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠥᠷᠥᠯ | ᠬᠤᠪᠢᠶᠠᠨ ᠬᠡᠷᠡᠭᠵᠢᠭᠦᠯᠵᠦ᠂ ᠭᠡᠷᠡᠴᠢᠯᠡᠯ ᠣᠯᠭᠤᠭᠰᠠᠨ ᠤ ᠳᠠᠷᠠᠭ᠎ᠠ ᠦᠨᠡᠮᠯᠡᠯ ᠢ ᠬᠠᠰᠤᠬᠤ ᠶᠢ ᠶᠡᠭᠡ ᠪᠠᠷ ᠠᠬᠢᠭᠤᠯᠵᠤ᠂ | ᠳᠥᠭᠦᠮ ᠪᠥᠭᠡᠳ ᠥᠨᠳᠥᠷ ᠪᠦᠲᠦᠮᠵᠢᠲᠡᠶ᠂ ᠲᠥᠪ ᠭᠤᠤᠯᠴᠢ ᠢᠯᠡ ᠲᠣᠳᠣᠷᠬᠠᠢ᠂ ᠠᠭᠤᠵᠢᠭᠤ ᠲᠠᠯᠪᠢᠨ ᠴᠢᠩᠭ᠎ᠠ | ᠬᠠᠮᠢᠶᠠᠷᠬᠤ ᠠᠵᠢᠯ ᠲᠥᠷᠥᠯ ᠤᠨ ᠡᠵᠡᠩᠨᠡᠯᠲᠡ ᠶᠢᠨ ᠵᠥᠪᠰᠢᠶᠡᠷᠡᠯ ᠤᠨ ᠲᠦᠷᠢᠮ ᠢ ᠬᠦᠴᠦᠯᠡᠨ ᠪᠠᠶᠢᠭᠤᠯᠵᠤ᠂ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠭᠤᠷᠪᠠ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠳᠤ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ ᠮᠠᠶ᠋ᠢᠭ | ᠪᠠᠶᠢᠬᠤ ᠪᠤᠢ︖ | ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠷᠭ᠎ᠠ ᠮᠠᠶ᠋ᠢᠭ ᠨᠢ ᠨᠡᠶᠢᠲᠡ ᠳᠥᠷᠪᠡᠨ ᠵᠦᠢᠯ | ᠪᠠᠶᠢᠨ᠎ᠠ᠃ | ᠬᠢᠨᠠᠨ ᠵᠥᠪᠰᠢᠶᠡᠷᠡᠯ ᠤᠨ ᠶᠠᠪᠤᠴᠠ ᠶᠢ ᠰᠢᠭᠤᠳ ᠬᠦᠴᠦᠨ ᠦᠭᠡᠶ ᠪᠣᠯᠭᠠᠨ᠎ᠠ᠃ ᠠᠵᠤ ᠠᠬᠤᠶᠢᠯᠠᠯ ︵ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ | ᠬᠤᠷᠰᠢᠶ᠎ᠠ ᠪᠠᠭᠲᠠᠨ᠎ᠠ᠂ ᠳᠣᠷᠣᠭᠰᠢ ᠠᠳᠠᠯᠢ︶ ᠨᠢ ᠡᠵᠡᠩᠨᠡᠯᠲᠡ ᠶᠢᠨ ᠦᠨᠡᠮᠯᠡᠯ ᠣᠯᠪᠠᠯ ᠳᠠᠷᠤᠶ ᠡᠵᠡᠩᠨᠡᠯᠲᠡ ᠪᠠᠨ | ᠡᠬᠢᠯᠡᠭᠦᠯᠵᠦ ᠪᠣᠯᠤᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠵᠡᠷᠭᠡ ᠨᠢ ᠠᠵᠤ ᠠᠬᠤᠶᠢᠯᠠᠯ ᠳᠤ ᠬᠠᠮᠢᠶ᠎ᠠ ᠪᠥᠬᠦᠶ ᠵᠠᠰᠠᠭ ᠵᠠᠬᠢᠷᠭᠠᠨ ᠤ | ᠵᠥᠪᠰᠢᠶᠡᠷᠡᠯ ᠤᠨ ᠦᠨᠡᠮᠯᠡᠯ ᠢ ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ᠃ | ᠬᠢᠨᠠᠨ ᠵᠥᠪᠰᠢᠶᠡᠷᠡᠬᠦ ᠶᠢ ᠳᠠᠩᠰᠠᠯᠠᠭᠤᠯᠬᠤ ᠪᠣᠯᠭᠠᠨ ᠥᠭᠡᠷᠡᠴᠢᠯᠡᠨ᠎ᠡ᠃ ᠵᠠᠷᠴᠢᠮ ᠳᠡᠭᠡᠷ᠎ᠡ ᠪᠠᠨ ᠬᠡᠷᠡᠭ | ᠶᠠᠪᠤᠳᠠᠯ ᠤᠨ ᠳᠠᠷᠠᠭ᠎ᠠ ᠳᠠᠩᠰᠠᠯᠠᠭᠤᠯᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠡᠵᠡᠩᠨᠡᠯᠲᠡ ᠶᠢᠨ ᠦᠨᠡᠮᠯᠡᠯ ᠣᠯᠪᠠᠯ | ᠳᠠᠷᠤᠶ ᠡᠵᠡᠩᠨᠡᠯᠲᠡ ᠪᠠᠨ ᠡᠬᠢᠯᠡᠭᠦᠯᠵᠦ ᠪᠣᠯᠤᠨ᠎ᠠ︔ ᠦᠨᠡᠬᠡᠷ ᠤᠷᠢᠳᠴᠢᠯᠠᠨ ᠳᠠᠩᠰᠠᠯᠠᠭᠤᠯᠬᠤ ᠴᠢᠬᠤᠯᠠᠲᠠᠶ ᠪᠣᠯ᠂ | ᠠᠵᠤ ᠠᠬᠤᠶᠢᠯᠠᠯ ᠨᠢ ᠳᠠᠩᠰᠠᠯᠠᠭᠤᠯᠬᠤ ᠭᠠᠷ ᠭᠦᠢᠴᠡᠳᠬᠡᠯ ᠢᠶᠠᠨ ᠪᠡᠶᠡᠯᠡᠭᠦᠯᠪᠡᠯ ᠳᠠᠷᠤᠶ ᠡᠵᠡᠩᠨᠡᠯᠲᠡ ᠪᠠᠨ ᠡᠬᠢᠯᠡᠭᠦᠯᠵᠦ | ᠪᠣᠯᠤᠨ᠎ᠠ᠃ | ᠠᠮᠠᠯᠠᠯᠲᠠ ᠬᠢᠬᠦ ᠳᠦᠷᠢᠮ ᠢ ᠬᠡᠷᠡᠭᠵᠢᠭᠦᠯᠦᠨ᠎ᠡ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠠᠮᠠᠯᠠᠯᠲᠠ ᠶᠢᠨ ᠪᠢᠴᠢᠭ ᠲᠣᠭᠲᠠᠭᠠᠵᠤ᠂ ᠠᠮᠠᠯᠠᠯᠲᠠ ᠬᠢᠬᠦ ᠠᠭᠤᠯᠭ᠎ᠠ ᠶᠢ ᠲᠣᠳᠣᠷᠬᠠᠶᠢᠯᠠᠨ᠂ ᠠᠵᠤ | ᠠᠬᠤᠶᠢᠯᠠᠯ ᠰᠠᠶᠢᠨ ᠳᠤᠷ᠎ᠠ ᠠᠴᠠ ᠪᠠᠨ ᠠᠮᠠᠯᠠᠯᠲᠠ ᠬᠢᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠢᠶᠠᠨ | ᠲᠤᠰᠢᠶᠠᠭᠰᠠᠨ ᠪᠣᠯ᠂ ᠲᠤᠬᠠᠶ ᠶᠢᠨ ᠲᠠᠯᠠᠪᠤᠷ ᠲᠤ ᠨᠢ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠬᠤ ᠶᠢᠨ ᠬᠠᠮᠲᠤ᠂ | ᠬᠡᠷᠡᠭ ᠤᠨ ᠳᠠᠷᠠᠭ᠎ᠠ ᠬᠠᠷᠭᠤᠭᠤᠯᠤᠨ ᠪᠠᠶᠢᠴᠠᠭᠠᠬᠤ᠂ ᠬᠢᠨᠠᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠵᠡᠷᠭᠡ | ᠪᠣᠳᠠᠲᠠᠶ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠣᠭᠲᠠᠭᠠᠨ᠎ᠠ᠃ | ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠦᠢᠯᠡᠴᠢᠯᠡᠭᠡᠨ ᠤ ᠬᠢᠷᠢ ᠬᠡᠮᠵᠢᠶ᠎ᠡ ᠪᠠ ᠬᠢᠨᠠᠨ | ᠵᠥᠪᠰᠢᠶᠡᠷᠡᠬᠦ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠡᠷᠡᠭ ᠶᠠᠪᠤᠳᠠᠯ | ᠭᠦᠢᠴᠡᠳᠬᠡᠬᠦ ᠣᠯᠠᠨ ᠲᠦᠮᠡᠨ ᠳᠤ ᠨᠠᠩ ᠶᠡᠭᠡ ᠲᠥᠬᠦᠮ ᠦᠵᠡᠭᠦᠯᠵᠦ᠂ ᠵᠥᠪᠰᠢᠶᠡᠷᠡᠯ ᠤᠨ ᠨᠥᠬᠦᠴᠡᠯ ᠪᠠ ᠬᠢᠨᠠᠨ | ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠬᠤ᠂ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ | ᠬᠦᠴᠦᠨ ᠥᠬᠡᠶ ᠪᠣᠯᠭᠠᠬᠤ ᠪᠤᠶᠤ ᠤᠷᠲᠤᠳᠬᠠᠬᠤ᠂ ᠭᠥᠯᠢᠶᠡᠨ ᠠᠪᠴᠤ ᠭᠦᠢᠴᠡᠳᠬᠡᠬᠦ ᠬᠢᠨᠠᠨ ᠵᠥᠪᠰᠢᠶᠡᠷᠡᠬᠦ | ᠵᠠᠭᠪᠤᠷ ᠢ ᠰᠢᠯᠢᠳᠡᠭᠵᠢᠭᠦᠯᠬᠦ ᠵᠡᠷᠭᠡ ᠬᠢᠨᠠᠨ ᠵᠥᠪᠰᠢᠶᠡᠷᠡᠬᠦ ᠦᠶ᠋ᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ | ᠃ | ᠲᠦᠷᠪᠡ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠳᠤ ᠶᠠᠮᠠᠷ ᠶᠠᠮᠠᠷ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠪᠠᠶᠢᠬᠤ ᠪᠤᠢ︖ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠦᠨᠡᠮᠯᠡᠯ ᠪᠠ ᠭᠡᠷᠡᠴᠢ ᠶᠢ ᠰᠠᠯᠭᠠᠬᠤ︾ | ᠥᠭᠡᠷᠡᠴᠢᠯᠡᠯᠲᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠭᠤᠤᠯᠳᠠᠭᠤ ᠳᠣᠤᠷᠠᠬᠢ ᠬᠡᠳᠦᠨ ᠲᠠᠯ᠎ᠠ ᠶᠢᠨ | ᠪᠣᠳᠠᠲᠠᠶ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃ | ᠨᠢᠭᠡ ᠳᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠪᠦᠬᠦᠨ ᠢ ᠬᠠᠮᠤᠷᠬᠤ | ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠮᠠᠨ ᠤ ᠣᠷᠣᠨ ᠤ | ᠬᠡᠪᠴᠢᠶᠡᠨ ᠳᠠᠬᠢ ᠣᠷᠣᠨ ᠨᠤᠲᠤᠭ ᠤᠨ ᠲᠠᠰ ᠳᠠᠪᠬᠤᠷᠭ᠎ᠠ ᠳᠤ ᠲᠣᠭᠲᠠᠭᠠᠭᠰᠠᠨ ᠠᠵᠤ ᠠᠬᠤᠶᠢᠯᠠᠯ ᠤᠨ | ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ | ᠣᠷᠣᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ᠂ ᠠᠵᠤ ᠠᠬᠤᠶᠢᠯᠠᠯ ᠤᠨ ᠬᠠᠮᠢᠶ᠎ᠠ ᠪᠥᠬᠦᠶ ᠠᠵᠢᠯ ᠲᠥᠷᠥᠯ ᠳᠤ | ᠣᠷᠣᠵᠤ ᠡᠵᠡᠩᠨᠡᠯᠲᠡ ᠥᠷᠨᠢᠭᠦᠯᠬᠦ ᠶᠢ ᠴᠥᠮ ᠬᠢᠵᠠᠭᠠᠷᠯᠠᠵᠤ ᠪᠣᠯᠬᠤ ᠥᠬᠡᠶ᠃ | ᠬᠤᠶᠠᠷ ᠲᠤ᠂ ᠬᠤᠳᠠᠯᠳᠤᠭᠠᠨ ᠤ ᠵᠦᠢᠯᠡᠰ ᠤᠨ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ | ᠲᠠᠩᠰᠠᠯᠠᠯᠳᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠤᠷᠢᠳᠠᠪᠠᠷ ᠭᠡᠷᠡᠴᠢᠯᠡᠵᠦ | ᠳᠠᠷᠠᠭ᠎ᠠ ᠨᠢ ᠦᠨᠡᠮᠯᠡᠯ ᠣᠯᠭᠤᠬᠤ︾ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠳᠠᠩᠰᠠᠯᠠᠭᠤᠯᠬᠤ ᠪᠣᠯᠭᠠᠨ ᠬᠤᠪᠢᠷᠠᠭᠤᠯᠤᠭᠰᠠᠨ ᠵᠦᠢᠯ ᠢ ᠶᠢ ︽ᠣᠯᠠᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠬᠤ︾ ᠬᠡᠪᠴᠢᠶᠡᠨ ᠳᠤ ᠣᠷᠣᠭᠤᠯᠵᠤ᠂ ᠦᠯᠡᠳᠡᠭᠡᠭᠰᠡᠨ ᠪᠦᠷᠢᠳᠬᠡᠨ ᠳᠠᠩᠰᠠᠯᠠᠭᠤᠯᠬᠤ ᠶᠢᠨ | ᠡᠮᠦᠨᠡᠬᠢ ᠵᠥᠪᠰᠢᠶᠡᠷᠡᠯ ᠢ ᠬᠤᠶᠢᠨᠠᠬᠢ ᠵᠥᠪᠰᠢᠶᠡᠷᠡᠯ ᠪᠣᠯᠭᠠᠨ ᠬᠤᠪᠢᠷᠠᠭᠤᠯᠬᠤ ᠶᠢ ᠰᠦᠪᠡᠭᠴᠢᠯᠡᠨ᠎ᠡ᠃ | ᠭᠤᠷᠪᠠ ᠳᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ ᠮᠡᠳᠡᠭᠡ ᠵᠠᠩᠭᠢ ᠶᠢ ᠴᠤᠭᠯᠠᠭᠤᠯᠵᠤ | ᠬᠠᠮᠲᠤ ᠳᠤ ᠪᠠᠨ ᠬᠦᠷᠲᠡᠬᠦ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ | ᠮᠡᠳᠡᠭᠡ ᠵᠠᠩᠭᠢ ᠶᠢᠨ ᠪᠠᠬᠢᠯᠡᠯᠲᠡ ᠶᠢ ᠬᠦᠴᠦᠯᠡᠨ ᠨᠡᠪᠲᠡᠷᠡᠭᠦᠯᠵᠦ᠂ ᠬᠠᠮᠲᠤ ᠳᠤ ᠪᠠᠨ ᠬᠦᠷᠲᠡᠬᠦ ᠪᠠᠷ ᠳᠡᠮᠵᠢᠨ ᠣᠯᠵᠤ | ᠪᠣᠯᠬᠤ ᠮᠡᠳᠡᠭᠡ ᠵᠠᠩᠭᠢ ᠶᠢ ᠠᠵᠤ ᠠᠬᠤᠶᠢᠯᠠᠯ ᠢᠶᠠᠷ ᠬᠠᠩᠭᠠᠯᠭᠠᠬᠤ ᠪᠠᠷ ᠳᠠᠭᠢᠵᠤ ᠱᠠᠭᠠᠷᠳᠠᠵᠤ ᠪᠣᠯᠬᠤ ᠥᠬᠡᠶ᠂ | ᠬᠠᠮᠢᠶ᠎ᠠ ᠪᠥᠬᠦᠶ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠶᠢ ᠪᠠᠭᠠᠰᠬᠠᠨ᠎ᠠ᠃ | ᠳᠥᠷᠪᠡ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ | ᠭᠤᠶᠤᠴᠢᠯᠠᠬᠤ᠂ ᠭᠥᠯᠢᠶᠡᠨ ᠠᠪᠴᠤ ᠭᠦᠢᠴᠡᠳᠬᠡᠬᠦ᠂ ᠬᠢᠨᠠᠨ ᠬᠠᠷᠭᠤᠭᠤᠯᠬᠤ᠂ ᠦᠨᠡᠮᠯᠡᠯ ᠣᠯᠭᠤᠬᠤ ᠪᠥᠬᠦ | ᠶᠠᠪᠤᠴᠠ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠯᠠ ᠤᠳᠠᠭ᠎ᠠ ᠭᠦᠶᠦᠬᠦ︾᠂ ︽ᠨᠢᠭᠡ | ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠲᠦᠷᠭᠡᠳᠬᠡᠨ ᠠᠬᠢᠭᠤᠯᠵᠤ᠂ ᠭᠦᠢᠴᠡᠳᠬᠡᠬᠦ ᠶᠠᠪᠤᠴᠠ ᠶᠢ | ᠳᠥᠭᠦᠮᠴᠢᠯᠡᠨ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠎ᠠ᠃ | ᠲᠠᠪᠤ ᠳᠤ᠂ ᠡᠯᠧᠺᠳ᠋ᠷᠣᠨ ᠬᠡᠷᠡᠴᠢ ᠦᠨᠡᠮᠯᠡᠯ ᠢ ᠴᠤᠭᠯᠠᠭᠤᠯᠤᠨ ᠬᠡᠷᠡᠭᠯᠡᠬᠦ ᠶᠢ ᠠᠬᠢᠭᠤᠯᠤᠨ᠎ᠠ᠃ 2022 ᠣᠨ ᠤ | ᠵᠢᠯ ᠤᠨ ᠡᠴᠦᠰ ᠠᠴᠠ ᠡᠮᠦᠨ᠎ᠡ ᠠᠵᠤ ᠠᠬᠤᠶᠢᠯᠠᠯ ᠳᠤ ᠬᠤᠯᠪᠣᠭᠳᠠᠬᠤ ᠦᠨᠡᠮᠯᠡᠯ ᠢ ᠡᠯᠧᠺᠳ᠋ᠷᠣᠨᠴᠢᠯᠠᠬᠤ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠡᠯᠧᠺᠳ᠋ᠷᠣᠨ ᠦᠨᠡᠮᠯᠡᠯ ᠢ ︽ᠭᠤᠷᠪᠠᠨ ᠲᠠᠪᠴᠠᠩ︾ | ︵ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠥᠪᠡᠷᠲᠡᠭᠡᠨ | ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠠᠪᠴᠠᠩ᠂ ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶︶ ᠳᠤ | ᠴᠤᠭᠯᠠᠭᠤᠯᠵᠤ᠂ ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠯᠴᠡᠭᠦᠯᠦᠨᠡ᠃ ᠡᠯᠧᠺᠳ᠋ᠷᠣᠨ ᠦᠨᠡᠮᠯᠡᠯ ᠢᠶᠠᠷ | ᠳᠠᠮᠵᠢᠭᠤᠯᠤᠨ ᠣᠯᠵᠤ ᠪᠣᠯᠬᠤ ᠮᠡᠳᠡᠭᠡ ᠵᠠᠩᠭᠢ ᠪᠦᠬᠦᠨ ᠢ ᠴᠥᠮ ᠠᠵᠤ ᠠᠬᠤᠶᠢᠯᠠᠯ ᠢᠶᠠᠷ ᠵᠣᠬᠢᠬᠤ ᠮᠠᠲ᠋ᠧᠷᠢᠶᠠᠯ | ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠢ᠃ | ᠵᠢᠷᠭᠤᠭ᠎ᠠ ᠳᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ ᠰᠢᠮᠳᠠᠭᠤᠯᠤᠨ ᠰᠢᠢᠳᠪᠦᠷᠢᠯᠡᠭᠦᠯᠬᠦ | ᠬᠠᠷᠢᠭᠤᠴᠠᠯᠭ᠎ᠠ ᠲᠤᠯᠭᠠᠬᠤ ᠲᠣᠭᠲᠠᠴᠠ ᠶᠢ ᠴᠢᠩᠭᠠᠳᠬᠠᠨ᠎ᠠ᠃ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠰᠢᠮᠳᠠᠭᠤᠯᠤᠨ ᠵᠢᠯᠤᠭᠤᠳᠤᠨ᠎ᠠ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠢᠨᠠᠨ | ᠵᠥᠪᠰᠢᠶᠡᠷᠡᠬᠦ ᠵᠦᠢᠯᠡᠰ ᠢ ᠳᠤᠷ᠎ᠠ ᠪᠠᠷ ᠢᠶᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠣᠨᠴᠠᠭᠠᠢ ᠠᠵᠢᠯ ᠲᠥᠷᠥᠯ ᠳᠤ | ᠣᠷᠣᠵᠤ ᠡᠵᠡᠩᠨᠡᠯᠲᠡ ᠥᠷᠨᠢᠭᠦᠯᠬᠦ ᠬᠢᠨᠠᠨ ᠵᠥᠪᠰᠢᠶᠡᠷᠡᠯ ᠤᠨ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ | ᠬᠢᠵᠠᠭᠠᠷᠯᠠᠬᠤ᠂ ᠵᠠᠬ᠎ᠠ ᠳᠡᠯᠭᠡᠭᠦᠷ ᠢ ᠰᠠᠯᠭᠠᠭᠰᠠᠨ ᠪᠤᠶᠤ ᠠᠵᠤ ᠠᠬᠤᠶᠢᠯᠠᠯ ᠤᠨ ᠳᠠᠷᠤᠭᠠᠰᠤ ᠶᠢ ᠬᠦᠨᠳᠦᠷᠡᠭᠦᠯᠦᠭᠰᠡᠨ | ᠦᠢᠯᠡ ᠠᠵᠢᠯᠯᠠᠭ᠎ᠠ ᠶᠢ ᠴᠢᠩᠭ᠎ᠠ ᠰᠢᠮᠳᠠᠭᠤᠯᠤᠨ ᠪᠠᠶᠢᠴᠠᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠵᠦ᠂ ᠥᠭᠡᠷᠡᠴᠢᠯᠡᠯᠲᠡ ᠶᠢᠨ ᠪᠣᠳᠠᠲᠤ | ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ | ᠲᠠᠪᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠬᠡᠷᠬᠢᠨ ᠴᠢᠩᠭᠠᠳᠬᠠᠬᠤ ᠪᠤᠢ︖ | ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠭᠤᠣᠯ ᠡᠭᠦᠷᠭᠡ ᠪᠣᠯ ᠳᠠᠷᠤᠶ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠠᠪᠤᠳᠠᠯ | ᠪᠣᠯᠤᠨ᠎ᠠ᠂ ︽ᠬᠡᠨ ᠬᠢᠨᠠᠨ ᠵᠥᠪᠰᠢᠶᠡᠷᠡᠪᠡᠯ ᠬᠡᠨ ᠬᠢᠨᠠᠨ ᠬᠠᠮᠢᠶᠠᠷᠬᠤ᠂ ᠬᠡᠨ ᠭᠤᠤᠯᠯᠠᠨ ᠬᠠᠮᠢᠶᠠᠷᠪᠠᠯ ᠬᠡᠨ ᠬᠢᠨᠠᠨ | ᠬᠠᠮᠢᠶᠠᠷᠬᠤ︾ ᠵᠠᠷᠴᠢᠮ ᠶᠣᠰᠣᠭᠠᠷ᠂ ︽ᠬᠡᠷᠡᠭᠵᠢᠭᠦᠯᠬᠦ ᠲᠥᠰᠦᠯ︾ ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠬᠢᠨᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠪᠡ᠃ ᠠᠵᠢᠯ ᠲᠥᠷᠥᠯ ᠤᠨ ᠣᠨᠴᠠᠯᠢᠭ ᠢ | ᠦᠨᠳᠦᠰᠦᠯᠡᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ᠂ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠪᠠ ︽ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠣᠯᠭᠠᠬᠤ︾ ᠵᠡᠷᠭᠡ | ᠣᠯᠠᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠣᠭᠲᠠᠭᠠᠪᠠ᠃ ︽ᠬᠢᠨᠠᠨ ᠵᠥᠪᠰᠢᠶᠡᠷᠡᠬᠦ ᠶᠢ | ᠴᠢᠬᠤᠯᠠᠴᠢᠯᠠᠵᠤ ᠬᠢᠨᠠᠨ ᠬᠠᠮᠢᠶᠠᠷᠬᠤ ᠶᠢ ᠬᠥᠩᠭᠡᠪᠴᠢᠯᠡᠬᠦ︾ ᠤᠯᠠᠮᠵᠢᠯᠠᠯᠲᠤ ᠬᠠᠮᠢᠶᠠᠷᠤᠯᠲᠠ ᠶᠢᠨ ᠵᠠᠭᠪᠤᠷ ᠢ ᠬᠦᠴᠦᠯᠡᠨ | ᠬᠤᠪᠢᠷᠠᠭᠤᠯᠵᠤ᠂ ᠢᠳᠡᠭ ᠢᠳᠡᠭ ᠢᠶᠠᠷ ︽ᠬᠢᠨᠠᠨ ᠵᠥᠪᠰᠢᠶᠡᠷᠡᠬᠦ ᠶᠢ ᠬᠥᠩᠭᠡᠪᠴᠢᠯᠡᠵᠦ ᠬᠢᠨᠠᠨ ᠬᠠᠮᠢᠶᠠᠷᠬᠤ ᠶᠢ | ᠴᠢᠬᠤᠯᠠᠴᠢᠯᠠᠬᠤ︾ ᠪᠣᠯᠭᠠᠨ ᠬᠤᠪᠢᠷᠠᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠵᠢᠷᠭᠤᠭ᠎ᠠ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠬᠡᠷᠬᠢᠨ ᠨᠠᠶᠢᠳᠠᠪᠤᠷᠢᠵᠢᠭᠤᠯᠵᠤ | ᠦᠷ᠎ᠡ ᠪᠦᠲᠦᠮᠵᠢ ᠤᠯᠬᠤ ᠪᠣᠶ︖ | ᠨᠢᠭᠡ ᠳᠤ᠂ ᠲᠦᠷᠢᠮ ᠤᠨ ᠪᠠᠲᠤᠯᠠᠭ᠎ᠠ ᠶᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ ᠠᠵᠢᠯ ᠤᠨ ᠲᠣᠭᠲᠠᠴᠠ | ᠪᠠᠶᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠨᠡᠷ᠎ᠡ ᠳᠣᠤᠷ᠎ᠠ ︽ | ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠳᠤᠭᠤᠶᠢᠯᠠᠩ ᠢ ᠨᠡᠮᠡᠵᠦ ᠪᠠᠶᠢᠭᠤᠯᠬᠤ ᠶᠢ ᠱᠠᠭᠠᠷᠳᠠᠨ᠎ᠠ᠃ | ᠡᠭᠦᠨ ᠤ ᠬᠠᠮᠲᠤ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠪᠥᠬᠦ ᠣᠷᠣᠨ ᠤ ᠬᠡᠪᠴᠢᠶᠡᠨ ᠳᠤ | ᠬᠡᠷᠡᠭᠵᠢᠭᠦᠯᠦᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠠᠢ ᠤᠶᠠᠯᠳᠤᠨ᠂ ᠥᠭᠡᠷᠡᠴᠢᠯᠡᠯᠲᠡ ᠶᠢᠨ | ᠱᠠᠭᠠᠷᠳᠠᠯᠭ᠎ᠠ ᠲᠠᠢ ᠵᠣᠬᠢᠴᠠᠭᠰᠠᠨ ᠬᠠᠤᠯᠢ ᠲᠦᠷᠢᠮ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠵᠤ᠂ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠬᠤ᠂ ᠬᠦᠴᠦᠨ ᠥᠬᠡᠶ ᠪᠣᠯᠭᠠᠬᠤ ᠠᠵᠢᠯ ᠢ | ᠲᠦᠷᠭᠡᠬᠡᠨ ᠡᠬᠢᠯᠡᠭᠦᠯᠬᠦ ᠬᠡᠷᠡᠭᠲᠡᠢ᠃ | ᠬᠤᠶᠠᠷ ᠲᠤ᠂ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠪ ᠠᠴᠠ ᠲᠣᠭᠲᠠᠭᠠᠭᠰᠠᠨ ᠪᠠ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠲᠠᠯ᠎ᠠ ᠠᠴᠠ ᠲᠣᠭᠲᠠᠭᠠᠭᠰᠠᠨ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠢᠯᠡᠰ ᠲᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠪᠣᠳᠠᠲᠠᠶ ᠠᠷᠭ᠎ᠠ ᠶᠢ | ᠵᠦᠢᠯ ᠳᠠᠷᠠᠭᠠᠯᠠᠨ ᠨᠠᠷᠢᠯᠢᠬᠵᠢᠭᠤᠯᠵᠤ᠂ ᠲᠣᠭᠲᠠᠭᠠᠭᠰᠠᠨ ᠨᠠᠷᠢᠯᠢᠭ ᠲᠥᠰᠥᠯ ᠢᠶᠠᠨ 2021 ᠣᠨ ᠤ 7 ᠳ᠋ᠤᠭᠠᠷ | ᠰᠠᠷ᠎ᠠ ᠶᠢᠨ ᠡᠴᠦᠰ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠶ ᠭᠡᠵᠦ ᠱᠠᠭᠠᠷᠳᠠᠪᠠ᠃ | ᠭᠤᠷᠪᠠ ᠳᠤ᠂ ᠤᠬᠠᠭᠤᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠪᠠ ᠤᠬᠠᠭᠤᠯᠭ᠎ᠠ | ᠲᠠᠶᠢᠯᠤᠮᠵᠢ ᠶᠢ ᠰᠠᠶᠢᠲᠤᠷ ᠬᠢᠵᠦ᠂ ᠨᠡᠩ ᠣᠯᠠᠨ ᠠᠵᠤ ᠠᠬᠤᠶᠢᠯᠠᠯ ᠳᠤ ᠥᠭᠡᠷᠡᠴᠢᠯᠡᠯᠲᠡ ᠶᠢ ᠣᠶᠢᠯᠠᠭᠠᠭᠤᠯᠵᠤ᠂ | ᠥᠭᠡᠷᠡᠴᠢᠯᠡᠯᠲᠡ ᠳᠤ ᠣᠷᠣᠯᠴᠠᠭᠤᠯᠵᠤ᠂ ᠥᠭᠡᠷᠡᠴᠢᠯᠡᠯᠲᠡ ᠶᠢ ᠬᠠᠮᠲᠤ ᠪᠠᠷ ᠠᠬᠢᠭᠤᠯᠵᠤ᠂ ᠥᠭᠡᠷᠡᠴᠢᠯᠡᠯᠲᠡ ᠶᠢᠨ | ᠠᠰᠢᠭ ᠢ ᠭᠦᠢᠴᠡᠳ ᠡᠳ᠋ᠯᠡᠭᠦᠯᠬᠦ ᠬᠡᠷᠡᠭᠲᠡᠶ ᠭᠡᠵᠦ ᠱᠠᠭᠠᠷᠳᠠᠪᠠ᠃ |