ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠤ ᠶᠠᠮᠠᠷ ᠴᠢᠬᠤᠯᠠ ᠶᠡᠭᠡ ᠰᠢᠢᠳᠪᠦᠷᠢᠲᠦ ᠪᠣᠳᠤᠯᠭ᠎ᠠ ᠶᠢ ᠲᠤᠭᠲᠠᠭᠠᠪᠠ
ᠨᠡᠶᠢᠲᠡᠯᠡᠭᠰᠡᠨ ᠴᠠᠭ᠄
2021/8/31
    ᠲᠥᠪ ᠤᠨ ᠦᠨᠳᠦᠰᠦᠲᠡᠨ ᠤ ᠠᠵᠢᠯ ᠤᠨ ᠬᠤᠷᠠᠯ ᠭᠡᠭᠴᠢ ᠶᠠᠭᠤ ᠪᠣᠢ︖    ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠣᠯ ᠨᠠᠮ ᠤᠨ ᠲᠥᠪ ᠬᠤᠷᠢᠶ᠎ᠠ ᠠᠴᠠ ᠪᠠᠶᠢᠯᠳᠤᠬᠤ ᠪᠣᠳᠤᠯᠭ᠎ᠠ ᠪᠣᠯᠤᠨ ᠪᠦᠬᠦ ᠲᠠᠯ᠎ᠠ ᠶᠢᠨ ᠦᠨᠳᠦᠷᠴᠡ ᠠᠴᠠ ᠦᠨᠳᠦᠰᠦᠲᠡᠨ ᠤ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠭᠰᠡᠨ ᠴᠢᠬᠤᠯᠠ ᠶᠡᠭᠡ ᠬᠤᠷᠠᠯ ᠮᠦᠨ᠃ ᠨᠠᠮ ᠤᠨ ᠦᠨᠳᠦᠰᠦᠲᠡᠨ ᠤ ᠠᠵᠢᠯ ᠤᠨ ᠶᠡᠭᠡ ᠲᠥᠷᠦ ᠶᠢᠨ ᠪᠣᠳᠤᠯᠭ᠎ᠠ ᠴᠢᠭᠯᠡᠯᠲᠡ ᠶᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ ᠭᠠᠵᠠᠷ ᠣᠷᠤᠨ ᠤ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠳᠤ ᠲᠥᠢᠯ ᠤᠨ ᠴᠢᠬᠤᠯᠠ ᠶᠡᠭᠡ ᠠᠴᠢ ᠬᠤᠯᠪᠤᠭᠳᠠᠯ ᠲᠠᠢ ᠬᠤᠷᠠᠯ ᠪᠣᠯᠤᠨ᠎ᠠ᠃    ᠶᠠᠭᠤᠨ ᠳᠤ ᠵᠠᠪᠠᠯ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠢ ᠬᠢᠳᠡᠭ ᠪᠣᠢ︖    ᠮᠠᠨ ᠤ ᠤᠯᠤᠰ ᠤᠨ ᠨᠡᠶᠢᠭᠡᠮ ᠵᠢᠷᠤᠮᠲᠤ ᠣᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠠᠳᠠᠯᠢ ᠪᠣᠰᠤ ᠶᠢᠨ ᠵᠠᠩᠭᠢᠯᠠᠭ᠎ᠠ ᠶᠢᠨ ᠴᠠᠭ ᠥᠶ᠎ᠡ ᠳᠤ ᠣᠷᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠰᠢᠨ᠎ᠡ ᠬᠦᠭᠵᠢᠯᠲᠡ ᠶᠢᠨ ᠱᠠᠲᠤᠨ ᠳᠤ ᠣᠷᠤᠵᠤ᠂ ᠦᠨᠳᠦᠰᠦᠲᠡᠨ ᠤ ᠠᠰᠠᠭᠤᠳᠠᠯ ᠪᠣᠯᠤᠨ ᠦᠨᠳᠦᠰᠦᠲᠡᠨ ᠤ ᠠᠵᠢᠯ ᠳᠤ ᠰᠢᠨ᠎ᠡ ᠪᠠᠶᠢᠳᠠᠯ᠂ ᠰᠢᠨ᠎ᠡ ᠦᠷᠢᠰᠦᠯᠳᠦᠭᠡᠨ ᠢᠯᠡᠷᠡᠵᠦ᠂ ᠨᠠᠮ ᠪᠣᠯᠤᠨ ᠤᠯᠤᠰ ᠠᠴᠠ ᠡᠭᠦᠨ ᠳᠤ ᠰᠢᠨ᠎ᠡ ᠮᠠᠭᠠᠳᠯᠠᠯ᠂ ᠰᠢᠨ᠎ᠡ ᠲᠠᠶᠢᠯᠪᠤᠷᠢᠯᠠᠯᠲᠠ ᠬᠢᠵᠦ᠂ ᠰᠢᠨ᠎ᠡ ᠲᠥᠷᠦ ᠶᠢᠨ ᠪᠣᠳᠤᠯᠭ᠎ᠠ ᠪᠣᠯᠤᠨ ᠠᠷᠭ᠎ᠠ ᠠᠪᠴᠠᠯ ᠲᠤᠭᠲᠠᠭᠠᠬᠤ ᠴᠢᠬᠤᠯᠠ  ᠲᠠᠢ ᠪᠠᠶᠢᠳᠠᠭ ᠠᠴᠠ ᠤᠳᠠᠭ᠎ᠠ ᠪᠦᠷᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠢ ᠡᠷᠬᠢᠯᠡᠨ ᠬᠢᠳᠡᠭ᠃   ᠲᠥᠪ ᠤᠨ ᠦᠨᠳᠦᠰᠦᠲᠡᠨ ᠤ ᠠᠵᠢᠯ ᠤᠨ ᠬᠤᠷᠠᠯ ᠦᠩᠭᠡᠷᠡᠭᠰᠡᠨ ᠳᠤ ᠬᠡᠳᠦ ᠤᠳᠠᠭ᠎ᠠ ᠬᠢᠵᠦ ᠦᠩᠭᠡᠷᠡᠪᠡ︖    ᠨᠡᠶᠢᠲᠡ 4 ᠤᠳᠠᠭ᠎ᠠ ᠬᠢᠵᠦ ᠦᠩᠭᠡᠷᠡᠵᠡᠢ᠃ ᠲᠤᠰ ᠪᠦᠷᠢ 1992 ᠣᠨ᠂ 1999 ᠣᠨ᠂ 2005 ᠣᠨ᠂ 2014 ᠣᠨ ᠪᠣᠯᠤᠨ᠎ᠠ᠃    ᠲᠠᠪᠤᠳᠠᠬᠢ ᠤᠳᠠᠭ᠎ᠠ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠬᠡᠵᠢᠶ᠎ᠡ ᠪᠣᠯᠪᠠ︖    8 ᠰᠠᠷ᠎ᠠ ᠶᠢᠨ 27 ᠠᠴᠠ 28 ᠶᠢᠨ ᠡᠳᠦᠷ ᠪᠣᠯᠲᠠᠯ᠎ᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠲᠤᠰ ᠤᠳᠠᠭ᠎ᠠ ᠶᠢᠨ ᠬᠤᠷᠠᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠲᠠᠪᠤᠳᠠᠬᠢ ᠤᠳᠠᠭ᠎ᠠ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠣᠯᠤᠨ᠎ᠠ᠃   ᠡᠨᠡ ᠤᠳᠠᠭ᠎ᠠ ᠶᠢᠨ ᠬᠤᠷᠠᠯ ᠳᠤ ᠳᠣᠷᠠᠳᠤᠭᠰᠠᠨ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠶᠡᠭᠡ ᠦᠵᠡᠯ ᠰᠠᠨᠠᠭ᠎ᠠ ᠶᠢᠨ ᠴᠦᠮ᠎ᠡ ᠨᠢ ᠶᠠᠭᠤ ᠪᠣᠢ︖    ᠨᠢᠭᠡ ᠳᠤ  ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠤᠯᠭ᠎ᠠ ᠶᠢᠨ ᠦᠨᠳᠦᠷᠴᠡ ᠠᠴᠠ ᠰᠢᠨ᠎ᠡ ᠴᠠᠭ ᠥᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠤᠨ ᠪᠠᠶᠢᠷᠢ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠰᠢᠨ᠎ᠡ ᠴᠠᠭ ᠥᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠦᠪᠵᠢᠭᠦᠯᠦᠨ ᠠᠬᠢᠭᠤᠯᠬᠤ ᠬᠡᠷᠡᠭᠲᠡᠢ᠃    ᠬᠤᠶᠠᠷ ᠲᠤ  ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠦᠯᠦᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠶᠢ ᠰᠢᠨ᠎ᠡ ᠴᠠᠭ ᠥᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ ᠨᠦᠭᠦᠳ ᠤᠨ ᠴᠠᠭ ᠥᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠬᠦ ᠶᠢ ᠠᠬᠢᠭᠤᠯᠬᠤ ᠬᠡᠷᠡᠭᠲᠡᠢ᠃    ᠭᠤᠷᠪᠠ ᠳᠤ  ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠰᠢᠨ᠎ᠡ ᠴᠠᠭ ᠥᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠤᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠲᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠪᠠᠲᠤᠳᠬᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃    ᠳᠥᠷᠪᠡ ᠳᠤ  ᠡᠷᠬᠡᠪᠰᠢ ᠳᠤᠮᠳᠠᠳᠤ ᠶᠢᠨ ᠦᠨᠳᠦᠰᠦᠲᠡᠨ ᠤ ᠵᠦᠪ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠬᠦ ᠲᠥᠷᠦᠭᠳᠡᠯ ᠪᠠ ᠣᠮᠤᠭᠰᠢᠯᠲᠤ ᠲᠥᠷᠦᠭᠳᠡᠯ ᠢᠶᠠᠨ ᠨᠡᠮᠡᠭᠳᠡᠭᠦᠯᠬᠦ ᠬᠡᠷᠡᠭᠲᠡᠢ᠃    ᠲᠠᠪᠤ ᠳᠤ  ᠡᠷᠬᠡᠪᠰᠢ ᠦᠨᠳᠦᠰᠦᠲᠡᠨ ᠨᠦᠭᠦᠳ ᠴᠦᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠬᠠᠮᠲᠤ ᠪᠠᠷ ᠡᠷᠬᠡ ᠮᠡᠳᠡᠵᠦ ᠡᠵᠡᠨ ᠰᠠᠭᠤᠵᠤ᠂ ᠲᠥᠷᠦ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠬᠤ ᠶᠢ ᠪᠠᠲᠤᠯᠠᠵᠤ᠂ ᠦᠨᠳᠦᠰᠦᠲᠡᠨ ᠨᠦᠭᠦᠳ ᠤᠨ ᠣᠯᠠᠨ ᠲᠥᠮᠡᠨ ᠤ ᠬᠠᠤᠯᠢ ᠶᠤᠰᠤᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃    ᠵᠢᠷᠭᠤᠭ᠎ᠠ ᠳᠤ  ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠦᠨᠳᠦᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠥᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃    ᠳᠣᠯᠤᠭ᠎ᠠ ᠳᠤ  ᠡᠷᠬᠡᠪᠰᠢ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠤᠭᠲᠠᠭᠠᠯ ᠤᠨ ᠬᠡᠷᠡᠭᠵᠢᠭᠦᠯᠦᠯᠲᠡ ᠶᠢ ᠦᠨᠡᠨ ᠬᠦ ᠪᠠᠲᠤᠯᠠᠵᠤ᠂ ᠦᠨᠳᠦᠰᠦᠲᠡᠨ ᠨᠦᠭᠦᠳ ᠤᠨ ᠠᠵᠤ ᠠᠬᠤᠢ ᠪᠠᠨ ᠬᠦᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠳᠡᠮᠵᠢᠵᠦ᠂ ᠬᠠᠮᠲᠤ ᠪᠠᠷ ᠬᠦᠭᠵᠢᠬᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠬᠡᠷᠡᠭᠲᠡᠢ᠃    ᠨᠠᠢᠮᠠ ᠳᠤ  ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠤᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠦᠮᠦᠨ ᠤ ᠰᠡᠳᠭᠢᠯ ᠨᠢᠭᠡᠳᠴᠦ᠂ ᠤᠶᠤᠨ ᠰᠠᠨᠠᠭ᠎ᠠ ᠬᠠᠷᠢᠯᠴᠠᠨ ᠲᠥᠰᠢᠯᠴᠡᠵᠦ᠂ ᠰᠡᠳᠭᠢᠯ ᠨᠢᠭᠡᠲᠦᠨ ᠪᠦᠯᠬᠦᠮᠳᠡᠨ ᠤᠷᠤᠭᠰᠢᠯᠠᠭᠰᠠᠨ ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠤᠭᠠᠰᠤ ᠶᠢ ᠪᠦᠷᠢᠯᠳᠦᠬᠦᠯᠬᠦ ᠬᠡᠷᠡᠭᠲᠡᠢ᠃    ᠶᠢᠰᠦ ᠳᠤ  ᠡᠷᠬᠡᠪᠰᠢ ᠦᠨᠳᠦᠰᠦᠲᠡᠨ ᠨᠦᠭᠦᠳ ᠤᠨ ᠦᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠭᠢᠯᠭᠡ ᠂ ᠰᠤᠶᠤᠯ ᠤᠨ ᠲᠠᠯ᠎ᠠ ᠪᠠᠷ ᠬᠢ ᠪᠦᠯᠬᠦᠮᠳᠡᠯ ᠨᠢᠭᠡᠲᠦᠯ ᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠬ᠎ᠠ ᠳᠡᠭᠦᠦ ᠮᠡᠲᠦ ᠲᠣᠳᠤᠨᠤ ᠪᠠᠶᠢᠬᠤ ᠬᠡᠷᠡᠭᠲᠡᠢ᠃    ᠠᠷᠪᠠ ᠳᠤ  ᠡᠷᠬᠡᠪᠰᠢ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠤᠰᠤᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠤᠬᠢᠴᠢᠯᠠᠯᠲᠠ ᠶᠢ ᠠᠬᠢᠭᠤᠯᠬᠤ ᠬᠡᠷᠡᠭᠲᠡᠢ᠃     ᠠᠷᠪᠠᠨ ᠨᠢᠭᠡ ᠳᠤ  ᠡᠷᠬᠡᠪᠰᠢ ᠤᠯᠤᠰ ᠤᠨ ᠡᠷᠬᠡ ᠮᠡᠳᠡᠯ᠂ ᠠᠮᠤᠷ ᠲᠥᠪᠰᠢᠨ᠂ ᠬᠦᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠦᠨᠳᠦᠰᠦᠲᠡᠨ ᠨᠦᠭᠦᠳ ᠤᠯᠤᠰ ᠢᠶᠠᠨ ᠬᠠᠶᠢᠷᠠᠯᠠᠬᠤ ᠦᠵᠡᠯ ᠤᠨ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠬᠤ ᠶᠢ ᠬᠦᠲᠦᠯᠦᠨ ᠳᠠᠭᠠᠭᠤᠯᠵᠤ᠂ ᠡᠬᠡ ᠤᠯᠤᠰ ᠤᠨ ᠨᠢᠭᠡᠲᠦᠯ᠂ ᠤᠯᠤᠰ ᠣᠷᠤᠨ ᠤ ᠠᠮᠤᠷ ᠲᠥᠪᠰᠢᠨ᠂ ᠨᠡᠶᠢᠭᠡᠮ ᠤᠨ ᠲᠤᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃    ᠠᠷᠪᠠᠨ ᠬᠤᠶᠠᠷ ᠲᠤ  ᠡᠷᠬᠡᠪᠰᠢ ᠦᠨᠳᠦᠰᠦᠲᠡᠨ ᠤ ᠠᠵᠢᠯ ᠳᠠᠬᠢ ᠨᠠᠮ ᠤᠨ ᠣᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠲᠥᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃   ᠡᠨᠡ ᠤᠳᠠᠭ᠎ᠠ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠶᠠᠮᠠᠷ ᠬᠦᠨᠳᠦ ᠴᠢᠬᠤᠯᠠ ᠠᠴᠢ ᠬᠤᠯᠪᠤᠭᠳᠠᠯ ᠲᠠᠢ ᠪᠣᠢ︖    ᠰᠢᠨ᠎ᠡ ᠴᠠᠭ ᠥᠶ᠎ᠡ ᠶᠢᠨ ᠦᠨᠳᠦᠰᠦᠲᠡᠨ ᠤ ᠠᠵᠢᠯ ᠶᠠᠮᠠᠷ ᠲᠤᠭ ᠢ ᠮᠠᠨᠳᠤᠭᠤᠯᠵᠤ᠂ ᠶᠠᠮᠠᠷ ᠵᠠᠮ ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠡᠢ᠂ ᠡᠨᠡ ᠪᠣᠯ ᠨᠠᠮ ᠤᠨ ᠦᠨᠳᠦᠰᠦᠲᠡᠨ ᠤ ᠠᠵᠢᠯ ᠤᠨ ᠦᠢᠯᠡᠳᠦᠯᠭᠡ ᠶᠢᠨ ᠬᠠᠮᠤᠭ ᠤᠨ ᠰᠢᠨ᠎ᠡ ᠳ᠋ᠥᠩᠨᠡᠯᠲᠡ ᠮᠦᠨ᠂ ᠮᠠᠷᠺᠰ ᠤᠨ ᠦᠵᠡᠯ ᠤᠨ ᠦᠨᠳᠦᠰᠦᠲᠡᠨ ᠤ ᠣᠨᠤᠯ ᠤᠨ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠥᠷ᠎ᠡ ᠪᠦᠲᠦᠭᠡᠯ ᠮᠦᠨ᠂ ᠰᠢᠨ᠎ᠡ ᠴᠠᠭ ᠥᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠦᠨ᠃
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号