ᠲᠠᠷᠢᠶᠠᠨ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠶᠢ ᠴᠠᠭᠠᠵᠠᠯᠠᠵᠤ ᠡᠬᠢᠯᠡᠭᠰᠡᠨ ᠰᠢᠦ︕
ᠨᠡᠶᠢᠲᠡᠯᠡᠭᠰᠡᠨ ᠴᠠᠭ᠄
2021/9/13
ᠮᠠᠯᠴᠢᠨ ᠲᠠᠷᠢᠶᠠᠴᠢᠨ ᠮᠢᠨᠢ ᠮᠡᠳᠡᠵᠦ ᠠᠪᠤᠭᠠᠷᠠᠢ—    ᠲᠠᠷᠢᠶᠠᠨ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠶᠢ ᠴᠠᠭᠠᠵᠠᠯᠠᠵᠤ ᠡᠬᠢᠯᠡᠭᠰᠡᠨ ᠰᠢᠦ︕             ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠦ ᠶᠢᠨ ᠪᠣᠳᠤᠯᠭ᠎ᠠ ᠶᠢᠨ ᠲᠤᠬᠠᠢ ᠰᠢᠷᠢᠰ ᠰᠣᠷᠪᠤᠯᠵᠢᠯᠠᠭ᠎ᠠ   ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢ ᠭᠤᠣᠯ᠂ ᠲᠠᠷᠢᠶᠠᠴᠢᠨ ᠲᠥᠮᠡᠨ ᠤ ᠣᠷᠤᠰᠢᠨ ᠲᠤᠭᠲᠠᠨᠢᠬᠤ ᠶᠢᠨ ᠦᠨᠳᠦᠰᠦ ᠮᠦᠨ᠃ ᠲᠠᠷᠢᠶᠠᠨ ᠭᠠᠵᠠᠷ ᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠠ ᠡᠩ ᠤᠨ ᠲᠠᠷᠢᠶᠠᠨ ᠭᠠᠵᠠᠷ ᠬᠡᠮᠡᠨ ᠬᠤᠪᠢᠶᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠦᠨᠡᠰᠦᠨ ᠠᠮᠤ ᠶᠢᠨ ᠦᠢᠯᠡᠳᠪᠦᠷᠢᠯᠡᠯ ᠳᠤ ᠯᠡ ᠬᠡᠷᠡᠭᠯᠡᠵᠦ᠂ ᠡᠩ ᠤᠨ ᠲᠠᠷᠢᠶᠠᠨ ᠭᠠᠵᠠᠷ ᠢ ᠠᠮᠤ ᠪᠤᠳᠠᠭ᠎ᠠ᠂ ᠬᠦᠪᠦᠩ᠂ ᠲᠣᠰᠤᠯᠢᠭ ᠲᠠᠷᠢᠮᠠᠯ᠂ ᠢᠳᠡᠰᠢᠨ ᠨᠤᠭᠤᠭ᠎ᠠ ᠵᠡᠷᠭᠡ ᠶᠢ ᠲᠠᠷᠢᠬᠤ ᠪᠠ ᠡᠪᠡᠰᠦ ᠪᠣᠷᠳᠤᠭᠠᠨ ᠤ ᠦᠢᠯᠡᠳᠪᠦᠷᠢᠯᠡᠯ ᠳᠤ ᠯᠡ ᠬᠡᠷᠡᠭᠯᠡᠨ᠎ᠡ ᠭᠡᠰᠡᠨ ᠬᠠᠲᠠᠭᠤ ᠲᠤᠭᠲᠠᠭᠠᠯ ᠲᠠᠢ ᠶᠤᠮ᠃    ᠶᠠᠭ ᠡᠶᠢᠮᠦ ᠪᠣᠯᠬᠤᠷ ᠥᠪᠡᠷᠲᠡᠭᠡᠨ ᠵᠠᠰᠠᠬᠤ ᠣᠷᠤᠨ ᠠᠴᠠ ᠲᠥᠷᠦᠭᠦᠬᠡᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠪᠠᠶᠢᠨ᠎ᠠ᠃   ︽ᠲᠣᠰ ︿ᠬᠡᠷᠡᠭᠵᠢᠭᠦᠯᠬᠦ ᠰᠠᠨᠠᠯ﹀ ᠳᠤ ᠮᠠᠯᠴᠢᠨ ᠲᠠᠷᠢᠶᠠᠴᠢᠨ ᠲᠠᠢ ᠬᠤᠯᠪᠤᠭᠳᠠᠭᠰᠠᠨ ᠵᠦᠢᠯ ᠣᠯᠠᠨ ᠪᠤᠢ᠃ ᠢᠯᠠᠩᠭᠤᠶ᠎ᠠ ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠬᠦ ᠶᠢ ᠴᠢᠩᠭ᠎ᠠ ᠬᠢᠵᠠᠭᠠᠷᠯᠠᠬᠤ ᠲᠠᠯ᠎ᠠ ᠪᠠᠷ ᠲᠣᠳᠤᠷᠬᠠᠢ ᠱᠠᠭᠠᠷᠳᠠᠯᠭ᠎ᠠ ᠳᠣᠷᠠᠳᠴᠤ᠂ ᠮᠠᠯᠴᠢᠨ ᠲᠠᠷᠢᠶᠠᠴᠢᠨ ᠲᠠᠢ ᠰᠢᠭᠤᠳ ᠬᠤᠯᠪᠤᠭᠳᠠᠭᠰᠠᠨ ᠵᠦᠢᠯᠡᠰ ᠢ ᠳᠣᠣᠷᠠᠬᠢ ᠮᠡᠲᠦ 4 ᠲᠠᠯ᠎ᠠ ᠪᠠᠷ ᠲᠣᠪᠴᠢᠯᠠᠵᠤ ᠪᠣᠯᠤᠨ᠎ᠠ︾ ᠭᠡᠵᠦ ᠥᠪᠡᠷᠲᠡᠭᠡᠨ ᠵᠠᠰᠠᠬᠤ ᠣᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠤᠤ ᠬᠤᠩ ᠹᠧᠩ ᠲᠠᠨᠢᠯᠴᠠᠭᠤᠯᠤᠯ᠎ᠠ᠃    ᠨᠢᠭᠡ᠂ ᠲᠠᠷᠢᠶᠠᠨ ᠭᠠᠵᠠᠷ ᠤᠨ ᠬᠡᠷᠡᠭᠴᠡᠭᠡᠨ ᠤ ᠡᠵᠡᠮᠳᠡᠯ ᠢ ᠪᠦᠬᠦ ᠲᠠᠯ᠎ᠠ ᠪᠠᠷ ᠴᠢᠩᠭᠠᠳᠬᠠᠵᠤ ᠪᠠᠶᠢᠨ᠎ᠠ     ᠡᠩ ᠤᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠤᠯᠠᠷᠢᠭᠤᠯᠬᠤ ᠶᠢ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ ᠢ ᠲᠠᠷᠢᠶᠠᠯᠠᠩ ᠦᠢᠯᠡᠳᠪᠦᠷᠢᠯᠡᠯ ᠳᠤ ᠦᠯᠦ ᠬᠡᠷᠡᠭᠯᠡᠬᠦ ᠶᠢ ᠴᠢᠩᠭ᠎ᠠ ᠬᠤᠷᠢᠭᠯᠠᠵᠤ ᠪᠠᠶᠢᠨ᠎ᠠ᠃ ᠲᠠᠷᠢᠶᠠᠨ ᠭᠠᠵᠠᠷ ᠢ ᠣᠶᠢᠲᠤ ᠭᠠᠵᠠᠷ᠂ ᠴᠡᠴᠡᠷᠯᠢᠭ᠂ ᠪᠡᠯᠴᠢᠭᠡᠷ ᠪᠣᠯᠭᠠᠨ ᠤᠯᠠᠷᠢᠭᠤᠯᠬᠤ ᠶᠢ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠦᠯᠦ ᠬᠡᠷᠡᠭᠯᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃    ᠬᠤᠶᠠᠷ᠂ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠴᠢᠩᠭᠠᠳᠬᠠᠵᠤ ᠪᠠᠶᠢᠨ᠎ᠠ    ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠦᠮᠦᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠵᠣᠭᠤᠷᠢ ᠮᠠᠯᠲᠠᠬᠤ᠂ ᠣᠩᠭᠤᠨ ᠪᠣᠰᠬᠠᠬᠤ᠂ ᠬᠠᠶᠢᠷ ᠰᠢᠷᠤᠢ ᠮᠠᠯᠲᠠᠬᠤ᠂  ᠠᠭᠤᠷᠬᠠᠢ ᠨᠡᠬᠡᠭᠡᠬᠦ ᠮᠡᠲᠦ ᠶᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠪᠳᠡᠬᠦ ᠠᠵᠢᠯᠯᠠᠭ᠎ᠠ ᠶᠢ ᠡᠷᠡᠰ ᠴᠠᠭᠠᠵᠠᠯᠠᠵᠤ ᠪᠠᠶᠢᠨ᠎ᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠵᠢᠮᠢᠰ ᠤᠨ ᠮᠣᠳᠤ ᠲᠠᠷᠢᠬᠤ ᠪᠠ ᠴᠦᠬᠦᠷᠦᠮ ᠮᠠᠯᠲᠠᠨ ᠵᠢᠭᠠᠰᠤ ᠲᠡᠵᠢᠭᠡᠬᠦ ᠶᠢ ᠴᠠᠭᠠᠵᠠᠯᠠᠵᠤ᠂ ᠮᠠᠯᠴᠢᠨ ᠲᠠᠷᠢᠶᠠᠴᠢᠳ ᠤᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠲᠠᠷᠰᠢᠭᠤᠯᠬᠤ ᠪᠠ ᠰᠤᠯᠠ ᠬᠠᠶᠠᠬᠤ ᠶᠢ ᠡᠷᠡᠰ ᠴᠠᠭᠠᠵᠠᠯᠠᠵᠤ ᠪᠠᠶᠢᠨ᠎ᠠ᠃   ᠭᠤᠷᠪᠠ᠂ ᠲᠠᠷᠢᠶᠠᠨ ᠭᠠᠵᠠᠷ ᠢ ᠲᠠᠷᠢᠶᠠᠯᠠᠩ ᠦᠢᠯᠡᠳᠪᠦᠷᠢᠯᠡᠯ ᠳᠤ ᠦᠯᠦ ᠬᠡᠷᠡᠭᠯᠡᠬᠦ ᠶᠢ ᠴᠢᠩᠭ᠎ᠠ ᠬᠤᠷᠢᠭᠯᠠᠵᠤ ᠪᠠᠶᠢᠨ᠎ᠠ    ᠲᠠᠷᠢᠶᠠᠨ ᠭᠠᠵᠠᠷ ᠤᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠨᠡᠷ᠎ᠡ ᠪᠠᠷ ᠲᠠᠷᠢᠶᠠᠯᠠᠩ ᠤᠨ ᠪᠣᠰᠤ ᠪᠦᠲᠦᠭᠡᠨ ᠪᠠᠶᠢᠭᠤᠯᠤᠯᠲᠠ ᠬᠢᠬᠦ ᠶᠢ ᠴᠠᠭᠠᠵᠠᠯᠠᠵᠤ᠂ ᠮᠠᠯᠵᠢᠬᠤ ᠲᠠᠷᠢᠶᠠᠯᠠᠬᠤ ᠣᠷᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠮᠠᠯᠴᠢᠨ ᠲᠠᠷᠢᠶᠠᠴᠢᠳ ᠤᠬᠠᠮᠰᠠᠷ ᠠᠴᠠ ᠪᠠᠨ ᠲᠠᠷᠢᠶᠠᠨ ᠭᠠᠵᠠᠷ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠠᠰᠢᠭᠯᠠᠬᠤ ᠡᠭᠦᠷᠭᠡ ᠪᠠᠨ ᠭᠦᠢᠴᠡᠳᠭᠡᠵᠦ᠂ ᠲᠠᠷᠢᠶᠠᠨ ᠭᠠᠵᠠᠷ ᠢ ᠠᠲᠠᠷᠰᠢᠭᠤᠯᠬᠤ᠂ ᠰᠤᠯᠠ ᠬᠠᠶᠠᠬᠤ ᠪᠠ ᠲᠠᠷᠢᠶᠠᠨ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠵᠢᠴᠢ ᠲᠠᠷᠢᠶᠠᠨ ᠭᠠᠵᠠᠷ ᠢ ᠡᠪᠳᠡᠬᠦ ᠠᠵᠢᠯᠯᠠᠭ᠎ᠠ ᠶᠢ ᠡᠷᠡᠰ ᠴᠠᠭᠠᠵᠠᠯᠠᠵᠤ ᠪᠠᠶᠢᠨ᠎ᠠ᠃    ᠳᠥᠷᠪᠡ᠂ ᠲᠠᠷᠢᠶᠠᠨ ᠭᠠᠵᠠᠷ ᠢ ᠡᠵᠡᠯᠡᠨ ᠪᠠᠶᠢᠰᠢᠩ ᠪᠠᠷᠢᠬᠤ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ    ᠰᠢᠨ᠎ᠡ ᠪᠠᠶᠢᠰᠢᠩ ᠪᠠᠷᠢᠬᠤ ᠰᠠᠨᠠᠭ᠎ᠠ ᠲᠠᠢ ᠮᠠᠯᠴᠢᠨ ᠲᠠᠷᠢᠶᠠᠴᠢᠨ ᠢ ᠬᠦᠲᠦᠯᠦᠨ ᠵᠢᠦᠯᠤᠭᠤᠳᠴᠤ ᠪᠠᠶᠢᠭᠠᠳ ᠣᠷᠤᠨ ᠰᠠᠭᠤᠴᠠ ᠶᠢᠨ ᠢᠶᠠᠨ ᠣᠣᠯ ᠤᠨ ᠭᠠᠵᠠᠷ ᠪᠣᠶᠤ ᠭᠠᠴᠠᠭ᠎ᠠ ᠲᠤᠰᠬᠤᠨ ᠤ ᠪᠠᠨ ᠰᠤᠯᠠ ᠭᠠᠵᠠᠷ ᠢ ᠬᠡᠷᠡᠭᠯᠡᠭᠦᠯᠦᠨ᠎ᠡ︔ ᠮᠠᠯᠵᠢᠬᠤ ᠲᠠᠷᠢᠶᠠᠯᠠᠬᠤ ᠣᠷᠤᠨ ᠳᠤ ︽ᠨᠢᠭᠡ ᠡᠷᠦᠬᠡ ᠳᠤ ᠨᠢᠭᠡ ᠯᠡ ᠣᠷᠤᠨ ᠰᠠᠭᠤᠴᠠ ᠶᠢᠨ ᠭᠠᠵᠠᠷ ᠲᠠᠢ ᠪᠠᠶᠢᠬᠤ︾ ᠲᠤᠭᠲᠠᠭᠠᠯ ᠪᠣᠯᠤᠨ ᠬᠠᠤᠯᠢ ᠴᠠᠭᠠᠵᠠ ᠬᠠᠤᠯᠢ ᠳᠥᠷᠢᠮ ᠳᠤ ᠲᠤᠭᠲᠠᠭᠠᠭᠰᠠᠨ ᠣᠷᠤᠨ ᠰᠠᠭᠤᠴᠠ ᠶᠢᠨ ᠭᠠᠵᠠᠷ ᠤᠨ ᠲᠠᠯᠠᠪᠠᠢ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ ᠪᠠᠶᠢᠨ᠎ᠠ᠃
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号