ᠡᠨᠡ ᠵᠢᠯ ᠤᠨ 8 ᠰᠠᠷ᠎ᠠ ᠶᠢᠨ 23 ᠤ ᠡᠳᠦᠷ ᠠᠴᠠ 8 ᠰᠠᠷ᠎ᠠ ᠶᠢᠨ 29 ᠤ ᠡᠳᠦᠷ ᠪᠣᠯ ᠪᠥᠬᠦ ᠤᠯᠤᠰ ᠤᠨ | ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠮᠥᠨ᠂ 8 ᠰᠠᠷ᠎ᠠ ᠶᠢᠨ 25 ᠤ ᠡᠳᠦᠷ ᠪᠣᠯ ᠪᠥᠬᠦ ᠤᠯᠤᠰ ᠤᠨ | ᠳᠣᠣᠷ᠎ᠠ ᠨᠡᠭᠦᠷᠡᠰᠦᠲᠦ᠋ᠷᠦᠭᠴᠢᠲᠦ ᠡᠳᠦᠷ ᠪᠣᠯᠤᠨ᠎ᠠ᠃ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ | ᠭᠠᠷᠠᠭ ᠤᠨ ᠠᠵᠢᠯᠯᠠᠭ᠎ᠠ ᠶᠢᠨ ᠭᠤᠤᠯ ᠰᠡᠳᠦᠪ ᠪᠣᠯ ︽ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠵᠤ᠂ | ᠪᠣᠬᠢᠷᠲᠤᠯ ᠥᠬᠡᠶ ᠬᠥᠭᠵᠢᠯᠲᠡ︾ ᠪᠣᠯᠤᠨ᠎ᠠ᠃ ᠪᠦᠬᠦ ᠤᠯᠤᠰ ᠤᠨ ᠳᠣᠣᠷ᠎ᠠ ᠨᠡᠭᠦᠷᠡᠰᠦᠲᠦ᠋ᠷᠦᠭᠴᠢᠲᠦ ᠡᠳᠦᠷ ᠤᠨ | ᠠᠵᠢᠯᠯᠠᠭ᠎ᠠ ᠶᠢᠨ ᠭᠤᠣᠯ ᠰᠡᠳᠦᠪ ᠪᠣᠯ ︽ᠳᠣᠣᠷ᠎ᠠ ᠨᠡᠭᠦᠷᠡᠰᠦᠲᠦ᠋ᠷᠦᠭᠴᠢᠲᠦ ᠠᠮᠢᠳᠤᠷᠠᠯ᠂ ᠪᠣᠬᠢᠷᠲᠤᠯ ᠦᠭᠡᠢ | ᠢᠷᠡᠭᠡᠳᠦᠢ︾ ᠪᠣᠯᠤᠨ᠎ᠠ᠃ ᠡᠬᠢ ᠪᠠᠶᠠᠯᠢᠭ ᠡᠨᠧᠷᠭᠢ ᠶᠢᠨ ᠰᠤᠷᠪᠤᠯᠵᠢ ᠪᠣᠯ ᠬᠥᠮᠦᠨ ᠲᠥᠷᠥᠯᠬᠢᠲᠡᠨ ᠤ ᠣᠷᠣᠰᠢᠨ | ᠲᠣᠭᠲᠠᠨᠢᠬᠤ ᠪᠠ ᠬᠥᠭᠵᠢᠬᠦ ᠶᠢᠨ ᠴᠢᠬᠤᠯᠠ ᠪᠣᠳᠠᠰ ᠤᠨ ᠰᠠᠭᠤᠷᠢ ᠮᠥᠨ᠂ ᠪᠠᠶᠢᠭᠠᠯᠢ ᠶᠢᠨ ᠣᠷᠴᠢᠨ ᠠᠬᠤᠢ ᠪᠣᠯ | ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠠᠰᠤ ᠴᠢᠨᠠᠷ ᠤᠨ ᠴᠢᠬᠤᠯᠠ ᠪᠠᠲᠤᠯᠠᠭ᠎ᠠ ᠮᠥᠨ᠃ | ᠪᠢᠳᠡ ᠡᠨᠧᠷᠭᠢ ᠠᠷᠪᠢᠯᠠᠵᠤ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠪᠣᠬᠢᠷᠲᠤᠯ ᠦᠭᠡᠢ | ᠠᠵᠢᠯᠯᠠᠬᠤ᠂ ᠳᠣᠣᠷ᠎ᠠ ᠨᠡᠭᠦᠷᠡᠰᠦᠲᠦ᠋ᠷᠦᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠲᠠᠨᠢᠯᠲᠠ | ᠲᠡᠷᠢᠭᠦᠨ ᠳᠤ᠂ ᠦᠢᠯᠡ ᠠᠵᠢᠯᠯᠠᠭ᠎ᠠ ᠲᠦᠷᠦᠭᠦᠯᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠳᠤ ᠠᠴᠠ | ᠡᠬᠢᠯᠡᠨ ᠬᠢᠵᠦ᠂ ᠳᠡᠷᠭᠡᠳᠡᠬᠢ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠨ᠎ᠡ᠃ | ᠡᠭᠦᠨ ᠤ ᠲᠤᠯᠠᠳᠠ᠂ ᠪᠢᠲᠠ ᠣᠨᠴᠠᠭᠠᠶᠢᠯᠠᠨ ᠪᠦᠭᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ | ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠪᠦᠭᠦ ᠠᠷᠠᠳ ᠢᠷᠭᠡᠳ ᠲᠤ ᠰᠠᠨᠠᠭᠠᠴᠢᠯᠠᠭ᠎ᠠ | ᠭᠠᠷᠭᠠᠪᠠ᠄ | ᠨᠢᠭᠡ᠂ ᠨᠢᠭᠡ ᠭᠷᠠᠳᠦ᠋ᠰ ᠴᠠᠬᠢᠯᠭᠠᠨ ᠢ ᠠᠷᠪᠢᠯᠠᠨ᠂ ᠴᠠᠬᠢᠯᠭᠠᠨ ᠢ ᠪᠦᠷᠢᠯᠭᠡᠬᠦ ᠶᠢ ᠬᠤᠷᠢᠭᠯᠠᠨ᠎ᠠ᠃ | ᠠᠯᠪᠠᠨ ᠭᠡᠷ᠂ ᠪᠠᠶᠢᠷᠢ ᠶᠢᠨ ᠭᠡᠷ ᠵᠢᠴᠢ ᠪᠤᠰᠤᠳ ᠣᠯᠠᠨ ᠨᠡᠶᠢᠲᠡ ᠶᠢᠨ ᠲᠠᠯᠠᠪᠤᠷ ᠠᠴᠠ ᠰᠠᠯᠵᠤ ᠶᠠᠪᠤᠬᠤ | ᠥᠶ᠎ᠡ ᠳᠤ ᠭᠠᠷ ᠤᠨ ᠠᠶ᠎ᠠ ᠪᠠᠷ ᠳ᠋ᠧᠩ ᠤᠨᠲᠠᠷᠠᠭᠠᠬᠤ᠂ ᠠᠭᠠᠷ ᠲᠣᠬᠢᠷᠠᠭᠤᠯᠤᠭᠴᠢ ᠪᠠᠨ ᠬᠠᠭᠠᠬᠤ᠂ | ᠺᠣᠮᠫᠢᠦ᠋ᠲ᠋ᠧᠷ ᠢᠶᠠᠨ ᠬᠠᠭᠠᠬᠤ ᠰᠠᠶᠢᠨ ᠰᠠᠶᠢᠬᠠᠨ ᠳᠠᠳᠬᠠᠯ ᠲᠠᠢ ᠪᠤᠯᠤᠨ᠎ᠠ︔ ᠬᠤᠷᠠᠯ ᠤᠨ ᠭᠡᠷ᠂ ᠠᠯᠪᠠᠨ ᠭᠡᠷ ︵ᠭᠡᠷ | ᠪᠦᠯᠢ︶ ᠤᠨ ᠡᠪᠦᠯ ᠤᠨ ᠤᠯᠠᠷᠢᠯ ᠤᠨ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ 20 ᠭᠷᠠᠳᠦ᠋ᠰ ᠠᠴᠠ | ᠥᠨᠳᠥᠷ ᠪᠠᠶᠢᠯᠭᠠᠬᠤ ᠦᠭᠡᠶ᠂ ᠵᠤᠨ ᠤ ᠤᠯᠠᠷᠢᠯ ᠤᠨ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ 26 | ᠭᠷᠠᠳᠦ᠋ᠰ ᠠᠴᠠ ᠳᠣᠣᠷ᠎ᠠ ᠪᠠᠶᠢᠯᠭᠠᠬᠤ ᠦᠭᠡᠶ᠂ ᠬᠥᠮᠦᠨ ᠦᠭᠡᠶ ᠦᠶ᠎ᠡ ᠳᠤ ᠠᠭᠠᠷ ᠲᠣᠬᠢᠷᠠᠭᠤᠯᠤᠭᠴᠢ ᠶᠢ ᠨᠡᠬᠡᠭᠡᠬᠦ | ᠦᠭᠡᠶ ᠪᠠᠶᠢᠵᠤ᠂ ᠠᠵᠢᠯ ᠠᠴᠠ ᠪᠠᠭᠤᠬᠤ ᠠᠴᠠ ᠬᠠᠭᠠᠰ ᠴᠠᠭ ᠤᠨ ᠡᠮᠦᠨ᠎ᠡ ᠤᠷᠢᠳᠴᠢᠯᠠᠨ ᠬᠠᠭᠠᠨ᠎ᠠ︔ ᠴᠠᠭ | ᠠᠭᠤᠷ ᠲᠤᠩᠭᠠᠯᠠᠭ᠂ ᠭᠡᠷᠡᠯ ᠭᠦᠢᠴᠡᠳ ᠦᠶᠡᠰ᠂ ᠪᠠᠶᠢᠭᠠᠯᠢ ᠶᠢᠨ ᠭᠡᠷᠡᠯ ᠢ ᠬᠡᠷᠡᠭᠯᠡᠪᠡᠯ ᠰᠠᠶᠢᠨ︔ ᠠᠰᠠᠷ ᠤᠨ | ᠱᠠᠲᠤ ᠪᠠᠷ ᠢᠯᠡᠭᠦᠦ ᠶᠠᠪᠤᠵᠤ᠂ ᠴᠠᠬᠢᠯᠭᠠᠨ ᠱᠠᠲᠤᠨ ᠳᠤ ᠳᠤᠲᠠᠭᠤ ᠰᠠᠭᠤᠪᠠᠯ ᠪᠡᠶ᠎ᠡ ᠪᠠᠨ ᠪᠣᠯᠪᠠᠰᠤᠷᠠᠭᠤᠯᠬᠤ | ᠮᠥᠷᠲᠡᠭᠡᠨ ᠪᠠᠰᠠ ᠡᠨᠧᠷᠭᠢ ᠠᠷᠪᠢᠯᠠᠵᠤ ᠴᠠᠬᠢᠯᠭᠠᠨ ᠠᠷᠪᠢᠯᠠᠨ᠎ᠠ᠃ | ᠬᠤᠶᠠᠷ᠂ ᠳᠤᠰᠤᠯ ᠤᠰᠤ ᠶᠢ ᠠᠷᠪᠢᠯᠠᠵᠤ᠂ ᠤᠰᠤᠨ ᠤ ᠪᠣᠬᠢᠷᠲᠤᠯ ᠢ ᠪᠠᠭᠠᠰᠬᠠᠨ᠎ᠠ᠃ | ᠢᠮᠠᠭᠲᠠ ᠤᠰᠤᠨ ᠴᠣᠷᠭᠤ ᠶᠢ ᠬᠠᠭᠠᠵᠤ᠂ ᠬᠥᠮᠦᠨ ᠨᠢ ᠰᠠᠯᠪᠠᠯ ᠤᠰᠤ ᠲᠠᠰᠤᠷᠠᠬᠤ ᠶᠢ ᠪᠡᠶᠡᠯᠡᠭᠦᠯᠦᠨ᠎ᠡ︔ | ᠠᠮᠢᠳᠤᠷᠠᠯ ᠤᠨ ᠳᠤᠮᠳᠠ ᠤᠰᠤ ᠶᠢ ᠣᠯᠠᠨ ᠵᠦᠢᠯ ᠳᠤ ᠬᠡᠷᠡᠭᠯᠡᠬᠦ ᠶᠢ ᠵᠣᠷᠢᠭᠵᠢᠭᠤᠯᠤᠨ᠎ᠠ︔ ᠠᠯᠳᠠᠬᠤ᠂ ᠪᠣᠷᠭᠢᠯᠬᠤ᠂ | ᠳᠤᠰᠤᠯᠠᠬᠤ᠂ ᠭᠤᠭᠤᠵᠢᠬᠤ ᠶᠢ ᠴᠢᠩᠭ᠎ᠠ ᠰᠡᠷᠭᠡᠶᠢᠯᠡᠵᠦ᠂ ᠤᠳᠠᠭᠠᠨ ᠤᠰᠤ ᠤᠷᠤᠰᠬᠠᠬᠤ ᠶᠢ ᠡᠷᠡᠰ ᠬᠤᠷᠢᠭᠯᠠᠨ᠎ᠠ︔ | ᠪᠦᠷᠢᠯᠭᠡᠨ ᠰᠦᠢᠳᠭᠡᠬᠦ ᠶᠢ ᠣᠯᠵᠤ ᠮᠡᠳᠡᠪᠡᠯ ᠰᠠᠨᠠᠭᠠᠴᠢᠯᠠᠭ᠎ᠠ ᠠᠴᠠ ᠪᠠᠨ ᠬᠤᠷᠢᠭᠯᠠᠬᠤ ᠪᠤᠶᠤ ᠵᠠᠰᠠᠭᠤᠯᠬᠤ ᠪᠠᠷ | ᠮᠡᠳᠡᠭᠦᠯᠦᠨ᠎ᠡ︔ ᠠᠷᠢᠭᠤᠳᠬᠠᠬᠤ ᠡᠳ᠋ ᠢ ᠬᠢᠴᠢᠶᠡᠨ ᠬᠡᠷᠡᠭᠯᠡᠵᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠨ | ᠪᠣᠬᠢᠷᠲᠤᠭᠤᠯᠬᠤ ᠦᠭᠡᠢ᠃ | ᠭᠤᠷᠪᠠ᠂ ᠨᠢᠭᠡ ᠬᠠᠭᠤᠳᠠᠰᠤ ᠴᠠᠭᠠᠰᠤ ᠶᠢ ᠠᠷᠪᠢᠯᠠᠵᠤ᠂ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ᠎ᠠ᠃ | ᠴᠠᠭᠠᠰᠤ ᠬᠡᠷᠡᠭᠯᠡᠬᠦ ᠥᠬᠡᠶ ᠪᠠᠷ ᠠᠯᠪᠠᠯᠠᠬᠤ ᠶᠢ ᠠᠬᠢᠭᠤᠯᠵᠤ᠂ ᠳᠠᠷᠤᠮᠠᠯᠯᠠᠯ ᠤᠨ ᠴᠠᠭᠠᠰᠤ ᠶᠢ ᠬᠤᠶᠠᠷ ᠲᠠᠯ᠎ᠠ ᠪᠠᠷ | ᠬᠡᠷᠡᠭᠯᠡᠬᠦ ᠶᠢ ᠰᠠᠨᠠᠭᠠᠴᠢᠯᠠᠨ᠂ ᠴᠠᠭᠠᠰᠤᠨ ᠤ ᠬᠤᠷᠣᠭᠳᠠᠯ ᠢ ᠪᠠᠭᠠᠰᠬᠠᠨ᠎ᠠ︔ ᠪᠢᠴᠢᠭ ᠮᠠᠲ᠋ᠧᠷᠢᠶᠠᠯ ᠲᠠᠷᠬᠠᠭᠠᠬᠤ ᠲᠤᠭ᠎ᠠ | ᠬᠡᠮᠵᠢᠶ᠎ᠡ ᠶᠢ ᠣᠨᠣᠪᠴᠢᠲᠠᠶ ᠪᠣᠳᠣᠬᠤ ᠶᠢᠨ ᠬᠠᠮᠲᠤ ᠪᠢᠴᠢᠭ ᠮᠠᠲ᠋ᠧᠷᠢᠶᠠᠯ ᠲᠠᠷᠬᠠᠭᠠᠬᠤ ᠲᠤᠭ᠎ᠠ ᠬᠡᠮᠵᠢᠶ᠎ᠡ ᠶᠢ ᠴᠢᠩᠭ᠎ᠠ | ᠵᠢᠷᠤᠮᠯᠠᠨ ᠪᠢᠴᠢᠭ ᠮᠠᠲ᠋ᠧᠷᠢᠶᠠᠯ ᠳᠠᠷᠤᠮᠠᠯᠯᠠᠨ ᠵᠣᠬᠢᠶᠠᠵᠤ᠂ ᠬᠤᠷᠠᠯ ᠤᠨ ᠪᠢᠴᠢᠭ ᠮᠠᠲ᠋ᠧᠷᠢᠶᠠᠯ ᠤᠨ ᠳᠠᠷᠤᠮᠠᠯᠯᠠᠬᠤ | ᠲᠤᠭ᠎ᠠ ᠬᠡᠮᠵᠢᠶ᠎ᠡ ᠶᠢ ᠠᠯᠢ ᠪᠣᠯᠬᠤ ᠪᠠᠷ ᠪᠠᠭᠠᠰᠬᠠᠨ᠂ ᠳᠠᠮᠵᠢᠭᠤᠯᠤᠨ ᠦᠵᠡᠭᠦᠯᠵᠦ ᠪᠣᠯᠬᠤ ᠪᠢᠴᠢᠭ ᠮᠠᠲ᠋ᠧᠷᠢᠶᠠᠯ ᠢ | ᠠᠯᠢ ᠪᠣᠯᠬᠤᠶᠢᠴᠠ ᠳᠠᠮᠵᠢᠭᠤᠯᠤᠨ ᠦᠵᠡᠭᠦᠯᠵᠦ᠂ ᠳᠠᠷᠤᠮᠠᠯᠯᠠᠬᠤ ᠶᠢ ᠪᠠᠭᠠᠰᠬᠠᠨ᠎ᠠ︔ ᠵᠠᠬᠢᠳᠠᠯ ᠤᠨ ᠳᠤᠭᠲᠤᠢ᠂ | ᠴᠠᠭᠠᠰᠤ ᠶᠢ ᠳᠠᠬᠢᠨ ᠠᠰᠢᠭᠯᠠᠬᠤ ᠶᠢ ᠠᠩᠬᠠᠷᠤᠨ᠎ᠠ᠃ | ᠳᠥᠷᠪᠡ᠂ ᠮᠦᠬᠦᠯᠢᠭ ᠠᠮᠤ ᠪᠤᠳᠠᠭ᠎ᠠ ᠶᠢ ᠠᠷᠪᠢᠯᠠᠵᠤ᠂ ᠠᠮᠤ ᠪᠤᠳᠠᠭᠠᠨ ᠤ ᠡᠬᠢ ᠪᠠᠶᠠᠯᠢᠭ ᠢ ᠨᠠᠨᠳᠢᠩᠨᠠᠨ᠎ᠠ᠃ | ᠠᠷᠪᠢᠴᠢ ᠪᠣᠯᠪᠠᠰᠤᠨ ᠠᠮᠢᠳᠤᠷᠠᠯ ᠤᠨ ᠬᠡᠷᠡᠭᠯᠡᠭᠡᠨ ᠤ ᠣᠶᠢᠯᠠᠭᠠᠭᠳᠠᠬᠤᠨ ᠢ ᠪᠣᠶ ᠪᠣᠯᠭᠠᠵᠤ᠂ ᠡᠷᠡᠭᠦᠯ᠂ ᠰᠢᠨᠵᠢᠯᠡᠬᠦ | ᠤᠬᠠᠭᠠᠨᠴᠢ᠂ ᠵᠦᠢ ᠵᠣᠬᠢᠰᠲᠠᠶ ᠢᠳᠡᠭᠡᠨ ᠤᠮᠳᠠᠭᠠᠨ ᠤ ᠳᠠᠳᠬᠠᠯ ᠢ ᠪᠣᠢ ᠪᠣᠯᠭᠠᠵᠤ᠂ ᠥᠯᠡᠳᠡᠪᠦᠷᠢ ᠬᠤᠭᠤᠯᠠ | ᠢᠳᠡᠬᠦ ᠠᠴᠠ ᠵᠠᠶᠢᠯᠠᠰᠬᠢᠵᠦ᠂ ᠢᠳᠡᠭᠡᠨ ᠤᠮᠳᠠᠭᠠᠨ ᠢ ᠱᠠᠯᠢᠨ ᠪᠦᠷᠢᠯᠭᠡᠬᠦ ᠶᠢ ᠲᠡᠪᠴᠢᠵᠦ᠂ ᠫᠢᠯᠠ ᠬᠤᠭᠤᠰᠣᠯᠠᠬᠤ | ᠠᠵᠢᠯᠯᠠᠭ᠎ᠠ ᠶᠢ ᠰᠠᠨᠠᠭᠠᠴᠢᠯᠠᠨ᠎ᠠ᠃ ︽ᠠᠷᠪᠢᠯᠠᠨ ᠭᠠᠮᠨᠠᠬᠤ ᠨᠢ ᠢᠷᠠᠭᠤ ᠠᠯᠳᠠᠷᠲᠠᠶ᠂ ᠪᠦᠷᠢᠯᠭᠡᠨ ᠰᠦᠢᠳᠭᠡᠬᠦ ᠨᠢ | ᠢᠴᠢᠭᠦᠷᠢ ᠲᠠᠢ︾ ᠭᠡᠬᠦ ᠰᠠᠶᠢᠨ ᠰᠠᠶᠢᠬᠠᠨ ᠬᠡᠪ ᠰᠤᠷᠲᠠᠯ ᠢ ᠪᠣᠶ ᠪᠤᠯᠭᠠᠨ᠎ᠠ᠃ | ᠲᠠᠪᠤ᠂ ᠨᠢᠭᠡ ᠯᠢᠲᠷ ᠲᠤᠰᠤ ᠶᠢ ᠠᠷᠪᠢᠯᠠᠵᠤ᠂ ᠪᠣᠬᠢᠷᠲᠤᠯ ᠢ ᠪᠠᠭᠠᠰᠬᠠᠵᠤ ᠪᠦᠷᠢᠯᠭᠡᠨ ᠰᠦᠢᠳᠬᠡᠬᠦ ᠶᠢ | ᠪᠠᠭᠠᠰᠬᠠᠨ᠎ᠠ᠃ | ᠵᠦᠶ ᠵᠣᠬᠢᠰᠲᠠᠶ ᠲᠣᠬᠢᠷᠠᠭᠤᠯᠵᠤ᠂ ᠵᠦᠶ ᠵᠣᠬᠢᠰᠲᠠᠶ ᠬᠡᠷᠡᠭᠯᠡᠵᠤ᠂ ᠵᠦᠶ ᠵᠣᠬᠢᠰᠲᠠᠶ ᠠᠷᠠᠴᠢᠯᠠᠬᠤ ᠪᠠᠷ | ᠳᠠᠮᠵᠢᠭᠤᠯᠤᠨ ᠲᠡᠷᠭᠡᠨ ᠤ ᠠᠵᠢᠯᠯᠠᠭᠠᠨ ᠤ ᠥᠪᠡᠷ ᠤᠨ ᠥᠷᠲᠡᠭ ᠪᠠ ᠡᠬᠢ ᠪᠠᠶᠠᠯᠢᠭ ᠤᠨ ᠬᠤᠷᠣᠭᠳᠠᠯ ᠢ ᠪᠦᠲᠦᠮᠵᠢᠲᠡᠶ | ᠪᠠᠭᠤᠷᠠᠭᠤᠯᠤᠨ᠎ᠠ︔ ᠠᠯᠪᠠᠨ ᠠᠵᠢᠯᠯᠠᠭ᠎ᠠ ᠳᠤᠮᠳᠠ ᠠᠯᠢ ᠴᠢᠳᠠᠬᠤ ᠪᠠᠷ ᠬᠠᠮᠲᠤᠷᠠᠨ ᠲᠡᠷᠭᠡ ᠬᠡᠷᠡᠭᠯᠡᠵᠦ᠂ ᠬᠤᠲᠠ ᠶᠢᠨ | ᠵᠠᠮ ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠦᠨ᠎ᠡ︔ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠳᠤᠭᠤᠶ ᠲᠡᠷᠭᠡ | ᠂ ᠶᠠᠪᠠᠭᠠᠨ ᠶᠠᠪᠤᠬᠤ ᠵᠡᠷᠭᠡ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠶᠠᠪᠤᠵᠤ ᠰᠠᠭᠤᠬᠤ ᠠᠷᠭ᠎ᠠ ᠮᠠᠶ᠋ᠢᠭ ᠢ | ᠰᠠᠨᠠᠭᠠᠴᠢᠯᠠᠨ᠎ᠠ᠃ | ᠵᠢᠷᠭᠤᠭ᠎ᠠ᠂ ᠨᠢᠭᠡ ᠮᠦᠩᠭᠦ ᠠᠯᠪᠠᠨ ᠵᠠᠷᠤᠳᠠᠯ ᠢ ᠴᠤ ᠠᠷᠪᠢᠯᠠᠵᠤ᠂ ᠵᠠᠷᠤᠯᠭ᠎ᠠ ᠪᠠᠨ ᠪᠠᠭᠠᠰᠬᠠᠨ᠎ᠠ᠃ | ᠠᠯᠪᠠᠨ ᠬᠡᠷᠡᠭᠰᠡᠯ ᠲᠣᠬᠢᠷᠠᠭᠤᠯᠬᠤ ᠪᠠᠷᠢᠮᠵᠢᠶ᠎ᠠ ᠶᠢ ᠴᠢᠩᠳᠠᠯᠠᠵᠤ᠂ ᠬᠤᠷᠤᠭᠳᠠᠯ ᠢᠶᠠᠷ ᠪᠠᠭ᠎ᠠ᠂ ᠪᠣᠬᠢᠷᠲᠤᠯ ᠦᠭᠡᠢ᠂ | ᠴᠢᠨᠠᠷ ᠰᠠᠶᠢᠲᠠᠶ᠂ ᠦᠨ᠎ᠡ ᠬᠠᠩᠰᠢ ᠨᠢ ᠬᠢᠮᠳᠠ ᠠᠯᠪᠠᠨ ᠠᠵᠢᠯ ᠤᠨ ᠲᠥᠬᠦᠭᠡᠷᠦᠮᠵᠢ ᠶᠢ ᠠᠯᠢ ᠴᠢᠳᠠᠬᠤ ᠪᠠᠷ | ᠰᠣᠩᠭᠤᠬᠤ︔ ᠠᠯᠪᠠᠨ ᠭᠡᠷ ᠤᠨ ᠳ᠋ᠢᠶᠠᠩᠬᠤᠸᠠ ᠪᠠᠷ ᠵᠣᠭᠤᠭᠳᠠᠬᠤ ᠪᠤᠶᠤ ᠠᠯᠪᠠᠨ ᠭᠡᠷ ᠤᠨ ᠳ᠋ᠢᠶᠠᠩᠬᠤᠸᠠ ᠶᠢ | ᠠᠰᠢᠭᠯᠠᠨ ᠠᠰᠠᠭᠤᠨ ᠰᠤᠷᠠᠭᠯᠠᠬᠤ ᠲᠠᠪᠴᠠᠩ ᠳᠤ ᠤᠲᠠᠰᠤᠳᠠᠬᠤ ᠦᠭᠡᠢ᠂ ᠳᠣᠲᠣᠷ᠎ᠠ ᠤᠲᠠᠰᠤ ᠪᠠᠷ ᠬᠠᠷᠢᠯᠴᠠᠵᠤ | ᠳᠡᠢᠯᠬᠦ ᠨᠢ ᠭᠠᠳᠠᠷ ᠤᠲᠠᠰᠤ ᠶᠢ ᠬᠡᠷᠡᠭᠯᠡᠬᠦ ᠦᠭᠡᠢ︔ ᠠᠯᠪᠠᠨ ᠭᠡᠷ ᠤᠨ ᠬᠡᠷᠡᠭᠰᠡᠯ᠂ ᠺᠣᠮᠫᠢᠦ᠋ᠲ᠋ᠧᠷ ᠤᠨ ᠬᠤᠷᠣᠭᠳᠠᠯ | ᠮᠠᠲ᠋ᠧᠷᠢᠶᠠᠯ ᠵᠡᠷᠭᠡ ᠶᠢ ᠳᠠᠪᠲᠠᠨ ᠬᠡᠷᠡᠭᠯᠡᠬᠦ ᠪᠠᠷ ᠴᠢᠷᠮᠠᠶᠢᠨ᠎ᠠ︔ ᠬᠠᠶᠠᠭᠳᠠᠮᠠᠯ ᠡᠳ᠋ ᠢ ᠵᠠᠰᠠᠵᠤ ᠬᠠᠭᠤᠴᠢᠨ ᠢ | ᠠᠰᠢᠭᠯᠠᠵᠤ᠂ ᠬᠡᠷᠡᠭᠰᠡᠯ ᠤᠨ ᠬᠡᠷᠡᠭᠯᠡᠭᠡᠨ ᠤ ᠠᠮᠢ ᠨᠠᠰᠤ ᠪᠠ ᠦᠶᠡᠯᠡᠯ ᠢ ᠤᠷᠲᠤᠳᠬᠠᠨ᠎ᠠ᠃ | ᠳᠣᠯᠤᠭ᠎ᠠ᠂ ᠠᠮᠢᠳᠤᠷᠠᠯ ᠤᠨ ᠨᠠᠷᠢᠨ ᠵᠦᠢᠯᠡᠰ ᠨᠢᠭᠡᠪᠦᠷᠢ ᠶᠢ ᠠᠩᠬᠠᠷᠴᠤ᠂ ᠪᠣᠬᠢᠷᠲᠤᠯ ᠥᠬᠡᠶ ᠠᠮᠢᠳᠤᠷᠠᠨ᠎ᠠ᠃ | ᠴᠠᠬᠢᠯᠭᠠᠨ ᠴᠡᠨᠡᠭᠯᠡᠬᠦ ᠳ᠋ᠢᠶᠠᠨ ᡂᠢ ᠪᠠᠷ ᠡᠩ ᠤᠨ ᠳ᠋ᠢᠶᠠᠨ ᡂᠢ ᠶᠢ ᠣᠷᠣᠯᠠᠭᠤᠯᠵᠤ᠂ ᠠᠵᠢᠯ ᠢᠶᠠᠷ ᠭᠠᠳᠠᠭᠰᠢ | ᠭᠠᠷᠬᠤ ᠳᠠᠭᠠᠨ ᠤᠬᠢᠶᠠᠵᠤ ᠴᠡᠪᠡᠷᠯᠡᠬᠦ ᠬᠡᠷᠡᠭᠰᠡᠯ ᠢᠶᠠᠨ ᠠᠪᠴᠤ᠂ ᠥᠪᠡᠷ ᠢᠶᠠᠨ ᠴᠣᠮᠣ ᠪᠡᠯᠡᠳᠬᠡᠬᠦ ᠶᠢ ᠰᠠᠨᠠᠭᠠᠴᠢᠯᠠᠵᠤ᠂ | ᠯᠣᠩᠬᠤ ᠲᠠᠢ ᠤᠰᠤ ᠶᠢ ᠪᠠᠭ᠎ᠠ ᠤᠤᠭᠤᠵᠤ᠂ ᠨᠢᠭᠡ ᠯᠡ ᠤᠳᠠᠭ᠎ᠠ ᠬᠡᠷᠡᠭᠯᠡᠬᠦ ᠦᠢᠯᠡᠳᠬᠦᠨ ᠤ ᠪᠣᠬᠢᠷᠲᠤᠯ ᠪᠠ | ᠪᠦᠷᠢᠯᠭᠡᠯᠲᠡ ᠶᠢ ᠪᠠᠭᠠᠰᠬᠠᠨ᠎ᠠ︔ ᠬᠠᠶᠠᠭᠳᠠᠮᠠᠯ ᠴᠠᠭᠠᠰᠤ᠂ ᠤᠮᠳᠠᠭᠠᠨ ᠤ ᠯᠣᠩᠬᠤ᠂ ᠳ᠋ᠢᠶᠠᠨ ᡂᠢ ᠵᠡᠷᠭᠡ ᠬᠠᠶᠠᠭᠳᠠᠮᠠᠯ | ᠪᠣᠳᠠᠰ ᠢ ᠲᠥᠷᠥᠯ ᠬᠤᠪᠢᠶᠠᠨ ᠬᠠᠳᠠᠭᠠᠯᠠᠬᠤ ᠪᠠ ᠡᠭᠡᠭᠦᠯᠦᠨ ᠬᠤᠷᠢᠶᠠᠨ ᠰᠢᠢᠳᠪᠦᠷᠢᠯᠡᠵᠦ᠂ ᠠᠮᠢᠳᠤᠷᠠᠯ ᠤᠨ ᠡᠨᠧᠷᠭᠢ | ᠠᠷᠪᠢᠯᠠᠨ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠬᠢᠭᠤᠯᠤᠨ᠎ᠠ︔ ᠲᠠᠮᠠᠬᠢ ᠲᠠᠲᠠᠬᠤ ᠨᠢ ᠡᠷᠡᠭᠦᠯ ᠮᠡᠨᠳᠦ ᠳᠤ | ᠬᠤᠣᠷᠲᠠᠢ᠂ ᠣᠷᠴᠢᠨ ᠠᠬᠤᠢ ᠶᠢ ᠪᠣᠬᠢᠷᠲᠤᠭᠤᠯᠳᠠᠭ ᠪᠣᠯᠬᠤᠷ ᠠᠯᠪᠠᠨ ᠭᠡᠷ ᠲᠠᠮᠠᠬᠢ ᠲᠠᠲᠠᠬᠤ ᠦᠭᠡᠢ ᠪᠠᠶᠢᠬᠤ ᠶᠢ | ᠰᠠᠨᠠᠭᠠᠴᠢᠯᠠᠨ᠎ᠠ︔ ᠴᠡᠴᠡᠭ ᠡᠪᠡᠰᠦ ᠮᠣᠳᠣ ᠶᠢ ᠬᠠᠶᠢᠷᠠᠯᠠᠵᠤ᠂ ᠨᠣᠭᠤᠭᠠᠨ ᠬᠦᠷᠢᠶ᠎ᠡ ᠬᠠᠰᠢᠶ᠎ᠠ ᠶᠢ ᠬᠠᠮᠠᠭᠠᠯᠠᠨ᠎ᠠ᠃ | ᠠᠵᠢᠯᠴᠢ ᠬᠥᠮᠦᠨ ᠤᠯᠤᠰ ᠲᠤ ᠠᠰᠢᠭᠲᠠᠶ᠂ ᠠᠷᠪᠢᠴᠢ ᠬᠥᠮᠦᠨ ᠠᠶᠢᠯ ᠳᠤ ᠠᠰᠢᠭᠲᠠᠶ᠃ ᠡᠨᠧᠷᠭᠢ ᠠᠷᠪᠢᠯᠠᠵᠤ | ᠭᠠᠳᠠᠭᠰᠢᠯᠠᠭᠤᠯᠬᠤ ᠶᠢ ᠪᠠᠭᠠᠰᠬᠠᠬᠤ ᠪᠣᠯ ᠦᠷᠭᠦᠯᠵᠢᠯᠡᠬᠦ ᠬᠥᠭᠵᠢᠯᠲᠡ ᠶᠢᠨ ᠪᠣᠳᠠᠲᠠᠢ ᠢᠯᠡᠷᠡᠯ ᠮᠥᠨ᠂ ᠨᠢᠭᠡ | ᠵᠦᠢᠯ ᠤᠨ ᠬᠤᠯᠠ ᠶᠢᠨ ᠬᠠᠷᠠᠴᠠ᠂ ᠨᠢᠭᠡ ᠵᠦᠢᠯ ᠤᠨ ᠤᠶᠤᠨ ᠤᠬᠠᠭᠠᠨ ᠮᠥᠨ᠂ ᠨᠡᠩ ᠴᠤ ᠦᠷ᠎ᠡ | ᠬᠤᠶᠢᠴᠢᠰ ᠲᠠᠭᠠᠨ ᠬᠠᠷᠢᠭᠤᠴᠠᠬᠤ ᠪᠡᠶᠡᠴᠢ ᠴᠣᠭᠴᠠ ᠶᠢᠨ ᠠᠵᠢᠯᠯᠠᠭ᠎ᠠ᠂ ᠡᠭᠦᠷᠭᠡ ᠶᠢᠨ ᠡᠭᠦᠷᠭᠡᠯᠡᠯ ᠮᠥᠨ︕ | ᠣᠲᠣ ᠠᠴᠠ ᠡᠬᠢᠯᠡᠨ ᠪᠢᠳᠡ ᠪᠦᠭᠦᠳᠡᠭᠡᠷ ᠬᠥᠳᠡᠯᠦᠯᠴᠡᠵᠦ᠂ ᠡᠨᠧᠷᠭᠢ ᠠᠷᠪᠢᠯᠠᠨ ᠪᠣᠬᠢᠷᠲᠤᠯ ᠢ ᠪᠠᠭᠠᠰᠬᠠᠬᠤ ᠳᠤ | ᠢᠳᠡᠪᠬᠢᠲᠡᠶ ᠣᠷᠣᠯᠴᠠᠨ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠡᠨᠧᠷᠭᠢ ᠠᠷᠪᠢᠯᠠᠨ ᠪᠣᠬᠢᠷᠲᠤᠯ ᠢ | ᠪᠠᠭᠠᠰᠬᠠᠬᠤ ᠶᠢᠨ ᠰᠠᠨᠠᠭᠠᠴᠢᠯᠠᠭᠴᠢ᠂ ᠠᠵᠢᠯᠯᠠᠭᠴᠢ᠂ ᠱᠠᠭᠠᠷᠳᠠᠭᠴᠢ ᠪᠣᠯᠬᠤ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠪᠣᠬᠢᠷᠲᠤᠯ ᠥᠬᠡᠶ ᠠᠷᠠᠳ ᠢᠷᠭᠡᠨ ᠪᠣᠯᠬᠤ ᠪᠠᠷ ᠴᠢᠷᠮᠠᠶᠢᠵᠤ᠂ ᠠᠮᠢ ᠠᠬᠤᠶ ᠶᠢᠨ | ᠪᠣᠯᠪᠠᠰᠤᠨ ᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠳᠤ ᠥᠪᠡᠷ ᠤᠨ ᠢᠳᠡᠪᠬᠢᠲᠡᠶ | ᠬᠤᠪᠢ ᠨᠡᠮᠡᠷᠢ ᠪᠠᠨ ᠦᠵᠡᠭᠦᠯᠦᠶ᠎ᠡ᠃ |