ᠮᠤᠩᠭᠤᠯ ︽ᠴᠠᠭ ᠤᠯᠠᠷᠢᠯ ᠤᠨ ᠪᠢᠴᠢᠭ︾ ᠤᠨ ᠲᠤᠬᠠᠢ ᠤᠴᠢᠷᠯᠠᠬᠤᠢ
ᠨᠡᠶᠢᠲᠡᠯᠡᠭᠰᠡᠨ ᠴᠠᠭ᠄
2022/1/12
   ᠤᠳᠤᠬᠠᠨ  ᠳᠤ ᠵᠢᠯ ᠴᠠᠭᠠᠨ ᠰᠠᠷ᠎ᠠ ᠪᠤᠯᠬᠤ ᠪᠦᠷᠢ  ᠂ ᠮᠤᠩᠭᠤᠯ ︽  ᠴᠠᠭ ᠤᠯᠠᠷᠢᠯ ᠤᠨ ᠪᠢᠴᠢᠭ  ︾ ᠨᠢ ᠮᠤᠩᠭᠤᠯ ᠠᠶᠢᠯ ᠪᠤᠯᠭᠠᠨ ᠤ ᠳᠤᠲᠠᠭᠳᠠᠵᠤ ᠪᠤᠯᠤᠰᠢ ᠦᠭᠡᠢ ᠴᠢᠬᠤᠯᠠ ᠭᠠᠷ ᠠᠪᠤᠯᠭ᠎ᠠ ᠨᠤᠮ ᠪᠤᠯᠤᠭᠰᠠᠨ ᠪᠠᠶᠢᠨ᠎ᠠ  ᠃    ᠬᠤᠪᠢ ᠬᠦᠮᠦᠨ ᠮᠤᠩᠭᠤᠯ ᠬᠤᠣᠰ ᠤᠶᠠᠩᠭ᠎ᠠ ᠶᠢ ᠴᠤᠭᠯᠠᠭᠤᠯᠤᠨ ᠡᠮᠬᠢᠳᠭᠡᠬᠦ ᠳᠤᠮᠳᠠ ᠮᠤᠩᠭᠤᠯ ︽  ᠴᠠᠭ ᠤᠯᠠᠷᠢᠯ ᠤᠨ ᠪᠢᠴᠢᠭ  ︾   ᠢ ᠨᠡᠯᠢᠶᠡᠳ ᠴᠣᠭᠯᠠᠭᠤᠯᠪᠠ  ᠃ ᠬᠠᠮᠤᠭ ᠡᠷᠲᠡ ᠨᠢ 1978 ᠤᠨ ᠤ ︽  ᠴᠠᠭ ᠤᠯᠠᠷᠢᠯ ᠤᠨ ᠪᠢᠴᠢᠭ  ︾ ᠂ ᠳᠠᠷᠠᠭᠠᠯᠠᠪᠠᠯ ᠨᠠᠶᠠᠭᠠᠳ ᠤᠨ ᠤ ᠲᠠᠰᠤᠭ ᠪᠤᠰᠠᠭ ᠬᠡᠳᠦᠨ ᠳᠡᠪᠲᠡᠷ  ᠃ 1990 ᠤᠨ ᠠᠴᠠ ᠤᠳᠤ  ᠪᠤᠯᠲᠠᠯᠠᠬᠢ ᠵᠢᠯ ᠪᠦᠷᠢ ᠶᠢᠨ ︽  ᠴᠠᠭ ᠤᠯᠠᠷᠢᠯ ᠤᠨ ᠪᠢᠴᠢᠭ  ︾   ᠢ ᠪᠦᠷ ᠤᠯᠤᠭᠰᠠᠨ ᠪᠠᠶᠢᠨ᠎ᠠ  ᠃    ᠡ᠊ᠨᠳᠡ ᠪᠢ ︽  ᠴᠠᠭ ᠤᠯᠠᠷᠢᠯ ᠤᠨ ᠪᠢᠴᠢᠭ  ︾ ᠤᠨ ᠬᠡᠪᠯᠡᠯ  ᠂ ᠠᠭᠤᠯᠭ᠎ᠠ  ᠂ ᠤᠨᠴᠠᠯᠢᠭ ᠵᠢᠴᠢ ᠦᠪᠡᠷ ᠤᠨ ᠰᠠᠨᠠᠭᠤᠯᠭ᠎ᠠ ᠪᠠᠨ ᠴᠤᠬᠤᠰ ᠳᠤᠷᠠᠳᠴᠤ  ᠂ ᠬᠤᠶᠢᠰᠢᠲᠠ ︽  ᠴᠠᠭ ᠤᠯᠠᠷᠢᠯ ᠤᠨ ᠪᠢᠴᠢᠭ  ︾   ᠢᠶᠠᠨ ᠤᠯᠠᠮ ᠴᠢᠨᠠᠷᠵᠢᠭᠤᠨ ᠨᠠᠶᠢᠷᠠᠭᠤᠯᠤᠨ ᠬᠡᠪᠯᠡᠵᠦ  ᠂ ᠦᠷᠭᠡᠨ ᠤᠯᠠᠨ ᠮᠤᠩᠭᠤᠯᠴᠤᠳ  ᠲᠤ ᠪᠠᠨ ᠨᠡᠩ ᠰᠠᠶᠢᠨ ᠭᠠᠷ ᠠᠪᠤᠯᠭ᠎ᠠ ᠨᠤᠮ ᠬᠠᠩᠭᠠᠬᠤ  ᠳᠤ ᠵᠦᠪᠯᠡᠯᠭᠡ ᠪᠤᠯᠤᠭᠠᠰᠠᠢ ᠭᠡᠵᠦ ᠬᠦᠰᠡᠯ᠎ᠡ  ᠃    ᠨᠢᠭᠡ  ᠂ ︽  ᠴᠠᠭ ᠤᠯᠠᠷᠢᠯ ᠤᠨ ᠪᠢᠴᠢᠭ  ︾ ᠤᠨ ᠤᠨᠴᠠᠯᠢᠭ    ᠡᠩ ᠲᠡᠷᠢᠭᠦᠨ  ᠳᠤ  ᠂ ︽ ᠴᠠᠭ ᠤᠯᠠᠷᠢᠯ ᠤᠨ ᠪᠢᠴᠢᠭ  ︾ ᠶᠤᠮ ᠴᠢᠨᠢ ᠲᠣᠬᠠᠢ ᠶᠢᠨ ᠵᠢᠯ  ᠤᠨ  ᠢᠶᠠᠨ ᠠᠷᠭ᠎ᠠ ᠪᠢᠯᠢᠭ ᠤᠨ ᠤᠯᠠᠷᠢᠯ ᠤᠨ ᠰᠠᠷ᠎ᠠ ᠡᠳᠦᠷ  ᠂ ᠡᠰᠢ ᠡᠷᠬᠡᠲᠡᠨ  ᠂ ᠠᠷᠪᠠᠨ ᠬᠤᠶᠠᠷ ᠵᠢᠯ  ᠂ ᠬᠤᠷᠢᠨ ᠳᠦᠷᠪᠡᠨ ᠴᠠᠭ ᠤᠯᠠᠷᠢᠯ  ᠂ ᠴᠢᠬᠤᠯᠠ ᠪᠠᠶᠠᠷ ᠳᠤᠷᠠᠰᠬᠠᠯ ᠤᠨ ᠡᠳᠦᠷ  ᠂ ᠲᠦᠷᠦᠭᠰᠡᠨ ᠤᠨ ᠤ ᠨᠠᠰᠤ ᠵᠢᠯ  ᠢ ᠪᠤᠳᠤᠬᠤ ᠬᠦᠰᠦᠨᠦᠭᠲᠦ  ᠁ ᠵᠡᠷᠭᠡ ᠶᠢ ᠬᠦᠰᠦᠨᠦᠭᠵᠢᠭᠦᠯᠦᠨ ᠨᠠᠶᠢᠷᠠᠭᠤᠯᠤᠭᠰᠠᠨ ᠠᠴᠠ ᠬᠦᠮᠦᠰ ᠡᠳᠦᠷ ᠰᠠᠷ᠎ᠠ ᠵᠡᠷᠭᠡ ᠬᠠᠮᠢᠶ᠎ᠠ ᠪᠦᠬᠦᠢ ᠵᠦᠢᠯᠡᠰ  ᠢᠶᠠᠨ ᠡᠷᠢᠵᠦ ᠯᠠᠪᠯᠠᠬᠤ  ᠳᠤ ᠲᠤᠩ ᠳᠦᠭᠦᠮ ᠪᠤᠯᠪᠠ  ᠃    ᠳᠠᠷᠠᠭ᠎ᠠ ᠨᠢ  ᠂ ᠴᠠᠭ ᠠᠭᠤᠷ  ᠂ ᠮᠠᠯᠵᠢᠬᠤ ᠲᠠᠷᠢᠶᠠᠯᠠᠬᠤ ᠦᠢᠯᠡᠳᠪᠦᠷᠢᠯᠡᠯ  ᠂ ᠡᠷᠡᠭᠦᠯ ᠬᠠᠮᠠᠭᠠᠯᠠᠯ  ᠂ ᠬᠠᠥᠯᠢ ᠴᠠᠭᠠᠵᠠ ᠶᠢᠨ ᠵᠦᠪᠯᠡᠯᠭᠡ  ᠂ ᠲᠡᠥᠬᠡ ᠶᠢᠨ ᠮᠡᠳᠡᠯᠭᠡ  ᠂ ᠳᠡᠯᠡᠬᠡᠢ ᠶᠢᠷᠲᠢᠨᠴᠦ  ᠶᠢᠨ ᠵᠤᠭᠤᠭ  ᠂ ᠵᠠᠰᠠᠭ ᠲᠦᠷᠦ ᠶᠢᠨ ᠮᠡᠳᠡᠭᠡ ᠵᠠᠩᠬᠢ  ᠂ ᠲᠦᠷᠦ ᠶᠢᠨ ᠪᠤᠳᠤᠯᠭ᠎ᠠ  ᠂ ᠰᠤᠶᠤᠯ ᠤᠷᠠᠯᠢᠭ ᠵᠡᠷᠭᠡ ᠦᠷᠭᠡᠨ ᠳᠡᠯᠭᠡᠷ ᠠᠭᠤᠯᠭ᠎ᠠ ᠶᠢ ᠬᠠᠮᠤᠷᠤᠨ ᠲᠠᠨᠢᠯᠴᠠᠭᠤᠯᠳᠠᠭ ᠠᠴᠠ ᠠᠭᠤᠯᠭ᠎ᠠ ᠪᠠᠶᠠᠯᠢᠭ  ᠂ ᠮᠡᠳᠡᠯᠭᠡᠴᠢ ᠴᠢᠨᠠᠷ ᠲᠠᠢ  ᠂ ᠬᠡᠷᠡᠭᠴᠡᠭᠡ ᠦᠷᠭᠡᠨ  ᠂ ᠬᠤᠲᠠ ᠬᠦᠳᠡᠭᠡ ᠶᠢᠨ ᠮᠤᠩᠭᠤᠯᠴᠤᠳ ᠤᠨ ᠤᠩᠰᠢᠬᠤ ᠳᠤᠷᠠᠲᠠᠢ ᠴᠢᠬᠤᠯᠠ ᠭᠠᠷ ᠠᠪᠤᠯᠭ᠎ᠠ ᠨᠤᠮ ᠪᠤᠯᠵᠤ ᠴᠢᠳᠠᠭᠰᠠᠨ ᠪᠠᠶᠢᠨ᠎ᠠ  ᠃    ᠭᠤᠷᠪᠠᠳᠤᠭᠠᠷ ᠲᠤ  ᠂ ᠮᠤᠩᠭᠤᠯ ᠰᠤᠶᠤᠯ ᠤᠷᠠᠯᠢᠭ ᠤᠨ ᠪᠦᠲᠦᠭᠡᠯ ᠤᠨ ᠲᠠᠨᠢᠯᠴᠠᠭᠤᠯᠭ᠎ᠠ ᠲᠠᠢ  ᠃ ᠳᠠᠷᠤᠢ ᠵᠦᠢᠷ ᠰᠡᠴᠡᠨ ᠦᠭᠡ  ᠂ ᠢᠷᠦᠭᠡᠯ ᠮᠠᠭᠲᠠᠭᠠᠯ  ᠂ ᠶᠢᠷᠲᠢᠨᠴᠦ ᠶᠢᠨ ᠭᠤᠷᠪᠠ  ᠂ ᠬᠤᠣᠰ ᠤᠶᠠᠩᠭ᠎ᠠ  ᠂ ᠤᠨᠢᠰᠤᠭ᠎ᠠ  ᠂ ᠬᠡᠥᠬᠡᠳ ᠤᠨ ᠲᠤᠭᠯᠠᠭᠠᠮ  ᠂ ᠱᠤᠭ ᠶᠦᠮᠦᠷ ᠵᠡᠷᠭᠡ ᠪᠦᠲᠦᠭᠡᠯ  ᠤᠳ  ᠢ ᠰᠤᠩᠭᠤᠨ ᠲᠠᠨᠢᠯᠴᠠᠭᠤᠯᠤᠭᠰᠠᠨ ᠨᠢ ᠮᠤᠩᠭᠤᠯ ᠰᠤᠶᠤᠯ ᠤᠷᠠᠯᠢᠭ ᠤᠨ ᠪᠦᠲᠦᠭᠡᠯ  ᠢ ᠤᠢᠢᠯᠠᠭᠠᠨ ᠲᠠᠨᠢᠵᠤ ᠤᠯᠠᠮᠵᠢᠯᠠᠨ ᠳᠡᠯᠭᠡᠷᠡᠭᠦᠯᠬᠦ  ᠳᠤ ᠲᠤᠩ ᠠᠰᠢᠭᠲᠠᠢ ᠪᠠᠶᠢᠳᠠᠭ  ᠃ᠤᠨᠴᠠᠭᠠᠢᠢᠯᠠᠨ ᠮᠤᠩᠭᠤᠯ ᠬᠤᠣᠰ ᠤᠶᠠᠩᠭ᠎ᠠ ᠶᠢ ᠰᠤᠩᠭᠤᠨ ᠨᠠᠶᠢᠷᠠᠭᠤᠯᠤᠭᠰᠠᠨ ᠨᠢ ᠰᠢᠨ᠎ᠡ ᠵᠢᠯ ᠴᠠᠭᠠᠨ ᠰᠠᠷ᠎ᠠ ᠶᠢᠨ ᠪᠠᠶᠠᠷ ᠨᠠᠶᠢᠷ ᠤᠨ ᠠᠭᠤᠷ ᠠᠮᠢᠰᠬᠤᠯ ᠲᠠᠢ ᠵᠤᠬᠢᠴᠠᠵᠤ  ᠂ ᠮᠤᠩᠭᠤᠯᠴᠤᠳ ᠤᠨ  ᠢᠶᠠᠨ ᠴᠠᠭᠠᠯᠠᠬᠤ ᠬᠤᠣᠰ ᠤᠶᠠᠩᠭ᠎ᠠ ᠪᠢᠴᠢᠵᠦ ᠨᠠᠭᠠᠬᠤ ᠬᠡᠷᠡᠭᠴᠡᠭᠡ ᠶᠢ ᠵᠤᠬᠢᠬᠤ ᠬᠡᠮᠵᠢᠶ᠎ᠡ ᠪᠠᠷ ᠬᠠᠩᠭᠠᠭᠰᠠᠨ ᠪᠠᠶᠢᠨ᠎ᠠ  ᠃    ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶᠠᠨ ᠤ 1991 ᠤᠨ  ᠤ ᠴᠠᠭᠠᠭᠴᠢᠨ ᠬᠤᠨᠢᠨ ᠵᠢᠯ ᠤᠨ ᠬᠡᠪᠯᠡᠯ  ᠳᠤ ᠬᠤᠣᠰ ᠤᠶᠠᠩᠭ᠎ᠠ ᠶᠢ ︽  ᠬᠦᠷᠢᠶ᠎ᠡ ᠶᠢᠨ ᠡᠭᠦᠳᠡ  ︾ ᠂ ︽  ᠭᠡᠷ ᠤᠨ ᠡᠭᠦᠳᠡ  ︾ ᠂ ︽  ᠲᠠᠩᠬᠢᠮ ᠤᠨ ᠪᠠᠭᠠᠨ᠎ᠠ  ︾ ᠂ ︽  ᠰᠤᠯᠠ ᠭᠡᠷ ᠤᠨ ᠬᠤᠣᠰ ᠤᠶᠠᠩᠭ᠎ᠠ  ︾ ᠂ ︽  ᠬᠠᠰᠢᠶᠠᠨ ᠡᠭᠦᠳᠡᠨ ᠤ ᠤᠶᠠᠩᠭ᠎ᠠ  ︾ ᠂ ︽  ᠮᠠᠯ ᠤᠨ ᠬᠠᠰᠢᠶᠠᠨ ᠤ ᠤᠶᠠᠩᠭ᠎ᠠ  ︾ ᠂ ︽  ᠰᠠᠩ ᠤᠨ ᠭᠡᠷ ᠤᠨ ᠤᠶᠠᠩᠭ᠎ᠠ  ︾ ᠂ ︽ᠦᠲᠦᠷᠮ᠎ᠡ ᠶᠢᠨ ᠡᠭᠦᠳᠡᠨ ᠤ ᠤᠶᠠᠩᠭ᠎ᠠ  ︾ ᠂ ︽  ᠪᠡᠷᠢ ᠪᠠᠭᠤᠯᠭᠠᠬᠤ ᠬᠤᠣᠰ ᠤᠶᠠᠩᠭ᠎ᠠ  ︾ ᠂ ︽  ᠲᠡᠷᠭᠡᠨ  ᠤ ᠤᠶᠠᠩᠭ᠎ᠠ  ︾ ᠂ ︽  ᠳᠡᠭᠦᠵᠢᠩ ᠤᠨ ᠤᠶᠠᠩᠭ᠎ᠠ  ︾ ᠂ ︽  ᠭᠡᠷ ᠪᠠᠷᠢᠵᠤ ᠨᠢᠷᠤᠭᠤᠨ ᠭᠠᠷᠭᠠᠬᠤ ᠤᠶᠠᠩᠭ᠎ᠠ  ︾ ᠂ ︽  ᠢᠩ ᠤᠨ ᠭᠡᠷ ᠤᠨ ᠤᠶᠠᠩᠭ᠎ᠠ  ︾ ᠂ ︽  ᠬᠤᠳᠳᠤᠭ ᠤᠨ ᠤᠶᠠᠩᠭ᠎ᠠ  ︾ ᠭᠡᠵᠦ ᠠᠷᠪᠠᠨ ᠳᠦᠷᠪᠡᠨ ᠲᠦᠷᠦᠯ ᠬᠤᠪᠢᠶᠠᠨ ᠨᠠᠶᠢᠷᠠᠭᠤᠯᠤᠭᠰᠠᠨ ᠨᠢ ᠬᠡᠷᠡᠭᠯᠡᠭᠴᠢᠳ ᠲᠤ ᠲᠦᠢᠯ  ᠤᠨ ᠳᠦᠭᠦᠮ ᠪᠤᠯᠤᠭᠰᠠᠨ ᠪᠠᠶᠢᠨ᠎ᠠ  ᠃    ᠳᠦᠷᠪᠡᠳᠦᠭᠡᠷ ᠲᠤ  ᠂ ᠵᠢᠷᠤᠬᠠᠢ  ᠂ ᠤᠳᠤᠨ ᠤᠷᠤᠨ  ᠂ ᠦᠵᠡᠯᠭᠡ ᠲᠦᠯᠭᠡ ᠵᠡᠷᠭᠡ ᠠᠭᠤᠯᠭ᠎ᠠ  ᠶᠢ ᠴᠦ ᠬᠠᠮᠤᠷᠤᠨ ᠤᠷᠤᠭᠤᠯᠵᠤ  ᠂ ᠡᠰᠢ ᠡᠷᠬᠡᠲᠡᠨ  ᠂ ᠠᠷᠭ᠎ᠠ ᠪᠢᠯᠢᠭ ᠤᠨ ᠤᠯᠠᠷᠢᠯ ᠲᠠᠢ ᠤᠶᠠᠯᠳᠤᠭᠤᠯᠤᠨ ᠲᠠᠨᠢᠯᠴᠠᠭᠤᠯᠤᠭᠰᠠᠨ ᠠᠴᠠ ᠰᠠᠶᠢᠨ ᠡᠳᠦᠷ  ᠢ ᠰᠤᠩᠭᠤᠬᠤ  ᠂ ᠵᠦᠭ ᠴᠡᠭ  ᠢ ᠰᠤᠩᠭᠤᠨ ᠮᠦᠷ ᠭᠠᠷᠭᠠᠬᠤ  ᠂ ᠴᠠᠭ ᠠᠭᠤᠷ  ᠢ ᠰᠢᠨᠵᠢᠬᠦ  ᠁ ᠭᠡᠬᠦ ᠮᠡᠲᠦ ᠶᠢᠨ ᠡᠳᠦᠷ ᠳᠤᠲᠤᠮ ᠤᠨ ᠠᠮᠢᠳᠤᠷᠠᠯ ᠠᠬᠤᠢ ᠶᠢᠨ ᠬᠡᠷᠡᠭᠴᠡᠭᠡ  ᠳᠤ ᠲᠤᠬᠢᠷᠠᠭᠰᠠᠨ ᠪᠠᠶᠢᠨ᠎ᠠ  ᠃    ᠲᠠᠪᠤᠳᠤᠭᠠᠷ ᠲᠤ  ᠂ ᠲᠡᠥᠬᠡ ᠶᠢᠨ ᠮᠡᠳᠡᠯᠭᠡ  ᠂ ᠲᠡᠥᠬᠡᠲᠦ ᠬᠦᠮᠦᠰ ᠤᠨ ᠲᠠᠨᠢᠯᠴᠠᠭᠤᠯᠭ᠎ᠠ  ᠂ ᠵᠤᠬᠢᠬᠤ ᠲᠡᠥᠬᠡᠨ ᠴᠠᠭ ᠦᠶ᠎ᠡ  ᠳᠤ ᠡᠭᠦᠰᠦᠭᠰᠡᠨ ᠲᠡᠥᠬᠡᠨ ᠦᠢᠯᠡ ᠶᠠᠪᠤᠳᠠᠯ ᠤᠨ ᠲᠠᠨᠢᠯᠴᠠᠭᠤᠯᠭ᠎ᠠ  ᠂ ᠲᠡᠥᠬᠡᠨ ᠴᠠᠭ ᠤᠯᠠᠷᠢᠯ ᠤᠨ ᠬᠤᠪᠢᠰᠤᠯᠲᠠ ᠶᠢᠨ ᠬᠠᠷᠢᠴᠠᠭᠤᠯᠤᠯ  ᠁ ᠵᠡᠷᠭᠡ ᠶᠢ ᠲᠤᠬᠢᠷᠠᠭᠤᠯᠤᠭᠰᠠᠨ ᠠᠴᠠ ᠦᠩᠭᠡᠷᠡᠭᠰᠡᠨ ᠤᠳᠤ ᠶᠢ ᠬᠠᠷᠢᠴᠠᠭᠤᠯᠤᠨ ᠰᠢᠨᠵᠢᠬᠦ  ᠂ ᠲᠡᠥᠭᠡ ᠶᠢᠨ ᠮᠡᠳᠡᠯᠭᠡ ᠰᠤᠷᠤᠯᠴᠠᠬᠤ  ᠳᠤ ᠵᠤᠬᠢᠴᠠᠭᠰᠠᠨ ᠪᠠᠶᠢᠨ᠎ᠠ  ᠃    ᠵᠢᠷᠭᠤᠳᠤᠭᠠᠷ ᠲᠤ  ᠂ ᠮᠤᠩᠭᠤᠯ ︽  ᠴᠠᠭ ᠤᠯᠠᠷᠢᠯ ᠤᠨ ᠪᠢᠴᠢᠭ  ︾ ᠨᠢ ᠪᠤᠰᠤᠳ ᠨᠤᠮ ᠳᠡᠪᠲᠡᠷ ᠰᠢᠭ  ᠢᠶᠠᠷ ᠡᠮᠦᠨ᠎ᠡ ᠬᠤᠶᠢᠨᠠᠬᠢ ᠦᠭᠡ  ᠂ ᠤᠷᠤᠰᠢᠯ ᠮᠡᠲᠦ ᠶᠢᠨ ᠵᠦᠢᠯᠡᠰ  ᠢ ᠲᠤᠬᠢᠷᠠᠭᠤᠯᠤᠭᠰᠠᠨ ᠦᠭᠡᠢ ᠠᠴᠠ ᠰᠢᠭᠤᠳ ᠨᠤᠮ ᠤᠨ ᠠᠭᠤᠯᠭ᠎ᠠ  ᠳᠤ ᠪᠠᠨ ᠤᠷᠤᠵᠤ  ᠂ ᠲᠤᠪᠴᠢ ᠠᠪᠰᠠᠷᠬᠠᠨ  ᠂ ᠠᠭᠤᠯᠭ᠎ᠠ ᠬᠤᠷᠢᠶᠠᠩᠭᠤᠢ  ᠂ ᠮᠡᠳᠡᠯᠭᠡ ᠦᠷᠭᠡᠨ ᠳᠡᠯᠭᠡᠷ ᠪᠤᠯᠵᠤ  ᠂ ᠨᠠᠶᠢᠷᠠᠭᠤᠯᠵᠤ ᠬᠡᠪᠯᠡᠬᠦᠯᠬᠦ ᠴᠠᠭ ᠪᠤᠯᠤᠨ ᠴᠠᠭᠠᠰᠤ  ᠶᠢ ᠴᠦ ᠠᠷᠪᠢᠯᠠᠵᠤ  ᠂ ᠡᠷᠢᠵᠦ ᠯᠠᠪᠯᠠᠬᠤ  ᠂ ᠬᠤᠷᠢᠶᠠᠨ ᠬᠠᠳᠠᠭᠠᠯᠠᠬᠤ  ᠳᠤ ᠪᠦᠷ ᠳᠦᠭᠦᠮ ᠪᠤᠯᠤᠭᠰᠠᠨ ᠪᠠᠶᠢᠨ᠎ᠠ  ᠃    ᠳᠤᠯᠤᠳᠤᠭᠠᠷ ᠲᠤ  ᠂ ᠮᠤᠩᠭᠤᠯ ︽  ᠴᠠᠭ ᠤᠯᠠᠷᠢᠯ ᠤᠨ ᠪᠢᠴᠢᠭ  ︾ ᠨᠢ ᠴᠠᠭ ᠦᠶᠡᠴᠢ ᠴᠢᠨᠠᠷ ᠲᠦᠢᠯ ᠤᠨ ᠢᠯᠡ ᠲᠤᠳᠤᠷᠬᠠᠢ  ᠂ ᠬᠡᠳᠦ᠋ᠢᠪᠡᠷ ᠡᠳᠦᠷ ᠪᠦᠷᠢ ᠰᠤᠨᠢᠨ ᠮᠡᠳᠡᠭᠡ ᠰᠢᠭ ᠮᠡᠳᠡᠭᠡᠯᠡᠳᠡᠭ ᠪᠢᠰᠢ ᠪᠤᠯᠪᠠᠴᠤ ᠬᠠᠷᠢᠨ ᠲᠤᠬᠠᠢ ᠶᠢᠨ ᠵᠢᠯ ᠤᠨ ᠴᠠᠭ ᠲᠦᠷᠦ ᠶᠢᠨ ᠪᠠᠶᠢᠳᠠᠯ  ᠂ ᠲᠦᠷᠦ ᠶᠢᠨ ᠪᠤᠳᠤᠯᠭ᠎ᠠ ᠶᠢ ᠲᠤᠰᠬᠠᠳᠠᠭ  ᠃ ᠲᠡᠭᠦᠨ  ᠳᠤ ᠳᠠᠭᠠᠯᠳᠤᠭᠤᠯᠤᠭᠰᠠᠨ ᠬᠤᠣᠰ ᠤᠶᠠᠩᠭ᠎ᠠ ᠨᠢ ᠴᠦ ᠡᠶᠢᠮᠦ ᠣᠨᠴᠠᠯᠢᠭ  ᠢ ᠠᠭᠤᠯᠤᠭᠰᠠᠨ ᠪᠠᠶᠢᠨ᠎ᠠ  ᠃    ᠨᠠᠢᠮᠠᠳᠤᠭᠠᠷ ᠲᠤ  ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶᠠᠨ ᠤ ᠵᠢᠯ ᠳᠠᠷᠠᠭᠠᠯᠠᠨ ᠬᠡᠪᠯᠡᠵᠦ ᠪᠠᠶᠢᠭ᠎ᠠ ︽ᠴᠠᠭ ᠤᠯᠠᠷᠢᠯ ᠤᠨ ᠪᠢᠴᠢᠭ︾ ᠲᠤ ᠲᠤᠰ ᠬᠡᠪᠯᠡᠯ ᠤᠨ ᠬᠤᠷᠢᠶᠠᠨ ᠠᠴᠠ ᠬᠡᠪᠯᠡᠭᠦᠯᠤᠨ ᠲᠠᠷᠬᠠᠭᠠᠵᠤ ᠪᠠᠶᠢᠭ᠎ᠠ ᠮᠤᠩᠭᠤᠯ ᠨᠤᠮ ᠢᠶᠠᠨ ᠲᠠᠨᠢᠯᠴᠠᠭᠤᠯᠵᠤ᠂ ᠤᠩᠰᠢᠭᠴᠢᠳ ᠤᠨ ᠬᠤᠳᠠᠯᠳᠤᠨ ᠠᠪᠬᠤ  ᠳᠤ ᠳᠦᠭᠦᠮ ᠦᠵᠡᠭᠦᠯᠵᠦ ᠪᠠᠶᠢᠨ᠎ᠠ᠃ ᠡᠨᠡ ᠨᠢ ᠮᠤᠩᠭᠤᠯ ᠨᠤᠮ ᠤᠨ ᠲᠠᠷᠬᠠᠭᠠᠯᠲᠠ ᠪᠤᠯᠤᠨ ᠤᠩᠰᠢᠭᠴᠢᠳ ᠤᠨ ᠬᠡᠷᠡᠭᠯᠡᠭᠡᠨ  ᠳᠤ ᠪᠦᠷ ᠠᠰᠢᠭᠲᠠᠢ ᠪᠤᠯᠤᠭᠰᠠᠨ ᠪᠠᠶᠢᠨ᠎ᠠ  ᠃    ᠬᠤᠶᠠᠷ  ᠂ ᠤᠷᠤᠰᠢᠵᠤ ᠪᠠᠶᠢᠭ᠎ᠠ ᠠᠰᠠᠭᠤᠳᠠᠯ    1. ︽ᠴᠠᠭ ᠤᠯᠠᠷᠢᠯ ᠤᠨ ᠪᠢᠴᠢᠭ︾ ᠲᠤ ᠭᠠᠷᠴᠠᠭ ᠲᠤᠬᠢᠷᠠᠭᠤᠯᠤᠭᠰᠠᠨ ᠦᠭᠡᠢ ᠠᠴᠠ ᠬᠡᠷᠡᠭᠯᠡᠭᠴᠢᠳ ᠲᠤ ᠨᠡᠯᠢᠶᠡᠳ ᠳᠦᠭᠦᠮ ᠦᠭᠡᠢ ᠪᠤᠯᠵᠤ᠂ ᠨᠢᠭᠡ ᠠᠭᠤᠯᠭ᠎ᠠ ᠶᠢ ᠡᠷᠢᠵᠦ ᠯᠠᠪᠯᠠᠬᠤ ᠳᠤ ᠰᠢᠭᠤᠳ ᠡᠷᠢᠵᠦ ᠳᠡᠶᠢᠯᠬᠦ ᠦᠭᠡᠢ ᠨᠡᠯᠢᠶᠡᠳ ᠨᠢᠭᠤᠷ ᠤᠷᠪᠠᠭᠤᠯᠳᠠᠭ ᠪᠤᠯᠬᠤᠷ ᠴᠠᠭ ᠪᠤᠯᠤᠨ ᠤᠩᠰᠢᠨ ᠯᠠᠪᠯᠠᠬᠤ ᠦᠷ᠎ᠡ ᠪᠦᠲᠦᠮᠵᠢ  ᠳᠤ ᠠᠷᠪᠢ ᠭᠠᠮ ᠦᠭᠡᠢ ᠪᠤᠶᠤ ᠳᠦᠭᠦᠮ ᠦᠭᠡᠢ ᠪᠠᠶᠢᠨ᠎ᠠ ᠃    2. ᠵᠠᠷᠢᠮ ᠬᠡᠪᠯᠡᠯ ᠤᠨ ᠬᠤᠷᠢᠶᠠᠨ ᠤ ᠬᠡᠪᠯᠡᠭᠰᠡᠨ ᠵᠠᠷᠢᠮ ᠵᠢᠯ ᠤᠨ ︽  ᠴᠠᠭ ᠤᠯᠠᠷᠢᠯ ᠤᠨ ᠪᠢᠴᠢᠭ  ︾  ᠲᠤ ᠬᠤᠣᠰ ᠤᠶᠠᠩᠭ᠎ᠠ ᠲᠤᠬᠢᠷᠠᠭᠤᠯᠤᠭᠰᠠᠨ ᠦᠭᠡᠢ ᠪᠤᠯᠬᠤᠷ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ  ᠳᠤ ᠨᠡᠶᠢᠴᠡᠬᠦ ᠦᠭᠡᠢ ᠪᠠᠶᠢᠨ᠎ᠠ  ᠃ ᠡᠨᠡ ᠨᠢ ᠬᠤᠪᠢ ᠬᠦᠮᠦᠨ ᠤ ᠠᠪᠢᠶᠠᠰ ᠳᠤᠷᠠᠰᠢᠯ ᠤᠨ ᠤᠴᠢᠷ ᠪᠢᠰᠢ  ᠂ ᠬᠠᠷᠢᠨ ᠮᠤᠩᠭᠤᠯ ᠬᠤᠣᠰ ᠤᠶᠠᠩᠭ᠎ᠠ ᠡᠳᠦᠢ  ᠳᠤ ᠪᠤᠯᠲᠠᠯ᠎ᠠ ᠮᠤᠩᠭᠤᠯ ᠤᠷᠠᠯᠢᠭᠴᠢᠳ ᠪᠤᠯᠤᠨ ᠮᠤᠩᠭᠤᠯ ᠬᠡᠪᠯᠡᠯ  ᠤᠨ ᠡᠲᠡᠭᠡᠳ ᠤᠨ ᠠᠩᠬᠠᠷᠤᠯ  ᠢ ᠲᠠᠲᠠᠵᠤ  ᠂ ᠴᠢᠬᠤᠯᠠᠴᠢᠯᠠᠨ ᠬᠦᠨᠳᠦᠳᠭᠡᠭᠳᠡᠬᠦ ᠪᠠᠶᠢᠷᠢ ᠰᠠᠭᠤᠷᠢ ᠪᠠᠨ ᠤᠯᠵᠤ ᠳᠡᠶᠢᠯᠦᠭᠡ ᠦᠭᠡᠢ ᠪᠠᠶᠢᠨ᠎ᠠ ᠭᠡᠳᠡᠭ  ᠢ ᠬᠠᠷᠠᠭᠤᠯᠵᠤ ᠪᠠᠶᠢᠨ᠎ᠠ  ᠃ ᠡᠨᠡ ᠨᠢ ᠮᠥᠨ ᠴᠦ ᠵᠦᠪᠬᠡᠨ ᠮᠤᠩᠭᠤᠯ ᠤᠷᠠᠯᠢᠭᠴᠢᠳ ᠪᠤᠯᠤᠨ ᠮᠤᠩᠭᠤᠯ ᠬᠡᠪᠯᠡᠯ ᠤᠨ ᠡᠲᠡᠭᠡᠳ ᠤᠨ ᠲᠤᠰ ᠪᠡᠶ᠎ᠡ ᠶᠢᠨ ᠬᠢᠨᠢ ᠠᠰᠠᠭᠤᠳᠠᠯ ᠪᠢᠰᠢ  ᠂ ᠬᠠᠷᠢᠨ ᠮᠤᠩᠭᠤᠯ ᠤᠷᠠᠨ ᠵᠤᠬᠢᠶᠠᠯ ᠤᠨ ᠤᠨᠤᠯ ᠤᠬᠠᠭᠳᠠᠬᠤᠨ  ᠢ ᠰᠤᠳᠤᠯᠤᠨ ᠰᠢᠨᠵᠢᠯᠡᠵᠦ  ᠂ ᠵᠢᠭᠠᠬᠤ ᠮᠠᠲ᠋ᠧᠷᠢᠶᠠᠯ ᠨᠠᠶᠢᠷᠠᠭᠤᠯᠵᠤ ᠪᠠᠶᠢᠭ᠎ᠠ ᠡᠲᠡᠭᠡᠳ ᠪᠤᠯᠤᠨ ᠮᠤᠩᠭᠤᠯ ᠳᠤᠮᠳᠠᠳᠤ ᠰᠤᠷᠭᠠᠭᠤᠯᠢ ᠠᠴᠠ ᠳᠡᠭᠡᠭᠰᠢ ᠶᠡᠭᠡ ᠰᠤᠷᠭᠠᠭᠤᠯᠢ ᠬᠦᠷᠲᠡᠯᠡᠬᠢ ᠮᠤᠩᠭᠤᠯ ᠤᠷᠠᠨ ᠵᠤᠬᠢᠶᠠᠯ ᠤᠨ ᠵᠢᠭᠠᠨ ᠰᠤᠷᠭᠠᠯᠲᠠ  ᠳᠤ ᠮᠤᠩᠭᠤᠯ ᠬᠤᠣᠰ ᠤᠶᠠᠩᠭ᠎ᠠ ᠡᠳᠦᠢ  ᠳᠤ ᠪᠤᠯᠲᠠᠯ᠎ᠠ ᠦᠪᠡᠷ ᠤᠨ ᠵᠦᠢ ᠵᠤᠬᠢᠰᠲᠠᠢ ᠤᠷᠤᠨ ᠪᠠᠶᠢᠷᠢ ᠪᠠᠨ ᠤᠯᠵᠤ ᠨᠡᠶᠢᠭᠡᠮ ᠨᠡᠶᠢᠲᠡ  ᠳᠤ ᠵᠢᠩᠭᠢᠨᠢ ᠪᠠᠷ ᠮᠡᠳᠡᠷᠡᠭᠳᠡᠨ ᠬᠡᠷᠡᠭᠯᠡᠭᠳᠡᠭᠡ ᠦᠭᠡᠢ ᠪᠠᠶᠢᠭ᠎ᠠ ᠶᠢ ᠬᠠᠷᠠᠭᠤᠯᠵᠤ ᠪᠠᠶᠢᠨ᠎ᠠ  ᠃    3. ᠵᠠᠷᠢᠮ ᠬᠤᠣᠰ ᠤᠶᠠᠩᠭ᠎ᠠ ᠶᠢᠨ ᠵᠤᠬᠢᠶᠠᠮᠵᠢ ᠨᠠᠶᠢᠷᠠᠯᠭ᠎ᠠ  ᠂ ᠦᠭᠡ ᠦᠭᠦᠯᠡᠪᠦᠷᠢ ᠶᠢ ᠨᠠᠶᠢᠷᠠᠭᠤᠯᠵᠤ ᠪᠠᠶᠢᠬᠤ ᠲᠠᠯ᠎ᠠ ᠪᠠᠷ ᠬᠤᠣᠰ ᠤᠶᠠᠩᠭ᠎ᠠ ᠶᠢᠨ ᠴᠢᠩᠭ᠎ᠠ ᠵᠢᠷᠦᠮᠵᠢᠯ  ᠳᠤ ᠨᠡᠶᠢᠴᠡᠬᠦ ᠦᠭᠡᠢ ᠪᠠᠶᠢᠨ᠎ᠠ  ᠃ ᠨᠡᠩ ᠵᠠᠷᠢᠮ ᠨᠢ ᠠᠭᠤᠯᠭ᠎ᠠ ᠪᠠᠯᠠᠷᠬᠠᠢ ᠪᠤᠶᠤ ᠦᠭᠡ ᠦᠭᠦᠯᠡᠪᠦᠷᠢ ᠪᠤᠷᠤᠭᠤ ᠦᠵᠡᠭᠳᠡᠯ ᠢᠯᠡᠷᠡᠵᠦ ᠪᠠᠶᠢᠨ᠎ᠠ  ᠃ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶᠠᠨ ᠤ 2000 ᠤᠨ ᠤ ᠴᠠᠭᠠᠨ ᠯᠤᠣ ᠵᠢᠯ ᠤᠨ ᠬᠡᠪᠯᠡᠯ  ᠳᠤ  ᠄ ︽ ᠤᠷᠢᠬᠠᠨ ᠬᠠᠪᠤᠷ ᠤᠨ ᠡᠶᠡᠪᠡᠷᠭᠦᠦ ᠰᠠᠯᠬᠢᠨ  ᠳᠤᠷ ᠡᠩᠬᠡ ᠳᠡᠯᠡᠬᠡᠢ ᠴᠢᠮᠡᠭᠵᠢᠮᠤᠢ \ ᠤᠶᠠᠨ ᠰᠡᠭᠡᠭᠡᠲᠡᠨ ᠤ ᠡᠷᠬᠢᠮ ᠵᠢᠳᠭᠦᠯ  ᠳᠤᠷ ᠡᠬᠡ ᠤᠯᠤᠰ ᠴᠡᠴᠡᠭᠯᠡᠮᠤᠢ  ︾ ︵176 ᠳ᠋ᠤᠭᠠᠷ ᠨᠢᠭᠤᠷ ᠲᠤ) ᠭᠡᠬᠦ ᠬᠤᠣᠰ ᠤᠶᠠᠩᠭ᠎ᠠ ᠶᠢᠨ ︽  ᠤᠶᠠᠨ  ︾ ᠭᠡᠳᠡᠭ ᠨᠢ ᠦᠨᠡᠨ  ᠳᠤ ᠪᠠᠨ ︽  ᠤᠶᠤᠲᠠᠨ  ︾ ᠭᠡᠰᠡᠨ ᠦᠭᠡ ᠪᠠᠶᠢᠬᠤ  ᠳᠤ ᠪᠠᠨ ᠲᠠᠭᠠᠷᠠᠨ᠎ᠠ  ᠃    4. ᠮᠢᠨᠤ ᠤᠢᠢᠯᠠᠭᠠᠭᠰᠠᠨ  ᠢᠶᠠᠷ ᠤᠯᠤᠰ ᠤᠨ ᠳᠤᠲᠤᠭᠠᠳᠤ  ᠳᠤ ᠠᠯᠪᠠᠨ ᠤ ᠲᠠᠯ᠎ᠠ ᠠᠴᠠ ᠬᠡᠪᠯᠡᠵᠦ ᠪᠠᠶᠢᠭ᠎ᠠ ᠮᠤᠩᠭᠤᠯ ︽  ᠴᠠᠭ ᠤᠯᠠᠷᠢᠯ ᠤᠨ ᠪᠢᠴᠢᠭ  ︾ ᠭᠡᠪᠡᠯ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶ᠎ᠠ ᠪᠤᠯᠤᠨ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠭᠤᠣᠯᠯᠠᠵᠤ  ᠂ ᠦᠪᠦᠷ ᠮᠤᠩᠭᠤᠯ ᠤᠨ ᠪᠠᠭᠠᠴᠤᠳ ᠬᠡᠥᠬᠡᠳ ᠤᠨ ᠬᠡᠪᠯᠡᠯ ᠤᠨ ᠬᠤᠷᠢᠶ᠎ᠠ  ᠂ ᠯᠢᠶᠤᠣᠨᠢᠩ  ᠤᠨ ᠦᠨᠳᠦᠰᠦᠲᠡᠨ ᠤ ᠬᠡᠪᠯᠡᠯ ᠤᠨ ᠬᠤᠷᠢᠶᠠᠨ ᠤ ᠬᠡᠪᠯᠡᠯ ᠴᠦᠬᠡᠪᠲᠦᠷ ᠬᠠᠷᠠᠭᠳᠠᠵᠤ ᠪᠠᠶᠢᠨ᠎ᠠ  ᠃ ᠳᠠᠷᠠᠭᠠᠯᠠᠪᠠᠯ ᠬᠤᠪᠢ ᠬᠦᠮᠦᠨ ᠤ ᠨᠠᠶᠢᠷᠠᠭᠤᠯᠤᠨ ᠬᠡᠪᠯᠡᠭᠦᠯᠵᠦ ᠪᠠᠶᠢᠭ᠎ᠠ ︽  ᠴᠠᠭ ᠤᠯᠠᠷᠢᠯ ᠤᠨ ᠪᠢᠴᠢᠭ  ︾ ᠪᠤᠯᠤᠨ᠎ᠠ  ᠃ ᠠᠯᠪᠠᠨ ᠤ ᠲᠠᠯ᠎ᠠ ᠠᠴᠠ ᠨᠠᠶᠢᠷᠠᠭᠤᠯᠤᠨ ᠬᠡᠪᠯᠡᠵᠦ ᠪᠠᠶᠢᠭ᠎ᠠ ︽  ᠴᠠᠭ ᠤᠯᠠᠷᠢᠯ ᠤᠨ ᠪᠢᠴᠢᠭ  ︾ ᠨᠢ ᠨᠡᠯᠢᠶᠡᠳ ᠳᠦᠷᠢᠮᠵᠢᠭᠦᠨ ᠪᠠᠶᠢᠵᠤ  ᠂ ᠠᠭᠤᠯᠭ᠎ᠠ ᠪᠠᠷ ᠪᠠᠶᠠᠯᠢᠭ ᠪᠠᠶᠢᠳᠠᠭ  ᠃ ᠬᠤᠪᠢ ᠬᠦᠮᠦᠨ ᠤ ᠨᠠᠶᠢᠷᠠᠭᠤᠯᠵᠤ ᠪᠠᠶᠢᠭ᠎ᠠ ︽  ᠴᠠᠭ ᠤᠯᠠᠷᠢᠯ ᠤᠨ ᠪᠢᠴᠢᠭ  ︾ ᠨᠢ ᠠᠭᠤᠯᠭ᠎ᠠ ᠴᠦᠬᠡᠨ  ᠂ ᠬᠡᠪᠯᠡᠯ ᠤᠨ ᠴᠠᠭᠠᠰᠤᠨ ᠤ ᠶᠡᠭᠡ ᠪᠠᠭ᠎ᠠ ᠨᠢ ᠠᠳᠠᠯᠢ ᠦᠭᠡᠢ  ᠁ ᠮᠡᠲᠦ ᠶᠢᠨ ᠳᠦᠷᠢᠮᠵᠢᠭᠦᠨ ᠪᠤᠰᠤ ᠪᠠᠶᠢᠳᠠᠯ ᠤᠷᠤᠰᠢᠵᠤ ᠪᠠᠶᠢᠨ᠎ᠠ  ᠃    5. ᠵᠦᠢᠷ ᠰᠡᠴᠡᠨ ᠦᠭᠡ  ᠂ ᠢᠷᠦᠭᠡᠯ ᠮᠠᠭᠲᠠᠭᠠᠯ  ᠂ ᠶᠢᠷᠲᠢᠨᠴᠦ ᠶᠢᠨ ᠭᠤᠷᠪᠠ  ᠂ ᠤᠨᠢᠰᠤᠭ᠎ᠠ  ᠂ ᠬᠡᠥᠬᠡᠳ ᠤᠨ ᠲᠤᠭᠯᠠᠭᠠᠮ  ᠂ ᠱᠤᠭ ᠶᠦᠮᠦᠷ ᠵᠡᠷᠭᠡ ᠪᠦᠲᠦᠭᠡᠯ ᠤᠳ  ᠢ ᠰᠤᠩᠭᠤᠨ ᠲᠠᠨᠢᠯᠴᠠᠭᠤᠯᠤᠭᠰᠠᠨ  ᠢᠶᠠᠷ ᠬᠦᠷᠦᠯᠴᠡᠬᠦ ᠦᠭᠡᠢ  ᠂ ᠤᠯᠠᠩᠬᠢ ᠵᠢᠯ ᠤᠨ ︽  ᠴᠠᠭ ᠤᠯᠠᠷᠢᠯ ᠤᠨ ᠪᠢᠴᠢᠭ  ︾ ᠲᠤ ᠤᠷᠤᠭᠤᠯᠤᠭᠰᠠᠨ ᠲᠦᠷᠦᠯ ᠵᠦᠢᠯ ᠨᠢ ᠭᠦᠢᠴᠡᠳ ᠦᠭᠡᠢ  ᠂ ᠳᠦᠷᠢᠮᠵᠢᠭᠦᠨ ᠪᠤᠰᠤ ᠪᠠᠶᠢᠨ᠎ᠠ  ᠃    ᠭᠤᠷᠪᠠ  ᠂ ᠰᠠᠨᠠᠭᠤᠯᠭ᠎ᠠ    1. ᠮᠤᠩᠭᠤᠯ ︽  ᠴᠠᠭ ᠤᠯᠠᠷᠢᠯ ᠤᠨ ᠪᠢᠴᠢᠭ  ︾ ᠲᠤ ᠪᠤᠯᠤᠩ ᠬᠤᠪᠢᠶᠠᠵᠤ ᠭᠠᠷᠴᠠᠭ ᠬᠠᠳᠠᠨ  ᠂ ᠮᠡᠳᠡᠯᠭᠡ ᠶᠢᠨ ᠴᠢᠨᠠᠷᠲᠠᠢ ᠠᠭᠤᠯᠭ᠎ᠠ ᠪᠠᠨ ᠵᠢᠯ ᠳᠠᠷᠠᠭᠠᠯᠠᠨ ᠦᠷᠭᠦᠯᠵᠢᠯᠡᠭᠦᠯᠵᠦ  ᠂ ᠴᠢᠨᠠᠷᠵᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠮᠤᠩᠭᠤᠯ ᠰᠢᠨ᠎ᠡ ᠨᠤᠮ ᠤᠨ ᠰᠤᠷᠠᠭ  ᠂ ᠮᠤᠩᠭᠤᠯ ᠰᠤᠶᠤᠯ ᠣᠷᠠᠯᠢᠭ ᠤᠨ ᠰᠤᠷᠠᠭ  ᠂ ᠨᠠᠶᠢᠷ ᠨᠠᠭᠠᠳᠤᠮ ᠤᠨ ᠮᠡᠳᠡᠭᠡ ᠵᠠᠩᠬᠢ ᠵᠡᠷᠭᠡ ᠰᠢᠨ᠎ᠡ ᠪᠤᠯᠤᠩ ᠨᠡᠮᠡᠨ  ᠂ ᠬᠡᠷᠡᠭᠯᠡᠭᠴᠢᠳ ᠲᠤ ᠬᠠᠩᠭᠠᠨ ᠦᠭᠴᠤ ᠪᠤᠯᠤᠨ᠎ᠠ  ᠃    2. ᠤᠯᠤᠰ ᠤᠨ ᠳᠤᠲᠤᠭᠠᠳᠤ ᠭᠠᠳᠠᠭᠠᠳᠤ ᠶᠢᠨ ᠴᠠᠭ ᠲᠦᠷᠦ ᠶᠢᠨ ᠮᠡᠳᠡᠭᠡ ᠵᠠᠩᠬᠢ  ᠂ ᠲᠦᠷᠦ ᠶᠢᠨ ᠪᠤᠳᠤᠯᠭ᠎ᠠ ᠶᠢ ᠲᠠᠨᠢᠯᠴᠠᠭᠤᠯᠪᠡᠯ ᠵᠤᠬᠢᠨ᠎ᠠ  ᠃ ᠡᠨᠡ ᠨᠢ ᠮᠤᠩᠭᠤᠯᠴᠤᠳ  ᠤᠨ ᠴᠠᠭ ᠤᠨ ᠪᠠᠶᠢᠳᠠᠯ  ᠢ ᠲᠠᠨᠢᠨ ᠮᠡᠳᠡᠵᠦ  ᠂ ᠲᠦᠷᠦ ᠶᠢᠨ ᠪᠤᠳᠤᠯᠭ᠎ᠠ ᠪᠠᠷ ᠦᠢᠯᠡᠰ ᠠᠬᠤᠢ ᠪᠠᠨ ᠲᠤᠬᠢᠷᠠᠭᠤᠯᠬᠤ  ᠳᠤ ᠳᠤᠲᠠᠭᠳᠠᠵᠤ ᠪᠤᠯᠤᠰᠢ ᠦᠭᠡᠢ ᠵᠦᠢᠯ ᠪᠤᠯᠤᠨ᠎ᠠ  ᠃    3. ᠬᠠᠥᠯᠢ ᠴᠠᠭᠠᠵᠠ ᠶᠢᠨ ᠮᠡᠳᠡᠯᠭᠡ ᠶᠢ ᠲᠤᠪᠴᠢ ᠠᠪᠰᠠᠷᠬᠠᠨ  ᠂ ᠳᠦᠭᠦᠮ ᠤᠢᠢᠯᠠᠭᠠᠮᠵᠢᠲᠠᠢ ᠪᠠᠷ ᠦᠷᠭᠦᠯᠵᠢ ᠶᠢᠨ ᠴᠢᠨᠠᠷ ᠲᠠᠢ ᠨᠠᠶᠢᠷᠠᠭᠤᠯᠵᠤ  ᠂ ᠮᠤᠩᠭᠤᠯ ᠲᠦᠮᠡᠨ ᠤ ᠪᠠᠨ ᠬᠠᠥᠯᠢ ᠶᠢ ᠡᠵᠡᠮᠰᠢᠨ  ᠂ ᠬᠠᠥᠯᠢ ᠪᠠᠷ ᠬᠠᠥᠯᠢ ᠶᠤᠰᠤᠨ ᠤ ᠡᠷᠬᠡ ᠠᠰᠢᠭ  ᠢᠶᠠᠨ ᠬᠠᠮᠠᠭᠠᠯᠠᠬᠤ ᠲᠠᠨᠢᠯᠲᠠ ᠪᠤᠯᠤᠨ ᠮᠡᠳᠡᠯᠭᠡ ᠶᠢ ᠨᠡᠮᠡᠭᠳᠡᠭᠦᠯᠬᠦ  ᠶᠢ ᠰᠠᠨᠠᠭᠠᠴᠢᠯᠠᠵᠤ ᠪᠤᠯᠤᠨ᠎ᠠ  ᠃    4. ᠠᠯᠪᠠᠨ ᠤ ᠡᠲᠡᠭᠡᠳ ᠴᠦ ᠪᠤᠯ ᠬᠤᠪᠢ ᠬᠦᠮᠦᠨ ᠤ ᠨᠠᠶᠢᠷᠠᠭᠤᠯᠤᠭᠰᠠᠨ ᠴᠦ ᠪᠤᠯ  ᠂ ᠮᠤᠩᠭᠤᠯ ᠬᠤᠣᠰ ᠤᠶᠠᠩᠭ᠎ᠠ ᠶᠢ ᠵᠢᠯ ᠪᠦᠷᠢ ᠶᠢᠨ ᠬᠡᠪᠯᠡᠯ  ᠳᠤ ᠡᠷᠬᠡᠪᠰᠢ ᠨᠠᠶᠢᠷᠠᠭᠤᠯᠵᠤ ᠤᠷᠤᠭᠤᠯᠬᠤ ᠬᠡᠷᠡᠭᠲᠡᠢ  ᠃ ᠨᠠᠶᠢᠷᠠᠭᠤᠯᠵᠤ ᠬᠡᠪᠯᠡᠭᠦᠯᠵᠦ ᠪᠠᠶᠢᠭ᠎ᠠ ᠡᠲᠡᠭᠡᠳ ᠴᠦ ᠨᠤᠮ  ᠢᠶᠠᠷ  ᠢᠶᠠᠨ ᠬᠡᠷᠡᠭᠯᠡᠭᠴᠢᠳ ᠲᠤ ᠦᠢᠯᠡᠴᠢᠯᠡᠵᠦ  ᠂ ᠬᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠶᠢ ᠬᠠᠩᠭᠠᠬᠤ ᠪᠠᠷ ᠭᠤᠣᠯ ᠵᠤᠷᠢᠯᠭ᠎ᠠ ᠪᠠᠨ ᠪᠤᠯᠭᠠᠭᠰᠠᠨ ᠪᠠᠶᠢᠪᠡᠯ ᠵᠤᠬᠢᠨ᠎ᠠ  ᠃    5. ᠵᠦᠢᠷ ᠰᠡᠴᠡᠨ ᠦᠭᠡ  ᠂ ᠢᠷᠦᠭᠡᠯ ᠮᠠᠭᠲᠠᠭᠠᠯ  ᠂ ᠶᠢᠷᠲᠢᠨᠴᠦ ᠶᠢᠨ ᠭᠤᠷᠪᠠ  ᠂ ᠤᠨᠢᠰᠤᠭ᠎ᠠ  ᠂ ᠤᠬᠤᠷ ᠰᠢᠯᠦᠭ  ᠂ ᠬᠡᠥᠬᠡᠳ ᠤᠨ ᠲᠤᠭᠯᠠᠭᠠᠮ  ᠂ ᠱᠤᠭ ᠶᠦᠮᠦᠷ ᠵᠡᠷᠭᠡ ᠪᠦᠲᠦᠭᠡᠯ  ᠤᠳ  ᠢ ᠵᠢᠯ ᠪᠦᠷᠢ ᠵᠤᠬᠢᠬᠤ ᠬᠡᠮᠵᠢᠶ᠎ᠡ ᠪᠠᠷ ᠨᠠᠶᠢᠷᠠᠭᠤᠯᠤᠨ ᠤᠷᠤᠭᠤᠯᠵᠤ  ᠂ ᠬᠡᠥᠬᠡᠳ  ᠢ ᠬᠠᠷᠠᠬᠠᠨ ᠪᠠᠭ᠎ᠠ  ᠠᠴᠠ ᠨᠢ ᠡᠬᠡ ᠬᠡᠯᠡᠨ ᠤ ᠪᠠᠶᠢᠭᠠᠯᠢᠯᠢᠭ ᠰᠢᠮ᠎ᠡ  ᠂ ᠡᠪᠦᠭᠡ ᠳᠡᠭᠡᠳᠦᠰ ᠤᠨ ᠦᠪ ᠰᠤᠶᠤᠯ  ᠢᠶᠠᠨ ᠦᠪᠯᠡᠵᠦ ᠤᠯᠠᠮᠵᠢᠯᠠᠬᠤ ᠳᠠᠳᠬᠠᠯ ᠲᠠᠢ ᠪᠤᠯᠭᠠᠨ ᠬᠦᠮᠦᠵᠢᠭᠦᠯᠬᠦ  ᠳᠤ ᠬᠠᠪᠰᠤᠷᠤᠮᠵᠢ ᠪᠤᠯᠭᠠᠬᠤ ᠶᠢ ᠰᠠᠨᠠᠭᠠᠴᠢᠯᠠᠵᠤ ᠪᠤᠯᠤᠨ᠎ᠠ  ᠃    6. ᠮᠤᠩᠭᠤᠯ ᠵᠠᠩ ᠦᠢᠯᠡ  ᠂ ᠬᠡᠥᠬᠡᠳ ᠬᠦᠮᠦᠵᠢᠭᠦᠯᠬᠦ ᠤᠬᠠᠭᠠᠨ  ᠂ ᠤᠷᠤᠭ ᠭᠡᠷ ᠪᠦᠯᠢ  ᠂ ᠴᠢᠨᠠᠭᠰᠢᠯᠠᠨ ᠤᠶᠤᠲᠠᠨ ᠤ ᠠᠵᠢᠯ ᠠᠮᠢᠳᠤᠷᠠᠯ ᠤᠨ ᠵᠦᠪᠯᠡᠮᠵᠢ ᠵᠡᠷᠭᠡ ᠶᠢ ᠬᠦᠷᠲᠡᠯ᠎ᠡ ᠨᠠᠶᠢᠷᠠᠭᠤᠯᠤᠨ ᠤᠷᠤᠭᠤᠯᠵᠤ  ᠂ ᠮᠤᠩᠭᠤᠯᠴᠤᠳ ᠤᠨ ᠭᠡᠷ ᠪᠦᠯᠢ ᠶᠢᠨ ᠡᠶ᠎ᠡ ᠨᠠᠶᠢᠷᠠᠮᠳᠠᠭᠤ  ᠂ ᠦᠷ᠎ᠡ ᠬᠡᠥᠬᠡᠳ ᠤᠨ ᠰᠡᠴᠡᠨ ᠰᠡᠷᠭᠦᠯᠡᠩ  ᠂ ᠤᠶᠤᠲᠠᠳ ᠤᠨ ᠠᠳᠠᠯ ᠦᠢᠯᠡᠰ ᠪᠤᠰᠬᠠᠬᠤ ᠵᠡᠷᠭᠡ  ᠳᠤ ᠤᠯᠠᠨ ᠤᠯᠠᠨ ᠰᠠᠨᠠᠭᠤᠯᠤᠮᠵᠢ ᠦᠭᠴᠦ  ᠂ ᠮᠤᠩᠭᠤᠯ ᠲᠦᠮᠡᠨ ᠤ ᠪᠠᠨ ᠳᠡᠯᠡᠬᠡᠢ ᠶᠢᠨ ᠪᠤᠰᠤᠳ ᠦᠨᠳᠦᠰᠦᠲᠡᠨ ᠲᠠᠢ ᠮᠦᠷᠦ ᠵᠡᠷᠭᠡᠴᠡᠨ ᠬᠦᠭᠵᠢᠨ ᠳᠠᠪᠰᠢᠬᠤ ᠠᠯᠬᠤᠴᠠ ᠶᠢ ᠲᠦᠷᠭᠡᠳᠭᠡᠬᠦ  ᠳᠤ ᠬᠠᠪᠰᠤᠷᠤᠮᠵᠢ ᠪᠤᠯᠭᠠᠬᠤ ᠶᠢ ᠰᠠᠨᠠᠭᠠᠴᠢᠯᠠᠵᠤ ᠪᠤᠯᠤᠨ᠎ᠠ  ᠃    ᠮᠤᠩᠭᠤᠯ ︽  ᠴᠠᠭ ᠤᠯᠠᠷᠢᠯ ᠤᠨ ᠪᠢᠴᠢᠭ  ︾ ᠨᠢ ᠦᠷᠭᠡᠨ ᠳᠡᠯᠭᠡᠷ ᠮᠡᠳᠡᠯᠭᠡ ᠶᠢᠨ ᠬᠤᠷᠢᠶᠠᠩᠭᠤᠢ ᠴᠢᠨᠠᠷ  ᠂ ᠴᠠᠭ ᠦᠶ᠎ᠡ ᠶᠢ ᠲᠤᠰᠬᠠᠨ ᠲᠡᠮᠳᠡᠭᠯᠡᠳᠡᠭ ᠪᠤᠳᠠᠲᠤ ᠦᠢᠯᠡᠳᠦᠯ  ᠂ ᠦᠨᠳᠦᠰᠦᠲᠡᠨ ᠤ ᠲᠡᠥᠬᠡ ᠰᠤᠶᠤᠯ ᠤᠨ ᠤᠯᠠᠮᠵᠢᠯᠠᠨ ᠳᠡᠯᠭᠡᠷᠡᠭᠦᠯᠦᠭᠴᠢ  ᠂ ᠦᠢᠯᠡᠳᠪᠦᠷᠢᠯᠡᠯ ᠠᠮᠢᠳᠤᠷᠠᠯ ᠤᠨ ᠵᠦᠪᠯᠡᠭᠴᠢ  ᠂ ᠬᠠᠥᠯᠢ ᠴᠠᠭᠠᠵᠠ ᠶᠢ ᠤᠬᠠᠭᠤᠯᠤᠨ ᠲᠠᠨᠢᠯᠴᠠᠭᠤᠯᠳᠠᠭ ︽  ᠬᠠᠥᠯᠢᠴᠢ  ︾ ᠶᠢᠨ ᠦᠢᠯᠡᠳᠦᠯ ᠵᠡᠷᠭᠡ ᠪᠠᠷ  ᠢᠶᠠᠨ ᠬᠤᠲᠠ ᠬᠦᠳᠡᠭᠡ ᠶᠢᠨ ᠮᠤᠩᠭᠤᠯᠴᠤᠳ ᠤᠨ ᠵᠢᠯ ᠪᠦᠷᠢ ᠬᠤᠳᠠᠯᠳᠤᠨ ᠠᠪᠴᠤ ᠬᠡᠷᠡᠭᠯᠡᠳᠡᠭ ᠴᠢᠬᠤᠯᠠ ᠭᠠᠷ ᠠᠪᠤᠯᠭ᠎ᠠ ᠨᠤᠮ ᠪᠤᠯᠤᠭᠰᠠᠨ ᠤ ᠬᠤᠪᠢ  ᠳᠤ  ᠂ ᠨᠠᠶᠢᠷᠠᠭᠤᠯᠤᠨ ᠬᠡᠪᠯᠡᠭᠴᠢᠳ ᠠᠴᠠ ᠲᠡᠭᠦᠨ  ᠢ ᠨᠡᠩ ᠴᠢᠨᠠᠭᠰᠢᠳᠠ ᠴᠢᠨᠠᠷᠵᠢᠭᠤᠯᠤᠨ ᠲᠡᠭᠦᠯᠳᠡᠷᠵᠢᠭᠦᠯᠵᠦ  ᠂ ᠤᠣᠯ ᠤᠨ ᠬᠡᠷᠡᠭᠯᠡᠭᠡᠨ ᠤ ᠭᠠᠷ ᠠᠪᠤᠯᠭ᠎ᠠ ᠨᠤᠮ ᠪᠠᠶᠢᠭᠰᠠᠨ ᠠᠴᠠ ᠪᠠᠨ ᠬᠤᠷᠢᠶᠠᠨ ᠬᠠᠳᠠᠭᠠᠯᠠᠵᠤ ᠪᠤᠯᠳᠠᠭ ︽  ᠳᠡᠯᠭᠡᠷ ᠮᠡᠳᠡᠯᠭᠡ ᠶᠢᠨ ᠬᠤᠷᠢᠶᠠᠩᠭᠤᠢ ᠨᠤᠮ  ︾ ᠪᠤᠯᠭᠠᠨ ᠨᠠᠶᠢᠷᠠᠭᠤᠯᠵᠤ  ᠂ ᠪᠤᠰᠤᠳ ᠨᠤᠮ ᠳᠡᠪᠲᠡᠷ  ᠤᠨ ᠤᠷᠤᠯᠠᠵᠤ ᠳᠡᠶᠢᠯᠦᠰᠢ ᠦᠭᠡᠢ ᠤᠨᠴᠠᠭᠠᠢ ᠦᠢᠯᠡᠳᠦᠯ  ᠢ ᠪᠠᠳᠠᠷᠠᠭᠤᠯᠪᠠᠯ ᠨᠡᠩ ᠰᠠᠶᠢᠨ ᠭᠡᠵᠦ ᠪᠢ ᠦᠵᠡᠨ᠎ᠡ  ᠃  
 
ᠢᠷᠡᠯᠲᠡ᠄ ᠲᠦᠩᠯᠢᠶᠥᠥ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号