ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/1/7
ᠬᠦᠷᠢᠶ᠎ᠡ  ᠬᠤᠰᠢᠭᠤᠨ ᠤ ᠠᠷᠪᠠᠨ  ᠳᠣᠯᠣᠳᠤᠭᠠᠷ  ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠶᠡᠭᠡ ᠬᠤᠷᠠᠯ ᠤᠨ ᠪᠢᠴᠢᠭ ᠮᠠᠲ᠋ᠧᠷᠢᠶᠠᠯ   ︵ᠨᠢᠬᠡ︶                         ᠵᠠᠰᠠᠭ ᠤᠨ ᠣᠷᠳᠣᠨ ᠤ ᠠᠵᠢᠯ ᠤᠨ ᠢᠯᠡᠳᠬᠡᠯ——  2022 ᠣᠨ ᠤ  1 ᠰᠠᠷ᠎ᠠ ᠶᠢᠨ 7 ᠤ ᠡᠳᠦᠷ ᠬᠦᠷᠢᠶ᠎ᠡ ᠬᠤᠰᠢᠭᠤᠨ  ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ                                                      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ                                        ᠸᠠᠩ   ᠸᠧᠶ ᠲᠥᠯᠥᠭᠡᠯᠡᠭᠴᠢᠳ ᠡ᠄    ᠣᠲᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ ᠠᠷᠪᠠᠨ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ    ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠬᠡᠳᠦᠨ ᠵᠢᠯ ᠪᠣᠯ ᠭᠦᠷᠢᠶ᠎ᠡ ᠶᠢᠨ ᠬᠥᠭᠵᠢᠯᠲᠡ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠤᠷᠤᠭᠰᠢᠯᠠᠭᠰᠠᠨ ᠬᠡᠳᠦᠨ ᠵᠢᠯ ᠪᠣᠯᠤᠨ᠎ᠠ᠃ ᠨᠠᠷᠢᠨ ᠪᠤᠳᠤᠯᠢᠶᠠᠨᠲᠠᠶ ᠬᠤᠷᠸ᠎ᠠ ᠣᠷᠴᠢᠨ ᠲᠣᠭᠤᠷᠢᠨ ᠪᠠ ᠪᠡᠷᠬᠡ ᠬᠠᠲᠠᠭᠤᠵᠢᠯᠲᠠᠶ ᠨᠦᠰᠡᠷ ᠬᠦᠨᠳᠦ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠬᠤᠰᠢᠭᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ᠪᠥᠬᠦ ᠬᠤᠰᠢᠭᠤᠨ ᠤ ᠠᠷᠠᠳ ᠲᠦᠮᠡᠨ ᠳᠤ ᠨᠢᠭᠳᠠ ᠲᠦᠰᠢᠭᠯᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠭᠤᠰᠢᠯᠠᠭᠤᠯᠵᠦ᠂ ᠭᠦᠯᠦᠰᠦᠨ ᠲᠤᠰᠤᠯ ᠢᠶᠠᠷ ᠢᠶᠠᠨ ᠬᠤᠷᠢᠶᠠᠯᠳᠠ ᠪᠠᠨ ᠤᠮᠳᠠᠯᠠᠵᠦ᠂ ᠪᠣᠳᠠᠲᠠᠶ ᠠᠵᠢᠯᠯᠠᠬᠤ ᠪᠠᠷ ᠯᠠᠪᠳᠠᠭᠤᠨ ᠪᠠᠲᠤᠲᠠᠶ ᠤᠷᠤᠭᠰᠢᠯᠠᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠲᠡᠭᠦᠰ ᠠᠮᠵᠢᠯᠲᠠ ᠲᠠᠢ ᠰᠡᠭᠦᠯ ᠬᠤᠷᠢᠶᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠷᠡᠯᠬᠡᠭᠯᠡᠨ ᠤᠷᠤᠭᠰᠢᠯᠠᠬᠤ ᠠᠶᠠᠯᠠᠯ ᠢᠶᠠᠨ ᠡᠬᠢᠯᠡᠭᠦᠯᠵᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠲᠤ ᠬᠥᠭᠵᠢᠯᠲᠡ ᠶᠢᠨ ᠰᠢᠨ᠎ᠡ ᠪᠠᠶᠢᠳᠠᠯ ᠢᠯᠡᠷᠡᠪᠡ᠃    ᠪᠣᠭᠤᠮᠲᠠ ᠰᠢᠪᠲᠤᠯᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ 2 . 6 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 88 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠡᠩᠨᠡᠬᠡᠨ ᠠᠴᠠ ᠭᠠᠷᠭᠠᠵᠤ᠂ ᠲᠦᠢᠯ ᠤᠨ ᠶᠠᠳᠠᠭᠤ ᠬᠦᠴᠢᠷᠳᠡᠯᠲᠡᠶ ᠪᠠᠶᠢᠬᠤ ᠠᠰᠠᠭᠤᠳᠠᠯ ᠢ ᠲᠡᠦᠬᠡᠲᠦ ᠴᠢᠨᠠᠷᠲᠠᠶ ᠪᠠᠷ ᠰᠢᠢᠳᠪᠦᠷᠢᠯᠡᠵᠦ᠂ 34 ᠵᠢᠯ ᠤᠨ ᠤᠯᠤᠰ ᠤᠨ ᠶᠠᠳᠠᠭᠤ ᠭᠦᠴᠢᠷᠳᠡᠯᠳᠠᠢ ᠬᠤᠰᠢᠭᠤ ᠶᠢᠨ ᠲᠡᠦᠬᠡ ᠶᠢ ᠡᠴᠦᠰᠯᠡᠭᠦᠯᠪᠡ᠃ ᠬᠤᠤᠰ ᠡᠭᠦᠳᠭᠦ ᠬᠤᠤᠰ ᠲᠠᠶᠢᠴᠢᠯᠠᠬᠤ᠂ ᠰᠠᠭᠠᠭ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠣᠯᠠᠨ ᠤᠯᠤᠰ ᠤᠨ ᠶᠠᠳᠠᠭᠤ ᠶᠢ ᠪᠠᠭᠠᠰᠬᠠᠭᠰᠠᠨ ᠬᠡᠷᠡᠭ ᠤᠨ ᠵᠢᠱᠢᠶ᠎ᠡ ᠳᠤ ᠰᠣᠩᠭᠤᠭᠳᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠱᠠᠲᠤᠴᠢ ᠴᠢᠨᠠᠷᠲᠠᠶ ᠬᠠᠷᠠᠯᠲᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠣᠬᠢᠷᠲᠤᠯ ᠤᠨ ᠡᠬᠢ ᠶᠢᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠭᠦ ᠦᠢᠯᠡᠳᠪᠦᠷᠢ ᠶᠢᠨ ᠭᠠᠷᠭᠠᠭᠰᠠᠨ ᠤᠰᠤᠨ ᠤ ᠴᠢᠨᠠᠷ ᠢ ᠨᠢᠭᠡᠳᠦᠭᠡᠷ ᠳᠡᠰ ᠤᠨ A ᠪᠠᠷᠢᠮᠵᠢᠶ᠎ᠠ ᠳᠤ ᠭᠦᠷᠬᠡᠪᠡ᠃ ᠬᠢᠯᠢ ᠶᠢᠨ ᠳᠣᠲᠣᠷᠠᠬᠢ ᠤᠯᠤᠰ ᠠᠴᠠ ᠰᠢᠯᠭᠠᠨ ᠬᠡᠮᠵᠢᠭᠦ  2 ᠣᠭᠲᠣᠯᠤᠭᠠᠰᠤ ᠶᠢᠨ ᠤᠰᠤᠨ ᠤ ᠴᠢᠨᠠᠷ ᠲᠣᠭᠲᠠᠭᠤᠨ ᠢᠶᠠᠷ ᠪᠠᠷᠢᠮᠵᠢᠶ᠎ᠠ ᠳᠤ ᠬᠦᠷᠴᠦ᠂ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ ᠦᠷᠭᠦᠯᠵᠢᠯᠡᠨ 89 % ᠠᠴᠠ ᠳᠡᠭᠡᠭᠰᠢ ᠪᠠᠶᠢᠬᠤ ᠶᠢ ᠪᠠᠳᠤᠯᠠᠪᠠ᠃ ᠪᠣᠬᠢᠷᠲᠤᠯ ᠥᠬᠡᠶ ᠠᠭᠤᠷᠬᠠᠶ ᠶᠢ 18 ᠡᠭᠦᠳᠦᠨ ᠪᠠᠶᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ 123 ᠲᠦᠮᠡᠨ ᠮᠥ ᠶᠢ ᠶᠡᠷᠦᠩᠬᠡᠶᠢᠯᠡᠨ ᠵᠠᠰᠠᠵᠤ᠂ ᠣᠶ ᠰᠢᠭᠤᠶ ᠶᠢᠨ ᠪᠦᠷᠬᠦᠴᠡ ᠶᠢᠨ ᠨᠤᠷᠮ᠎ᠠ 4 ᠵᠠᠭᠤᠨ ᠤ ᠴᠡᠭ ᠳᠡᠭᠡᠭᠰᠢᠯᠡᠪᠡ᠃ ᠥᠷᠢ ᠥᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠵᠤ᠂ ᠥᠷᠢ ᠥᠭᠴᠡᠭᠡ ᠶᠢᠨ ᠦᠯᠡᠳᠡᠭᠡᠯ ᠢ ᠯᠠᠪᠳᠠᠭᠤᠨ ᠢᠶᠠᠷ ᠠᠷᠢᠯᠭᠠᠨ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠬᠡᠬᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠪᠠ᠃    ᠠᠵᠤ ᠠᠬᠤᠢ ᠶᠢᠨ ᠪᠣᠳᠠᠲᠤ ᠬᠦᠴᠦᠨ ᠲᠣᠭᠲᠠᠭᠤᠨ ᠢᠶᠠᠷ ᠴᠢᠩᠭᠠᠷᠠᠪᠠ᠃ 2021 ᠣᠨ ᠳᠤ᠂ ᠪᠠᠷᠤᠭ ᠪᠥᠬᠦ ᠬᠤᠰᠢᠭᠤᠨ ᠤ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠥᠷᠲᠡᠭ 59 . 3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2017 ᠣᠨ ᠤ ᠬᠢ ᠠᠴᠠ 10 . 9 ᠳ᠋ᠦᠩᠰᠢᠭᠤᠷ ᠲᠥᠭᠦᠷᠢᠭ ᠨᠡᠮᠡᠭᠳᠡᠵᠦ᠂ ᠵᠢᠯ ᠳᠤᠮᠳᠠᠴᠢ ᠪᠠᠷ 2 . 9 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 1 . 6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 3 % ᠨᠡᠮᠡᠭᠳᠡᠪᠡ︔ ᠬᠢᠵᠠᠭᠠᠷ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8 . 5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 10 . 4 % ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ  ᠲᠠᠸᠠᠷ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 11 . 5 ᠳ᠋ᠦᠩᠰᠢᠭᠤᠷ ᠲᠥᠭᠦᠷᠢᠭ ᠲᠤ ᠬᠦᠷᠴᠦ᠂ 2017 ᠤᠨ ᠤ ᠬᠢ ᠠᠴᠠ 1 . 2 ᠳ᠋ᠦᠩᠰᠢᠭᠤᠷ ᠲᠥᠭᠦᠷᠢᠭ ᠨᠡᠮᠡᠭᠳᠡᠨ᠂ ᠵᠢᠯ ᠳᠤᠮᠳᠠᠴᠢ ᠪᠠᠷ 2 . 8 % ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 29833 ᠲᠥᠭᠦᠷᠢᠭ ᠪᠠ 14411 ᠲᠥᠭᠦᠷᠢᠭ ᠲᠤ ᠬᠦᠷᠴᠦ᠂ 2017 ᠣᠨ ᠤ ᠬᠢ ᠠᠴᠠ ᠲᠣᠰ ᠲᠣᠰ 5935 ᠲᠥᠭᠦᠷᠢᠭ ᠪᠠ 4437 ᠲᠥᠭᠦᠷᠢᠭ ᠨᠡᠮᠡᠭᠳᠡᠵᠦ᠂ ᠵᠢᠯ ᠳᠤᠮᠳᠠᠴᠢ ᠪᠠᠷ ᠲᠣᠰ ᠲᠣᠰ 5 . 7 % ᠪᠠ 9 . 6 % ᠪᠠᠷ ᠨᠡᠮᠡᠭᠳᠡᠪᠡ᠃    ᠬᠥᠭᠵᠢᠯᠲᠡ ᠶᠢᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠢ 47 ᠲᠦᠮᠡᠨ ᠮᠦ ᠳᠤ ᠬᠦᠷᠴᠦ᠂ ᠲᠠᠷᠢᠮᠠᠯ ᠤᠨ ᠲᠠᠯᠠᠪᠠᠢ ᠶᠢ 168 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠵᠢᠯ ᠤᠨ ᠤᠨᠠᠯᠲᠠ 12 ᠳ᠋ᠦᠩᠰᠢᠭᠤᠷ ᠵᠢᠩ ᠢ ᠳᠠᠪᠠᠪᠠ᠃ ᠮᠠᠯ ᠤᠨ ᠶᠡᠷᠦᠩᠬᠡᠶ ᠲᠤᠭ᠎ᠠ ᠲᠣᠯᠣᠭᠠᠶ 84 ᠲᠦᠮᠡ ᠳᠤ ᠬᠦᠷᠴᠦ᠂ ᠡᠭᠦᠨ ᠳᠤ ᠠᠯᠠᠰᠢᠨ ᠦᠬᠡᠷ ᠤᠨ ᠲᠤᠭ᠎ᠠ ᠲᠣᠯᠣᠭᠠᠶ 36 . 8 ᠲᠦᠮᠡ ᠳᠤ ᠬᠦᠷᠴᠦ᠂ 2017 ᠣᠨ ᠤ ᠬᠢ ᠠᠴᠠ 19 ᠲᠦᠮᠡ ᠨᠡᠮᠡᠭᠳᠡᠵᠡᠶ᠃ ︽ᠬᠦᠷᠢᠶ᠎ᠡ ᠶᠢᠨ ᠰᠠᠭᠠᠭ︾ ᠢ ᠭᠤᠷᠪᠠᠳᠤᠭᠠᠷ ᠪᠦᠯᠦᠭ ᠤᠨ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠣᠷᠣᠭᠤᠯᠵᠤ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠤᠨ ᠪᠦᠲᠦᠭᠡᠭᠳᠡᠬᠦᠨ ᠢ 35 ᠰᠢᠨ᠎ᠡ ᠪᠠᠷ ᠭᠡᠷᠡᠴᠢᠯᠡᠵᠡᠶ᠃ ᠰᠢᠶᠧ ᠯᠢ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠶᠢᠨ ᠶᠤᠸᠠᠨ ᠱᠦᠢᠨᠢ ᠶᠢᠨ ᠠᠭᠤᠷᠬᠠᠢ ᠶᠢ ᠬᠠᠮᠵᠢᠯᠴᠠᠨ ᠰᠢᠢᠳᠪᠦᠷᠢᠯᠡᠭᠦ᠂ ᠾᠧ ᠺᠠᠩ ᠶᠤᠸᠠᠨ ᠲᠡᠵᠢᠭᠡᠯ ᠪᠣᠷᠳᠤᠭ᠎ᠠ ᠡᠳ᠋ᠰᠢᠭᠦᠯᠭᠦ ᠵᠡᠷᠭᠡ ᠲᠥᠷᠥᠯ ᠵᠦᠢᠯ ᠢ ᠵᠠᠯᠭᠠᠭ᠎ᠠ ᠪᠠᠷ ᠪᠠᠶᠢᠭᠤᠯᠤᠨ ᠠᠰᠢᠭᠯᠠᠯᠲᠠ ᠳᠤ ᠤᠷᠤᠭᠤᠯᠵᠦ᠂ ᠬᠦᠷᠢᠶ᠎ᠡ ᠮᠣᠩᠭᠤᠯ ᠡᠮ ᠤᠨ ᠬᠢᠵᠠᠭᠠᠷᠲᠤ ᠺᠣᠮᠫᠠᠨᠢ ᠶᠢ ᠤᠯᠤᠰ ᠤᠨ ᠲᠡᠰ ᠤᠨ ᠲᠡᠬᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠵᠤ ᠂ ᠨᠣᠭᠤᠭᠠᠨ ᠪᠦᠷᠢᠳᠦ ᠢᠳᠡᠭᠡᠨ ᠤ ᠬᠢᠵᠠᠭᠠᠷᠲᠤ ᠺᠣᠮᠫᠠᠨᠢ ᠶᠢ ᠪᠦᠬᠦ ᠤᠯᠤᠰ ᠠᠴᠠ ᠡᠮᠡᠭᠲᠡᠶᠢᠴᠦᠳ ᠤᠨ ᠣᠳᠣᠬᠢᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠨᠡᠷᠡᠶᠢᠳᠪᠡ᠃ ᠡᠯᠡᠰᠦᠨ ᠴᠥᠯ ᠤᠨ ᠬᠡᠭᠡᠷᠡᠯᠡᠬᠦ ᠤᠷᠤᠯᠳᠤᠭᠠᠨ ᠵᠡᠷᠭᠡ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠵᠢᠭᠤᠯᠴᠢᠯᠠᠭᠰᠠᠳ ᠢ ᠨᠡᠶᠢᠲᠡ 260 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠨᠡᠶᠢᠭᠡᠮ ᠤᠨ ᠶᠡᠷᠦᠩᠬᠡᠶᠢᠯᠡᠭᠰᠡᠨ ᠣᠷᠣᠯᠭ᠎ᠠ ᠶᠢ 7 . 5 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠭᠦᠷᠢᠶ᠎ᠡ ᠶᠢᠨ ᠬᠥᠳᠡᠭᠡ ᠲᠤᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠰ ᠪᠦᠬᠦ ᠬᠤᠳᠠ ᠳᠤ ᠡᠩ ᠲᠡᠷᠢᠭᠦᠨ ᠳᠤ ᠲᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠥᠪᠥᠷ ᠮᠣᠩᠭᠤᠯ ᠤᠨ ᠪᠠᠩᠬᠢ ᠶᠢᠨ ᠭᠦᠷᠢᠶ᠎ᠡ ᠰᠠᠯᠪᠤᠷᠢ ᠪᠠᠩᠬᠢ ᠫᠠᠶᠢᠰᠠ ᠡᠯᠭᠦᠨ ᠡᠵᠡᠩᠨᠡᠯᠲᠡ ᠪᠠᠨ ᠡᠬᠢᠯᠡᠭᠦᠯᠪᠡ᠃ 10694 ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠬᠡᠨ ᠤ ᠥᠷᠲᠡᠭᠡ 112 ᠪᠣᠯᠵᠣ᠂ ᠮᠠᠨ ᠤ ᠬᠤᠰᠢᠭᠤ ᠨᠢ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃    ᠬᠤᠲᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠯᠪᠠᠰᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ 81 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ 2663 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 3685 ᠡᠷᠦᠬᠡ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ ᠬᠦᠴᠢᠷᠲᠡᠢ︾ ᠠᠰᠠᠭᠤᠳᠠᠯ ᠢ ᠰᠢᠢᠳᠪᠦᠷᠢᠯᠡᠪᠡ᠃ ᠬᠥᠳᠡᠭᠡ ᠲᠣᠰᠬᠤᠨ ᠤ ᠵᠠᠮ 380 ᠺᠢᠯᠤᠮᠧᠲᠷ᠂ ᠤᠰᠤ ᠬᠠᠩᠭᠠᠬᠤ ᠢᠯᠴᠢ ᠬᠠᠩᠭᠠᠬᠤ ᠬᠤᠭᠤᠯᠠᠶ ᠶᠢᠨ ᠲᠣᠣᠷ 50 ᠺᠢᠯᠤᠮᠧᠲᠷ᠂ ᠥᠨᠳᠥᠷ ᠲᠤᠤᠷ᠎ᠠ ᠲᠠᠷᠤᠯᠳᠠᠳᠦ ᠭᠦᠴᠦᠳᠠᠯ ᠤᠨ ᠴᠠᠬᠢᠯᠭᠠᠨ ᠲᠦᠭᠡᠭᠡᠬᠦ ᠲᠣᠣᠷ 1283 ᠺᠢᠯᠤᠮᠧᠲᠷ ᠢ ᠰᠢᠨ᠎ᠡ ᠪᠠᠷ ᠪᠠᠶᠢᠭᠤᠯᠵᠦ ᠥᠭᠡᠷᠡᠴᠢᠯᠡᠨ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ 125 ᠬᠡᠷᠡᠭᠵᠢᠭᠦᠯᠪᠡ᠃ ᠡᠷᠦᠬᠡ ᠶᠢᠨ ᠵᠣᠷᠯᠣᠩ ᠢ 9163 ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠭᠤᠷᠪᠠᠨ ᠵᠢᠯ ᠤᠨ ᠴᠡᠭᠴᠡᠯᠡᠨ ᠵᠠᠰᠠᠬᠤ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ ᠬᠢᠯᠢ ᠶᠢᠨ ᠳᠣᠲᠣᠷᠠᠬᠢ ᠠᠩᠬᠠᠳᠠᠭᠴᠢ ᠲᠦᠷᠭᠡᠨ ᠳᠠᠪᠬᠢᠬᠤ ᠵᠠᠰᠠᠮᠠᠯ ᠵᠠᠮ  ᠳ᠋ᠠᠴᠢᠨᠳᠠᠯ᠎ᠠ ᠠᠴᠠ ᠪᠠᠶ ᠵᠢᠶᠠ ᠸᠠᠨ ᠽᠢ ᠬᠥᠷᠬᠦ ᠬᠡᠰᠡᠭ ᠲᠤ ᠲᠡᠷᠭᠡ ᠨᠡᠪᠲᠡᠷᠡᠵᠦ᠂ 505 ᠤᠯᠤᠰ ᠤᠨ ᠵᠠᠮ ᠤᠨ ᠭᠦᠷᠢᠶ᠎ᠡ ᠶᠢᠨ ᠬᠡᠰᠡᠭ ᠤᠨ ᠬᠤᠶᠠᠳᠤᠭᠠᠷ ᠳᠡᠰ ᠤᠨ ᠵᠠᠰᠠᠮᠠᠯ ᠵᠠᠮ᠂ ᠮᠦᠩᠭᠦᠨ ᠡᠯᠡᠰᠦᠨ ᠲᠤᠬᠤᠢ ᠵᠢᠭᠤᠯᠴᠢᠯᠠᠯ ᠤᠨ ᠵᠠᠮ ᠲᠡᠷᠭᠡ ᠨᠡᠪᠲᠡᠷᠡᠬᠦ ᠪᠠᠷᠢᠮᠵᠢᠶ᠎ᠠ ᠳᠤ ᠬᠥᠷᠪᠡ᠃    ᠠᠷᠠᠳ ᠤᠨ ᠠᠮᠢᠳᠤᠷᠠᠯ ᠤᠨ ᠠᠵᠠ ᠵᠢᠷᠭᠠᠯ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠮᠠᠯᠴᠢᠨ ᠲᠠᠷᠢᠶᠠᠴᠢᠳ ᠢ 11 . 2 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ ᠠᠵᠢᠯ ᠣᠯᠭᠤᠯᠲᠠ ᠶᠢ 4200 ᠬᠥᠮᠦᠨ ᠤᠳᠠᠭ᠎ᠠ ᠰᠢᠨ᠎ᠡ ᠪᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4 . 5 % ᠶᠢᠨ ᠳᠣᠲᠣᠷ᠎ᠠ  ᠬᠢᠵᠠᠭᠠᠷᠯᠠᠪᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠰᠠᠭᠤᠭᠠᠯᠢ ᠠᠷᠠᠳ ᠤᠨ ᠡᠮ ᠡᠮᠨᠡᠯᠭᠡ ᠵᠡᠷᠭᠡ ᠡᠯ᠎ᠡ ᠲᠦᠷᠦᠯ ᠤᠨ ᠪᠠᠲᠤᠯᠠᠭ᠎ᠠ ᠶᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠪᠠ᠃ ᠬᠤᠶᠠᠳᠤᠭᠠᠷ ᠳᠤᠮᠳᠠᠳᠤ ᠰᠤᠷᠭᠠᠭᠤᠯᠢ᠂ ᠺᠸᠦ ᠾᠧᠽᠢ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠵᠡᠷᠭᠡ ᠰᠤᠷᠭᠠᠨ ᠬᠥᠮᠦᠵᠢᠯ ᠤᠨ ᠰᠠᠭᠤᠷᠢ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠰᠢᠶᠠᠨ ᠤ ᠰᠢᠯᠭᠠᠨ  ᠬᠤᠷᠢᠶᠠᠮᠵᠢᠯᠠᠬᠤ  ᠶᠢ ᠦᠩᠬᠡᠷᠡᠬᠡᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠣᠷᠣᠨ ᠰᠠᠭᠤᠴᠠ ᠶᠢ ᠠᠰᠢᠭᠯᠠᠯᠲᠠ ᠳᠤ ᠣᠷᠣᠭᠤᠯᠵᠤ᠂ ᠬᠢᠲᠠᠳ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠪᠡ᠃ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠨᠡᠶᠢᠳᠡ 550 ᠲᠠᠯᠠᠪᠤᠷ ᠤᠳᠠᠭ᠎ᠠ ᠥᠷᠨᠢᠭᠦᠯᠵᠦ᠂ ᠳᠠᠬᠢᠨᠲᠠ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠢᠶᠠᠷ ᠨᠡᠷᠡᠶᠢᠳᠦᠭᠳᠡᠪᠡ᠃    ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠢᠮᠠᠭᠲᠠ ᠪᠣᠯᠭᠤᠮᠵᠢᠲᠠᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ︽ᠣᠷᠣᠵᠤ ᠢᠷᠡᠬᠦ ᠦᠭᠡᠢ᠂ ᠡᠭᠦᠰᠬᠦ ᠦᠭᠡᠢ︾ ᠪᠠᠶᠢᠬᠤ ᠶᠢ ᠪᠡᠶᠡᠯᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠲᠠᠰᠤᠷᠠᠯᠲᠠ ᠥᠬᠡᠶ ᠪᠠᠬᠢᠵᠢᠵᠦ᠂ ᠭᠤᠷᠪᠠᠨ ᠲᠥᠷᠥᠯ ᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠢᠭᠡ ᠠᠴᠠ ᠨᠠᠢᠮᠠᠳᠤᠭᠠᠷ ᠣᠨ ᠳᠤ ᠨᠡᠶᠢᠳᠡᠮ ᠬᠡᠷᠡᠭᠯᠡᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ︽ᠲᠠᠪᠤᠨ ᠦᠢᠯᠡᠴᠢᠯᠡᠭᠦ ᠲᠦᠪ ᠢ ᠨᠢᠭᠡᠳᠬᠡᠬᠦ︾ ᠵᠥᠷᠢᠴᠡᠯ ᠢ ᠰᠢᠢᠳᠪᠦᠷᠢᠯᠡᠬᠦ ᠦᠢᠯᠡᠴᠢᠯᠡᠭᠡᠨ ᠤ ᠲᠥᠪ ᠠᠰᠢᠭᠯᠠᠯᠲᠠ ᠳᠤ ᠣᠷᠣᠵᠤ᠂ ᠠᠮᠤᠷ ᠠᠮᠤᠭᠤᠯᠠᠩ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠭᠦᠨᠵᠡᠭᠡᠶᠢᠷᠡᠪᠡ᠃ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢᠯᠡᠳᠲᠡ ᠦᠷ᠎ᠡ ᠪᠦᠲᠦᠮᠵᠢ ᠣᠯᠪᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ ᠣᠶ ᠰᠢᠭᠤᠶ ᠡᠪᠡᠰᠦ ᠪᠡᠯᠴᠢᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠠᠩᠭᠠᠨ ᠪᠣᠷᠣᠯᠠᠭᠤᠯᠬᠤ ᠵᠡᠷᠭᠡ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠠᠬᠢᠭᠤᠯᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ ᠵᠡᠷᠭᠡ ᠡᠯ᠎ᠡ ᠬᠦᠷᠢᠶ᠎ᠡ ᠴᠠᠷᠠᠭ᠎ᠠ ᠶᠢᠨ ᠠᠵᠢᠯ ᠢ ᠴᠢᠩᠭ᠎ᠠ ᠠᠳᠬᠤᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠨ᠎ᠠ᠃    ᠬᠥᠭᠵᠢᠯᠲᠡ ᠶᠢᠨ ᠬᠥᠳᠡᠯᠭᠡᠭᠴᠢ ᠡᠨᠧᠷᠭᠢ ᠲᠦᠷᠭᠡᠨ ᠢᠶᠠᠷ ᠲᠥᠪᠯᠡᠷᠡᠪᠡ᠃ ᠥᠭᠡᠷᠡᠴᠢᠯᠡᠯᠲᠡ ᠶᠢᠨ 738 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ᠂ ᠠᠷᠠᠳᠴᠢᠯᠠᠯ ᠬᠠᠤᠯᠢ ᠳᠦᠷᠢᠮ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠪᠠ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ 93 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠪᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠢ ᠪᠦᠬᠦ ᠤᠯᠤᠰ ᠤᠨ ᠬᠡᠪᠴᠢᠶᠡᠨ ᠳᠤ ᠬᠡᠪ ᠤᠨ ᠶᠣᠰᠣᠭᠠᠷ ᠰᠢᠯᠵᠢᠭᠦᠯᠬᠦ ᠶᠢ ᠪᠡᠶᠡᠯᠡᠭᠦᠯᠵᠦ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠡᠪ ᠤᠨ ᠶᠣᠰᠣᠭᠠᠷ ᠰᠢᠯᠵᠢᠭᠦᠯᠬᠦ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ 287 ᠵᠦᠢᠯ ᠤᠨ ᠰᠦᠢᠳᠬᠡᠯ ᠬᠤᠷᠢᠶᠠᠯᠲᠠ ᠶᠢ ᠬᠦᠴᠦᠨ ᠥᠬᠡᠶ ᠪᠣᠯᠭᠠᠬᠤ ᠪᠠ ᠲᠠᠲᠠᠪᠤᠷᠢᠯᠠᠬᠤ ᠶᠢ ᠵᠣᠭᠰᠣᠭᠠᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠮᠥᠩᠭᠦᠨ ᠭᠦᠢᠯᠭᠡᠭᠡᠨ ᠤ 26 ᠵᠦᠢᠯ ᠤᠨ ᠠᠷᠭ᠎ᠠ ᠬᠡᠮᠵᠢᠶ᠎ᠡ  ᠶᠢ ᠲᠦᠯᠬᠢᠨ ᠭᠠᠷᠭᠠᠵᠤ᠂ ᠪᠤᠶᠢᠵᠢᠯᠳᠠ ᠶᠢᠨ ᠴᠢᠨᠠᠷ ᠢᠶᠠᠷ ᠨᠡᠯᠢᠶᠡᠳ ᠰᠠᠶᠢᠨ ᠨᠢᠭᠡ ᠪᠦᠯᠦᠭ ᠠᠵᠤ ᠠᠬᠤᠶᠢᠯᠠᠯ ᠪᠠ ᠲᠥᠷᠥᠯ ᠵᠦᠢᠯ ᠬᠦᠷᠢᠶ᠎ᠡ ᠳᠤ ᠨᠤᠲᠤᠭᠰᠢᠪᠠ᠃    ᠲᠤᠰ ᠪᠡᠶ᠎ᠡ ᠶᠢᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠶ ᠥᠷᠨᠢᠭᠦᠯᠵᠦ᠂  ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠠᠷᠢᠮᠳᠠᠯᠠᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠠᠮᠵᠢᠯᠲᠠ ᠲᠠᠢ ᠪᠡᠶᠡᠯᠡᠭᠦᠯᠵᠦ᠂ ︽ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢᠨ ᠴᠤᠯᠠ ᠶᠢ ᠬᠦᠷᠲᠡᠪᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠪᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠭᠤᠷᠪᠠᠨ ᠵᠦᠢᠯ ᠤᠨ ᠠᠯᠪᠠᠨ ᠵᠠᠷᠤᠳᠠᠯ ᠢ ᠵᠢᠯ ᠳᠤᠮᠳᠠᠴᠢ ᠪᠠᠷ 12 % ᠢᠶᠠᠷ ᠪᠠᠭᠤᠷᠠᠭᠤᠯᠪᠠ᠃ ᠡᠯ᠎ᠡ ᠱᠠᠲᠤᠨ ᠤ ᠲᠣᠭᠤᠷᠢᠨ ᠦᠵᠡᠭᠦ᠂ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠢᠩᠭ᠎ᠠ ᠴᠡᠭᠴᠡᠯᠡᠨ ᠰᠠᠶᠢᠵᠢᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠨᠡᠶᠢᠲᠡ 221 ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 222 ᠬᠤᠪᠢ ᠭᠦᠢᠴᠡᠳᠬᠡᠵᠦ᠂ ᠰᠢᠢᠳᠪᠦᠷᠢᠯᠡᠵᠦ ᠬᠠᠷᠢᠭᠤ ᠥᠭᠭᠦᠭᠰᠡᠨ ᠨᠣᠷᠮ᠎ᠠ ᠴᠥᠮ 100 % ᠳᠤ ᠬᠦᠷᠪᠡ᠃    ᠡᠭᠦᠨ ᠤ ᠬᠠᠮᠲᠤ᠂ ︽ᠲᠦᠷᠪᠡᠳᠦᠬᠡᠷ ᠤᠳᠠᠭᠠᠨ ᠤ ᠠᠵᠤ ᠠᠬᠤᠶ ᠶᠢ ᠨᠡᠶᠢᠳᠠᠮ ᠪᠠᠶᠢᠴᠠᠭᠠᠬᠤ︾ ᠪᠣᠯᠤᠨ ︽ᠲᠤᠯᠤᠳᠤᠭᠠᠷ ᠤᠳᠠᠭᠠᠨ ᠤ ᠭᠦᠮᠦᠨ ᠠᠮᠠ ᠶᠢ ᠨᠠᠶᠢᠳᠠᠮ ᠪᠠᠶᠢᠴᠠᠭᠠᠬᠤ︾ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ ᠬᠠᠯᠠᠭᠳᠠᠭᠰᠠᠳ᠂ ᠪᠡᠶ᠎ᠡ ᠲᠠᠮᠢᠷ᠂ ᠲᠠᠩᠰᠠ ᠡᠪᠬᠡᠮᠡᠯ᠂ ᠭᠠᠵᠠᠷ ᠬᠥᠳᠡᠯᠦᠯᠲᠡ᠂ ᠴᠠᠭ ᠠᠭᠤᠷ ᠵᠡᠷᠭᠡ ᠠᠵᠢᠯ ᠤᠨ ᠰᠢᠨ᠎ᠡ ᠬᠥᠭᠵᠢᠯᠲᠡ ᠶᠢ ᠴᠢᠨᠠᠷ ᠰᠠᠶᠢᠲᠠᠶ ᠪᠡᠶᠡᠯᠡᠭᠦᠯᠵᠦ᠂ ᠠᠵᠢᠯᠴᠢᠨ ᠤ ᠡᠪᠯᠡᠯ ᠡᠪ ᠬᠠᠮᠲᠤ ᠵᠠᠯᠠᠭᠤᠴᠤᠳ ᠤᠨ ᠡᠪᠯᠡᠯ ᠪᠠ ᠡᠮᠡᠭᠲᠡᠶᠢᠴᠦᠳ ᠤᠨ ᠬᠤᠯᠪᠤᠭ᠎ᠠ᠂ ᠤᠯᠠᠭᠠᠨ ᠨᠡᠶᠢᠬᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠪᠠᠨ ᠬᠠᠯᠠᠮᠵᠢᠯᠠᠬᠤ᠂ ᠨᠠᠰᠤᠲᠠᠶᠢᠴᠤᠳ ᠪᠠ ᠵᠡᠮᠳᠡᠭᠴᠦᠳ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ ᠲᠥᠪ ᠤᠨ ᠪᠠᠶᠢᠭᠤᠯᠭ᠎ᠠ ᠴᠡᠭ ᠲᠣᠭᠲᠠᠭᠠᠨ ᠬᠠᠪᠰᠤᠷᠤᠨ ᠲᠡᠳᠬᠦᠵᠦ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠡᠯᠪᠡᠭ ᠦᠷ᠎ᠡ ᠪᠦᠲᠦᠭᠡᠯ ᠤᠯᠪᠠ᠃    ᠲᠥᠯᠥᠭᠡᠯᠡᠭᠴᠢᠳ ᠡ᠂ ᠰᠠᠯᠬᠢ ᠪᠣᠷᠣᠭᠠᠨ ᠢ ᠰᠦᠷᠦᠨ ᠤᠷᠤᠭᠰᠢᠯᠠᠵᠤ᠂ ᠤᠷᠤᠭᠰᠢᠯᠠᠯᠲᠠ ᠶᠢᠨ ᠬᠠᠮᠲᠤᠷᠠᠯ ᠬᠦᠴᠦᠨ ᠨᠢᠭᠳᠠᠷᠠᠪᠠ᠃ ᠬᠠᠮᠤᠭ ᠠᠴᠠ ᠣᠮᠣᠭᠰᠢᠭᠤᠰᠢᠲᠠᠶ ᠨᠢ᠄ ᠶᠠᠳᠠᠭᠤ ᠠᠴᠠ ᠠᠩᠭᠢᠵᠢᠷᠠᠭᠤᠯᠬᠤ ᠰᠢᠢᠳᠪᠦᠷᠢᠳᠦ ᠳᠠᠶᠢᠯᠠᠯᠳᠤᠭᠠᠨ ᠬᠢᠬᠦ ᠵᠠᠷᠯᠢᠭ ᠪᠠᠭᠤᠮᠠᠭᠴᠠ᠂ ᠮᠢᠩᠭᠠᠨ ᠺᠠᠳ᠋ᠷ ᠬᠥᠳᠡᠭᠡ ᠲᠣᠰᠬᠤᠨ ᠳᠤ ᠦᠨᠳᠦᠰᠦᠯᠡᠵᠦ᠂ ᠲᠦᠭ ᠲᠦᠮᠡᠨ ᠠᠶᠢᠯ ᠡᠷᠦᠬᠡ ᠳᠤ ᠬᠦᠷᠴᠦ᠂ ᠠᠷᠭ᠎ᠠ ᠪᠦᠬᠦᠨ ᠢ ᠰᠦᠪᠡᠭᠴᠢᠯᠡᠵᠦ᠂ ᠶᠠᠳᠠᠭᠤ ᠬᠦᠴᠢᠷᠳᠡᠯ ᠢ ᠢᠯᠠᠨ ᠳᠠᠪᠠᠵᠤ ᠂ ᠰᠡᠳᠬᠢᠯ ᠨᠢᠭᠡᠳᠦᠨ ᠬᠦᠴᠢᠷ ᠢ ᠰᠥᠷᠥᠨ ᠤᠷᠤᠭᠰᠢᠯᠠᠬᠤ ᠢᠯᠠᠯᠲᠠ ᠶᠢᠨ ᠳᠠᠭᠤᠤ ᠶᠢ ᠬᠦᠴᠦᠯᠡᠨ ᠭᠦᠭᠵᠢᠮᠳᠠᠪᠠ︕ ᠬᠠᠮᠤᠭ ᠤᠨ ᠮᠠᠷᠲᠠᠭᠳᠠᠰᠢ ᠦᠭᠡᠢ ᠵᠦᠢᠯ ᠭᠡᠪᠡᠯ᠄ ᠭᠡᠨᠡᠳᠲᠡ ᠲᠠᠭᠠᠷᠢᠨ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠥᠷᠭᠡᠨ ᠤᠯᠠᠨ ᠡᠮᠴᠢᠯᠡᠭᠡᠨ ᠤ ᠠᠵᠢᠯᠳᠠᠨ ᠤᠪᠴᠢ ᠬᠤᠶᠠᠭᠯᠠᠵᠦ᠂ ᠡᠯ᠎ᠡ ᠱᠠᠲᠤᠨ ᠤ ᠺᠠᠳ᠋ᠷ ᠡᠮᠦᠨ᠎ᠡ ᠨᠢ ᠭᠠᠪᠰᠢᠭᠠᠶᠢᠯᠠᠵᠤ᠂ ᠥᠷᠭᠡᠨ ᠤᠯᠠᠨ ᠠᠷᠠᠳ ᠲᠦᠮᠡᠨ ᠨᠢᠭᠡ ᠰᠡᠳᠬᠢᠯ ᠨᠢᠭᠡ ᠵᠣᠷᠢᠭ ᠢᠶᠠᠷ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠤᠯᠠᠨ ᠢᠶᠠᠷ ᠢᠶᠠᠨ ᠰᠡᠷᠭᠡᠶᠢᠯᠡᠨ ᠤᠯᠠᠨ ᠢᠶᠠᠷ ᠢᠶᠠᠨ ᠡᠵᠡᠮᠳᠡᠵᠦ᠂ ᠬᠦᠴᠦ ᠪᠠᠨ ᠬᠠᠮᠲᠤᠳᠬᠠᠨ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠲᠦᠮᠡᠨ ᠤᠯᠠᠨ ᠢᠶᠠᠷ ᠢᠶᠠᠨ ᠲᠡᠮᠤᠷ ᠬᠡᠷᠡᠮ ᠮᠡᠲᠦ ᠨᠢᠭᠲᠠᠷᠠᠪᠠ︕ ᠬᠥᠮᠦᠰ ᠤᠨ ᠰᠡᠳᠬᠢᠯ ᠢ ᠬᠠᠮᠤᠭ ᠠᠴᠠ ᠳᠣᠭᠳᠣᠯᠤᠭᠤᠯᠤᠭᠰᠠᠨ ᠨᠢ᠄ ᠴᠠᠰᠤ ᠰᠢᠭᠤᠷᠭ᠎ᠠ ᠦᠢᠯᠤᠨ ᠲᠠᠷᠤᠵᠦ ᠠᠵᠦ ᠠᠮᠢᠳᠤᠷᠠᠯ ᠲᠦᠭᠰᠢᠭᠦᠷᠢᠳᠠᠢ ᠦᠶ᠎ᠡ ᠳᠤ᠂ ᠪᠢᠳᠡ ᠴᠠᠰᠤ ᠪᠠᠷ ᠵᠠᠷᠯᠢᠭ ᠪᠣᠯᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠥᠷᠭᠡᠨ ᠣᠯᠠᠨ ᠺᠠᠳ᠋ᠷ ᠣᠯᠠᠨ ᠲᠦᠮᠡᠨ ᠬᠤᠪᠢ ᠪᠡᠶ᠎ᠡ ᠪᠠᠨ ᠶᠡᠭᠡ ᠪᠠᠶᠢᠳᠠᠯ ᠳᠤ ᠤᠷᠤᠭᠤᠯᠵᠦ᠂ ᠡᠬᠡᠯ ᠵᠢᠷ ᠤᠨ ᠪᠤᠰᠤ᠂ ᠣᠷᠭᠢᠯᠤᠮ᠎ᠠ ᠰᠡᠳᠬᠢᠯᠭᠡ ᠪᠠᠷ ᠰᠡᠳᠬᠢᠯ ᠬᠥᠳᠡᠯᠭᠡᠮ᠎ᠡ᠂ ᠲᠩᠷᠢ ᠭᠠᠵᠠᠷ ᠲᠠᠢ ᠲᠡᠮᠡᠴᠡᠬᠦ ᠮᠠᠭᠲᠠᠭᠠᠯ ᠳᠠᠭᠤᠤ ᠶᠢ ᠪᠢᠴᠢᠭᠯᠡᠪᠡ︕ ᠬᠠᠮᠤᠭ ᠠᠴᠠ ᠪᠠᠶᠠᠷᠯᠠᠭᠤᠰᠢᠲᠠᠶ ᠨᠢ᠄ ᠠᠵᠤ ᠠᠬᠤᠶ ᠪᠠᠭᠤᠷᠠᠬᠤ ᠳᠠᠷᠤᠯᠲᠠ ᠶᠢᠨ ᠡᠮᠦᠨ᠎ᠡ᠂ ᠬᠤᠰᠢᠭᠤ ᠲᠠᠶᠠᠭᠠᠷ ᠬᠥᠪᠴᠢ ᠪᠠᠨ ᠴᠢᠩᠭᠠᠯᠠᠨ ᠨᠤᠮᠤ ᠪᠠᠨ ᠲᠡᠯᠡᠵᠦ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠨᠤᠭᠤᠷᠠᠰᠢ ᠥᠬᠡᠶ ᠬᠠᠲᠠᠨ ᠵᠣᠷᠢᠭ ᠢᠶᠠᠷ ᠠᠷᠠᠯᠵᠢᠶᠠᠴᠢᠨ ᠤᠷᠢᠬᠤ ᠶᠢ ᠠᠳᠬᠤᠵᠤ᠂ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠤᠷᠤᠭᠰᠢᠯᠠᠨ ᠳᠠᠪᠰᠢᠬᠤ ᠰᠢᠨ᠎ᠡ ᠳᠠᠭᠤᠤ ᠶᠢ ᠪᠥᠬᠦ ᠬᠦᠴᠦᠨ ᠢᠶᠠᠷ ᠢᠶᠠᠨ ᠬᠠᠩᠭᠢᠨᠠᠭᠤᠯᠪᠠ︕    ᠲᠥᠯᠥᠭᠡᠯᠡᠭᠴᠢᠳ ᠡ᠂ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ ᠶᠢ ᠬᠢᠯᠪᠠᠷ ᠣᠯᠤᠭᠰᠠᠨ ᠪᠢᠰᠢ ᠶᠤᠮ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂  ᠲᠡᠬᠡᠳᠦ ᠱᠠᠲᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠶᠢᠨ ᠦᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠵᠢᠴᠢ ᠡᠯ᠎ᠡ ᠲᠠᠯ᠎ᠠ ᠶᠢᠨ ᠬᠢᠨᠠᠯᠲᠠ ᠳᠡᠮᠵᠢᠯᠭᠡ ᠶᠢᠨ ᠦᠷ᠎ᠡ ᠳ᠋ᠦᠩ᠂ ᠲᠥᠪ ᠤᠨ ᠨᠢᠬᠡᠴᠡ ᠶᠢᠨ ᠲᠣᠭᠲᠠᠭᠰᠠᠨ ᠴᠡᠭ ᠤᠨ ᠳᠡᠮᠵᠢᠯᠭᠡ ᠪᠠ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠭᠰᠡᠨ ᠤ ᠦᠷ᠎ᠡ ᠳ᠋ᠦᠩ᠂ ᠪᠦᠬᠦ ᠬᠤᠰᠢᠭᠤᠨ ᠤ ᠠᠷᠠᠳ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠦᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠠᠵᠢᠯ ᠠᠴᠠ ᠪᠠᠨ ᠠᠮᠠᠷᠠᠨ ᠪᠠᠭᠤᠭᠰᠠᠨ ᠠᠬᠠᠮᠠᠳ ᠨᠥᠬᠦᠳ᠂ ᠭᠦᠷᠢᠶ᠎ᠡ ᠳᠤ ᠰᠠᠭᠤᠭ᠎ᠠ ᠳᠠᠷᠤᠭ᠎ᠠ ᠪᠠᠶᠢᠯᠳᠤᠭᠴᠢ᠂ ᠤᠯᠤᠰ ᠲᠥᠷᠥ ᠬᠠᠤᠯᠢ ᠴᠠᠭᠠᠵᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ᠂ ᠬᠠᠪᠰᠤᠷᠤᠨ ᠲᠡᠳᠬᠦᠬᠦ ᠨᠢᠭᠡᠴᠡ ᠶᠢᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠮᠢ ᠶᠦᠨ ᠲᠣᠭᠤᠷᠢᠭ᠂ ᠬᠦᠷᠢᠶᠡᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠮᠠᠨᠳᠤᠴᠢᠯᠠᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠲᠥᠯᠥᠭᠡᠯᠡᠭᠴᠢᠳ ᠡ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠬᠤ ᠳᠤ ᠲᠤᠷᠰᠢᠯᠭ᠎ᠠ ᠮᠠᠰᠢ ᠡᠷᠬᠢᠮ ᠨᠠᠨᠳᠢᠨ ᠶᠤᠮ᠃ ᠬᠡᠳᠦᠨ ᠵᠢᠯ ᠤᠨ ᠲᠤᠷᠰᠢᠬᠢ ᠬᠥᠭᠵᠢᠯᠲᠡ ᠶᠢᠨ ᠦᠢᠯᠡᠳᠦᠯᠭᠡ ᠠᠴᠠ ᠪᠢᠳᠡ᠄ ᠪᠠᠶᠢᠳᠠᠯ ᠬᠡᠳᠦᠢ ᠪᠤᠳᠤᠯᠢᠶᠠᠨᠲᠠᠢ᠂ ᠡᠭᠦᠷᠭᠡ ᠬᠡᠳᠦᠢ ᠪᠡᠷᠬᠡ ᠬᠠᠲᠠᠭᠤᠵᠢᠯᠲᠠᠢ ᠪᠠᠶᠢᠭᠰᠠᠨ ᠴᠤ᠂ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠳᠠᠭ ᠯᠠ ᠶᠤᠮ ᠪᠣᠯ ᠡᠯ᠎ᠡ ᠵᠦᠢᠯ ᠤᠨ ᠠᠵᠢᠯ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠠᠭᠦ ᠪᠠᠲᠤᠯᠠᠵᠤ ᠴᠢᠳᠠᠨ᠎ᠠ ᠭᠡᠳᠡᠭ ᠢ ᠭᠦᠨᠵᠡᠭᠡᠢ ᠰᠡᠷᠡᠵᠦ ᠮᠡᠳᠡᠪᠡ᠃ ᠪᠢᠳᠡ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠭᠦᠭᠵᠢᠯᠳᠠ︾ ᠶᠢᠨ ᠤᠳᠤᠷᠢᠳᠤᠮᠵᠢ ᠶᠢ ᠢᠮᠠᠭᠲᠠ ᠪᠠᠷᠢᠮᠲᠠᠯᠠᠳᠠᠭ ᠯᠠ ᠶᠤᠮ ᠪᠣᠯ ᠬᠦᠷᠢᠶᠡᠨ ᠤ ᠣᠨᠴᠠᠯᠢᠭ ᠪᠥᠬᠦᠶ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠵᠠᠮᠨᠠᠵᠤ ᠴᠢᠳᠠᠨ᠎ᠠ᠃ ᠪᠢᠳᠡ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠢᠮᠠᠭᠲᠠ ᠪᠠᠷᠢᠮᠲᠠᠯᠠᠳᠠᠭ ᠯᠠ ᠶᠤᠮ ᠪᠣᠯ ᠠᠵᠤ ᠠᠬᠤᠢ ᠶᠢᠨ ᠬᠥᠭᠵᠢᠯᠲᠡ ᠶᠢᠨ ᠶᠡᠭᠡ ᠠᠯᠬᠤᠮ ᠢᠶᠠᠷ ᠤᠷᠤᠭᠰᠢᠯᠠᠬᠤ ᠶᠢ ᠠᠬᠢᠭᠤᠯᠵᠤ ᠴᠢᠳᠠᠨ᠎ᠠ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠳᠠᠭ ᠯᠠ ᠶᠤᠮ ᠪᠣᠯ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ ᠴᠢᠳᠠᠨ᠎ᠠ᠃ ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠳᠠᠭ ᠯᠠ ᠶᠤᠮ ᠪᠣᠯ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠢᠶᠠᠷ ᠯᠠᠪᠳᠠᠭᠤᠨ ᠢᠶᠠᠷ ᠤᠷᠤᠭᠰᠢᠯᠠᠨ ᠠᠯᠤᠰ ᠬᠡᠳᠦ ᠶᠢ ᠵᠤᠷᠢᠬᠤ ᠶᠢ ᠦᠨᠡᠠᠭᠦ ᠪᠠᠲᠤᠯᠠᠵᠤ ᠴᠢᠳᠠᠨ᠎ᠠ᠃    ᠲᠥᠯᠥᠭᠡᠯᠡᠭᠴᠢᠳ ᠡ᠂ ᠦᠷᠭᠦᠯᠵᠢᠯᠡᠨ ᠲᠡᠮᠡᠴᠡᠬᠦ ᠳᠤ ᠡᠷᠬᠡᠪᠰᠢ ᠠᠰᠠᠭᠤᠳᠠᠯ ᠳᠤ ᠵᠥᠪ ᠢᠶᠠᠷ ᠬᠠᠨᠳᠤᠬᠤ ᠬᠡᠷᠡᠭᠲᠡᠢ᠃ ᠨᠢᠭᠡ ᠳᠤ ᠬᠥᠭᠵᠢᠯᠲᠡ ᠪᠠᠷ ᠳᠤᠲᠠᠮᠠᠭ᠂ ᠬᠥᠭᠵᠢᠯᠲᠡ ᠪᠠᠷ ᠬᠤᠴᠣᠷᠤᠩᠭᠤᠢ ᠪᠠᠶᠢᠬᠤ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭᠠᠳᠤᠢ ᠪᠠᠶᠢᠨ᠎ᠠ᠃ ᠮᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠣᠯᠠᠨ ᠵᠢᠯ ᠳᠣᠣᠷ᠎ᠠ ᠲᠦᠪᠰᠢᠨ ᠳᠤ ᠪᠠᠶᠢᠵᠤ᠂ ᠢᠯᠡᠨ ᠳᠠᠪᠠᠵᠤ ᠭᠠᠷᠬᠤ ᠡᠭᠦᠷᠭᠡ ᠬᠠᠲᠠᠭᠤ ᠪᠡᠷᠬᠡ᠃ ᠬᠤᠶᠠᠷ ᠲᠤ ᠪᠦᠲᠦᠴᠡ ᠨᠢ ᠰᠢᠯᠢᠳᠡᠭ ᠪᠢᠰᠢ᠂ ᠶᠠᠰᠤ ᠴᠢᠨᠠᠷ ᠦᠷ᠎ᠡ ᠠᠰᠢᠭ ᠨᠢ ᠥᠨᠳᠥᠷ ᠪᠢᠰᠢ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ ᠴᠢᠳᠠᠭ᠎ᠠ ᠦᠭᠡᠢ᠃ ᠨᠢᠭᠡᠳᠦᠭᠡᠷ ᠠᠵᠤ ᠦᠢᠯᠡᠰ ᠤᠨ ᠲᠡᠰ ᠳᠠᠪᠬᠤᠷᠭ᠎ᠠ ᠳᠣᠣᠷ᠎ᠠ᠂ ᠬᠤᠶᠠᠳᠤᠭᠠᠷ ᠠᠵᠤ ᠦᠢᠯᠡᠰ ᠤᠨ ᠲᠤᠯᠭᠠᠭᠤᠷᠢᠯᠠᠯ ᠬᠦᠴᠦᠨ ᠮᠡᠬᠦᠰ᠂ ᠭᠤᠷᠪᠠᠳᠤᠭᠠᠷ ᠠᠵᠤ ᠦᠢᠯᠡᠰ ᠤᠨ ᠪᠦᠲᠦᠴᠡ ᠳᠠᠩ ᠴᠤᠯᠭᠤᠢ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠬᠦᠨᠳᠦ ᠨᠣᠴᠢᠲᠠᠢ ᠳᠤᠲᠠᠭᠳᠠᠵᠤ ᠪᠠᠶᠢᠨ᠎ᠠ᠃ ᠭᠤᠷᠪᠠ ᠳᠤ ᠣᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠠᠷᠠᠳ ᠤᠨ ᠠᠮᠢᠳᠤᠷᠠᠯ ᠤᠨ ᠳᠤᠲᠠᠭᠤᠳᠠᠯ ᠢ ᠦᠨᠳᠦᠰᠦᠨ ᠠᠴᠠ ᠨᠢ ᠨᠥᠬᠦᠪᠥᠷᠢᠯᠡᠵᠦ ᠳᠡᠶᠢᠯᠦᠭᠰᠡᠨ ᠥᠬᠡᠶ᠃ ᠣᠯᠠᠨ ᠲᠦᠮᠡᠨ ᠤ ᠰᠤᠷᠭᠠᠨ ᠬᠥᠮᠦᠵᠢᠯ᠂ ᠡᠮ ᠡᠮᠨᠡᠯᠭᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠵᠡᠷᠭᠡ ᠬᠦᠷᠢᠶᠡᠨ ᠳᠠᠬᠢ ᠬᠠᠨᠤᠮᠵᠢ ᠶᠢᠨ ᠬᠡᠮᠵᠢᠶ᠎ᠡ ᠥᠨᠳᠥᠷ ᠪᠤᠰᠤ᠂ ᠣᠯᠠᠨ ᠨᠡᠶᠢᠲᠡ ᠶᠢᠨ ᠦᠢᠯᠡᠴᠢᠯᠡᠬᠡᠨ ᠤ ᠳᠤᠲᠠᠭᠤᠳᠠᠯ ᠮᠥᠨ ᠬᠦ ᠣᠷᠣᠰᠢᠵᠤ ᠪᠠᠶᠢᠨ᠎ᠠ᠃ ᠳᠥᠷᠪᠡ ᠳᠤ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠳᠦᠰᠦᠨ ᠠᠴᠠ ᠨᠢ ᠰᠢᠯᠢᠳᠡᠭᠵᠢᠭᠦᠯᠵᠦ ᠴᠢᠳᠠᠭ᠎ᠠ ᠥᠬᠡᠶ᠃ ᠭᠦᠴᠦᠨ ᠵᠦᠢᠯ  ᠤᠨ ᠪᠠᠲᠤᠯᠠᠭ᠎ᠠ ᠶᠢ ᠪᠣᠳᠠᠲᠠᠶᠢᠵᠢᠭᠤᠯᠤᠭᠰᠠᠨ ᠦᠭᠡᠢ᠂ ᠭᠠᠵᠠᠷ ᠬᠡᠷᠡᠭᠯᠡᠬᠦ ᠳᠤ ᠬᠦᠴᠢᠷ᠂ ᠪᠡᠯᠡ ᠬᠤᠷᠠᠮᠳᠤᠭᠤᠯᠬᠤ ᠳᠤ ᠬᠦᠴᠢᠷ᠂ ᠴᠢᠳᠠᠪᠤᠷᠢᠲᠠᠨ ᠴᠥᠭᠡᠨ ᠵᠡᠷᠭᠡ ︽ᠪᠣᠭᠤᠮᠢ︾ ᠶᠢ ᠮᠥᠨ ᠪᠦᠲᠦᠮᠵᠢᠲᠡᠢ ᠰᠢᠢᠳᠪᠦᠷᠢᠯᠡᠵᠦ ᠳᠡᠶᠢᠯᠦᠭᠡᠳᠦᠢ ᠪᠠᠶᠢᠨ᠎ᠠ᠃ ᠲᠠᠪᠤ ᠳᠤ ᠵᠠᠰᠠᠭ ᠤᠨ ᠶᠠᠪᠤᠳᠠᠯ ᠤᠨ ᠬᠦᠴᠦᠨ ᠴᠢᠳᠠᠪᠤᠷᠢ᠂ ᠠᠵᠢᠯ ᠤᠨ ᠰᠤᠷᠲᠠᠯ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭ᠎ᠠ ᠦᠬᠡᠢ᠃ ᠬᠡᠰᠡᠭ ᠡᠭᠦᠷᠭᠡ ᠴᠢᠳᠠᠪᠬᠢᠳᠤ ᠰᠠᠯᠠᠭ᠎ᠠ ᠮᠥᠴᠢᠷ ᠲᠤ ︽ᠲᠦᠭᠵᠢᠷᠡᠯ︾ ᠤᠨ ᠦᠵᠡᠭᠳᠡᠯ ᠣᠷᠣᠰᠢᠵᠤ᠂ ᠬᠡᠰᠡᠭ ᠺᠠᠳ᠋ᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠭᠤᠮᠲᠠ ᠰᠢᠪᠲᠤᠯᠬᠤ ᠶᠢ ᠠᠳᠬᠤᠬᠤ ᠴᠢᠳᠠᠪᠤᠷᠢ ᠴᠢᠩᠭ᠎ᠠ ᠪᠢᠰᠢ᠂  ᠤᠪᠤᠷ ᠰᠤᠷᠲᠠᠯ ᠤᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ ᠲᠠᠢ ᠪᠣᠯ ᠰᠠᠶ᠋ᠢ ᠬᠦᠷᠦᠯᠴᠡᠬᠦ ᠦᠭᠡᠢ ᠲᠠᠯ᠎ᠠ ᠪᠠᠨ ᠮᠡᠳᠡᠵᠦ ᠴᠢᠳᠠᠨ᠎ᠠ︔ ᠬᠢᠲᠤᠭᠠᠨ ᠢᠷ ᠢ ᠳᠣᠲᠣᠭᠰᠢ ᠬᠠᠨᠳᠤᠭᠤᠯᠬᠤ ᠵᠣᠷᠢᠭ ᠪᠠᠶᠢᠮᠠᠨᠵᠢᠨ ᠰᠠᠶ᠋ᠢ ᠲᠠᠰᠤᠷᠠᠯᠲᠠ ᠦᠭᠡᠢ ᠳᠠᠪᠰᠢᠵᠤ ᠴᠢᠳᠠᠨ᠎ᠠ᠃ ᠪᠢᠳᠡ ︽ᠰᠢᠯᠭᠠᠯᠲᠠ ᠳᠤ ᠣᠷᠣᠯᠴᠠᠬᠤ︾ ᠶᠢᠨ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠢᠮᠠᠭᠲᠠ ᠪᠠᠷᠢᠮᠳᠠᠯᠠᠵᠦ᠂ ᠶᠡᠭᠡ ᠬᠦᠴᠦ ᠣᠷᠣᠭᠤᠯᠤᠨ᠂ ᠦᠨᠡᠨ ᠬᠦ ᠬᠦᠴᠦ ᠣᠷᠣᠭᠤᠯᠤᠨ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠥᠬᠡᠶ᠃    ᠬᠤᠶᠠᠷ᠂ ᠠᠷᠪᠠᠨ ᠳᠣᠯᠣᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠰᠡᠳᠬᠢᠴᠡ   ᠲᠥᠯᠥᠭᠡᠯᠡᠭᠴᠢᠳ ᠡ᠂ ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠰᠢᠨ᠎ᠡ ᠴᠠᠭ ᠦᠶ᠎ᠡ ᠰᠢᠨ᠎ᠡ ᠵᠢᠳᠬᠦᠯ ᠴᠢᠷᠮᠠᠶᠢᠯᠭ᠎ᠠ ᠶᠢ ᠤᠷᠢᠶᠠᠯᠠᠵᠤ ᠪᠠᠶᠢᠨ᠎ᠠ᠃ ᠬᠤᠰᠢᠭᠤᠨ ᠤ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠶᠢᠰᠢᠳᠠ ᠶᠢᠨ ᠲᠠᠪᠤᠨ ᠵᠢᠯ ᠤᠨ ᠠᠤᠭ᠎ᠠ ᠲᠥᠰᠦᠪ ᠢ ᠵᠢᠷᠤᠭᠯᠠᠵᠤ᠂ ᠣᠳᠣᠬᠢᠴᠢᠯᠠᠭᠰᠠᠨ ᠬᠦᠷᠢᠶ᠎ᠡ ᠶᠢ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠨᠠᠷ ᠰᠠᠶᠢᠲᠠᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠬᠦ ᠤᠷᠤᠭᠰᠢᠯᠠᠯᠲᠠ ᠶᠢᠨ ᠵᠠᠷᠯᠢᠭ ᠪᠠᠭᠤᠯᠭᠠᠵᠠᠢ᠃ ᠲᠥᠷᠥ ᠲᠦᠪᠰᠢᠨ ᠲᠦᠮᠡᠨ ᠠᠮᠤᠭᠤᠯᠠᠩ᠂ ᠠᠵᠢᠯ  ᠦᠢᠯᠡᠰ ᠥᠭᠡᠳᠡ ᠡᠰᠡᠷᠡᠭ᠃ ᠤᠭ ᠰᠠᠨᠠᠭ᠎ᠠ ᠪᠠᠨ ᠪᠠᠲᠤ ᠰᠠᠬᠢᠵᠤ᠂ ᠰᠢᠷᠭᠠᠭᠤ ᠠᠵᠢᠯᠯᠠᠪᠠᠯ ᠯᠠᠪᠲᠠᠢ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠰᠢᠨ᠎ᠡ ᠪᠠᠶᠢᠳᠠᠯ ᠢ ᠡᠭᠦᠳᠴᠦ ᠴᠢᠳᠠᠨ᠎ᠠ︕   ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ᠵᠢᠯᠣᠭᠤᠳᠬᠤ ᠦᠵᠡᠯ ᠰᠠᠨᠠᠭ᠎ᠠ ᠶᠣᠰᠣᠭᠠᠷ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ  ᠨᠠᠶᠢᠳᠠᠪᠤᠷᠢᠵᠢᠭᠤᠯᠵᠦ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠲᠦᠩᠯᠢᠶᠣᠤ ᠬᠤᠲᠠ ᠶᠢᠨ ᠣᠷᠣᠨ ᠪᠦᠰᠡ ᠶᠢᠨ ᠴᠢᠨᠠᠷᠲᠠᠶ ᠭᠤᠤᠯ ᠬᠤᠲᠠ ᠶᠢ ᠪᠥᠲᠥᠭᠡᠨ ᠪᠠᠶᠢᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠲᠦᠨ᠂ ᠣᠨᠣᠪᠴᠢᠲᠠᠶ᠂  ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢ ᠲᠦᠷᠭᠡᠳᠬᠡᠨ᠎ᠡ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠎ᠠ᠂ ︽ᠠᠮᠢ ᠠᠬᠤᠶ ᠶᠢᠨ ᠵᠠᠮ ᠢᠶᠠᠷ ᠵᠠᠮᠨᠠᠵᠦ᠂ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ᠂ ᠰᠣᠶᠣᠯ ᠵᠢᠭᠤᠯᠴᠢᠯᠠᠯ ᠤᠨ ᠨᠠᠷᠠᠳᠦ ᠲᠡᠮᠳᠡᠭ ᠢ ᠡᠭᠦᠳᠭᠦ︾ ᠶᠢ ᠡᠷᠡᠰ ᠭᠤᠶᠢᠪᠠᠰᠢ ᠦᠬᠡᠢ ᠪᠠᠷᠢᠮᠳᠠᠯᠠᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠭᠤᠣᠯᠯᠠᠬᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠰᠢᠪᠲᠤᠯᠤᠯᠲᠠ ᠶᠢᠨ ᠰᠡᠭᠡ ᠪᠤᠯᠭᠠᠵᠦ᠂  ᠪᠦᠭᠦ ᠭᠦᠴᠦᠨ ᠢᠶᠠᠷ ᠬᠤᠳᠠᠯᠳᠤᠭᠠᠴᠢᠨ ᠤᠷᠢᠬᠤ ᠶᠢ ᠴᠢᠩᠭ᠎ᠠ ᠠᠤᠬᠤᠵᠦ᠂ ᠲᠦᠷᠦᠯ ᠵᠦᠢᠯ ᠢ ᠰᠢᠪᠳᠤᠯᠤᠯᠳᠠ ᠲᠠᠢ ᠪᠤᠯᠭᠠᠵᠦ᠂ ᠪᠡᠯᠡ ᠣᠷᠣᠭᠤᠯᠤᠯᠲᠠ ᠪᠠᠨ ᠦᠷᠬᠡᠳᠬᠡᠵᠦ᠂ ᠤᠳᠠᠭᠠᠨ ᠳᠠᠭᠠᠭᠠᠮᠠᠭᠠᠶ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠠᠭᠤᠷᠢ  ᠪᠠᠨ ᠪᠠᠬᠢᠵᠢᠭᠦᠯᠵᠦ᠂ ᠠᠷᠠᠳ ᠤᠨ ᠠᠮᠢᠳᠤᠷᠠᠯ  ᠢ ᠬᠠᠷᠭᠠᠯᠵᠠᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠤᠷᠲᠠᠯ ᠢᠶᠠᠨ ᠬᠤᠪᠢᠷᠠᠭᠤᠯᠵᠦ᠂ ᠦᠷ᠎ᠡ ᠪᠦᠳᠦᠮᠵᠢ ᠪᠠᠨ ᠲᠡᠬᠡᠭᠰᠢᠯᠡᠭᠦᠯᠦᠨ᠂ ᠬᠡᠷᠡᠭᠵᠢᠭᠦᠯᠦᠯᠲᠡ ᠶᠢ ᠠᠳᠬᠤᠵᠤ᠂ ᠬᠥᠭᠵᠢᠯᠲᠡ ᠶᠢ ᠨᠠᠩ ᠴᠢᠨᠠᠷ ᠴᠢᠨᠰᠠᠭ᠎ᠠ ᠲᠠᠢ᠂ ᠠᠷᠠᠳ ᠤᠨ ᠠᠮᠢᠳᠤᠷᠠᠯ ᠢ ᠨᠠᠩ ᠬᠠᠯᠠᠭᠤᠨ ᠳᠤᠯᠠᠭᠠᠨ᠂ ᠣᠯᠠᠨ ᠲᠦᠮᠡᠨ ᠢ ᠨᠠᠩ ᠵᠣᠯ ᠵᠢᠷᠭᠠᠯ ᠲᠠᠢ ᠂ ᠪᠦᠬᠦ ᠬᠦᠴᠦᠨ ᠢᠶᠠᠷ ᠨᠠᠩ ᠪᠠᠶᠠᠨ ᠴᠢᠨᠡᠭᠡᠯᠢᠭ᠂ ᠪᠣᠯᠪᠠᠰᠤᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠣᠳᠣᠬᠢᠴᠢᠯᠠᠭᠰᠠᠨ ᠬᠦᠷᠢᠶ᠎ᠡ ᠶᠢ ᠪᠦᠲᠦᠭᠡᠨ ᠪᠠᠶᠢᠭᠤᠯᠤᠨ᠎ᠠ  ᠃   ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠵᠢᠯ ᠪᠦᠷᠢ ᠳᠤᠮᠳᠠᠴᠢ ᠪᠠᠷ 6 % ᠠᠴᠠ ᠳᠡᠭᠡᠭᠰᠢ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠳᠤᠮᠳᠠᠴᠢ ᠪᠠᠷ ᠲᠣᠰ ᠲᠣᠰ 5 % ᠪᠠ 7 % ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠠᠵᠤ ᠠᠬᠤᠢ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ᠂ ᠵᠣᠬᠢᠴᠠᠩᠭᠤᠢ ᠴᠢᠨᠠᠷ᠂ ᠪᠠᠭᠲᠠᠭᠠᠮᠵᠢᠲᠤ ᠴᠢᠨᠠᠷ᠂ ᠦᠷᠭᠦᠯᠵᠢᠯᠡᠬᠦ ᠴᠢᠨᠠᠷ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠨᠢᠬᠡᠴᠡ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 3 % ᠣᠷᠴᠢᠮ ᠪᠠᠭᠤᠷᠠᠭᠤᠯᠵᠤ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠤᠨ᠎ᠠ᠃    ᠲᠣᠭᠲᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠯᠣᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠄    ︵ᠨᠢᠭᠡ︶ ᠨᠠᠩ ᠴᠢᠩᠭ᠎ᠠ ᠱᠠᠭᠠᠷᠳᠠᠯᠭ᠎ᠠ ᠪᠠᠷ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠵᠤ ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠡᠩ ᠥᠨᠳᠥᠷ ᠪᠠᠷᠢᠮᠵᠢᠶ᠎ᠠ ᠪᠠᠷ ᠵᠠᠰᠠᠯᠲᠠ ᠶᠢ ᠡᠷᠡᠰ ᠰᠠᠶᠢᠲᠤᠷ ᠠᠳᠬᠤᠵᠤ᠂ ᠠᠮᠢ ᠠᠬᠤᠢ ᠶᠢ ᠨᠡᠩ ᠴᠢᠩᠭ᠎ᠠ ᠪᠠᠷᠢᠮᠵᠢᠶ᠎ᠠ ᠪᠠᠷ ᠬᠡᠮᠵᠢᠵᠦ᠂ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ ᠤ ᠠᠭᠤᠰᠤᠯᠴᠠᠨ ᠬᠠᠮᠲᠤ ᠪᠠᠷ ᠠᠰᠢᠭ ᠬᠦᠷᠳᠡᠬᠦ ᠶᠢ ᠠᠬᠢᠭᠤᠯᠤᠨ᠎ᠠ᠃    ᠶᠡᠭᠡ ᠬᠡᠪᠴᠢᠶ᠎ᠡ ᠪᠠᠷ ᠨᠣᠭᠤᠭᠠᠷᠠᠭᠤᠯᠵᠤ ᠬᠠᠮᠠᠭᠠᠯᠠᠨ᠎ᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠠᠬᠢᠭᠤᠯᠵᠤ᠂ ᠶᠡᠭᠡ ᠬᠡᠪᠴᠢᠶᠡᠨ ᠤ ᠤᠯᠤᠰ ᠤᠨ ᠭᠦᠷᠦᠰᠦ ᠰᠢᠷᠣᠢ ᠶᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠪᠠ ᠪᠢᠲᠡᠭᠦᠮᠵᠢᠯᠡᠨ ᠪᠤᠶᠢᠵᠢᠭᠤᠯᠵᠤ ᠬᠠᠮᠠᠭᠠᠯᠠᠬᠤ ︽ᠬᠤᠣᠰ ᠵᠠᠭᠤᠨ ᠲᠦᠮᠡᠨ ᠮᠦ︾ ᠶᠢᠨ ᠢᠨᠵᠧᠨᠧᠷᠢᠩ ᠢ ᠬᠡᠷᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠺᠸᠦ ᠾᠧᠽᠢ ᠪᠠᠯᠭᠠᠰᠤ᠂ ᠱᠦᠢᠴᠢᠤᠸᠠᠨ ᠰᠢᠶᠠᠩ ᠵᠡᠷᠭᠡ ᠡᠮᠦᠨ᠎ᠡ ᠬᠡᠰᠡᠭ ᠤᠨ ᠠᠭᠤᠯᠠᠷᠬᠠᠭ ᠣᠷᠣᠨ ᠤ ᠬᠥᠷᠥᠰᠥ ᠰᠢᠷᠣᠢ ᠶᠢ ᠬᠠᠮᠠᠭᠠᠯᠠᠬᠤ ᠵᠢᠵᠢᠭ ᠰᠠᠪᠠ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠪᠦᠬᠦ ᠣᠷᠣᠨ ᠪᠦᠰᠡ ᠳᠤ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠤᠨ᠎ᠠ᠃ ᠧᠦ᠋ᠷᠣᠫᠠ ᠲᠢᠪ ᠤᠨ ᠪᠡᠯᠡ ᠣᠷᠣᠭᠤᠯᠤᠯᠲᠠ ᠶᠢᠨ ᠪᠠᠩᠬᠢ ᠶᠢᠨ ᠣᠶᠢᠵᠢᠭᠤᠯᠬᠤ᠂ ᠳᠣᠣᠷ᠎ᠠ ᠤᠨᠠᠯᠲᠠ ᠲᠠᠢ ᠤᠢ ᠮᠣᠳᠣ ᠶᠢ ᠥᠭᠡᠷᠡᠴᠢᠯᠡᠬᠦ ᠵᠡᠷᠭᠡ ᠲᠦᠷᠦᠯ ᠵᠦᠢᠯ ᠢ ᠠᠬᠢᠭᠤᠯᠵᠤ᠂ ᠣᠶᠢᠲᠤ ᠭᠠᠵᠠᠷ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ 54 ᠲᠦᠮᠡᠨ ᠮᠤ᠋ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠬᠡᠨ᠎ᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠰᠢᠶᠠᠯᠠᠨ ᠲᠡᠵᠢᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶᠢᠲᠤ ᠭᠠᠵᠠᠷ ᠨᠤᠲᠤᠭ ᠪᠡᠯᠴᠢᠭᠡᠷ ᠢ ᠡᠪᠳᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃    ᠴᠢᠩᠭ᠎ᠠ ᠪᠠᠷᠢᠮᠵᠢᠶ᠎ᠠ ᠪᠠᠷ ᠪᠣᠬᠢᠷᠲᠤᠯ ᠢ ᠰᠡᠷᠭᠡᠶᠢᠯᠡᠨ ᠵᠠᠰᠠᠨ᠎ᠠ᠃ ᠬᠠᠲᠠᠭᠤ ᠴᠢᠩᠭ᠎ᠠ ᠵᠠᠰᠠᠯᠲᠠ ᠶᠢ ᠪᠠᠷᠢᠮᠲᠠᠯᠠᠵᠤ᠂ ᠬᠤᠭ ᠲᠣᠭᠤᠰᠣ ᠶᠢ ᠬᠠᠮᠢᠶᠠᠷᠤᠨ ᠡᠵᠡᠮᠳᠡᠬᠦ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠢ ᠴᠡᠭᠴᠡᠯᠡᠨ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠬᠤᠲᠠ ᠲᠣᠭᠤᠷᠢᠭ ᠤᠨ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠪᠠᠶᠢᠬᠤ ᠨᠣᠷᠮ᠎ᠠ ᠶᠢ 90 % ᠠᠴᠠ ᠳᠡᠭᠡᠭᠰᠢ ᠪᠠᠶᠢᠯᠭᠠᠬᠤ ᠶᠢ ᠦᠨᠡᠠᠭᠦ ᠪᠠᠲᠤᠯᠠᠨ᠎ᠠ ᠃ ᠭᠤᠣᠯ ᠮᠥᠷᠡᠨ ᠤ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠶᠠᠩᠰᠢᠪ ᠭᠤᠣᠯ ᠵᠡᠷᠭᠡ ᠭᠤᠣᠯᠳᠠᠯᠭ᠎ᠠ ᠲᠠᠢ ᠭᠤᠣᠯ ᠮᠥᠷᠡᠨ ᠤ ᠠᠮᠢ ᠠᠬᠤᠢ ᠶᠢ ᠵᠠᠰᠠᠨ ᠰᠡᠷᠭᠦᠭᠡᠬᠦ ᠪᠠ ᠬᠤᠳᠠ ᠬᠥᠳᠡᠭᠡ ᠶᠢᠨ ᠲᠦᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠤᠤᠭᠤᠬᠤ ᠤᠰᠤᠨ ᠤ ᠰᠢᠢᠳᠪᠦᠷᠢᠯᠡᠬᠦ ᠰᠢᠰᠲ᠋ᠧᠮᠵᠢ ᠶᠢ ᠢᠵᠢ ᠪᠦᠷᠢᠳᠦᠬᠦᠯᠦᠨ ᠪᠦᠳᠦᠭᠡᠨ ᠪᠠᠶᠢᠭᠤᠯᠵᠤ᠂ ᠤᠯᠠᠨ ᠲᠦᠮᠡᠨ ᠳᠤ ᠠᠷᠢᠭᠤᠨ ᠴᠡᠪᠡᠷ ᠤᠰᠤ ᠤᠤᠭᠤᠯᠭᠠᠨ᠎ᠠ᠃ ᠪᠣᠬᠢᠷ ᠤᠰᠤ ᠰᠢᠢᠳᠪᠦᠷᠢᠯᠡᠭᠦ ᠦᠢᠯᠡᠳᠪᠦᠷᠢ ᠶᠢᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠢ ᠡᠬᠢᠯᠡᠭᠦᠯᠵᠦ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ 30 % ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠴᠥᠮ 95 % ᠠᠴᠠ ᠳᠡᠭᠡᠭᠰᠢ ᠳᠤ ᠬᠦᠷᠦᠭᠦᠯᠦᠨ᠎ᠡ᠃    ᠪᠦᠬᠦ ᠭᠦᠷᠢᠶ᠎ᠡ ᠬᠡᠪᠴᠢᠶᠠᠨ ᠳᠤ ᠡᠨᠧᠷᠭᠢ ᠠᠷᠪᠢᠯᠠᠨ᠎ᠠ᠃ ᠦᠷ᠎ᠡ ᠠᠰᠢᠭ ᠪᠠᠭ᠎ᠠ ᠦᠢᠯᠡᠳᠪᠦᠷᠢᠯᠡᠬᠦ ᠴᠢᠳᠠᠪᠤᠷᠢ ᠶᠢ ᠪᠠᠭᠠᠰᠬᠠᠨ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ ᠵᠦᠢᠯᠡᠰ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠪᠦᠲᠦᠴᠡ ᠶᠢᠨ ᠡᠨᠧᠷᠭᠢ ᠠᠷᠪᠢᠯᠠᠬᠤ ᠠᠵᠢᠯ ᠢ ᠭᠦᠨᠵᠡᠭᠡᠢ ᠰᠠᠶᠢᠲᠤᠷ ᠠᠳᠬᠤᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠳ᠋ᠦᠩ ᠮᠧᠩ ᠱᠦᠢᠨᠢ ᠵᠡᠷᠭᠡ ᠠᠵᠤ ᠠᠬᠤᠶᠢᠯᠠᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠎ᠡ᠃ ᠳᠤᠤᠷ᠎ᠠ ᠨᠡᠭᠦᠷᠡᠰᠦᠲᠥ᠋ᠷᠥᠭᠴᠢᠲᠦ ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠶᠢ ᠦᠷᠭᠦᠯᠵᠢᠯᠡᠨ ᠨᠡᠮᠡᠭᠳᠡᠭᠦᠯᠵᠦ᠂ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶ᠎ᠠ ᠪᠠ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠤᠨ᠎ᠠ᠃ ᠵᠠᠮ ᠬᠠᠷᠢᠯᠴᠠᠭ᠎ᠠ᠂ ᠪᠦᠲᠦᠭᠡᠨ ᠪᠠᠶᠢᠭᠤᠯᠤᠯᠲᠠ ᠂ ᠭᠦᠢᠯᠭᠡᠭᠡ᠂ ᠰᠠᠭᠤᠭᠠᠯᠢ ᠠᠷᠠᠳ ᠤᠨ ᠠᠮᠢᠳᠤᠷᠠᠯ ᠵᠡᠷᠭᠡ ᠡᠯ᠎ᠡ ᠬᠦᠷᠢᠶᠡᠨ ᠤ ᠪᠣᠬᠢᠷᠲᠤᠯ ᠦᠭᠡᠢ ᠳᠡᠰ ᠳᠡᠪᠰᠢᠬᠦ ᠶᠢ ᠠᠬᠢᠭᠤᠯᠵᠤ᠂ ᠪᠦᠬᠦ ᠨᠡᠶᠢᠭᠡᠮ ᠤᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠪᠢᠰᠤᠯᠲᠠ ᠶᠢ ᠠᠬᠢᠭᠤᠯᠤᠨ᠎ᠠ᠃    ︵ᠬᠤᠶᠠᠷ︶ ᠨᠠᠩ ᠶᠡᠭᠡ ᠡᠷᠴᠢᠮ ᠢᠶᠠᠷ ᠮᠠᠯ ᠠᠵᠤ ᠠᠬᠤᠶ ᠲᠠᠷᠢᠶᠠᠯᠠᠩ ᠢ ᠰᠢᠯᠢᠳᠡᠭᠵᠢᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠦᠷᠭᠦᠯᠵᠢᠯᠡᠨ ᠬᠥᠭᠵᠢᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠲᠠᠷᠢᠶᠠᠯᠠᠩ ᠮᠠᠯ ᠠᠵᠤ ᠠᠬᠤᠢ ᠶᠢ ᠢᠮᠠᠭᠲᠠ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠳᠪᠦᠷᠢᠵᠢᠭᠦᠯᠬᠦ ᠤᠶᠢᠯᠠᠭᠠᠭᠳᠠᠬᠤᠨ᠂ ᠠᠵᠤ ᠦᠢᠯᠡᠰᠵᠢᠭᠦᠯᠬᠦ ᠰᠡᠳᠬᠢᠬᠦᠢ ᠪᠠᠷ ᠲᠠᠷᠢᠶᠠᠯᠠᠩ ᠮᠠᠯ ᠠᠵᠤ ᠠᠬᠤᠢ ᠶᠢᠨ ᠡᠷᠴᠢᠮᠵᠢᠬᠦ᠂ ᠲᠤᠰᠬᠠᠶᠢᠵᠢᠬᠤ᠂ ᠵᠣᠬᠢᠶᠠᠨ ᠪᠠᠶᠢᠭᠤᠯᠤᠯᠴᠠᠬᠤ᠂ ᠨᠡᠶᠢᠭᠡᠮᠴᠢᠯᠡᠬᠦ ᠲᠡᠰᠢ ᠬᠥᠭᠵᠢᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠳᠡᠰ ᠳᠠᠪᠬᠤᠷᠭ᠎ᠠ ᠶᠢ  ᠳᠡᠭᠡᠭᠰᠢᠯᠡᠭᠦᠯᠦᠨ᠎ᠡ᠃    ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠬᠤ ᠲᠣᠭᠤᠷᠢᠨ ᠳᠤ ᠰᠠᠭᠤᠷᠢ ᠶᠢ ᠠᠳᠬᠤᠨ᠎ᠠ᠃ ᠡᠭᠦᠯᠳᠡᠷ ᠰᠢᠯᠢᠳᠡᠭ ᠢ ᠨᠢ ᠪᠤᠶᠢᠵᠢᠭᠤᠯᠬᠤ᠂ ᠶᠠᠰᠤ ᠴᠢᠨᠠᠷ ᠢ ᠨᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠠᠰᠢᠨ ᠦᠬᠡᠷ᠂ ᠰᠠᠭᠠᠭ᠂ ᠡᠭᠦᠯᠳᠡᠷ ᠤᠨ ᠨᠤᠭᠤᠰᠤ᠂ ᠢᠳᠡᠰᠢᠨ ᠨᠣᠭᠤᠭ᠎ᠠ᠂ ᠵᠢᠮᠢᠰ ᠵᠡᠷᠭᠡ ᠤᠨᠴᠠᠯᠢᠬᠳᠤ ᠠᠵᠤ ᠦᠢᠯᠡᠰ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ ︽ᠲᠠᠷᠢᠶᠠᠨ ᠭᠠᠵᠠᠷ ᠲᠤ ᠲᠦᠰᠢᠭᠯᠡᠨ ᠠᠮᠤ ᠪᠤᠳᠠᠭ᠎ᠠ ᠨᠦᠬᠡᠴᠢᠯᠡᠭᠦ᠂ ᠮᠡᠷᠬᠡᠵᠢᠯ  ᠳᠤ ᠲᠦᠰᠢᠭᠯᠡᠨ ᠠᠮᠤ ᠪᠤᠳᠠᠭ᠎ᠠ ᠨᠦᠬᠡᠴᠢᠯᠡᠭᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠦᠷ᠎ᠡ ᠶᠢᠨ ᠢᠨᠵᠧᠨᠧᠷᠢᠩ ᠪᠠ ᠮᠠᠯ ᠤᠨ ᠡᠭᠦᠯᠳᠡᠷ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠪᠠ ᠮᠠᠯ ᠵᠢᠭᠦᠷᠲᠡᠨ ᠤ ᠰᠠᠶᠢᠨ ᠡᠭᠦᠯᠳᠡᠷ ᠤᠨ ᠨᠣᠷᠮ᠎ᠠ ᠶᠢ 100 % ᠳᠤ ᠭᠦᠷᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠳᠠᠶᠢᠴᠢᠯᠠᠵᠤ᠂ ᠲᠦᠮᠡᠨ ᠮᠦ ᠣᠷᠭᠠᠨᠢᠭ ᠪᠣᠷᠳᠣᠭᠤᠷ ᠠᠰᠢᠭᠯᠠᠬᠤ ᠭᠤᠣᠯ ᠵᠢᠱᠢᠶ᠎ᠡ ᠦᠵᠡᠭᠦᠯᠬᠦ ᠣᠷᠣᠨ᠂ ᠣᠨᠴᠠᠯᠢᠭᠲᠤ ᠥᠨᠳᠥᠷ ᠦᠷ᠎ᠡ ᠠᠰᠢᠭᠲᠤ ᠲᠠᠷᠢᠮᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠪᠣᠯᠤᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠪᠠ ᠨᠠᠷᠠᠲᠤ ᠣᠨᠴᠠ ᠰᠢᠯᠢᠳᠡᠭ ᠰᠢᠨ᠎ᠡ ᠨᠠᠷᠠᠲᠤ ᠲᠥᠷᠥᠯ ᠲᠡᠮᠳᠡᠭᠲᠦ ᠶᠢᠨ ᠬᠡᠷᠡᠴᠢᠯᠠᠯ ᠢ ᠭᠦᠨᠵᠡᠭᠡᠶ ᠥᠷᠨᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠳᠠᠷᠢᠵᠤ ᠲᠡᠵᠢᠭᠡᠬᠦ ᠪᠣᠯᠪᠠᠰᠤᠷᠠᠭᠤᠯᠬᠤ ᠣᠷᠴᠢᠯ ᠢ ᠳᠣᠪᠤᠶᠢᠯᠭᠠᠵᠤ᠂ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ᠂ ᠮᠠᠯ ᠠᠵᠤ ᠠᠬᠤᠶ ᠪᠠᠷ ᠲᠠᠷᠢᠶᠠᠯᠠᠩ ᠢ ᠠᠬᠢᠭᠤᠯᠬᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠶᠢ ᠪᠠᠷᠢᠮᠲᠠᠯᠠᠵᠤ᠂ ᠤᠯᠠᠮᠵᠢᠯᠠᠯᠲᠤ ᠳᠠᠷᠢᠵᠤ ᠲᠡᠵᠢᠭᠡᠬᠦ ᠠᠷᠭ᠎ᠠ ᠬᠡᠯᠪᠡᠷᠢ ᠶᠢ ᠠᠮᠢ ᠠᠬᠤᠶ ᠶᠢᠨ ᠣᠷᠴᠢᠯ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ᠃    ᠪᠠᠶᠠᠨ ᠴᠢᠨᠡᠭᠡᠯᠢᠭ ᠭᠦᠢᠴᠡᠳ ᠪᠤᠯᠭᠠᠬᠤ ᠶᠢᠨ ᠠᠵᠤ ᠦᠢᠯᠡᠰ ᠤᠨ ᠲᠣᠭᠤᠷᠢᠨ ᠳᠤ  ᠠᠵᠦ ᠦᠢᠯᠡᠰ ᠢ ᠠᠳᠬᠤᠨ᠎ᠠ᠃ ᠠᠯᠠᠰᠢᠨ ᠦᠬᠡᠷ ᠤᠨ ᠠᠵᠤ ᠦᠢᠯᠡᠰ ᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠡᠭᠦᠯᠳᠡᠷ ᠰᠠᠶᠢᠵᠢᠷᠠᠭᠤᠯᠬᠤ ᠪᠠ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠬᠤᠶᠠᠷ ᠵᠠᠩᠭᠢᠯᠠᠭ᠎ᠠ ᠶᠢ ᠠᠳᠬᠤᠵᠤ᠂ ᠲᠡᠵᠢᠭᠡᠯ ᠡᠪᠡᠰᠦ ᠪᠣᠷᠳᠤᠭ᠎ᠠ ᠶᠢᠨ ᠪᠠᠲᠤᠯᠠᠭ᠎ᠠ᠂ ᠮᠥᠩᠭᠦᠨ ᠭᠦᠢᠯᠬᠡᠬᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ᠂ ᠨᠡᠶᠢᠭᠡᠮᠴᠢᠯᠡᠭᠰᠡᠨ ᠬᠢᠵᠢᠭ ᠰᠡᠷᠭᠡᠶᠢᠯᠡᠬᠦ ᠭᠤᠷᠪᠠᠨ ᠶᠡᠭᠡ ᠰᠢᠰᠲ᠋ᠧᠮᠵᠢ ᠶᠢ ᠪᠦᠷᠢᠨᠰᠢᠭᠦᠯᠵᠦ᠂ ᠠᠯᠠᠰᠢᠨ ᠦᠬᠡᠷ ᠤᠨ ᠲᠤᠭ᠎ᠠ ᠲᠣᠯᠣᠭᠠᠶ ᠶᠢ 50 ᠲᠦᠮᠡ ᠠᠴᠠ ᠳᠡᠭᠡᠭᠰᠢ ᠳᠤ ᠬᠦᠷᠦᠭᠦᠯᠦᠨ᠎ᠡ᠃ ᠭᠦᠨᠵᠡᠭᠡᠶ ᠡᠳ᠋ᠰᠢᠭᠦᠯᠭᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠰᠠᠭᠠᠭ ᠤᠨ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ᠥᠨᠳᠥᠷ ᠦᠷ᠎ᠡ ᠠᠰᠢᠭᠲᠤ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠷᠢᠮᠠᠯ ᠤᠨ ᠲᠠᠯᠠᠪᠠᠢ ᠶᠢ 30 ᠲᠦᠮᠡᠨ ᠮᠤ᠋ ᠳᠤ ᠬᠦᠷᠭᠡᠨ᠎ᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠶᠢᠨ ᠬᠤᠷᠰᠢᠯᠴᠠᠭ᠎ᠠ ᠶᠢ ᠴᠢᠩᠭᠠᠳᠬᠠᠨ᠂ ᠰᠠᠭᠠᠭ ᠤᠨ ᠡᠷᠡᠭᠦᠯ ᠮᠡᠨᠳᠦ ᠶᠢ ᠬᠠᠮᠠᠭᠠᠯᠠᠬᠤ ᠴᠢᠳᠠᠮᠵᠢ ᠶᠢ ᠭᠦᠨᠵᠡᠭᠡᠶ ᠠᠭᠤᠳᠠᠯᠵᠤ᠂ ᠨᠠᠷᠢᠯᠢᠭ ᠭᠦᠨᠵᠡᠭᠡᠶ ᠡᠳ᠋ᠰᠢᠭᠦᠯᠭᠦ ᠠᠵᠤ ᠠᠬᠤᠶᠢᠯᠠᠯ ᠢ ᠠᠮᠢᠳᠤᠯᠢᠭᠵᠢᠭᠤᠯᠤᠨ ᠣᠷᠣᠭᠤᠯᠵᠤ ᠢᠷᠡᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠠᠭᠠᠭ ᠤᠨ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠢ ᠪᠣᠶ ᠪᠣᠯᠭᠠᠵᠤ᠂ ᠲᠦᠷᠦᠯ ᠲᠡᠮᠳᠡᠭ ᠤᠨ ᠥᠷᠲᠡᠭ ᠢ ᠠᠷᠠᠳ ᠢ ᠪᠠᠶᠠᠵᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠵᠢᠵᠢᠭ ᠨᠢᠳᠤᠷᠭᠠᠨ ᠠᠵᠤ ᠦᠢᠯᠡᠰ ᠢ ᠵᠡᠷᠭᠡ ᠪᠠᠷ ᠪᠤᠵᠠᠭᠠᠶᠢᠷᠠᠭᠤᠯᠤᠨ᠎ᠠ᠃ ᠲᠠᠸᠠᠷ ᠤᠨ ᠨᠤᠭᠤᠰᠤ ᠶᠢ ᠨᠡᠪᠴᠢᠭᠦᠯᠬᠦ᠂ ᠲᠡᠵᠢᠭᠡᠨ ᠦᠷᠡᠵᠢᠭᠦᠯᠬᠦ᠂ ᠡᠳ᠋ᠰᠢᠭᠦᠯᠬᠦ ᠵᠢᠴᠢ ᠭᠦᠯᠳᠡᠭᠦᠦ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠦᠷ᠎ᠡ ᠶᠢᠨ ᠨᠤᠭᠤᠰᠤ ᠲᠡᠵᠢᠭᠡᠨ ᠦᠷᠡᠵᠢᠭᠦᠯᠬᠦ ᠬᠡᠪᠴᠢᠶ᠎ᠡ ᠶᠢ 100 ᠲᠦᠮᠡᠨ ᠥᠳᠥ ᠠᠴᠠ ᠳᠠᠪᠠᠭᠤᠯᠵᠤ᠂ ᠠᠵᠤ ᠠᠬᠤᠢ ᠶᠢᠨ ᠣᠢ ᠵᠢᠮᠢᠰ ᠤᠨ ᠲᠠᠯᠠᠪᠠᠢ ᠶᠢ 10 ᠲᠦᠮᠡᠨ ᠮᠦ ᠠᠴᠠ ᠳᠠᠪᠠᠭᠤᠯᠵᠤ᠂ ᠲᠦᠭᠦᠬᠡᠷᠦᠮᠵᠢᠳᠦ ᠲᠠᠷᠢᠶᠠᠯᠠᠩ ᠤᠨ ᠲᠠᠯᠠᠪᠠᠢ ᠶᠢ 1 ᠲᠦᠮᠡᠨ ᠮᠦ ᠠᠴᠠ ᠳᠠᠪᠠᠭᠤᠯᠵᠤ᠂ ᠣᠨᠴᠠᠯᠢᠭᠲᠤ ᠠᠵᠤ ᠦᠢᠯᠡᠰ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃    ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠶᠢᠨ ᠲᠣᠭᠤᠷᠢᠨ ᠳᠤ ᠳᠡᠭᠡᠭᠰᠢᠯᠡᠯᠲᠡ ᠶᠢ ᠠᠳᠬᠤᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 5 ᠲᠦᠮᠡᠨ ᠲᠡᠭᠰᠢ ᠳᠥᠷᠪᠡᠯᠵᠢᠨ ᠮᠧᠲᠷ ᠫᠧᠩ ᠰᠠᠷᠠᠪᠴᠢ ᠶᠢ ᠰᠢᠨ᠎ᠡ ᠪᠠᠷ ᠪᠠᠶᠢᠭᠤᠯᠵᠤ᠂ 60 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠪᠥᠭᠡᠳ ᠡᠯᠪᠡᠭ ᠬᠤᠷᠢᠶᠠᠯᠲᠠ ᠣᠯᠬᠤ ᠶᠢ ᠪᠠᠲᠤᠯᠠᠨ᠎ᠠ᠃ ᠲᠠᠷᠢᠶᠠᠯᠠᠩ ᠤᠨ ᠮᠠᠰᠢᠨᠴᠢᠯᠠᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠭᠤᠣᠯ ᠪᠣᠯᠬᠤ ᠲᠠᠷᠢᠮᠠᠯ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 95 % ᠠᠴᠠ ᠳᠡᠭᠡᠭᠰᠢ ᠳᠤ ᠬᠦᠷᠦᠭᠦᠯᠦᠨ᠎ᠡ᠃ ᠣᠯᠠᠨ ᠵᠦᠢᠯ ᠤᠨ ᠬᠡᠯᠪᠡᠷᠢ ᠪᠦᠬᠦᠢ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠬᠤᠲᠠ ᠶᠢᠨ ᠱᠠᠲᠤᠨ ᠠᠴᠠ ᠳᠡᠭᠡᠭᠰᠢᠬᠢ ᠲᠣᠯᠣᠭᠠᠶᠢᠯᠠᠭᠴᠢ ᠠᠵᠤ ᠠᠬᠤᠶᠢᠯᠠᠯ ᠢ 7 ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠭᠰᠡᠨ ᠬᠤᠷᠰᠢᠶ᠎ᠠ ᠶᠢ 20 ᠠᠴᠠ ᠳᠡᠭᠡᠭᠰᠢ ᠪᠤᠶᠢᠵᠢᠭᠤᠯᠵᠤ᠂ ᠲᠠᠷᠢᠶᠠᠴᠢᠨ ᠡᠷᠦᠬᠡ ᠶᠢᠨ ᠭᠡᠷ ᠪᠦᠯᠢ ᠶᠢᠨ ᠡᠵᠡᠩᠨᠡᠯᠲᠡ ᠪᠠᠷ ᠰᠠᠭᠤᠷᠢ ᠪᠣᠯᠭᠠᠭᠰᠠᠨ᠂ ᠬᠠᠮᠲᠤᠷᠠᠯᠴᠠᠬᠤ ᠪᠠ ᠬᠤᠯᠪᠣᠭᠠᠯᠠᠬᠤ ᠪᠠᠷ ᠬᠤᠯᠪᠣᠭᠠᠰᠤ ᠪᠣᠯᠭᠠᠭᠰᠠᠨ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢ ᠪᠣᠯᠭᠠᠭᠰᠠᠨ ᠣᠳᠣ ᠦᠶ᠎ᠡ ᠶᠢᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠵᠢᠵᠢᠭ ᠲᠠᠷᠢᠶᠠᠴᠢᠨ ᠡᠷᠦᠬᠡ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠲᠦᠯᠬᠢᠨ ᠠᠬᠢᠭᠤᠯᠵᠤ᠂ ᠲᠠᠷᠢᠶᠠᠴᠢᠨ ᠮᠠᠯᠴᠢᠳ ᠲᠤ ᠠᠵᠤ ᠦᠢᠯᠡᠰ ᠤᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢ ᠨᠠᠩ ᠣᠯᠠᠨ ᠡᠳ᠋ᠯᠡᠭᠦᠯᠦᠨ᠎ᠡ᠃    ︵ᠭᠤᠷᠪᠠ︶ ᠨᠠᠩ ᠥᠨᠳᠥᠷ ᠲᠠᠰ ᠳᠠᠪᠬᠤᠷᠭ᠎ᠠ ᠪᠠᠷ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠦᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃  ᠨᠠᠷᠠᠲᠤ ᠡᠯᠡᠰᠦ᠂ ᠨᠠᠷᠠᠲᠤ ᠬᠡᠶᠢᠳ᠂ ᠨᠠᠷᠠᠲᠤ ᠪᠥᠵᠢᠭ᠂ ᠨᠠᠷᠠᠲᠤ ᠢᠳᠡᠭᠡᠨ᠂ ᠨᠠᠷᠠᠲᠤ ᠡᠮ᠂ ᠨᠠᠷᠠᠲᠤ ᠪᠠᠯᠭᠠᠰᠤ ᠵᠡᠷᠭᠡ ᠨᠠᠷᠠᠲᠤ ᠲᠥᠷᠥᠯ ᠲᠡᠮᠳᠡᠭᠲᠦ ᠶᠢᠨ ᠡᠬᠢ ᠪᠠᠶᠠᠯᠢᠭ ᠲᠤ ᠲᠦᠰᠢᠭᠯᠡᠨ᠂ ᠪᠥᠬᠦ ᠣᠷᠣᠨ ᠪᠦᠰᠡᠴᠢᠯᠡᠭᠰᠡᠨ ᠪᠠᠶᠢᠷᠢᠰᠢᠭᠤᠯᠤᠯᠲᠠ᠂ ᠪᠥᠬᠦ ᠬᠦᠴᠦᠨ ᠵᠦᠢᠯ ᠢ ᠨᠡᠭᠡᠭᠡᠨ ᠬᠥᠭᠵᠢᠭᠦᠯᠬᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃    ᠦᠵᠡᠮᠵᠢ ᠶᠢᠨ ᠭᠠᠵᠠᠷ ᠢ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠪᠤᠯᠭᠠᠨ᠎ᠠ᠃ ᠬᠤᠳᠠᠯᠳᠤᠭᠠᠴᠢᠨ ᠤᠷᠢᠵᠤ ᠪᠠᠯᠠ ᠲᠠᠲᠠᠬᠤ ᠪᠠᠷ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠥᠷᠥᠩᠭᠡ ᠶᠢ ᠵᠣᠯᠭᠠᠭᠤᠯᠬᠤ᠂ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ ᠶᠢ ᠳᠠᠶᠢᠴᠢᠯᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃ ᠬᠠᠳᠠᠭᠤ᠂ ᠪᠧᠪᠸᠢ ᠵᠠᠩ ᠦᠢᠯᠡ ᠶᠢᠨ ᠵᠢᠵᠢᠭ ᠪᠠᠯᠭᠠᠰᠤᠨ ᠤ ᠲᠥᠷᠥᠯ ᠵᠦᠢᠯ ᠢ ᠬᠡᠷᠡᠭᠵᠢᠭᠦᠯᠵᠦ᠂ ᠤᠮᠠᠷᠠᠲᠤ ᠣᠷᠣᠨ ᠤ ᠠᠷᠠᠳ ᠤᠨ ᠵᠠᠩ ᠦᠢᠯᠡ ᠶᠢᠨ ᠪᠡᠶᠡᠴᠢᠯᠡᠨ ᠣᠶᠢᠯᠠᠭᠠᠬᠤ ᠲᠣᠭᠤᠷᠢᠭ ᠢ ᠪᠠᠶᠢᠭᠤᠯᠤᠨ᠎ᠠ︔ ᠯᠢᠦ ᠵᠢᠶᠠᠽᠢ ᠶᠢᠨ ᠤᠰᠤᠨ ᠴᠥᠭᠦᠷᠥᠮ ᠤᠨ ᠠᠮᠠᠷᠠᠯᠲᠠ ᠶᠢᠨ ᠣᠷᠣᠨ᠂ ᠲᠤᠯᠤᠳᠦ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠭᠠᠴᠠᠭ᠎ᠠ᠂ ᠶᠤᠸᠠᠨ ᠪᠦᠦ ᠱᠠᠨ ᠵᠢᠮᠢᠰ ᠲᠡᠭᠦᠬᠦ ᠬᠦᠷᠢᠶᠡᠯᠡᠩ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠳᠤᠮᠳᠠ ᠬᠡᠰᠡᠭ ᠤᠨ ᠡᠯᠡᠰᠦᠨ ᠴᠦᠯ ᠤᠨ ᠤᠰᠤᠨ ᠴᠥᠭᠦᠷᠥᠮ ᠤᠨ ᠠᠮᠢ ᠠᠬᠤᠢ ᠶᠢᠨ ᠠᠮᠠᠷᠠᠯᠲᠠ ᠶᠢᠨ ᠣᠷᠣᠨ ᠢ ᠪᠠᠶᠢᠭᠤᠯᠤᠨ᠎ᠠ︔ ᠴᠢᠨ ᠵᠢᠶᠠ ᠭᠧᠦ᠂ ᠸᠧᠨ ᠵᠢᠶᠠ ᠵᠠᠩ ᠽᠢ ᠵᠢᠮᠢᠰ ᠲᠡᠭᠦᠬᠦ ᠬᠦᠷᠢᠶᠡᠯᠡᠩ ᠪᠠ  ᠬᠡᠷᠡᠯ ᠤᠨ ᠲᠡᠦᠬᠡ ᠰᠣᠶᠣᠯ ᠤᠨ ᠪᠡᠶᠡᠴᠢᠯᠡᠨ ᠣᠶᠢᠯᠠᠭᠠᠬᠤ ᠲᠣᠰᠬᠤᠨ᠂ ᠰᠢᠶᠠᠨᠵᠢᠨ ᠤ ᠦᠵᠡᠰᠬᠦᠯᠡᠩᠲᠦ ᠬᠠᠢ ᠳᠠᠩ ᠵᠢᠮᠢᠰ ᠲᠡᠭᠦᠬᠦ ᠬᠦᠷᠢᠶᠡᠯᠡᠩ ᠵᠡᠷᠭᠡ ᠲᠥᠷᠦᠯ ᠵᠦᠢᠯ ᠢ ᠬᠡᠷᠡᠭᠵᠢᠭᠦᠯᠵᠦ᠂ ᠡᠮᠦᠨ᠎ᠡ ᠬᠡᠰᠡᠭ ᠤᠨ ᠬᠥᠳᠡᠭᠡ ᠲᠣᠰᠬᠤᠨ ᠤ ᠰᠡᠯᠡᠭᠦᠴᠡᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠢ ᠪᠠᠶᠢᠭᠤᠯᠤᠨ᠎ᠠ᠃ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠭᠠᠭ᠋ᠠᠢ ᠠᠭᠤᠯᠠ ᠤᠰᠤᠨ ᠴᠥᠭᠦᠷᠥᠮ᠂ ᠤᠯᠤᠰ ᠤᠨ ᠡᠯᠡᠰᠦᠨ ᠴᠡᠴᠡᠷᠯᠢᠭ᠂ ᠤᠯᠤᠰ ᠤᠨ ᠣᠢ ᠰᠢᠭᠤᠢ ᠶᠢᠨ ᠴᠡᠴᠡᠷᠯᠢᠭ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠮᠦᠩᠭᠦᠨ ᠡᠯᠡᠰᠦᠨ ᠲᠤᠬᠤᠢ ︽ᠤᠰᠤ ᠬᠠᠭᠤᠷᠠᠢ ᠠᠭᠠᠷ︾ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ᠎ᠠ᠃ ᠬᠢᠲᠠᠳ ︵ᠮᠣᠩᠭᠤᠯ︶ ᠤᠨ ᠡᠮᠴᠢᠯᠡᠭᠡ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠤᠨ ᠬᠦᠷᠢᠶᠡᠯᠡᠩ᠂ ᠲᠡᠦᠬᠡ ᠰᠣᠶᠣᠯ ᠤᠨ ᠵᠡᠭᠡᠯᠢ ᠲᠣᠭᠤᠷᠢᠭ ᠵᠡᠷᠭᠡ ᠲᠥᠷᠥᠯ ᠵᠦᠢᠯ ᠢ ᠪᠥᠬᠦ ᠬᠦᠴᠦᠨ ᠢᠶᠠᠷ ᠠᠬᠢᠭᠤᠯᠵᠤ᠂ ᠴᠡᠭ ᠢᠶᠠᠷ ᠱᠤᠭᠤᠮ ᠪᠣᠯᠭᠠᠵᠤ᠂ ᠱᠤᠭᠤᠮ ᠢᠶᠠᠷ ᠨᠡᠶᠢᠳᠡᠮ ᠢ ᠳᠠᠶᠢᠴᠢᠯᠠᠵᠤ᠂ ᠵᠢᠭᠤᠯᠴᠢᠯᠠᠯ ᠤᠨ ᠠᠵᠤ ᠦᠢᠯᠡᠰ ᠢ ᠦᠵᠡᠮᠵᠢ ᠶᠢᠨ ᠣᠷᠣᠨ ᠤ ᠵᠢᠭᠤᠯᠴᠢᠯᠠᠯ ᠠᠴᠠ ᠪᠥᠬᠦ ᠣᠷᠣᠨ ᠪᠦᠰᠡ ᠶᠢᠨ ᠵᠢᠭᠤᠯᠴᠢᠯᠠᠯ ᠳᠠᠰᠢ ᠬᠤᠪᠢᠷᠠᠭᠤᠯᠬᠤ ᠶᠢ ᠠᠬᠢᠭᠤᠯᠤᠨ᠎ᠠ᠃    ᠦᠢᠯᠡᠴᠢᠯᠡᠭᠡ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ᠃ ᠵᠠᠬ᠎ᠠ ᠳᠡᠯᠭᠡᠭᠦᠷᠴᠢᠯᠡᠬᠦ᠂ ᠨᠡᠶᠢᠭᠡᠮᠴᠢᠯᠡᠬᠦ ᠠᠷᠭ᠎ᠠ ᠮᠠᠶ᠋ᠢᠭ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠨᠠᠭᠠᠳᠬᠤ ᠵᠡᠷᠭᠡ ᠵᠢᠷᠭᠤᠭᠠᠨ ᠭᠦᠴᠦᠨ ᠵᠦᠢᠯ ᠤᠨ ᠲᠣᠭᠤᠷᠢᠨ ᠳᠤ᠂ ᠪᠦᠬᠦ ᠬᠡᠯᠬᠢᠶᠡᠨ ᠤ ᠨᠡᠭᠡᠭᠡᠨ ᠬᠥᠭᠵᠢᠭᠦᠯᠦᠯᠲᠡ ᠶᠢ ᠴᠢᠩᠭᠠᠳᠬᠠᠨ᠂ ᠵᠤᠭᠠᠴᠠᠭᠰᠠᠳ ᠲᠤ ᠦᠢᠯᠡᠴᠢᠯᠡᠬᠦ ᠲᠥᠪ ᠤᠨ ᠪᠦᠲᠦᠭᠡᠨ ᠪᠠᠢᠭᠤᠯᠤᠯᠲᠠ ᠶᠢ ᠲᠡᠭᠦᠯᠳᠡᠷᠵᠢᠭᠦᠯᠵᠦ᠂ ᠭᠠᠷ ᠤᠲᠠᠰᠤ ᠪᠠᠷ ᠬᠦᠷᠢᠶᠡᠨ ᠤ ᠤᠶᠤᠨᠲᠤ ᠵᠤᠭᠠᠴᠠᠯ ᠤᠨ ᠲᠠᠪᠴᠠᠩ ᠢ ᠨᠡᠪᠲᠡᠷᠡᠭᠦᠯᠵᠦ᠂ ᠦᠵᠡᠮᠵᠢ ᠶᠢᠨ ᠣᠷᠣᠨ ᠤ ᠳᠣᠲᠣᠷᠠᠬᠢ ᠵᠠᠮ᠂ ᠵᠤᠭᠠᠴᠠᠯ ᠤᠨ ᠲᠡᠮᠳᠡᠭ᠂ ᠵᠤᠭᠠᠴᠠᠯ ᠤᠨ ᠵᠣᠷᠯᠣᠩ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠤᠷᠪᠠᠨ ᠭᠡᠷ᠂ ᠲᠤᠯᠤᠳᠦ ᠵᠡᠷᠭᠡ ᠭᠠᠵᠠᠷ ᠲᠤ ᠨᠢᠭᠡ ᠪᠦᠯᠦᠭ ᠲᠠᠷᠢᠶᠠᠴᠢᠨ ᠠᠶᠢᠯ ᠤᠨ ᠵᠤᠭᠠᠴᠠᠯ᠂ ᠮᠠᠯᠴᠢᠨ ᠠᠶᠢᠯ ᠤᠨ ᠵᠤᠭᠠᠴᠠᠯ᠂ ᠵᠢᠭᠠᠰᠤᠴᠢᠨ ᠠᠶᠢᠯ ᠤᠨ ᠵᠤᠭᠠᠴᠠᠯ ᠵᠡᠷᠭᠡ ᠣᠨᠴᠠᠯᠢᠭᠲᠤ ᠠᠷᠠᠳ ᠤᠨ ᠰᠠᠭᠤᠴᠠ ᠶᠢᠨ ᠲᠥᠷᠥᠯ ᠵᠦᠢᠯ ᠢ ᠪᠠᠶᠢᠭᠤᠯᠵᠤ᠂ ᠵᠤᠭᠠᠴᠠᠯ ᠤᠨ ᠬᠦᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠦᠵᠡᠮᠵᠢ ᠶᠢᠨ ᠣᠷᠣᠨ ᠦᠵᠡᠮᠵᠢ ᠶᠢᠨ ᠴᠡᠭ᠂ ᠢᠳᠡᠭᠡᠨ ᠤᠮᠳᠠᠭᠠᠨ ᠤ ᠦᠢᠯᠡᠴᠢᠯᠡᠭᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠦᠵᠡᠮᠵᠢ ᠶᠢᠨ ᠣᠷᠣᠨ ᠤ  ᠦᠢᠯᠡᠴᠢᠯᠡᠬᠡᠨ ᠤ ᠶᠠᠰᠤ ᠴᠢᠨᠠᠷ᠂ ᠡᠵᠡᠩᠨᠡᠯᠲᠡ ᠶᠢᠨ ᠡᠮᠬᠢ ᠳᠢᠭᠯᠢᠮ᠂ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠢᠯᠡᠳᠲᠡ ᠳᠡᠭᠡᠭᠰᠢᠯᠡᠭᠦᠯᠬᠦ ᠶᠢ ᠪᠦᠭᠦ ᠬᠦᠴᠦᠨ ᠢᠶᠠᠷ ᠠᠬᠢᠭᠤᠯᠤᠨ᠎ᠠ᠃    ᠵᠠᠬ᠎ᠠ ᠳᠡᠯᠭᠡᠭᠦᠷ ᠢ ᠥᠷᠭᠡᠳᠬᠡᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ᠃ ︽ᠣᠷᠣᠭᠤᠯᠵᠤ ᠢᠷᠡᠬᠦ︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠠᠨᠳᠠᠶ᠂ ᠪᠢᠯᠠᠭᠤ ᠵᠡᠷᠭᠡ ᠲᠡᠦᠬᠡ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠨᠢᠭᠡ ᠪᠦᠯᠦᠭ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠠᠴᠢᠮᠠᠭ ᠠᠭᠤᠯᠠ ᠶᠢᠨ ᠬᠤᠷᠮᠣᠶ︾ ᠵᠡᠷᠭᠡ ᠨᠢᠭᠡ ᠪᠦᠯᠦᠭ ᠣᠷᠣᠨ ᠨᠤᠲᠤᠭ ᠤᠨ ᠰᠣᠶᠣᠯ ᠤᠨ ᠣᠨᠴᠠᠯᠢᠭ ᠪᠠ ᠵᠤᠭᠠᠴᠠᠭᠰᠠᠳ ᠤᠨ ᠣᠷᠣᠯᠴᠠᠬᠤ ᠴᠢᠨᠠᠷ ᠢᠶᠠᠷ ᠴᠢᠩᠭ᠎ᠠ ᠲᠣᠭᠯᠠᠯᠲᠠ ᠶᠢᠨ ᠫᠷᠤᠭ᠍ᠷᠠᠮ ᠢ ᠵᠣᠬᠢᠶᠠᠨ ᠨᠠᠶᠢᠷᠠᠭᠤᠯᠵᠤ᠂ ᠵᠢᠭᠤᠯᠴᠢᠯᠠᠯ ᠤᠨ ᠣᠶᠢᠯᠠᠭᠠᠯᠲᠠ ᠶᠢ ᠪᠠᠶᠠᠯᠢᠭᠵᠢᠭᠤᠯᠤᠨ᠂ ︽ᠭᠠᠷᠠᠭ ᠤᠨ ᠰᠡᠭᠦᠯᠴᠢ ᠶᠢᠨ ᠵᠤᠭᠠᠴᠠᠯ ᠬᠦᠷᠢᠶ᠎ᠡ︾ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ︽ᠭᠠᠷᠴᠤ ᠶᠠᠪᠤᠬᠤ︾ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠠᠬᠢᠭᠤᠯᠵᠤ᠂ ᠰᠦᠯᠵᠢᠶᠡᠨ ᠭᠠᠳᠠᠨ᠎ᠠ ᠲᠠᠨᠢᠯᠴᠠᠭᠤᠯᠬᠤ ᠪᠠ ᠰᠦᠯᠵᠢᠶᠡᠨ ᠳᠡᠭᠡᠷ᠎ᠡ ᠤᠬᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂  ᠦᠵᠡᠮᠵᠢ ᠶᠢᠨ ᠣᠷᠣᠨ ᠤ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠯᠡᠰᠦᠨ ᠴᠥᠯ ᠤᠨ ᠬᠡᠭᠡᠷᠡᠯᠡᠬᠦ ᠤᠷᠤᠯᠳᠤᠭᠠᠨ᠂ ᠠᠨᠳᠠᠶ ᠤᠷᠠᠯᠢᠭ ᠤᠨ ᠪᠠᠶᠠᠷ᠂ ᠰᠠᠭᠠᠭ ᠤᠨ ᠠᠮᠲᠠᠲᠤ ᠢᠳᠡᠭᠡᠨ ᠤ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠬᠢᠯᠡᠵᠦ᠂ ᠰᠦᠯᠵᠢᠶᠡᠨ ᠳᠡᠭᠡᠷᠡᠬᠢ ᠲᠠᠪᠴᠠᠩ ᠳᠤ ᠲᠦᠰᠢᠭᠯᠡᠨ᠂ ᠡᠷᠭᠢᠨ ᠲᠣᠭᠤᠷᠢᠨ ᠤ ᠦᠵᠡᠮᠵᠢ ᠶᠢᠨ ᠣᠷᠣᠨ ᠯᠤᠭ᠎ᠠ ᠮᠡᠳᠡᠭᠡ ᠵᠠᠩᠭᠢ ᠪᠠᠨ ᠬᠠᠷᠢᠯᠴᠠᠨ  ᠨᠡᠪᠳᠡᠷᠡᠯᠴᠡᠵᠦ᠂ ᠵᠠᠬ᠎ᠠ ᠳᠡᠯᠭᠡᠭᠦᠷ ᠢᠶᠠᠨ ᠬᠠᠮᠲᠤᠪᠠᠷ ᠡᠳ᠋ᠯᠡᠭᠦ᠂ ᠵᠢᠭᠤᠯᠴᠢᠯᠠᠭᠰᠠᠳ ᠢᠶᠠᠨ ᠬᠠᠷᠢᠯᠴᠠᠨ ᠰᠣᠯᠢᠯᠴᠠᠬᠤ ᠶᠢ ᠪᠡᠶᠡᠯᠡᠭᠦᠯᠵᠦ᠂ ᠵᠢᠭᠤᠯᠴᠢᠯᠠᠭᠰᠠᠳ ᠢ ᠨᠡᠶᠢᠲᠡ 400 ᠲᠦᠮᠡᠨ ᠬᠥᠮᠦᠨ ᠤᠳᠠᠭ᠎ᠠ ᠠᠴᠠ ᠳᠡᠭᠡᠭᠰᠢ ᠬᠦᠯᠢᠶᠡᠨ ᠠᠪᠴᠤ᠂ ᠵᠢᠭᠤᠯᠴᠢᠯᠠᠯ ᠤᠨ ᠨᠡᠶᠢᠭᠡᠮ ᠤᠨ ᠶᠡᠷᠦᠩᠬᠡᠶᠢᠯᠡᠭᠰᠡᠨ ᠣᠷᠣᠯᠭ᠎ᠠ ᠶᠢ 9 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃    ︵ᠲᠦᠷᠪᠡ︶ ᠨᠡᠩ ᠤᠯᠠᠨ ᠠᠷᠭ᠎ᠠ ᠬᠡᠮᠵᠢᠶ᠎ᠡ ᠪᠠᠷ ᠠᠵᠤ ᠦᠢᠯᠡᠳᠪᠦᠷᠢ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠲᠤᠯᠭᠠᠭᠤᠷᠢᠯᠠᠯ ᠢ ᠪᠦᠬᠦ ᠬᠦᠴᠦᠨ ᠢᠶᠠᠷ ᠴᠣᠭᠴᠠᠯᠠᠨ᠎ᠠ᠃ ︽ᠲᠥᠷᠥᠯ ᠵᠦᠢᠯ ᠢᠶᠠᠷ ᠭᠤᠤᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠤᠯ ᠪᠣᠯᠭᠠᠬᠤ︾ ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠵᠠᠩᠰᠢᠯ ᠰᠡᠳᠬᠢᠬᠦᠶ ᠪᠠ ᠠᠷᠭ᠎ᠠ ᠵᠠᠮ ᠳᠤ ᠲᠦᠰᠢᠭᠯᠡᠬᠦ ᠠᠴᠠ ᠠᠩᠭᠢᠵᠢᠷᠠᠵᠤ᠂ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠭᠵᠢᠭᠤᠯᠵᠤ  ᠂ ᠪᠣᠬᠢᠷᠲᠤᠯ ᠦᠭᠡᠢ ᠠᠵᠤ ᠦᠢᠯᠡᠰ ᠪᠣᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ᠃    ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃ ᠰᠢᠯᠢᠳᠡᠭ ᠢ ᠨᠢ ᠪᠤᠶᠢᠵᠢᠭᠤᠯᠵᠤ ᠬᠦᠴᠦᠷᠬᠡᠭ ᠢ ᠨᠢ ᠲᠡᠳᠬᠦᠬᠦ ᠶᠢ ᠳᠣᠪᠤᠶᠢᠯᠭᠠᠵᠤ᠂ ᠬᠦᠷᠢᠶ᠎ᠡ ᠶᠢᠨ ᠮᠣᠩᠭᠤᠯ ᠡᠮ᠂ ᠯᠢᠤᠢ ᠵᠧᠦ ᠢᠳᠡᠬᠡᠨ᠂ ᠯᠢᠦᠢ ᠶᠠᠨ ᠲᠠᠷᠢᠶᠠᠯᠠᠩ᠂ ᠪᠠᠶᠠᠨ ᠪᠦᠷᠢᠳᠦ ᠶᠢᠨ ᠢᠳᠡᠭᠡᠨ᠂ ᠵᠧᠨ ᠹᠠ ᠬᠡᠷᠡᠯ ᠴᠡᠨᠡᠭ ᠵᠡᠷᠭᠡ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠲᠠᠰ ᠳᠡᠪᠰᠢᠬᠦ ᠶᠢ ᠠᠬᠢᠭᠤᠯᠤᠨ᠂ ᠭᠠᠷᠤᠯᠲᠠ ᠶᠢ ᠨᠢ ᠨᠡᠮᠡᠭᠳᠡᠭᠦᠯᠵᠦ ᠪᠠᠭᠲᠠᠭᠠᠮᠵᠢ ᠶᠢ ᠨᠢ ᠥᠷᠭᠡᠳᠬᠡᠨ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠮᠣᠩᠭᠤᠯ ᠡᠮ ᠡᠮᠨᠡᠯᠭᠡ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ ᠬᠡᠯᠬᠢᠶ᠎ᠡ ᠶᠢ ᠨᠢ ᠨᠥᠬᠦᠪᠥᠷᠢᠯᠡᠵᠦ ᠬᠡᠯᠬᠢᠶ᠎ᠡ ᠶᠢ ᠨᠢ ᠤᠷᠲᠤᠳᠬᠠᠨ ᠬᠥᠭᠵᠢᠭᠦᠯᠬᠦ ᠶᠢ ᠠᠬᠢᠭᠤᠯᠤᠨ᠎ᠠ᠃ ᠡᠬᠢ ᠪᠠᠶᠠᠯᠢᠭ ᠤᠨ ᠥᠷᠲᠡᠭ ᠢ ᠳᠡᠭᠡᠭᠰᠢᠯᠡᠭᠦᠯᠬᠦ ᠶᠢ ᠲᠣᠪᠤᠶᠢᠯᠭᠠᠨ᠂ ᠴᠠᠬᠢᠭᠤᠷᠲᠤ ᠬᠠᠶᠢᠷ᠂ ᠴᠣᠬᠤᠶ ᠶᠢᠨ ᠴᠢᠯᠠᠭᠤ ᠶᠢ ᠭᠦᠨᠵᠡᠭᠡᠶ ᠡᠳ᠋ᠰᠢᠭᠦᠯᠭᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠯᠲᠡ ᠶᠢ ᠠᠩᠬ᠎ᠠ ᠠᠯᠬᠤᠮ ᠮᠠᠯᠲᠠᠵᠤ ᠰᠣᠩᠭᠤᠵᠤ ᠪᠠᠶᠢᠭᠰᠠᠨ ᠠᠴᠠ ᠨᠢ ᠨᠠᠷᠢᠯᠢᠭ ᠭᠦᠨᠵᠡᠭᠡᠶ ᠡᠳ᠋ᠰᠢᠭᠦᠯᠭᠦ ᠲᠡᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠲᠤᠪᠤᠶᠢᠯᠭᠠᠨ᠂ ᠬᠦᠷᠢᠶᠡᠯᠡᠩ ᠲᠣᠭᠤᠷᠢᠭ ᠤᠨ ᠣᠷᠣᠨ ᠵᠠᠢ   ᠶᠢ ᠵᠦᠢ ᠵᠣᠬᠢᠰᠲᠠᠢ ᠲᠥᠯᠥᠪᠵᠢᠭᠦᠯᠦᠨ ᠥᠷᠭᠡᠳᠬᠡᠵᠦ᠂ ᠭᠠᠵᠠᠷ ᠰᠢᠷᠣᠢ ᠶᠢ ᠠᠮᠢᠳᠤᠯᠢᠭᠵᠢᠭᠤᠯᠤᠨ ᠬᠤᠷᠢᠶᠠᠨ ᠬᠠᠳᠠᠭᠠᠯᠠᠬᠤ ᠡᠷᠴᠢᠮ ᠢ ᠨᠡᠮᠡᠭᠳᠡᠭᠦᠯᠦᠨ᠂ ᠴᠢᠳᠠᠮᠵᠢ ᠶᠢᠨ ᠢᠵᠢ ᠪᠦᠷᠢᠳᠦᠬᠦᠯᠬᠦ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠦᠯᠦᠭᠯᠡᠯᠵᠢᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠦᠢᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠢ ᠳᠠᠪᠠᠭ᠋ᠤ᠂ ᠭᠠᠶᠢᠯᠢ ᠲᠠᠲᠠᠪᠤᠷᠢ ᠨᠢ ᠮᠢᠩᠭᠠᠨ ᠲᠦᠮᠡᠨ ᠲᠥᠭᠦᠷᠢᠭ ᠢ ᠳᠠᠪᠠᠭ᠋ᠤ ᠠᠵᠤ ᠠᠬᠤᠶᠢᠯᠠᠯ ᠢ 5 ᠠᠴᠠ ᠳᠡᠭᠡᠭᠰᠢ ᠪᠤᠶᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 8 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃    ᠠᠷᠠᠯᠵᠢᠶᠠᠴᠢᠨ ᠤᠷᠢᠬᠤ ᠬᠤᠷᠳᠤᠴᠠ ᠶᠢ ᠬᠦᠴᠦᠯᠡᠨ ᠠᠬᠢᠭᠤᠯᠤᠨ᠎ᠠ᠃ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠶᠠᠪᠤᠳᠠᠯ ᠢ ᠬᠥᠭᠵᠢᠯᠲᠡ ᠶᠢ ᠲᠦᠷᠭᠡᠳᠬᠡᠬᠦ ᠰᠢᠢᠳᠪᠦᠷᠢᠳᠦ ᠰᠢᠲᠠᠷ᠎ᠠ ᠪᠣᠯᠭᠠᠵᠤ᠂ ᠲᠣᠭᠲᠠᠴᠠ ᠪᠠᠶᠢᠭᠤᠯᠤᠨ᠂ ᠡᠭᠦᠷᠭᠡ ᠲᠣᠭᠲᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠱᠠᠩᠨᠠᠵᠤ ᠲᠣᠷᠭᠠᠬᠤ ᠶᠢ ᠲᠣᠳᠣᠷᠬᠠᠶᠢᠯᠠᠵᠤ᠂ ᠪᠦᠬᠦ ᠠᠵᠢᠯᠲᠠᠨ ᠬᠤᠳᠠᠯᠳᠤᠭᠠᠴᠢᠨ ᠤᠷᠢᠬᠤ᠂ ᠵᠢᠯ ᠲᠤᠷᠰᠢ ᠬᠤᠳᠠᠯᠳᠤᠭᠠᠴᠢᠨ ᠤᠷᠢᠬᠤ ᠬᠠᠯᠠᠮᠰᠢᠯ ᠪᠠᠭᠤᠷᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠠᠪᠠᠭᠤᠯᠢᠭ ᠭᠤᠤᠯᠯᠠᠬᠤ ᠠᠵᠤ ᠦᠢᠯᠡᠰ ᠪᠠ ᠣᠨᠴᠠᠯᠢᠭᠲᠤ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ︽ᠲᠣᠭᠲᠠᠮᠠᠯ ᠪᠠᠯᠠ ᠣᠷᠣᠭᠤᠯᠤᠯᠲᠠ᠂ ᠭᠠᠶᠢᠯᠢ ᠲᠠᠲᠠᠪᠤᠷᠢ᠂ ᠠᠵᠢᠯ ᠣᠯᠭᠤᠯᠲᠠ︾ ᠶᠢᠨ ᠨᠡᠮᠡᠭᠳᠡᠯ ᠤᠨ ᠬᠠᠷᠠᠯᠲᠠ ᠶᠢ ᠴᠢᠩᠭ᠎ᠠ ᠠᠳᠬᠤᠵᠤ᠂ ︽ᠣᠷᠣᠨ ᠠᠯᠤᠰᠯᠠᠭᠰᠠᠨ ᠠᠵᠤ ᠠᠬᠤᠶ︾ ᠬᠢᠭᠡᠳ ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ ᠲᠦᠷᠭᠡᠨ ᠪᠥᠭᠡᠳ ᠵᠡᠷᠭᠡ ᠪᠠᠷ ᠬᠥᠭᠵᠢᠬᠦ ᠶᠢ ᠪᠥᠬᠦ ᠬᠦᠴᠦᠨ ᠢᠶᠠᠷ ᠳᠥᠯᠭᠢᠨ ᠠᠬᠢᠭᠤᠯᠤᠨ᠎ᠠ᠃ ᠡᠬᠢ ᠪᠠᠶᠠᠯᠢᠭ ᠪᠠ ᠣᠷᠣᠨ ᠪᠦᠰᠡ ᠶᠢᠨ ᠬᠢᠵᠠᠭᠠᠷᠯᠠᠯ ᠠᠴᠠ ᠮᠤᠯᠲᠤᠷᠠᠬᠤ ᠶᠢ ᠪᠠᠷᠢᠮᠲᠠᠯᠠᠵᠤ᠂ ︽ᠣᠷᠣ ᠦᠭᠡᠢ ᠭᠠᠵᠠᠷ ᠤᠪᠤᠭ᠎ᠠ ᠪᠤᠰᠬᠠᠬᠤ︾ ᠠᠵᠢᠯ ᠢ ᠰᠠᠶᠢᠲᠤᠷ ᠬᠢᠵᠦ᠂ 25 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢ ᠣᠷᠣᠭᠤᠯᠵᠤ ᠠᠪᠴᠢᠷᠠᠨ᠎ᠠ᠃ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ︽ᠬᠤᠶᠠᠷ ᠰᠢᠨ᠎ᠡ ᠨᠢᠭᠡ ᠬᠦᠨᠳᠦ︾᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠬᠥᠭᠵᠢᠯᠲᠡ ᠶᠢᠨ ᠬᠠᠮᠤᠭ ᠤᠨ ᠪᠠᠴᠢᠮ ᠬᠡᠷᠡᠭᠴᠡᠭᠡᠲᠡᠶ᠂ ᠣᠯᠠᠨ ᠲᠦᠮᠡᠨ ᠤ ᠬᠠᠮᠤᠭ ᠠᠴᠠ ᠬᠦᠰᠡᠵᠦ ᠪᠠᠶᠢᠭ᠎ᠠ ᠵᠦᠢᠯᠡᠰ ᠤᠨ ᠲᠣᠭᠤᠷᠢᠨ ᠳᠤ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ᠂ ᠰᠠᠭᠤᠷᠢ ᠶᠢ ᠪᠠᠬᠢᠵᠢᠭᠦᠯᠬᠦ᠂ ᠳᠡᠭᠡᠭᠰᠢᠯᠡᠯᠲᠡ ᠶᠢ ᠠᠬᠢᠭᠤᠯᠬᠤ ᠲᠥᠷᠥᠯ ᠵᠦᠢᠯ ᠢ ᠢᠳᠡᠪᠬᠢᠲᠡᠶ ᠰᠦᠪᠡᠭᠴᠢᠯᠡᠨ ᠣᠯᠵᠤ᠂ ᠳᠡᠭᠡᠳᠦ ᠱᠠᠲᠤᠨ ᠠᠴᠠ ᠲᠡᠮᠡᠴᠡᠨ ᠤᠯᠬᠤ ᠪᠠᠯᠠ ᠮᠥᠩᠭᠦ ᠶᠢ 40 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠭᠦᠷᠬᠡᠨ᠎ᠡ᠃    ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ︽ ᠲᠠᠯᠪᠢᠬᠤ ᠬᠠᠮᠢᠶᠠᠷᠬᠤ ᠦᠢᠯᠡᠴᠢᠯᠡᠭᠦ︾ ᠥᠭᠡᠷᠡᠴᠢᠯᠡᠯᠲᠡ ᠪᠠ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠨᠢᠭᠡ ᠥᠷᠲᠡᠭᠡ ᠮᠠᠶ᠋ᠢᠭ ᠤᠨ ᠴᠢᠳᠠᠮᠵᠢ ᠶᠢ ᠰᠢᠯᠢᠳᠡᠭᠵᠢᠭᠦᠯᠦᠨ᠂ ︽ᠰᠦᠯᠵᠢᠶᠡᠨ ᠳᠡᠭᠡᠷ᠎ᠡ ᠭᠦᠢᠴᠡᠳᠬᠡᠭᠦ︾᠂ ︽ᠨᠢᠭᠡ ᠯᠡ ᠤᠳᠠᠭ᠎ᠠ ᠳᠤ ᠭᠦᠢᠴᠡᠳᠬᠡᠭᠦ︾᠂ ︽ᠨᠢᠭᠤᠷ ᠤᠴᠠᠷᠠᠬᠤ ᠦᠬᠡᠢ ᠪᠠᠷ ᠭᠦᠢᠴᠡᠳᠬᠡᠭᠦ ︾ ᠪᠠᠶᠢᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 24 ᠴᠠᠭ ᠲᠤ ᠡᠭᠦᠳᠡ ᠪᠠᠨ ᠬᠠᠭᠠᠬᠤ ᠥᠬᠡᠶ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠭᠦ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ᠲᠥᠷᠥᠯ ᠵᠦᠢᠯ ᠤᠨ ᠬᠠᠮᠢᠶᠠᠷᠤᠭᠴᠢ ᠶᠢᠨ ᠠᠵᠢᠯ ᠤᠨ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ ᠦᠢᠯᠡᠴᠢᠯᠡᠬᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠵᠦ᠂ ᠬᠤᠰᠢᠭᠤᠨ ᠤ ᠬᠠᠷᠢᠶᠠᠲᠤ ᠤᠯᠤᠰ ᠤᠨ ᠦᠮᠴᠢᠯᠠᠯᠳᠦ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ᠃ ︽ᠬᠤᠳᠠᠯᠳᠤᠭᠠᠴᠢᠨ ᠢ ᠳᠣᠲᠣᠨᠣᠴᠢᠯᠠᠵᠤ ᠠᠷᠢᠭᠤᠨ ᠴᠢᠬᠡᠴᠢ ᠶᠢ ᠲᠤᠰᠠᠯᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠳᠣᠲᠣᠨᠣ︾ ︽ᠴᠢᠬᠡᠴᠢ︾ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠬᠦᠴᠦᠯᠡᠨ ᠪᠠᠶᠢᠭᠤᠯᠤᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ ᠳᠤ ᠬᠤᠯᠪᠣᠭᠳᠠᠭᠰᠠᠨ ᠡᠯ᠎ᠡ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭ᠎ᠠ ᠬᠢᠵᠠᠭᠠᠷᠯᠠᠵᠤ᠂ ᠠᠵᠤ ᠠᠬᠤᠶᠢᠯᠠᠯ ᠳᠤ ᠠᠭᠤᠵᠢᠭᠤ ᠪᠥᠭᠡᠳ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃    ︵ᠲᠠᠪᠤ︶ ᠨᠡᠩ ᠡᠷᠡᠰ ᠵᠣᠷᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠠᠵᠢᠯ ᠤᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠡᠭᠦᠳᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠮᠢ ᠶᠦᠨ ᠲᠣᠭᠤᠷᠢᠭ ᠤᠨ ᠬᠠᠪᠰᠤᠷᠤᠨ ᠲᠡᠳᠬᠦᠬᠦ ᠡᠬᠢ ᠪᠠᠶᠠᠯᠢᠭ ᠢ ᠰᠠᠶᠢᠲᠤᠷ ᠭᠦᠢᠴᠡᠳ ᠠᠰᠢᠭᠯᠠᠵᠤ᠂ ︽ᠲᠠᠪᠤᠨ ᠶᠡᠭᠡ ᠬᠥᠭᠵᠢᠯ ᠮᠠᠨᠳᠤᠯ︾ ᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠣᠯᠬᠤ ᠶᠢ ᠪᠡᠶᠡᠯᠡᠭᠦᠯᠦᠨ᠎ᠡ᠃    ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︽ᠲᠦᠷᠪᠡ ᠶᠢ ᠬᠠᠶᠠᠬᠤ ᠦᠬᠡᠢ︾ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠬᠦ ᠪᠠ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮᠴᠢᠯᠡᠭᠡ᠂ ᠦᠨᠳᠦᠰᠦᠨ ᠵᠦᠢᠯ ᠢ ᠪᠠᠲᠤᠯᠠᠬᠤ ᠵᠡᠷᠭᠡ ᠡᠯ᠎ᠡ ᠵᠦᠢᠯ ᠤᠨ ᠵᠣᠯᠭᠠᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠬᠡᠪᠴᠢᠶ᠎ᠡ ᠲᠠᠢ ᠪᠠᠷ ᠳᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ ᠶᠠᠳᠠᠭᠤ ᠶᠢ ᠲᠡᠳᠬᠦᠬᠦ ᠠᠵᠤ ᠦᠢᠯᠡᠰ ᠢ ᠦᠷᠭᠦᠯᠵᠢᠯᠡᠨ ᠤᠷᠲᠤ ᠬᠤᠭᠤᠴᠠᠭ᠎ᠠ ᠪᠠᠷ ᠪᠤᠶᠢᠵᠢᠭᠤᠯᠬᠤ ᠶᠢ ᠴᠢᠬᠤᠯᠠᠴᠢᠯᠠᠵᠤ᠂ ᠠᠯᠠᠰᠢᠨ ᠦᠬᠡᠷ᠂ ᠦᠷ᠎ᠡ ᠨᠤᠭᠤᠰᠤ ᠵᠡᠷᠭᠡ ᠣᠨᠴᠠᠯᠢᠭᠲᠤ ᠠᠵᠤ ᠦᠢᠯᠡᠰ ᠶᠢ ᠦᠷᠭᠦᠯᠵᠢᠯᠡᠨ ᠪᠤᠵᠠᠭᠠᠶᠢᠷᠠᠭᠤᠯᠵᠤ᠂ ᠴᠢᠰᠤ ᠪᠦᠲᠦᠭᠡᠬᠦ ᠴᠢᠳᠠᠪᠤᠷᠢ ᠶᠢ ᠬᠦᠴᠦᠯᠡᠨ ᠨᠡᠮᠡᠭᠳᠡᠭᠦᠯᠦᠨ᠎ᠡ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠣᠯᠠᠨ ᠲᠦᠮᠡᠨ ᠢ ᠳᠠᠶᠢᠴᠢᠯᠠᠨ ᠪᠠᠶᠠᠵᠢᠭᠤᠯᠵᠤ᠂ ᠪᠥᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠲᠠᠯ᠎ᠠ ᠪᠠᠷ ᠨᠠᠩ ᠢᠯᠡᠷᠬᠡᠶ ᠦᠷ᠎ᠡ ᠪᠦᠲᠦᠮᠵᠢ ᠲᠠᠢ ᠪᠤᠯᠭᠠᠨ᠎ᠠ᠃    ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠦᠢᠯᠡᠰ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠪᠠᠲᠤᠲᠠᠶ ᠰᠠᠶᠢᠲᠤᠷ ᠬᠢᠵᠦ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠎ᠠ᠃ ᠲᠣᠰᠬᠤᠨ ᠤ ᠳᠣᠲᠣᠷᠠᠬᠢ ᠭᠤᠣᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠶᠢᠯ ᠲᠣᠰᠬᠤᠨ ᠳᠤᠭᠤᠶᠢᠯᠠᠩ ᠤᠨ ᠵᠠᠮ ᠤᠨ ᠭᠠᠳᠠᠷᠭᠤ ᠶᠢ ᠬᠠᠲᠠᠭᠤᠷᠠᠭᠤᠯᠬᠤ ᠨᠣᠷᠮ᠎ᠠ ᠶᠢ 100 % ᠳᠤ ᠬᠦᠷᠦᠭᠦᠯᠦᠨ᠎ᠡ᠃ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ 95 % ᠳᠤ ᠭᠦᠷᠬᠡᠨ᠎ᠡ᠃ ᠬᠥᠳᠡᠭᠡ ᠲᠣᠰᠬᠤᠨ ᠤ ᠴᠠᠬᠢᠯᠭᠠᠨ ᠲᠣᠣᠷ᠂ ᠮᠡᠳᠡᠭᠡ ᠬᠤᠯᠪᠣᠭᠠᠨ ᠤ ᠲᠣᠣᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠤ ᠵᠠᠰᠠᠯᠳᠠ ᠪᠠ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠰᠤᠷᠭᠠᠨ ᠬᠥᠮᠦᠵᠢᠯ ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠵᠡᠷᠭᠡ ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠬᠥᠭᠵᠢᠯᠲᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠣᠯᠠᠨ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ    ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠢ ᠬᠠᠶᠢᠷᠠᠯᠠᠬᠤ᠂ ᠮᠡᠷᠭᠡᠵᠢᠯ ᠢ ᠮᠡᠳᠡᠬᠦ᠂ ᠡᠵᠡᠩᠨᠡᠵᠦ ᠴᠢᠳᠠᠬᠤ᠂ ᠬᠠᠮᠢᠶᠠᠷᠴᠤ ᠴᠢᠳᠠᠬᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠲᠦᠷᠭᠡᠳᠬᠡᠨ ᠬᠥᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠣᠶᠣᠯ ᠤᠨ ᠥᠪ ᠪᠣᠯᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠬᠥᠭᠵᠢᠭᠦᠯᠦᠨ᠎ᠡ᠃ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠬᠥᠳᠡᠭᠡ ᠲᠣᠰᠬᠤᠨ ᠤ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠶᠢᠨ ᠰᠤᠷᠲᠠᠯ ᠠᠷᠠᠳ ᠤᠨ ᠵᠠᠩᠰᠢᠯ ᠢ ᠭᠤᠶᠣᠵᠢᠭᠤᠯᠬᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠭᠤᠶᠣᠵᠢᠭᠤᠯᠬᠤ᠂ ᠰᠣᠶᠣᠯ ᠤᠨ ᠠᠮᠢᠳᠤᠷᠠᠯ ᠢ ᠭᠤᠶᠣᠵᠢᠭᠤᠯᠬᠤ ᠶᠢ ᠠᠬᠢᠭᠤᠯᠤᠨ᠎ᠠ᠃ ᠤᠳᠤ ᠦᠶ᠎ᠡ ᠶᠢᠨ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠲᠤᠤᠷᠴᠢᠯᠠᠬᠰᠠᠨ ᠦᠢᠯᠡᠴᠢᠯᠡᠭᠡ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠶᠢ ᠪᠦᠬᠦᠨ ᠢ ᠪᠦᠷᠬᠦᠬᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠠᠤᠯᠢᠵᠢᠯ ᠤᠨ ᠬᠥᠳᠡᠭᠡ ᠲᠣᠰᠬᠤᠨ᠂ ᠠᠮᠤᠷ ᠠᠮᠤᠭᠤᠯᠠᠩ ᠬᠥᠳᠡᠭᠡ ᠲᠣᠰᠬᠤᠨ᠂ ᠴᠢᠳᠠᠮᠠᠭᠠᠢ ᠵᠠᠰᠠᠬᠤ ᠬᠥᠳᠡᠭᠡ ᠲᠣᠰᠬᠤᠨ ᠢ ᠪᠠᠶᠢᠭᠤᠯᠤᠨ᠎ᠠ᠃    ︵ᠵᠢᠷᠭᠤᠭ᠎ᠠ︶ ᠨᠠᠩ ᠥᠨᠳᠥᠷ ᠬᠢᠷᠢ ᠲᠦᠪᠰᠢᠨ ᠢᠶᠠᠷ ᠬᠤᠲᠠ ᠬᠥᠳᠡᠭᠡ ᠶᠢᠨ ᠠᠭᠤᠰᠤᠯᠴᠠᠯ ᠢ ᠠᠬᠢᠭᠤᠯᠵᠤ᠂ ᠬᠤᠲᠠ ᠪᠠᠷ ᠬᠥᠳᠡᠭᠡ ᠶᠢ ᠳᠠᠶᠢᠴᠢᠯᠠᠬᠤ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠴᠣᠭᠴᠠᠯᠠᠨ᠎ᠠ᠃ ᠬᠤᠲᠠ ᠪᠠᠷ ᠬᠥᠳᠡᠭᠡ ᠶᠢ ᠳᠠᠶᠢᠴᠢᠯᠠᠬᠤ᠂ ᠬᠥᠳᠡᠭᠡ ᠲᠣᠰᠬᠤᠨ ᠢᠶᠠᠷ ᠬᠤᠲᠠ ᠶᠢ ᠠᠬᠢᠭᠤᠯᠬᠤ᠂ ᠬᠤᠲᠠ ᠬᠥᠳᠡᠭᠡ ᠬᠠᠷᠢᠯᠴᠠᠨ ᠦᠢᠯᠡᠳᠦᠯᠴᠡᠭᠦ ᠶᠢ ᠪᠠᠷᠢᠮᠲᠠᠯᠠᠵᠤ᠂ ᠬᠤᠲᠠ ᠪᠠᠯᠭᠠᠰᠤᠨ ᠤ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠷᠢᠯᠴᠠᠨ ᠠᠬᠢᠭᠤᠯᠵᠤ᠂ ᠵᠣᠬᠢᠴᠠᠩᠭᠤᠶ ᠪᠠᠷ ᠬᠥᠭᠵᠢᠭᠦᠯᠬᠦ ᠶᠢ ᠠᠬᠢᠭᠤᠯᠤᠨ᠎ᠠ᠃    ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠪᠠᠢᠷᠢᠯᠠᠭᠤᠯᠤᠯᠲᠠ ᠶᠢ ᠴᠢᠩᠭᠠᠳᠬᠠᠵᠤ᠂ ᠬᠦᠷᠢᠶ᠎ᠡ ᠪᠠᠯᠭᠠᠰᠤ ᠪᠠᠷ ᠲᠥᠪ ᠪᠣᠯᠭᠠᠵᠤ᠂ ᠺᠧᠦ ᠾᠧᠽᠢ ᠪᠠᠯᠭᠠᠰᠤ ᠪᠠᠷ ᠳᠡᠳ᠋ ᠲᠥᠪ ᠪᠣᠯᠭᠠᠵᠤ᠂ ᠪᠤᠰᠤᠳ  ᠪᠠᠶᠢᠭᠤᠯᠤᠮᠵᠢᠳᠦ ᠪᠠᠯᠭᠠᠰᠤ ᠣᠯᠠᠨ ᠴᠡᠭ ᠬᠠᠷᠢᠯᠴᠠᠨ ᠬᠥᠳᠡᠯᠦᠯᠴᠡᠭᠰᠡᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ᠭᠤᠣᠯ ᠬᠤᠲᠠ ᠲᠣᠭᠤᠷᠢᠭ ᠤᠨ ᠰᠢᠨ᠎ᠡ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠪᠠ ᠬᠠᠭᠤᠴᠢᠨ ᠬᠤᠲᠠ ᠲᠣᠭᠤᠷᠢᠭ ᠤᠨ ᠥᠭᠡᠷᠡᠴᠢᠯᠡᠯᠲᠡ ᠬᠤᠯᠪᠣᠭᠠᠯᠠᠨ ᠬᠥᠳᠡᠯᠦᠯᠴᠡᠬᠦ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠵᠤ᠂ ᠴᠢᠳᠠᠮᠵᠢ ᠶᠢᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠨ᠎ᠡ᠃ ᠤᠤᠯ ᠤᠨ ᠯᠢᠶᠠᠨ ᠹᠠ ᠮᠣᠳᠣᠨ ᠤ ᠦᠢᠯᠡᠰ᠂ ᠵᠦᠩ ᠴᠧᠩ ᠮᠣᠳᠣᠨ ᠤ ᠦᠢᠯᠡᠰ ᠵᠡᠷᠭᠡ ᠭᠠᠵᠠᠷ ᠤᠨ ᠨᠡᠭᠡᠭᠡᠨ ᠬᠥᠭᠵᠢᠭᠦᠯᠦᠯᠲᠡ ᠶᠢ ᠪᠡᠶᠡᠯᠡᠭᠦᠯᠵᠦ᠂ ᠬᠤᠳᠠᠯᠳᠤᠭ᠎ᠠ ᠪᠠ ᠣᠷᠣᠨ ᠰᠠᠭᠤᠴᠠ ᠶᠢ ᠨᠢᠭᠡ ᠴᠣᠭᠴᠠᠵᠢᠭᠤᠯᠤᠭᠰᠠᠨ ᠥᠨᠳᠥᠷ ᠪᠠᠷᠢᠮᠵᠢᠶᠠᠲᠤ ᠶᠡᠷᠦᠩᠬᠡᠶᠢᠯᠡᠭᠰᠡᠨ ᠬᠥᠭᠵᠢᠯᠲᠡ ᠶᠢᠨ ᠲᠣᠭᠤᠷᠢᠭ ᠢ ᠪᠠᠶᠢᠭᠤᠯᠤᠨ᠎ᠠ᠃ ᠬᠤᠲᠠ ᠬᠥᠳᠡᠭᠡ ᠶᠢᠨ ᠢᠯᠴᠢ ᠬᠠᠩᠭᠠᠬᠤ ᠤᠰᠤ ᠬᠠᠩᠭᠠᠬᠤ ᠶᠠᠰᠤ ᠴᠢᠨᠠᠷ ᠢ ᠪᠦᠬᠦ ᠬᠦᠴᠦᠨ ᠢᠶᠠᠷ ᠰᠠᠶᠢᠵᠢᠷᠠᠭᠤᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠠᠬᠢᠭᠤᠯᠵᠤ᠂ ᠨᠣᠭᠤᠭᠠᠨ ᠬᠤᠩᠭᠢᠯ᠂ ᠲᠡᠷᠭᠡᠨ ᠵᠣᠭᠰᠣᠭᠠᠯ ᠵᠡᠷᠭᠡ ᠣᠯᠠᠨ ᠲᠦᠮᠡᠨ ᠤ ᠬᠦᠰᠡᠨ ᠡᠷᠡᠮᠡᠯᠵᠡᠯᠡᠵᠦ ᠪᠠᠶᠢᠭ᠎ᠠ ᠣᠯᠠᠨ ᠨᠠᠶᠢᠳᠠ ᠶᠢᠨ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ᠬᠤᠲᠠ ᠪᠠᠯᠭᠠᠰᠤ ᠶᠢ ᠨᠠᠩ ᠴᠢᠨᠠᠷᠯᠢᠭ᠂ ᠣᠯᠠᠨ ᠲᠦᠮᠡᠨ ᠤ ᠠᠮᠢᠳᠤᠷᠠᠯ ᠢ ᠨᠠᠩ ᠴᠢᠨᠠᠷᠯᠢᠭ ᠪᠣᠯᠭᠠᠨ᠎ᠠ᠃    ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠵᠦ᠂ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠴᠡᠭᠡᠷᠯᠡᠭᠦᠯᠵᠦ᠂ ᠪᠤᠵᠠᠷ ᠪᠤᠷᠲᠠᠭ ᠢ ᠴᠢᠩᠭ᠎ᠠ ᠵᠠᠰᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠲᠠ ᠶᠢ ᠡᠭᠦᠳᠦᠨ ᠪᠠᠶᠢᠭᠤᠯᠤᠨ᠎ᠠ᠃ ᠬᠤᠲᠠ ᠶᠢ ᠰᠢᠨᠡᠳᠬᠡᠬᠦ ᠭᠦᠳᠡᠯᠬᠡᠬᠡᠨ ᠢ ᠥᠷᠨᠢᠭᠦᠯᠦᠨ᠂ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠢᠳᠪᠦᠷᠢᠯᠡᠭᠦ ᠪᠠ ᠬᠤᠲᠠ ᠪᠠᠯᠭᠠᠰᠤ ᠶᠢᠨ ᠤᠰᠤ ᠬᠠᠩᠭᠠᠬᠤ᠂ ᠪᠣᠬᠢᠷ ᠤᠰᠤᠨ ᠤ ᠬᠤᠭᠤᠯᠠᠶ ᠶᠢᠨ ᠲᠤᠤᠷ ᠢ ᠥᠭᠡᠷᠡᠴᠢᠯᠡᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠵᠠᠮ ᠡᠵᠡᠯᠡᠨ ᠡᠵᠡᠩᠨᠡᠬᠦ᠂ ᠨᠡᠭᠦᠳᠡᠯ ᠳᠡᠯᠭᠡᠭᠡ ᠮᠠᠶᠢᠮᠠᠶ᠂ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠬᠤ ᠵᠡᠷᠭᠡ ᠬᠤᠲᠠ ᠪᠠᠯᠭᠠᠰᠤ ᠶᠢᠨ ᠬᠠᠮᠢᠶᠠᠷᠤᠯᠲᠠ ᠶᠢᠨ ᠠᠷᠬᠠᠭ ᠬᠡᠮ ᠢ ᠪᠠᠶᠢᠩᠭᠤᠵᠢᠭᠤᠯᠤᠨ ᠴᠡᠭᠴᠡᠯᠡᠨ ᠵᠠᠰᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠡᠬᠡᠭᠰᠢᠯᠡᠭᠦᠯᠵᠦ᠂ ᠰᠠᠷᠠᠪᠴᠢᠨ ᠭᠡᠷ ᠤᠨ ᠲᠣᠭᠤᠷᠢᠭ᠂ ᠬᠤᠳᠠᠯᠳᠤᠭ᠎ᠠ ᠣᠷᠣᠨ ᠰᠠᠭᠤᠴᠠ ᠶᠢᠨ ᠲᠣᠭᠤᠷᠢᠭ᠂ ᠭᠠᠭᠴᠠ ᠴᠣᠭᠴᠠᠲᠤ ᠠᠰᠠᠷ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ 5 G ᠰᠦᠯᠵᠢᠶ᠎ᠡ᠂ ᠮᠢᠩᠭᠠᠨ ᠰᠠᠶ᠎ᠠ ᠬᠡᠷᠡᠯ ᠤᠨ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠣᠭᠠᠴᠢᠯᠠᠭᠰᠠᠨ ᠵᠠᠰᠠᠯᠲᠠ ᠶᠢ ᠠᠬᠢᠭᠤᠯᠵᠤ᠂ ᠤᠶᠤᠨᠲᠤ ᠬᠦᠷᠢᠶ᠎ᠡ ᠶᠢ ᠪᠠᠶᠢᠭᠤᠯᠤᠨ᠎ᠠ᠃    ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠬᠢᠵᠢᠭᠦᠯᠦᠨ᠎ᠡ᠃ ᠪᠠᠯᠭᠠᠰᠤ ᠲᠣᠭᠤᠷᠢᠭ ᠤᠨ ︽ᠪᠢᠴᠢᠯ ᠡᠷᠭᠢᠯᠲᠡ︾ ᠪᠠ ᠬᠤᠲᠠ ᠬᠥᠳᠡᠭᠡ ᠶᠢᠨ ︽ᠭᠤᠣᠯ ᠰᠤᠳᠠᠰᠤ︾ ᠶᠢ ᠨᠡᠪᠲᠡᠷᠡᠭᠦᠯᠬᠦ ᠢᠨᠵᠧᠨᠧᠷᠢᠩ ᠢ ᠡᠬᠢᠯᠡᠭᠦᠯᠵᠦ᠂ ᠠᠨᠳᠠᠢ ᠵᠡᠭᠡᠯᠢ᠂ ᠬᠤᠶᠢᠳᠦ ᠹᠦ᠋ ᠶᠢᠨ ᠭᠤᠤ ᠵᠡᠬᠡᠯᠢ ᠶᠢ ᠤᠷᠲᠤᠳᠬᠠᠬᠤ ᠢᠨᠵᠧᠨᠧᠷᠢᠩ ᠢ ᠪᠡᠶᠡᠯᠡᠭᠦᠯᠵᠦ ᠂ 208 ᠮᠤᠵᠢ ᠶᠢᠨ ᠲᠡᠰ ᠤᠨ ᠵᠠᠰᠠᠮᠠᠯ ᠵᠠᠮ ᠤᠨ ᠶᠡᠭᠡ ᠳᠤᠮᠳᠠ ᠵᠠᠰᠠᠯᠲᠠ ᠪᠠ ᠮᠠᠩᠬᠠᠨ ᠠᠴᠠ ᠯᠢᠦ ᠵᠢᠶᠠᠽᠢ᠂ ᠯᠢᠦ ᠵᠢᠶᠠᠽᠢ ᠠᠴᠠ ᠺᠧᠦ ᠾᠧᠽᠢ᠂ ᠪᠠ ᠰᠢᠶᠠᠨ ᠲᠦᠩ ᠠᠴᠠ ᠮᠠᠩᠬᠠᠨ ᠬᠦᠷᠬᠦ ᠭᠤᠷᠪᠠᠨ ᠰᠢᠶᠠᠨ ᠤ ᠲᠡᠰ ᠤᠨ ᠵᠠᠰᠠᠮᠠᠯ ᠵᠠᠮ ᠤᠨ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠹᠦᠰᠢᠨ ᠠᠴᠠ ᠳ᠋ᠠᠪᠠᠢ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠲᠡᠰ ᠳᠡᠪᠰᠢᠭᠦᠯᠦᠨ ᠥᠭᠡᠷᠡᠴᠢᠯᠡᠬᠦ ᠪᠠ ᠬᠤᠳᠠ ᠬᠥᠳᠡᠭᠡ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠵᠦ᠂ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠠᠬᠢᠯᠭᠠᠨ᠂ ᠰᠢᠲᠠᠮᠠᠬᠠᠢ ᠬᠡᠢ ᠶᠢᠨ ᠥᠨᠳᠥᠷ ᠪᠦᠲᠦᠮᠵᠢᠲᠡᠢ ᠴᠢᠨᠠᠷ ᠰᠠᠶᠢᠲᠠᠢ ᠬᠠᠩᠭᠠᠯᠭ᠎ᠠ ᠶᠢ ᠪᠠᠲᠤᠯᠠᠨ᠎ᠠ᠃ ᠶᠡᠷᠦᠩᠬᠡᠶᠢᠯᠡᠭᠰᠡᠨ ᠪᠠᠷᠠᠭᠠᠨ ᠤ ᠭᠦᠢᠯᠬᠡᠬᠡᠨ ᠤ ᠬᠦᠷᠢᠶᠡᠯᠡᠩ ᠲᠣᠭᠤᠷᠢᠭ ᠢ ᠲᠥᠰᠦᠪᠯᠡᠨ ᠪᠠᠶᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ ᠶᠡᠷᠦᠩᠬᠡᠶᠢᠯᠡᠭᠰᠡᠨ ᠪᠠᠷᠠᠭᠠᠨ ᠤ  ᠭᠦᠢᠯᠬᠡᠬᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ᠃   ︵ᠳᠣᠯᠤᠭ᠎ᠠ︶ ᠨᠠᠩ ᠰᠢᠯᠢᠳᠡᠭ ᠶᠠᠰᠤ ᠴᠢᠨᠠᠷ ᠢᠶᠠᠷ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠪᠥᠬᠦ ᠬᠦᠴᠦᠨ ᠢᠶᠠᠷ ᠢᠶᠠᠨ ᠬᠠᠩᠭᠠᠨ᠎ᠠ᠃ ᠠᠷᠠᠳ ᠣᠯᠠᠨ ᠲᠦᠮᠡᠨ ᠤ ᠪᠠᠴᠢᠮ᠂ ᠬᠦᠴᠢᠷ᠂ ᠵᠣᠪᠠᠨᠢᠯ ᠲᠠᠢ᠂ ᠭᠦᠰᠡᠵᠦ ᠪᠠᠶᠢᠭ᠎ᠠ ᠤᠴᠢᠷ ᠶᠠᠪᠤᠳᠠᠯ ᠳᠤ ᠬᠠᠨᠳᠤᠭᠤᠯᠵᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠲᠥᠪᠯᠡᠷᠡᠭᠦᠯᠦᠨ ᠰᠠᠶᠢᠲᠤᠷ ᠠᠳᠬᠤᠵᠤ᠂ ᠦᠨᠡᠠᠭᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠨ᠎ᠡ᠃    ᠨᠡᠶᠢᠭᠡᠮ ᠤᠨ ᠪᠠᠲᠤᠯᠠᠭ᠎ᠠ ᠶᠢ ᠨᠢᠭᠡᠳᠦᠯᠲᠡᠢ ᠳᠤ ᠲᠥᠯᠥᠪᠯᠡᠨ ᠰᠠᠶᠢᠲᠤᠷ ᠬᠢᠨ᠎ᠡ᠃ ᠠᠵᠢᠯ ᠣᠯᠭᠤᠬᠤ ᠦᠢᠯᠡᠰ ᠪᠣᠰᠬᠠᠬᠤ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ 9 ᠲᠦᠮᠡᠨ ᠬᠥᠮᠦᠨ ᠤᠳᠠᠭ᠎ᠠ ᠠᠴᠠ ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 80 % ᠠᠴᠠ ᠳᠡᠭᠡᠭᠰᠢ ᠳᠤ ᠬᠦᠷᠭᠡᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4 . 5 % ᠶᠢᠨ ᠳᠣᠲᠣᠷ᠎ᠠ ᠬᠢᠵᠠᠭᠠᠷᠯᠠᠨ᠎ᠠ᠃ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ ᠲᠣᠰ ᠲᠣᠰ 95 % ᠪᠠ 98 % ᠠᠴᠠ ᠳᠡᠭᠡᠭᠰᠢ ᠳᠤ ᠬᠦᠷᠭᠡᠨ᠎ᠡ᠃    ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠢᠯᠢᠳᠡᠭ ᠰᠤᠷᠭᠠᠭᠤᠯᠢ ᠲᠠᠢ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ᠂ ᠰᠢᠯᠢᠳᠡᠭ ᠰᠤᠷᠭᠠᠭᠤᠯᠢ ᠶᠢᠨ ᠵᠠᠬᠢᠷᠤᠯ ᠢ ᠰᠣᠩᠭᠤᠬᠤ᠂ ᠰᠢᠯᠢᠳᠡᠭ ᠪᠠᠭᠰᠢ ᠶᠢ ᠬᠥᠮᠦᠵᠢᠭᠦᠯᠬᠦ᠂ ᠬᠠᠮᠢᠶᠠᠷᠴᠤ ᠦᠨᠡᠯᠡᠬᠦ ᠂ ᠠᠵᠢᠯ ᠤᠨ ᠪᠠᠶᠢᠷᠢ ᠶᠢ ᠡᠭᠡᠯᠵᠢᠯᠡᠨ ᠰᠣᠯᠢᠯᠴᠠᠬᠤ ᠪᠠ ᠱᠠᠩᠨᠠᠵᠤ ᠵᠠᠯᠬᠠᠭᠠᠬᠤ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠥᠭᠵᠢᠯᠲᠡ ᠶᠢ ᠠᠬᠢᠭᠤᠯᠵᠤ᠂ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ 9 ᠶᠢ ᠴᠢᠷᠮᠠᠶᠢᠨ ᠡᠭᠦᠳᠴᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 90 % ᠠᠴᠠ ᠳᠡᠭᠡᠭᠰᠢ ᠳᠤ ᠬᠦᠷᠭᠡᠨ᠎ᠡ︔ 21 ᠰᠤᠷᠭᠠᠭᠤᠯᠢ ᠶᠢᠨ ᠪᠠᠭᠤᠷᠠᠶ ᠲᠠᠯ᠎ᠠ ᠶᠢ ᠰᠠᠶᠢᠵᠢᠷᠠᠭᠤᠯᠤᠨ ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 95 % ᠠᠴᠠ ᠳᠡᠭᠡᠭᠰᠢ ᠳᠤ ᠬᠦᠷᠦᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ᠂ ᠣᠨᠴᠠᠯᠢᠭ ᠲᠠᠢ᠂ ᠤᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠵᠤ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠦᠯᠵᠢᠶᠡᠨ ᠳᠤ ᠭᠠᠷᠬᠤ ᠨᠤᠷᠮ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃    ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠰᠢᠰᠲ᠋ᠧᠮ᠂ ᠬᠠᠯᠠᠭᠤᠷᠠᠯ ᠤᠨ ᠡᠭᠦᠳᠡᠨ ᠡᠮᠨᠡᠯᠭᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠢᠯᠠᠩᠭᠤᠶ᠎ᠠ ᠬᠢᠵᠢᠭ ᠢ ᠰᠡᠷᠭᠡᠶᠢᠯᠡᠬᠦ ᠨᠥᠭᠡᠴᠡ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ︽ᠡᠷᠡᠭᠦᠯ ᠡᠩᠬᠡ ᠬᠦᠷᠢᠶ᠎ᠡ︾ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ ᠠᠷᠠᠳ ᠲᠦᠮᠡᠨ ᠤ ᠡᠷᠡᠭᠦᠯ ᠡᠩᠬᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠤᠨ᠎ᠠ᠃ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠬᠡᠨ ᠤ ᠴᠢᠳᠠᠪᠤᠷᠢ᠂ ᠮᠡᠷᠭᠡᠵᠢᠯ ᠤᠨ ᠲᠦᠪᠰᠢᠨ᠂ ᠦᠢᠯᠡᠴᠢᠯᠡᠬᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠪᠠᠶᠢᠩᠭᠤ ᠲᠣᠬᠢᠶᠠᠯᠳᠤᠳᠠᠭ ᠡᠪᠡᠳᠴᠢᠨ ᠣᠯᠠᠨ ᠡᠭᠦᠰᠳᠡᠭ ᠡᠪᠡᠳᠴᠢᠨ ᠤ ᠬᠤᠰᠢᠭᠤ ᠳᠠᠬᠢ ᠡᠪᠡᠳᠴᠢᠨ ᠦᠵᠡᠭᠦᠯᠬᠦ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠵᠣᠪᠠᠨᠢᠵᠤ ᠪᠠᠶᠢᠭ᠎ᠠ ᠶᠠᠪᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠠᠨ ᠲᠦᠮᠡᠨ ᠳᠤ ᠨᠠᠩ ᠣᠯᠠᠨ ᠡᠷᠡᠭᠦᠯ ᠮᠡᠨᠳᠦ ᠶᠢᠨ ᠬᠦᠷᠲᠡᠮᠵᠢ ᠶᠢᠨ ᠲᠥᠷᠥᠭᠳᠡᠯ ᠣᠯᠭᠤᠨ᠎ᠠ᠃   ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ᠎ᠠ᠃ ᠳᠤᠮᠳᠠᠳᠤ ᠶᠢᠨ ᠰᠢᠯᠢᠳᠡᠭ ᠰᠣᠶᠣᠯ ᠢ ᠶᠡᠭᠡ ᠪᠠᠷ ᠪᠠᠳᠠᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠪᠠ ᠬᠡᠷᠡᠭᠯᠡᠬᠦ ᠠᠵᠢᠯ ᠢ ᠴᠢᠩᠭᠠᠳᠬᠠᠨ᠎ᠠ᠃ ᠠᠴᠢᠶᠠᠯᠠᠪᠤᠷᠢ ᠶᠢ ᠥᠷᠭᠡᠳᠬᠡᠨ᠂ ᠰᠢᠨ᠎ᠡ ᠶᠢ ᠡᠭᠦᠳᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠶ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠶᠢ ᠪᠠᠶᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃    ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠦᠭᠭᠦᠨ᠎ᠡ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠣᠯᠠᠨ ᠡᠰᠢᠵᠢᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃  ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠦᠨ᠎ᠡ᠃    ᠲᠥᠯᠥᠭᠡᠯᠡᠭᠴᠢᠳ ᠡ᠂ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ︽ᠠᠮᠢ ᠠᠬᠤᠶ ᠶᠢᠨ ᠵᠠᠮ ᠢᠶᠠᠷ ᠵᠠᠮᠨᠠᠵᠤ᠂ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠦᠨ᠂ ᠰᠣᠶᠣᠯ ᠵᠢᠭᠤᠯᠴᠢᠯᠠᠯ ᠤᠨ ᠨᠡᠷᠡᠳᠦ ᠲᠡᠮᠳᠡᠭ ᠢ ᠡᠭᠦᠳᠭᠦ︾ ᠭᠤᠤᠯ ᠤᠳᠤᠷᠢᠳᠤᠮᠵᠢ ᠶᠢᠨ  ᠰᠡᠳᠬᠢᠴᠡ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠴᠠᠭ ᠦᠶ᠎ᠡ ᠶᠢᠨ ᠭᠤᠤᠯ ᠰᠡᠳᠦᠪ ᠢ ᠲᠤᠤᠱᠯᠠᠭᠤᠯᠵᠤ᠂ ᠬᠦᠷᠢᠶᠡᠨ ᠤ ᠴᠢᠨᠠᠷ ᠰᠠᠶᠢᠲᠠᠶ ᠬᠥᠭᠵᠢᠯᠲᠡ ᠶᠢᠨ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠪᠢᠳᠡ ︽ᠴᠥᠬᠦᠷᠡᠰᠢ ᠦᠭᠡᠢ ᠴᠢᠷᠮᠠᠶᠢᠬᠤ︾ ᠲᠣᠭᠲᠠᠯ ᠬᠦᠴᠦᠨ ᠢᠶᠠᠨ ᠪᠠᠲᠤᠯᠠᠵᠤ᠂ ︽ᠨᠡᠷᠡᠨ ᠰᠠᠷᠠᠨ ᠢ ᠵᠢᠭᠠᠨ ᠵᠠᠬᠢᠷᠴᠤ ᠰᠢᠨ᠎ᠡ ᠴᠠᠭ ᠦᠶ᠎ᠡ ᠶᠢ ᠰᠣᠯᠢᠬᠤ︾ ᠴᠤᠭ ᠰᠦᠯᠳᠡ ᠪᠠᠷ ︽ᠠᠰᠠᠷ ᠢ ᠡᠪᠳᠡᠬᠦ ᠦᠭᠡᠢ ᠪᠣᠯ ᠡᠭᠦᠷᠢᠳᠡ ᠪᠤᠴᠠᠬᠤ ᠦᠭᠡᠢ︾ ᠡᠷᠴᠢ ᠵᠣᠷᠢᠭ ᠢᠶᠠᠨ ᠬᠥᠪᠴᠢᠯᠡᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠡᠷᠡᠮᠡᠬᠡᠶᠢᠯᠡᠨ ᠤᠷᠤᠭᠰᠢᠯᠠᠵᠤ᠂ ᠵᠢᠯ ᠪᠣᠯᠭᠠᠨ ᠰᠢᠨ᠎ᠡ ᠬᠤᠪᠢᠷᠠᠯᠲᠠ ᠲᠠᠢ᠂ ᠵᠢᠯ ᠪᠣᠯᠭᠠᠨ ᠰᠢᠨ᠎ᠡ ᠣᠯᠤᠯᠲᠠ ᠲᠠᠢ ᠪᠣᠯᠬᠤ ᠶᠢ ᠪᠡᠶᠡᠯᠡᠭᠦᠯᠦᠨ᠎ᠡ︕     ᠭᠤᠷᠪᠠ᠂ 2022 ᠣᠨ ᠤ ᠭᠤᠣᠯᠳᠠᠯᠭ᠎ᠠ ᠲᠠᠢ ᠠᠵᠢᠯ    ᠲᠥᠯᠥᠭᠡᠯᠡᠭᠴᠢᠳ ᠡ᠂ 2022 ᠤᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠨ ᠵᠠᠰᠠᠭ ᠶᠠᠪᠤᠭᠤᠯᠬᠤ ᠠᠩᠬᠠᠨ ᠤ ᠵᠢᠯ ᠪᠣᠯᠤᠨ᠎ᠠ᠂ ᠡᠷᠬᠡᠪᠰᠢ ᠡᠬᠢᠯᠡᠯᠲᠡ ᠪᠣᠯ ᠰᠢᠢᠳᠪᠦᠷᠢᠲᠦ ᠲᠠᠶᠢᠯᠠᠯᠳᠤᠭᠠᠨ ᠮᠥᠨ᠃ ᠡᠬᠢᠯᠡᠯᠲᠡ ᠪᠣᠯ ᠳᠠᠷᠤᠢ ᠰᠢᠪᠲᠤᠯᠤᠯᠲᠠ ᠮᠥᠨ᠂ ᠳᠠᠷᠤᠢ ᠲᠦᠷᠭᠡᠨ ᠨᠠᠶᠢᠳᠠᠪᠤᠷᠢᠵᠢᠭᠤᠯᠤᠯᠲᠠ ᠶᠢ ᠠᠳᠬᠤᠬᠤ ᠰᠢᠯᠢᠳᠡᠭ ᠰᠤᠷᠲᠠᠯ ᠮᠥᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠳᠤ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠳᠤ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠨᠠᠷ ᠰᠠᠶᠢᠲᠠᠢ ᠡᠬᠢᠯᠡᠯᠲᠡ ᠪᠠᠷ ᠪᠦᠬᠦ ᠬᠤᠰᠢᠭᠤᠨ ᠤ ᠠᠷᠠᠳ ᠲᠦᠮᠡᠨ ᠳᠤ ᠲᠥᠪ ᠴᠢᠩᠭ᠎ᠠ ᠠᠮᠠᠯᠠᠯᠲᠠ ᠬᠢᠬᠦ ᠶᠢ ᠦᠢᠯᠡᠳᠦᠯᠭᠡᠵᠢᠭᠦᠯᠬᠦ ᠬᠡᠷᠡᠭᠲᠡᠢ᠃    ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7 % ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 6 % ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ ᠠᠳᠠᠯᠢ ᠬᠠᠷᠢᠴᠠᠯ ᠢᠶᠠᠷ 5 . 5 % ᠨᠡᠮᠡᠭᠳᠡᠭᠦᠯᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 35 % ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰᠪᠣᠷᠢ 8 % ᠪᠠ 10 % ᠨᠡᠮᠡᠭᠳᠡᠭᠦᠯᠦᠨ᠎ᠡ᠃ ᠨᠢᠬᠡᠴᠡ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠭᠤᠯᠭ᠎ᠠ᠂ ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠶᠢ ᠡᠭᠦᠷᠭᠡ ᠶᠢᠨ ᠬᠠᠷᠠᠯᠲᠠ ᠶᠢᠨ ᠳᠣᠲᠣᠷ᠎ᠠ ᠬᠢᠵᠠᠭᠠᠷᠯᠠᠨ᠎ᠠ᠃    ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠨ᠎ᠠ᠄    ︵ᠨᠢᠭᠡ︶ ᠬᠦᠴᠦᠨ ᠢᠶᠠᠨ ᠲᠥᠪᠯᠡᠷᠡᠭᠦᠯᠦᠨ ᠬᠤᠷᠳᠤᠴᠠ ᠪᠠᠨ ᠲᠦᠷᠭᠡᠳᠬᠡᠵᠦ᠂ ᠲᠥᠷᠦᠯ ᠵᠦᠢᠯ ᠤᠨ ᠪᠡᠯᠡ ᠣᠷᠣᠭᠤᠯᠤᠯᠲᠠ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠳᠦᠷ ᠬᠢᠨ᠎ᠡ᠃ ᠪᠡᠯᠡ ᠣᠷᠣᠭᠤᠯᠤᠯᠲᠠ ᠶᠢ ᠥᠷᠭᠡᠳᠬᠡᠬᠦ ᠪᠠᠷ ᠠᠷᠭ᠎ᠠ ᠬᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠨᠡᠮᠡᠭᠳᠡᠯ ᠢ ᠲᠣᠭᠲᠠᠪᠤᠷᠢᠵᠢᠭᠤᠯᠬᠤ ᠶᠢᠨ ᠭᠤᠣᠯ ᠪᠠᠷᠢᠭᠤᠷ ᠪᠣᠯᠭᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠶᠡᠷᠦᠩᠬᠡᠢ ᠬᠡᠮᠵᠢᠶ᠎ᠡ ᠶᠢ ᠥᠷᠭᠡᠳᠬᠡᠵᠦ᠂ ᠠᠵᠤ ᠠᠬᠤᠢ ᠶᠢᠨ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠬᠤ ᠶᠢ ᠠᠬᠢᠭᠤᠯᠤᠨ᠎ᠠ᠃    ᠠᠷᠠᠯᠵᠢᠶᠠᠴᠢᠨ ᠤᠷᠢᠬᠤ ᠶᠢ ᠴᠢᠩᠭ᠎ᠠ ᠠᠳᠬᠤᠨ᠎ᠠ᠃ ᠬᠤᠳᠠᠯᠳᠤᠭᠠᠴᠢᠨ ᠤᠷᠢᠬᠤ ᠪᠠᠷ ᠭᠤᠣᠯ ᠪᠣᠯᠭᠠᠬᠤ᠂ ᠬᠤᠳᠠᠯᠳᠤᠭᠠᠴᠢᠨ ᠤᠷᠢᠬᠤ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠪᠠᠷ ᠭᠤᠣᠯ ᠰᠢᠪᠲᠤᠯᠬᠤ ᠴᠢᠭᠯᠡᠯ ᠪᠣᠯᠭᠠᠵᠤ᠂ ︽ᠣᠭᠤᠷᠴᠤᠭ ᠬᠠᠷᠢᠶ᠎ᠠ ᠭᠠᠵᠠᠷ ᠤᠨ ᠠᠵᠤ ᠠᠬᠤᠢ ︾ ᠶᠢ ᠰᠦᠪᠡᠭᠴᠢᠯᠡᠨ ᠬᠥᠭᠵᠢᠭᠦᠯᠦᠨ᠎ᠡ᠃ ᠭᠠᠵᠠᠷ ᠣᠷᠣᠨ ᠤ ᠨᠠᠷᠢᠯᠢᠭ ᠤᠨᠤᠪᠴᠢᠳᠠᠢ ᠪᠠᠶᠢᠬᠤ᠂ ᠠᠵᠤ ᠦᠢᠯᠡᠰ ᠤᠨ ᠨᠠᠷᠢᠯᠢᠭ ᠤᠨᠤᠪᠴᠢᠳᠠᠢ ᠪᠠᠶᠢᠬᠤ᠂ ᠠᠷᠭ᠎ᠠ ᠬᠡᠯᠪᠡᠷᠢ ᠶᠢᠨ ᠨᠠᠷᠢᠯᠢᠭ ᠤᠨᠤᠪᠴᠢᠳᠠᠢ ᠪᠠᠶᠢᠬᠤ ᠶᠢ ᠳᠣᠪᠤᠶᠢᠯᠭᠠᠵᠤ᠂ ᠬᠠᠷᠢᠭᠤᠴᠠᠯᠭ᠎ᠠ ᠶᠢ ᠡᠭᠦᠷᠭᠡᠯᠡᠬᠦ᠂ ᠳᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠪᠥᠬᠦ ᠠᠵᠢᠯᠲᠠᠨ ᠪᠥᠬᠦ ᠣᠷᠣᠨ ᠪᠦᠰᠡ᠂ ᠪᠥᠬᠦ ᠤᠯᠠᠷᠢᠯ ᠢᠶᠠᠷ ᠬᠤᠳᠠᠯᠳᠤᠭᠠᠴᠢᠨ ᠤᠷᠢᠵᠤ᠂ 39 ᠭᠤᠤᠯᠳᠠᠯᠭ᠎ᠠ ᠲᠠᠢ ᠲᠥᠷᠥᠯ ᠵᠦᠢᠯ ᠤᠨ ᠭᠡᠷ᠎ᠡ ᠲᠣᠭᠲᠠᠵᠤ ᠨᠠᠶᠢᠳᠠᠪᠤᠷᠢᠵᠢᠭᠤᠯᠬᠤ ᠲᠤᠬᠠᠶ ᠶᠠᠷᠢᠯᠴᠠᠬᠤ ᠶᠢ ᠢᠳᠡᠪᠬᠢᠲᠡᠶ ᠠᠬᠢᠭᠤᠯᠵᠦ᠂ 3 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠮᠥᠩᠭᠦ ᠶᠢ ᠨᠠᠶᠢᠳᠠᠪᠤᠷᠢᠵᠢᠭᠤᠯᠤᠨ᠎ᠠ᠃ ︽ᠬᠤᠨ ᠭᠠᠯᠠᠭᠤ ᠶᠢ ᠭᠦᠷᠢᠶ᠎ᠡ ᠳᠤ ᠪᠤᠴᠠᠭᠠᠬᠤ︾ ᠢᠨᠵᠧᠨᠧᠷᠢᠩ ᠢ ᠥᠷᠨᠢᠭᠦᠯᠵᠦ᠂ ᠬᠦᠷᠢᠶ᠎ᠡ ᠶᠢᠨ ᠨᠤᠲᠤᠭ ᠲᠠᠢ ᠨᠤᠲᠤᠭ ᠤᠨ ᠠᠬ᠎ᠠ ᠳᠡᠭᠦᠦ ᠨᠡᠷ ᠤᠨ ᠨᠤᠲᠤᠭ ᠲᠠᠭᠠᠨ ᠪᠤᠴᠠᠵᠤ ᠪᠠᠯᠠ ᠣᠷᠣᠭᠤᠯᠬᠤ᠂ ᠬᠡᠷ ᠲᠡᠭᠡᠨ ᠬᠠᠷᠢᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠳᠡᠮᠵᠢᠵᠦ᠂ ᠬᠥᠷᠥᠩᠭᠡ ᠶᠢᠨ ᠪᠤᠴᠠᠯᠲᠠ᠂ ᠴᠢᠳᠠᠪᠤᠷᠢᠲᠠᠨ ᠤ ᠨᠤᠲᠤᠭ ᠲᠠᠭᠠᠨ ᠪᠤᠴᠠᠬᠤ᠂ ᠮᠡᠷᠭᠡᠵᠢᠯ ᠤᠨ ᠪᠤᠴᠠᠯᠲᠠ ᠶᠢ ᠪᠡᠶᠡᠯᠡᠭᠦᠯᠦᠨ᠎ᠡ᠃    ᠪᠦᠬᠦ ᠬᠦᠴᠦᠨ ᠢᠶᠠᠷ ᠢᠶᠠᠨ ᠪᠡᠯᠡ ᠮᠥᠩᠭᠦ ᠲᠡᠮᠡᠴᠡᠨ ᠤᠯᠬᠤ ᠶᠢ ᠠᠳᠬᠤᠨ᠎ᠠ᠃ ᠲᠡᠬᠡᠳᠦ ᠱᠠᠲᠤᠨ ᠤ ᠲᠥᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠴᠢᠭᠯᠡᠯ᠂ ᠳᠡᠮᠵᠢᠬᠦ ᠭᠤᠣᠯᠳᠠᠯᠭ᠎ᠠ᠂ ᠳᠡᠮᠵᠢᠬᠦ ᠬᠦᠷᠢᠶ᠎ᠡ ᠬᠡᠪᠴᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡ ᠣᠷᠣᠭᠤᠯᠤᠯᠲᠠ ᠶᠢᠨ ᠬᠠᠨᠳᠤᠰᠢ᠂ ᠪᠡᠯᠡ ᠣᠷᠣᠭᠤᠯᠤᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠨ᠂ ᠲᠡᠬᠡᠳᠦ ᠱᠠᠲᠤᠨ ᠤ ᠲᠥᠷᠦ ᠶᠢᠨ ᠪᠣᠳᠣᠯᠭ᠎ᠠ ᠶᠢᠨ ᠪᠡᠯᠡ ᠮᠥᠩᠭᠦ ᠪᠠ ᠮᠠᠨ ᠤ ᠬᠤᠰᠢᠭᠤᠨ ᠤ ᠤᠶᠠᠯᠳᠤᠯ ᠤᠨ ᠴᠡᠭ ᠢ ᠣᠨᠣᠪᠴᠢᠲᠠᠢ ᠡᠷᠢᠨ ᠣᠯᠵᠤ᠂ ᠨᠢᠭᠡ ᠪᠦᠯᠦᠭ ︽ᠬᠤᠶᠠᠷ ᠰᠢᠨ᠎ᠡ ᠨᠢᠭᠡ ᠬᠦᠨᠳᠦ︾᠂ ᠠᠵᠤ ᠦᠢᠯᠡᠰ ᠤᠨ ᠳᠡᠰ ᠳᠠᠪᠰᠢᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠰᠤᠷᠭᠠᠨ ᠬᠥᠮᠦᠵᠢᠯ ᠡᠮ ᠡᠮᠨᠡᠯᠭᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶ᠎ᠡ ᠴᠠᠷᠠᠭ᠎ᠠ ᠶᠢᠨ ᠴᠢᠬᠤᠯᠠ ᠶᠡᠭᠡ ᠲᠥᠷᠦᠯ ᠵᠦᠢᠯ ᠢ ᠪᠣᠭᠤᠳᠠᠯᠯᠠᠵᠤ᠂ ᠵᠢᠯ ᠤᠨ ᠳᠣᠲᠣᠷ᠎ᠠ ᠲᠡᠬᠡᠳᠦ ᠱᠠᠲᠤᠨ ᠤ ᠲᠥᠷᠦᠯ ᠵᠦᠢᠯ ᠤᠨ ᠪᠡᠯᠡ ᠮᠥᠩᠭᠦ 7 ᠳ᠋ᠦᠩᠰᠢᠭᠤᠷ ᠲᠥᠭᠦᠷᠢᠭ ᠢ ᠳᠠᠪᠠᠭ᠋ᠤ ᠶᠢ ᠪᠠᠲᠤᠯᠠᠨ᠎ᠠ᠃    ᠪᠦᠬᠦ ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠨ᠎ᠠ᠃ ᠲᠥᠷᠥᠯ ᠵᠦᠢᠯ ᠤᠨ ᠬᠠᠮᠢᠶᠠᠷᠤᠭᠴᠢ ᠪᠠ ᠲᠤᠰᠬᠠᠶ ᠰᠡᠳᠦᠪ ᠢᠶᠠᠷ ᠲᠣᠬᠢᠷᠠᠭᠤᠯᠬᠤ᠂ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠵᠡᠷᠬᠡ ᠲᠤᠭᠳᠠᠴᠠ ᠶᠢ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ ᠢᠶᠠᠷ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠲᠥᠷᠥᠯ ᠵᠦᠢᠯ ᠳᠤ ᠲᠥᠪᠯᠡᠷᠡᠭᠦᠯᠦᠨ ᠪᠠᠬᠢᠯᠡᠯᠲᠡ ᠳᠠᠭᠠᠷᠢᠬᠤ᠂ ᠪᠦᠬᠦ ᠦᠶᠡᠯᠡᠯ ᠤᠨ ᠬᠤᠭᠤᠴᠠᠭ᠎ᠠ ᠪᠠᠷ ᠪᠠᠲᠤᠯᠠᠵᠤ᠂ ᠪᠦᠬᠦ ᠵᠢᠯ ᠳᠤ ᠭᠤᠣᠯᠳᠠᠯᠭ᠎ᠠ ᠲᠠᠢ ᠲᠥᠷᠥᠯ ᠵᠦᠢᠯ ᠢ 35 ᠠᠴᠠ ᠳᠡᠭᠡᠭᠰᠢ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ ᠤᠷᠢᠳᠴᠢᠯᠠᠨ ᠬᠦᠴᠦᠯᠡᠬᠦ ᠶᠢ ᠴᠢᠬᠤᠯᠠᠴᠢᠯᠠᠵᠤ᠂ ︽ᠡᠷᠲᠡ︾ ᠠᠵᠢᠯ ᠡᠬᠢᠯᠡᠭᠦᠯᠬᠦ ᠶᠢ ᠳᠣᠪᠤᠶᠢᠯᠭᠠᠵᠤ᠂ ᠬᠠᠪᠤᠷ ᠤᠨ ᠤᠯᠠᠷᠢᠯ ᠳᠤ ᠠᠵᠢᠯ ᠡᠬᠢᠯᠡᠭᠦᠯᠬᠦ ᠲᠥᠷᠥᠯ ᠵᠦᠢᠯ ᠢ 20 ᠠᠴᠠ ᠳᠡᠭᠡᠭᠰᠢ ᠪᠠᠶᠢᠯᠭᠠᠬᠤ ᠶᠢ ᠦᠨᠡᠠᠭᠦ ᠪᠠᠲᠤᠯᠠᠵᠤ᠂ ᠠᠩᠬᠠᠨ ᠤ ᠤᠯᠠᠷᠢᠯ ᠳᠤ ︽ᠰᠠᠶᠢᠨ ᠡᠬᠢᠯᠡᠯᠲᠡ ᠲᠠᠢ︾ ᠪᠠᠶᠢᠬᠤ ᠶᠢ ᠪᠡᠶᠡᠯᠡᠭᠦᠯᠦᠨ᠎ᠡ᠃ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠵᠢᠯ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 11 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃    ︵ᠬᠤᠶᠠᠷ︶ ᠬᠦᠴᠦᠨ ᠢᠶᠠᠨ ᠲᠥᠪᠯᠡᠷᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠳᠠᠶᠢᠯᠠᠯᠳᠤᠭᠠᠨ ᠢ ᠤᠨᠢᠨ ᠳᠡᠭᠡᠷ᠎ᠡ ᠨᠢ ᠰᠠᠶᠢᠲᠤᠷ ᠬᠢᠨ᠎ᠡ᠃ ᠰᠠᠶᠢᠨ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠬᠥᠮᠦᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠪᠦᠲᠦᠴᠡ ᠶᠢ ᠰᠢᠯᠢᠳᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠵᠡᠷᠭᠡ ᠪᠠᠷ ᠤᠷᠤᠭᠰᠢᠯᠠᠭᠤᠯᠬᠤ ᠶᠢ ᠪᠠᠷᠢᠮᠲᠠᠯᠠᠵᠤ᠂ ᠳᠠᠪᠠᠭᠤᠯᠢᠭ ᠢᠶᠠᠨ ᠤᠯᠠᠮ ᠨᠢᠭᠡ ᠠᠯᠬᠤᠮ ᠵᠤᠵᠠᠭᠠᠳᠬᠠᠨ᠂ ᠣᠨᠴᠠᠯᠢᠭ ᠢᠶᠠᠨ ᠬᠦᠴᠦᠷᠬᠡᠭᠵᠢᠭᠦᠯᠵᠦ᠂ ᠬᠥᠭᠵᠢᠯᠲᠡ ᠶᠢᠨ ᠶᠠᠰᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃    ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ᠂ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠵᠡᠷᠭᠡ ᠲᠥᠷᠥᠯ ᠵᠦᠢᠯ ᠢ ᠲᠦᠯᠬᠢᠨ ᠠᠬᠢᠭᠤᠯᠵᠤ᠂ ᠵᠢᠯ ᠤᠨ ᠳᠣᠲᠣᠷ᠎ᠠ ᠬᠠᠭᠤᠷᠠᠢ ᠳᠤ ᠲᠠᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ 6 ᠲᠦᠮᠡᠨ ᠮᠤ᠋᠂ ᠲᠥᠬᠦᠭᠡᠷᠦᠮᠵᠢᠲᠦ ᠲᠠᠷᠢᠶᠠᠯᠠᠩ 2000 ᠮᠤ᠋᠂ ᠠᠵᠤ ᠠᠬᠤᠢ ᠶᠢᠨ ᠣᠢ ᠵᠢᠮᠢᠰ 2 ᠲᠦᠮᠡᠨ ᠮᠤ᠋ ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠲᠠᠷᠢᠬᠤ ᠬᠤᠷᠢᠶᠠᠬᠤ ᠰᠡᠷᠭᠡᠶᠢᠯᠡᠬᠦ ᠶᠢ ᠨᠢᠭᠡ ᠴᠣᠭᠴᠠᠵᠢᠭᠤᠯᠤᠨ 10 ᠲᠦᠮᠡᠨ ᠮᠤ᠋ ᠠᠵᠢᠯᠯᠠᠵᠤ᠂ ᠠᠮᠤ ᠪᠤᠳᠠᠭᠠᠨ ᠤ ᠤᠨᠠᠯᠲᠠ ᠶᠢ 12 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠰᠠᠭᠠᠭ᠂ ᠠᠯᠠᠰᠢᠨ ᠦᠬᠡᠷ᠂ ᠠᠯᠠᠰᠢᠨ ᠨᠤᠭᠤᠰᠤ ᠵᠡᠷᠭᠡ ᠶᠢ ᠭᠦᠨᠵᠡᠭᠡᠶ ᠡᠳ᠋ᠰᠢᠭᠦᠯᠭᠦ ᠠᠵᠤ ᠠᠬᠤᠶᠢᠯᠠᠯ ᠢ ᠶᠡᠬᠡᠪᠡᠷ ᠣᠷᠣᠭᠤᠯᠵᠤ ᠢᠷᠡᠨ᠂ ᠰᠠᠭᠠᠭ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠢᠳᠡᠪᠬᠢᠯᠡᠨ ᠣᠯᠵᠤ᠂ ᠰᠠᠭᠠᠭ ᠲᠠᠷᠢᠬᠤ ᠲᠠᠯᠠᠪᠠᠶ ᠶᠢ 10 ᠲᠦᠮᠡᠨ ᠮᠦ ᠳᠤ ᠬᠦᠷᠦᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠬᠦᠴᠦᠷᠬᠡᠭ ᠪᠠᠯᠭᠠᠰᠤ 1 ᠶᠢ ᠪᠠᠶᠢᠭᠤᠯᠤᠨ᠂ ᠠᠯᠠᠰᠢᠨ ᠦᠬᠡᠷ ᠤᠨ ᠲᠡᠵᠢᠭᠡᠵᠦ ᠪᠠᠶᠢᠭ᠎ᠠ ᠲᠤᠭ᠎ᠠ ᠶᠢ 40  ᠲᠦᠮᠡ  ᠳᠤ ᠭᠦᠷᠬᠡᠵᠦ᠂ ᠦᠷ᠎ᠡ ᠶᠢᠨ ᠨᠤᠭᠤᠰᠤ ᠶᠢ 15 ᠲᠦᠮᠡᠨ ᠦᠳᠦ ᠶᠢ ᠰᠢᠨ᠎ᠡ ᠪᠠᠷ ᠨᠡᠮᠡᠭᠳᠡᠭᠦᠯᠦᠨ᠎ᠡ᠃    ᠠᠵᠤ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ 1 . 5 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠪᠠᠶᠢᠭᠤᠯᠤᠨ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠶᠧ ᠰᠢᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠮᠠᠯᠲᠠᠬᠤ᠂ ᠳ᠋ᠦᠩ ᠮᠧᠩ ᠱᠦᠢᠨᠢ ᠶᠢᠨ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠪᠣᠬᠢᠷᠲᠤᠯ ᠥᠬᠡᠶ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠤᠵᠠᠭᠠᠶᠢᠷᠠᠭᠤᠯᠵᠤ᠂ ᠰᠢᠶᠧ ᠰᠢᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ᠂ ᠳ᠋ᠦᠩ ᠮᠧᠩ ᠱᠦᠢᠨᠢ ᠶᠢᠨ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ᠂ ᠮᠣᠩᠭᠤᠯ ᠡᠮ ᠤᠨ  ᠦᠢᠯᠡᠳᠪᠦᠷᠢ ᠶᠢᠨ ᠡᠨᠧᠷᠭᠢ ᠶᠢ ᠥᠷᠭᠡᠳᠬᠡᠨ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠾᠧᠩ ᠲᠦᠩ ᠵᠢᠶᠠ ᠰᠢᠩ ᠲᠢᠲ᠋ᠠᠨ ᠤ ᠦᠢᠯᠡᠰ ᠵᠡᠷᠭᠡ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠢ ᠠᠮᠢᠯᠠᠭᠤᠯᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 2 ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠠᠳᠠᠯᠢ ᠬᠠᠷᠢᠴᠠᠯ ᠢᠶᠠᠷ 4 . 5 % ᠨᠡᠮᠡᠭᠳᠡᠭᠦᠯᠦᠨ᠎ᠡ᠃    ᠭᠤᠷᠪᠠᠨ ᠠᠵᠤ ᠦᠢᠯᠡᠰ ᠤᠨ ᠳᠠᠯᠳᠠ ᠬᠦᠴᠦᠨ ᠢ ᠭᠦᠢᠴᠡᠳ ᠠᠭᠤᠳᠠᠯᠤᠨ᠎ᠠ᠃ ᠬᠡᠷᠡᠭᠯᠡᠭᠡ ᠶᠢ ᠠᠬᠢᠭᠤᠯᠬᠤ ᠳᠤ ᠰᠠᠭᠤᠷᠢᠯᠠᠨ᠂ ᠬᠡᠷᠡᠭᠯᠡᠭᠡᠨ ᠤ ᠬᠠᠩᠭᠠᠯᠭ᠎ᠠ ᠶᠢ ᠢᠳᠡᠪᠬᠢᠲᠡᠢ ᠥᠷᠭᠡᠳᠬᠡᠨ᠎ᠡ᠃ ᠭᠤᠷᠪᠠᠨ ᠶᠡᠭᠡ ᠰᠦᠮ᠎ᠡ᠂ ᠮᠦᠩᠭᠦᠨ ᠡᠯᠡᠰᠦᠨ ᠲᠤᠬᠤᠢ᠂ ᠲᠠᠮᠤ ᠶᠢᠨ ᠴᠠᠭᠠᠨ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠦᠷᠢᠨ ᠪᠣᠯᠭᠠᠨ᠂ ᠠᠨᠳᠠᠢ ᠪᠥᠵᠢᠭ ᠤᠨ ᠤᠷᠤᠯᠳᠤᠭᠠᠨ᠂ ᠡᠯᠡᠰᠦᠨ ᠴᠦᠯ ᠤᠨ ᠬᠡᠭᠡᠷᠡᠯᠡᠬᠦ ᠤᠷᠤᠯᠳᠤᠭᠠᠨ ᠵᠡᠷᠭᠡ ᠨᠡᠷᠡᠲᠦ ᠲᠡᠮᠳᠡᠭ ᠤᠨ ᠤᠷᠤᠯᠳᠤᠭᠠᠨ ᠢ ᠰᠠᠶᠢᠲᠤᠷ ᠡᠷᠬᠢᠯᠡᠵᠦ᠂ ᠰᠣᠳᠣᠨ ᠲᠠᠷᠢᠶᠠᠴᠢᠨ ᠠᠶᠢᠯ ᠤᠨ ᠵᠤᠭᠠᠴᠠᠯ᠂ ᠮᠠᠯᠴᠢᠨ ᠠᠶᠢᠯ ᠤᠨ ᠵᠤᠭᠠᠴᠠᠯ᠂ ᠵᠢᠭᠠᠰᠤᠴᠢᠨ ᠠᠶᠢᠯ ᠤᠨ ᠵᠤᠭᠠᠴᠠᠯ ᠢ ᠪᠤᠢ ᠪᠣᠯᠭᠠᠵᠤ᠂ ︽ᠭᠠᠷᠠᠭ ᠤᠨ ᠰᠡᠭᠦᠯᠴᠢ ᠶᠢᠨ ᠵᠤᠭᠠᠴᠠᠯ ᠬᠦᠷᠢᠶ᠎ᠡ︾ ᠨᠡᠷᠡᠲᠦ ᠲᠡᠮᠳᠡᠭ ᠢ ᠡᠭᠦᠳᠴᠦ᠂ ᠵᠢᠯ ᠤᠨ ᠳᠣᠲᠣᠷ᠎ᠠ 40 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠨᠡᠶᠢᠭᠡᠮ ᠤᠨ ᠶᠡᠷᠦᠩᠬᠡᠶᠢᠯᠡᠭᠰᠡᠨ ᠣᠷᠣᠯᠭ᠎ᠠ ᠶᠢ 1 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠠᠷᠠᠯᠵᠢᠶ᠎ᠠ᠂ ᠪᠥᠭᠡᠮ ᠢᠶᠠᠷ ᠪᠣᠷᠣᠯᠠᠭᠤᠯᠬᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠷᠢᠮᠵᠢᠶᠠᠵᠢᠭᠤᠯᠤᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠬᠤᠰᠢᠭᠤ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠭᠤᠳᠠᠯᠤᠨ᠎ᠠ᠃ ᠠᠮᠠᠷᠠᠯᠲᠠ ᠶᠢᠨ ᠡᠳᠦᠷ᠂ ᠰᠥᠨᠢ ᠶᠢᠨ ᠠᠵᠤ ᠠᠬᠤᠶ ᠵᠡᠷᠭᠡ ᠨᠠᠩ ᠣᠯᠠᠨ ᠰᠢᠨ᠎ᠡ ᠠᠬᠤᠶ ᠪᠠᠶᠢᠳᠠᠯ᠂ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ᠂ ᠰᠦᠯᠵᠢᠶᠡᠨ ᠤ ᠨᠡᠷ᠎ᠡ ᠴᠤᠤᠳᠦ ᠠᠵᠤ ᠠᠬᠤᠢ᠂ ᠰᠢᠭᠤᠳ ᠨᠡᠪᠲᠡᠷᠡᠭᠦᠯᠭᠡ ᠶᠢᠨ ᠠᠵᠤ ᠠᠬᠤᠢ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠡᠳᠬᠦᠨ ᠳᠠᠮᠵᠢᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ ᠶᠢ 25 % ᠠᠴᠠ ᠳᠡᠭᠡᠭᠰᠢ ᠨᠡᠮᠡᠭᠳᠡᠭᠦᠯᠦᠨ᠎ᠡ᠃    ︵ᠭᠤᠷᠪᠠ︶ ᠬᠦᠴᠦ ᠪᠠᠨ ᠲᠥᠪᠯᠡᠷᠡᠭᠦᠯᠦᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠷᠢᠯᠴᠠᠨ ᠠᠬᠢᠭᠤᠯᠬᠤ᠂ ᠬᠠᠷᠢᠯᠴᠠᠨ ᠠᠭᠤᠰᠤᠯᠴᠠᠭᠤᠯᠬᠤ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠠᠩ ᠪᠠᠬᠢᠵᠢᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠨᠠᠩ ᠦᠷᠭᠦᠯᠵᠢᠯᠡᠭᠦᠯᠦᠨ᠎ᠡ᠃    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠲᠣᠪᠤᠶᠢᠮ᠎ᠠ ᠪᠠᠶᠢᠷᠢᠨ ᠳᠤ ᠲᠠᠯᠪᠢᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤᠵᠢᠭᠰᠠᠨ ᠬᠥᠳᠡᠯᠦᠩᠭᠦᠶ ᠬᠢᠨᠠᠨ ᠬᠡᠮᠵᠢᠯᠲᠡ ᠪᠠ ᠮᠥᠷᠳᠡᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠢᠭᠡ ᠡᠷᠦᠬᠡ ᠶᠢ ᠢᠯᠡᠷᠡᠭᠦᠯᠪᠡᠯ᠂ ᠨᠢᠭᠡ ᠡᠷᠦᠬᠡ ᠶᠢ ᠬᠢᠨᠠᠨ ᠬᠡᠮᠵᠢᠵᠦ᠂ ᠨᠢᠭᠡ ᠡᠷᠦᠬᠡ ᠶᠢ ᠬᠠᠪᠰᠤᠷᠤᠨ ᠲᠡᠳᠬᠦᠵᠦ᠂ ᠨᠢᠭᠡ ᠡᠷᠦᠬᠡ ᠶᠢ ᠴᠡᠪᠡᠷᠯᠡᠨ᠎ᠡ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ︽ᠲᠠᠪᠤ ᠶᠢ ᠠᠬᠢᠭᠤᠯᠬᠤ︾ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠪᠠᠶᠠᠨ ᠲᠠᠷᠢᠶᠠᠴᠢᠨ ᠤ ᠵᠢᠭᠡᠯᠡᠯᠭᠡ ᠪᠠ ᠲᠠᠷᠢᠶᠠᠯᠠᠩ ᠤᠨ ᠵᠢᠭᠡᠯᠡᠯᠭᠡ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠡᠳ᠋ ᠬᠥᠷᠥᠩᠭᠡ ᠶᠢᠨ ᠠᠰᠢᠭ ᠣᠷᠣᠯᠭ᠎ᠠ ᠪᠠᠷ ᠶᠠᠳᠠᠭᠤ ᠶᠢ ᠲᠡᠳᠬᠦᠬᠦ᠂ ᠦᠨᠳᠦᠰᠦᠨ ᠵᠦᠢᠯ ᠢ ᠪᠠᠲᠤᠯᠠᠬᠤ ᠵᠡᠷᠭᠡ ᠣᠯᠠᠨ ᠡᠰᠢᠵᠢᠭᠰᠡᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠴᠤ ᠳᠠᠬᠢᠨ ᠶᠠᠳᠠᠭᠤᠷᠠᠬᠤ ᠥᠬᠡᠶ᠂ ᠶᠠᠳᠠᠭᠤ ᠪᠤᠰᠤ ᠴᠤ ᠶᠠᠳᠠᠭᠤᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃    ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ ᠲᠣᠭᠲᠠᠭᠤᠨ ᠪᠠᠶᠢᠯᠭᠠᠬᠤ ᠪᠠᠷ ᠭᠤᠤᠯ ᠡᠭᠦᠷᠭᠡ ᠪᠣᠯᠭᠠᠨ᠎ᠠ᠃ ᠠᠵᠤ ᠦᠢᠯᠡᠰ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠮᠠᠯ ᠲᠠᠷᠢᠶᠠᠯᠠᠩ ᠳᠤ ᠬᠤᠯᠪᠣᠭᠳᠠᠭᠰᠠᠨ ᠪᠠᠯᠠ ᠮᠥᠩᠭᠦ ᠶᠢᠨ 50 % ᠠᠴᠠ ᠳᠡᠭᠡᠭᠰᠢᠬᠢ ᠶᠢ ᠡᠮᠬᠢᠯᠡᠨ ᠨᠡᠶᠢᠯᠡᠭᠦᠯᠵᠦ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠬᠦ ᠶᠢ ᠦᠨᠡᠨᠬᠦ ᠪᠠᠲᠤᠯᠠᠨ᠎ᠠ᠃ ᠡᠭᠦᠯᠳᠡᠷ ᠤᠨ ᠨᠤᠭᠤᠰᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠶᠢᠨ ᠰᠢᠤ ᠬᠠᠶᠢᠲᠠᠩ ᠵᠢᠮᠢᠰ ᠤᠨ ᠬᠦᠷᠢᠶᠡᠯᠡᠩ᠂ ᠭᠦᠯᠳᠡᠭᠦᠦ ᠬᠡᠯᠬᠢᠶᠡᠲᠦ ᠬᠥᠮᠥᠷᠭᠡᠯᠡᠬᠦ᠂ ᠣᠢ ᠵᠢᠮᠢᠰ ᠨᠠᠷᠢᠯᠢᠭ ᠡᠳ᠋ᠰᠢᠭᠦᠯᠬᠦ ᠵᠡᠷᠭᠡ ᠲᠥᠷᠦᠯ ᠵᠦᠢᠯ ᠢ ᠲᠦᠷᠭᠡᠳᠬᠡᠨ ᠠᠬᠢᠭᠤᠯᠵᠤ᠂ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠰᠠᠶᠢᠲᠤᠷ ᠬᠠᠮᠢᠶᠠᠷᠤᠨ ᠬᠡᠷᠡᠭᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠶᠢ 10 % ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠵᠤ᠂ ᠪᠦᠲᠦᠮᠵᠢᠲᠡᠶ ᠪᠠᠷ ᠳᠠᠶᠢᠴᠢᠯᠠᠨ ᠣᠯᠠᠨ ᠲᠦᠮᠡᠨ ᠤ ᠣᠷᠣᠯᠭ᠎ᠠ ᠶᠢ ᠨᠢ ᠨᠡᠮᠡᠭᠳᠡᠭᠦᠯᠦᠨ᠎ᠡ   ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠪᠠᠷᠢᠭᠤᠯ ᠪᠤᠯᠭᠠᠨ᠎ᠠ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ 88 ᠭᠤᠤᠯᠳᠠᠯᠭ᠎ᠠ ᠲᠠᠢ ᠭᠠᠴᠠᠭ᠎ᠠ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ 200 ᠡᠷᠦᠬᠡ ᠠᠴᠠ ᠳᠡᠭᠡᠭᠰᠢ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ 2000 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ 82 ᠺᠢᠯᠣᠮᠧᠲᠷ ᠬᠥᠳᠡᠭᠡ ᠲᠣᠰᠬᠤᠨ ᠤ ᠴᠠᠬᠢᠯᠭᠠᠨ ᠲᠤᠤᠷ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠵᠠᠮ ᠢ 40 ᠺᠢᠯᠣᠮᠧᠲᠷ ᠰᠠᠶᠢᠵᠢᠷᠠᠭᠤᠯᠤᠨ᠂ 15 ᠭᠠᠴᠠᠭ᠎ᠠ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠰᠠᠭᠤᠷᠢ ᠲᠦᠭᠦᠬᠡᠷᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠬᠠᠳᠠᠭᠠᠯᠠᠬᠤ᠂ ᠰᠢᠯᠵᠢᠭᠦᠯᠦᠨ ᠲᠡᠭᠡᠭᠡᠪᠦᠷᠢᠯᠡᠬᠦ᠂ ᠰᠢᠢᠳᠪᠦᠷᠢᠯᠡᠭᠦ  ᠲᠦᠭᠦᠬᠡᠷᠦᠮᠵᠢ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠭᠦ ᠰᠢᠰᠲ᠋ᠧᠮ ᠤᠨ ᠪᠦᠷᠬᠦᠴᠡ ᠶᠢᠨ ᠨᠣᠷᠮ᠎ᠠ ᠶᠢ 40 % ᠳᠤ ᠬᠦᠷᠦᠭᠦᠯᠵᠦ᠂ ᠣᠯᠠᠨ ᠲᠦᠮᠡᠨ ᠳᠤ ᠨᠠᠩ ᠴᠡᠪᠡᠷ ᠲᠡᠭᠰᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠡᠭᠦᠳᠦᠨ  ᠪᠠᠶᠢᠭᠤᠯᠤᠨ᠎ᠠ᠃   ︵ᠲᠦᠷᠪᠡ︶ ᠬᠦᠴᠦᠨ ᠢᠶᠠᠨ ᠲᠥᠪᠯᠡᠷᠡᠭᠦᠯᠦᠨ ᠰᠢᠯᠢᠳᠡᠭ ᠢ ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠲᠤᠪᠤᠶᠢᠮ᠎ᠠ ᠰᠠᠶᠢᠲᠤᠷ ᠬᠢᠨ᠎ᠡ᠃  ᠳᠣᠲᠣᠭᠠᠳᠤ ᠭᠠᠳᠠᠭᠠᠳᠤ ᠶᠢ ᠵᠡᠷᠭᠡ ᠪᠠᠷ ᠵᠠᠰᠠᠬᠤ᠂ ᠨᠢᠭᠡᠳᠦᠯᠲᠡᠶ ᠲᠥᠯᠥᠪᠵᠢᠭᠦᠯᠦᠨ ᠵᠡᠷᠭᠡ ᠪᠠᠷ ᠬᠠᠷᠠᠭᠠᠯᠵᠠᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠠᠷᠠᠯᠵᠢᠶ᠎ᠠ ᠡᠵᠡᠩᠨᠡᠬᠦ ᠣᠷᠴᠢᠨ᠂ ᠠᠮᠢ ᠠᠬᠤᠶ ᠣᠷᠴᠢᠨ ᠲᠣᠭᠤᠷᠢᠨ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠬᠠᠲᠠᠭᠤ ᠣᠷᠴᠢᠨ ᠲᠣᠭᠤᠷᠢᠨ ᠢ ᠨᠠᠩ ᠰᠠᠶᠢᠬᠠᠨ ᠪᠣᠯᠭᠠᠵᠤ᠂ ᠵᠥᠭᠡᠯᠡᠨ ᠣᠷᠴᠢᠨ ᠲᠣᠭᠤᠷᠢᠨ ᠢ ᠨᠠᠩ ᠳᠠᠪᠠᠭᠤᠯᠢᠭ ᠪᠣᠯᠭᠠᠨ᠎ᠠ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠴᠠᠭ ᠤᠨ ᠬᠢᠵᠠᠭᠠᠷ ᠢᠶᠠᠷ ᠬᠠᠮᠤᠭ ᠤᠨ ᠣᠬᠤᠷ᠂ ᠭᠤᠭᠴᠤᠭ᠎ᠠ ᠪᠠᠷ ᠬᠠᠮᠤᠭ ᠤᠨ ᠳᠥᠭᠦᠮ᠂  ᠦᠢᠯᠡᠴᠢᠯᠡᠭᠡ ᠪᠠᠷ ᠬᠠᠮᠤᠭ ᠤᠨ ᠰᠠᠶᠢᠨ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠵᠢᠯ ᠤᠨ ᠳᠣᠲᠣᠷ᠎ᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠥᠨᠳᠥᠷ ᠳᠠᠪᠲᠠᠮᠵᠢᠲᠤ  ᠵᠦᠢᠯᠡᠰ ᠢ ᠭᠦᠢᠴᠡᠳᠬᠡᠭᠦ ᠳᠤ ︽ᠨᠢᠭᠡ ᠰᠦᠯᠵᠢᠶ᠎ᠡ᠂ ᠨᠢᠭᠡ ᠴᠤᠩᠬᠤ᠂ ᠨᠢᠭᠡ ᠤᠳᠠᠭ᠎ᠠ︾ ᠶᠢ ᠪᠡᠶᠡᠯᠡᠭᠦᠯᠵᠦ᠂ 74 ᠵᠦᠢᠯ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠢ ᠮᠤᠵᠢ ᠠᠯᠤᠰᠯᠠᠨ ᠨᠡᠶᠢᠳᠡᠮ ᠭᠦᠢᠴᠡᠳᠬᠡᠭᠦ ᠶᠢ ᠪᠡᠶᠡᠯᠡᠭᠦᠯᠦᠨ᠎ᠡ᠃ ᠬᠢᠨᠠᠨ ᠵᠥᠪᠰᠢᠶᠡᠷᠡᠬᠦ ᠰᠠᠭᠠᠳ ᠥᠬᠡᠶ ᠨᠡᠪᠲᠡᠷᠡᠬᠦ ᠵᠠᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠠᠵᠢᠯ ᠶᠠᠪᠤᠳᠠᠯ ᠤᠨ ᠡᠮᠦᠨ᠎ᠡ ᠰᠠᠨᠠᠭᠠᠴᠢᠯᠠᠭ᠎ᠠ ᠠᠴᠠ ᠪᠠᠨ ᠭᠦᠢᠴᠡᠳᠬᠡᠭᠦ᠂ ᠠᠵᠢᠯ ᠶᠠᠪᠤᠳᠠᠯ ᠤᠨ ᠳᠤᠮᠳᠠ ᠪᠥᠬᠦ ᠶᠠᠪᠤᠴᠠ ᠪᠠᠷ  ᠭᠦᠢᠴᠡᠳᠬᠡᠭᠦ᠂ ᠠᠵᠢᠯ ᠶᠠᠪᠤᠳᠠᠯ ᠤᠨ ᠳᠠᠷᠠᠭ᠎ᠠ ᠮᠥᠷᠳᠡᠨ ᠭᠦᠢᠴᠡᠳᠬᠡᠭᠦ ᠠᠮᠢ ᠨᠠᠰᠤᠨ ᠤ ᠪᠥᠬᠦ ᠦᠶᠡᠯᠡᠯ ᠤᠨ ᠦᠢᠯᠡᠴᠢᠯᠡᠭᠡ ᠬᠠᠩᠭᠠᠵᠤ᠂ ︽ᠠᠵᠢᠯ ᠶᠠᠪᠤᠳᠠᠯ ᠢ ᠪᠦᠲᠦᠭᠡᠵᠦ ᠳᠡᠶᠢᠯᠬᠦ ᠥᠬᠡᠶ︾ ᠴᠤᠩᠬᠤᠪᠴᠢ ᠶᠢ ᠠᠵᠢᠯ ᠶᠠᠪᠤᠳᠠᠯ ᠢ ᠪᠦᠲᠦᠭᠡᠵᠦ ᠳᠡᠶᠢᠯᠬᠦ ᠶᠢᠨ ᠰᠢᠭᠤᠳ ᠨᠡᠪᠲᠡᠷᠡᠬᠦ ᠲᠡᠷᠭᠡ ᠪᠣᠯᠭᠠᠨ᠎ᠠ᠃ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠵᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠬᠠᠪᠰᠤᠷᠤᠨ ᠭᠦᠢᠴᠡᠳᠬᠡᠭᠦ ᠣᠷᠣᠯᠠᠨ ᠭᠦᠢᠴᠡᠳᠬᠡᠭᠦ ᠦᠢᠯᠡᠴᠢᠯᠡᠬᠡᠨ ᠤ ᠵᠠᠭᠪᠤᠷ ᠲᠤ ᠰᠢᠨ᠎ᠡ ᠶᠢ ᠡᠭᠦᠳᠴᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃    ᠠᠮᠢ ᠠᠬᠤᠶ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠃  ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢ ᠶᠡᠭᠡ ᠪᠠᠷ ᠠᠬᠢᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢ ᠪᠠᠭᠤᠷᠠᠭᠤᠯᠬᠤ ᠶᠢ ᠬᠠᠮᠵᠢᠯᠴᠠᠨ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ᠂ ᠴᠢᠨᠠᠷ ᠰᠠᠶᠢᠲᠠᠢ ᠵᠦᠢᠯᠡᠰ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠪᠦᠬᠦ ᠬᠦᠴᠦᠨ ᠢᠶᠠᠷ ᠪᠠᠳᠤᠯᠠᠵᠦ᠂ ᠬᠤᠲᠠ ᠲᠣᠭᠤᠷᠢᠭ ᠪᠠ ᠪᠠᠯᠭᠠᠰᠤ᠂ ᠲᠣᠰᠬᠤᠨ ᠤ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠯᠠᠨ ᠲᠦᠮᠡᠨ ᠤ ᠤᠤᠭᠤᠬᠤ ᠤᠰᠤᠨ ᠤ ᠶᠠᠰᠤ ᠴᠢᠨᠠᠷ ᠤᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠨ᠎ᠠ᠃ ᠭᠤᠣᠯ ᠤᠨ ᠳᠠᠷᠤᠭ᠎ᠠ ᠶᠢᠨ ᠳᠦᠷᠢᠮ᠂ ᠣᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠶᠠᠩᠰᠢᠪ ᠭᠤᠣᠯ ᠵᠡᠷᠭᠡ 3 ᠭᠤᠣᠯ ᠮᠥᠷᠡᠨ ᠤ ᠠᠮᠢ ᠠᠬᠤᠢ ᠶᠢ ᠰᠡᠷᠭᠦᠭᠡᠬᠦ ᠪᠠ ᠭᠤᠣᠯ ᠭᠤᠯᠳᠤᠷᠠᠯ ᠤᠨ ᠬᠤᠷᠠᠭᠰᠠᠨ ᠤᠰᠤ ᠶᠢ ᠠᠷᠢᠯᠭᠠᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤ ᠤᠰᠤ ᠲᠠᠢ᠂ ᠨᠣᠮᠢᠨ ᠤᠰᠤ ᠬᠤᠲᠠ ᠶᠢ ᠲᠣᠭᠤᠷᠢᠭᠰᠠᠨ ᠠᠮᠢ ᠠᠬᠤᠢ ᠶᠢᠨ ᠦᠵᠡᠮᠵᠢ ᠶᠢ ᠠᠯᠬᠤᠮ ᠠᠯᠬᠤᠮ ᠢᠶᠠᠷ ᠪᠤᠢ ᠪᠣᠯᠭᠠᠨ᠎ᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ 20 ᠲᠦᠮᠡᠨ ᠮᠥ ᠬᠡᠷᠡᠭᠵᠢᠭᠦᠯᠵᠦ᠂ ᠵᠢᠵᠢᠭ ᠰᠠᠪᠠ ᠭᠠᠵᠠᠷ ᠢ 3 ᠲᠦᠮᠡᠨ ᠮᠥ ᠶᠡᠷᠦᠩᠬᠡᠶᠢᠯᠡᠨ ᠵᠠᠰᠠᠵᠤ᠂ ᠣᠯᠠᠨ ᠲᠦᠮᠡᠨ ᠳᠤ ᠨᠠᠩ ᠰᠠᠭᠤᠷᠢᠰᠢᠬᠤ ᠳᠤ ᠲᠣᠬᠢᠷᠠᠮᠵᠢᠲᠠᠶ ᠠᠮᠢ ᠠᠬᠤᠶ ᠶᠢᠨ ᠣᠷᠴᠢᠨ ᠲᠣᠭᠤᠷᠢᠨ ᠢ ᠬᠠᠩᠭᠠᠨ᠎ᠠ᠃    ᠬᠤᠲᠠ ᠬᠥᠳᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠳᠠᠢ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠰᠢᠶᠠᠨ ᠤ ᠵᠠᠮ ᠤᠨ 468 ᠭᠤᠤᠳᠦ ᠠᠴᠠ ᠮᠠᠩᠬᠠᠨ ᠬᠦᠷᠲᠡᠯ᠎ᠡ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ᠂ ᠬᠥᠬᠦᠨ ᠲᠠᠪᠤᠨ ᠪᠠᠶᠢᠰᠢᠩ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠡᠬᠢᠯᠡᠭᠦᠯᠵᠦ᠂ ᠬᠤᠲᠠ ᠬᠥᠳᠡᠭᠡ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ 9 ᠬᠠᠭᠤᠴᠢᠨ ᠰᠠᠭᠤᠭᠠᠯᠢ ᠲᠣᠭᠤᠷᠢᠭ ᠪᠠ 670 ᠰᠠᠷᠠᠪᠴᠢᠳᠦ ᠡᠷᠦᠬᠡ ᠲᠣᠭᠤᠷᠢᠭ ᠢ ᠦᠬᠡᠷᠡᠴᠢᠯᠡᠨ᠎ᠡ᠃ ᠠᠮᠢᠳᠤᠷᠠᠯ ᠤᠨ ᠬᠤᠭ ᠨᠣᠪᠰᠢ ᠶᠢ ᠬᠤᠣᠷ ᠥᠬᠡᠶᠢᠳᠡᠭᠦᠯᠦᠨ ᠰᠢᠢᠳᠪᠦᠷᠢᠯᠡᠬᠦ ᠲᠥᠷᠥᠯ ᠵᠦᠢᠯ ᠢ ᠲᠡᠳᠡᠨ ᠣᠷᠣᠭᠤᠯᠵᠤ᠂ 20 ᠠᠷᠢᠭᠤᠨ ᠴᠡᠪᠡᠷ ᠵᠣᠷᠯᠣᠩ ᠢ ᠰᠢᠨ᠎ᠡ ᠪᠠᠷ ᠪᠠᠶᠢᠭᠤᠯᠵᠤ᠂ 30 ᠺᠢᠯᠤᠮᠧᠲᠷ ᠤᠨ ᠤᠰᠤ ᠭᠠᠳᠠᠭᠰᠢᠯᠠᠭᠤᠯᠬᠤ ᠬᠤᠭᠤᠯᠠᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠵᠤ᠂ ᠬᠤᠲᠠ ᠪᠠᠯᠭᠠᠰᠤᠨ ᠤ ᠴᠢᠳᠠᠪᠬᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠭᠠᠨᠵᠤᠭ᠎ᠠ ᠬᠦᠷᠢᠶ᠎ᠡ ᠶᠢᠨ ᠤᠷᠳᠦ ᠳᠠᠮᠵᠢᠭᠤᠯᠬᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠲᠠᠮᠠᠬᠠᠢ ᠬᠡᠢ ᠶᠢᠨ ᠬᠤᠭᠤᠯᠠᠢ ᠶᠢ ᠬᠤᠲᠠ ᠣᠷᠣᠭᠤᠯᠵᠤ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠵᠠᠰᠠᠯᠲᠠ᠂ ᠠᠳᠠᠯ ᠠᠬᠤᠢ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠦᠬᠦ ᠣᠷᠣᠨ ᠪᠦᠰᠡ ᠶᠢᠨ ᠪᠦᠬᠦᠯᠢ ᠡᠳᠦᠷ ᠤᠨ ᠴᠡᠪᠡᠷ ᠲᠡᠭᠰᠢ᠂ ᠬᠤᠳᠠ  ᠶᠢᠨ ᠪᠤᠭᠤᠮᠳᠠ ᠪᠠᠯᠭᠠᠰᠤᠨ ᠤ ᠠᠳᠠᠯ ᠠᠬᠤᠢ ᠶᠢᠨ ᠬᠠᠮᠢᠶᠠᠷᠤᠯᠲᠠ ᠶᠢ ᠪᠦᠷᠢᠨ ᠪᠦᠷᠬᠦᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠢᠯᠴᠢ ᠬᠠᠩᠭᠠᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠢᠯᠴᠢ ᠬᠠᠩᠭᠠᠬᠤ ᠶᠢ ᠨᠠᠩ ︽ᠳᠤᠯᠠᠭᠠᠨ ᠤ ᠬᠡᠮᠵᠢᠶ᠎ᠡ︾ ᠲᠠᠢ ᠪᠣᠯᠭᠠᠨ᠎ᠠ᠃    ︵ᠲᠠᠪᠤ︶ ᠬᠦᠴᠦ ᠪᠠᠨ ᠲᠥᠪᠯᠡᠷᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠨ᠎ᠠ᠃ ᠠᠮᠤᠷ ᠲᠦᠪᠰᠢᠨ ᠬᠥᠭᠵᠢᠯᠲᠡ ᠶᠢ ᠡᠯ᠎ᠡ ᠭᠦᠷᠢᠶ᠎ᠡ ᠪᠣᠯᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠬᠥᠭᠵᠢᠯᠲᠡ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠤᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠠᠷᠭ᠎ᠠ ᠬᠡᠮᠵᠢᠶ᠎ᠡ ᠶᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠨ᠎ᠠ᠃ ︽ᠬᠥᠮᠦᠨ᠂ ᠪᠣᠳᠠᠰ᠂ ᠣᠷᠴᠢᠨ ᠠᠬᠤᠢ︾ ᠶᠢ ᠬᠠᠮᠲᠤ ᠪᠠᠷ ᠰᠡᠷᠭᠡᠶᠢᠯᠡᠬᠦ᠂ ᠬᠠᠮᠲᠤ ᠪᠠᠷ ᠪᠠᠶᠢᠴᠠᠭᠠᠬᠤ ᠶᠢ ᠪᠠᠷᠢᠮᠲᠠᠯᠠᠵᠤ᠂ ᠤᠯᠠᠨ ᠴᠡᠭ ᠢᠶᠠᠷ ᠬᠦᠨᠳᠡᠵᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠸᠠᠺᠼᠢᠨ ᠤ ᠲᠠᠷᠢᠯᠭ᠎ᠠ ᠶᠢ ᠪᠥᠬᠦ ᠬᠦᠴᠦᠨ ᠢᠶᠠᠷ ᠠᠬᠢᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠪᠠ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠷᠠᠯ ᠰᠣᠷᠢᠯᠲᠠ ᠶᠢ ᠪᠠᠶᠢᠩᠭᠤ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠦ ᠲᠦᠪᠰᠢᠨ ᠢ ᠳᠡᠭᠡᠭᠰᠢᠯᠡᠭᠦᠯᠦᠨ᠎ᠡ᠃    ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠥᠷᠢ ᠥᠭᠴᠡᠭᠡ ᠲᠥᠯᠥᠬᠦ᠂ ᠥᠷᠢ ᠥᠭᠴᠡᠭᠡ ᠰᠢᠯᠵᠢᠭᠦᠯᠬᠦ᠂ ᠥᠷᠢ ᠥᠭᠴᠡᠭᠡ ᠰᠣᠯᠢᠬᠤ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠪᠠ ᠠᠪᠴᠠᠭ᠎ᠠ ᠶᠢ ᠡᠷᠭᠢᠯᠳᠦᠭᠦᠯᠬᠦ᠂ ᠨᠤᠭᠤᠯᠤᠨ ᠪᠣᠳᠣᠵᠤ ᠡᠭᠡᠭᠦᠯᠦᠨ ᠬᠤᠳᠠᠯᠳᠤᠨ ᠠᠪᠬᠤ᠂ ︽ᠪᠡᠯᠡ ᠮᠥᠩᠭᠦ + ᠡᠳ᠋ ᠬᠥᠷᠥᠩᠭᠡ︾ ᠶᠢ ᠪᠣᠭᠤᠳᠠᠯᠯᠠᠬᠤ ᠵᠡᠷᠭᠡ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠥᠷᠢ ᠥᠭᠴᠡᠭᠡ ᠠᠷᠢᠯᠭᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠨᠡᠭᠡᠭᠡᠨ ᠬᠥᠭᠵᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠬᠦ ᠬᠥᠭᠦᠷᠭᠡ ᠶᠢ ᠪᠤᠰᠬᠠᠨ᠎ᠠ ᠃ ᠬᠤᠭᠤᠴᠠᠭ᠎ᠠ ᠬᠡᠲᠦᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠢᠴᠢ ᠵᠦᠶ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠬᠤ ᠡᠷᠴᠢᠮ ᠢ ᠴᠢᠩᠭᠠᠷᠠᠭᠤᠯᠵᠤ᠂ ᠮᠥᠩᠭᠦᠨ ᠭᠦᠢᠯᠬᠡᠬᠡᠨ ᠤ ᠪᠠᠶᠢᠭᠤᠯᠤᠮᠵᠢ ᠪᠠ ᠢᠨᠲ᠋ᠧᠷ ᠰᠦᠯᠵᠢᠶᠡᠨ ᠤ ᠮᠥᠩᠭᠦᠨ ᠭᠦᠢᠯᠬᠡᠬᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠮᠥᠩᠭᠦᠨ ᠭᠦᠢᠯᠬᠡᠬᠡᠨ ᠤ ᠡᠮᠬᠢ ᠳᠢᠭᠯᠢᠮ ᠢ ᠬᠦᠴᠦᠲᠡᠶ ᠬᠠᠮᠠᠭᠠᠯᠠᠨ᠎ᠠ᠃    ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠬᠤᠯᠠᠭᠠᠶᠢᠯᠠᠬᠤ ᠪᠤᠯᠢᠶᠠᠬᠤ ᠮᠡᠬᠡᠯᠡᠬᠦ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠯᠠᠪᠳᠠᠭᠤᠨ ᠪᠠᠲᠤᠲᠠᠶ ᠪᠠᠶᠢᠴᠠᠭᠠᠨ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠦ᠂ ᠠᠶᠤᠯᠭᠦᠢ ᠦᠢᠯᠡᠳᠪᠦᠷᠢᠯᠡᠯ ᠤᠨ ︽ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠡᠭᠡ ᠰᠠᠶᠢᠵᠢᠷᠠᠯᠳᠠ︾ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠨᠡᠯᠢᠶᠡᠳ ᠶᠡᠭᠡ ᠠᠴᠠ ᠳᠡᠭᠡᠭᠰᠢᠬᠢ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ᠃ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ ᠪᠡᠶᠡᠯᠡᠭᠦᠯᠵᠦ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠣᠶ ᠰᠢᠭᠤᠶ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠ ᠣᠨᠴᠠᠭᠠᠶ ᠭᠠᠮᠰᠢᠭ ᠲᠠᠢ ᠴᠠᠭ ᠠᠭᠤᠷ ᠢ ᠠᠷᠭᠠᠴᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠭᠠᠮᠰᠢᠭ ᠤᠨ ᠠᠳᠡᠯ ᠤᠨ ᠠᠶᠤᠯ ᠲᠦᠭᠰᠢᠭᠦᠷᠢ ᠪᠠ ᠬᠤᠬᠢᠷᠠᠯ ᠢ ᠬᠠᠮᠤᠭ ᠤᠨ ᠶᠡᠭᠡ ᠴᠢᠷᠮᠠᠶᠢᠯᠭ᠎ᠠ ᠪᠠᠷ ᠪᠠᠭᠠᠰᠬᠠᠨ᠎ᠠ᠃    ︵ᠵᠢᠷᠭᠤᠭ᠎ᠠ︶ ᠬᠦᠴᠦᠨ ᠢᠶᠠᠨ ᠲᠥᠪᠯᠡᠷᠡᠭᠦᠯᠦᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠨᠡᠩ ᠥᠨᠳᠥᠷ ᠲᠦᠪᠰᠢᠨ᠂ ᠨᠡᠩ ᠴᠢᠨᠠᠷ ᠰᠠᠶᠢᠲᠠᠢ ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠨ᠎ᠠ᠃    ᠦᠷᠭᠦᠯᠵᠢᠯᠡᠨ ᠲᠣᠭᠲᠠᠭᠤᠨ ᠢᠶᠠᠷ ᠠᠵᠢᠯ ᠣᠯᠭᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠨ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠤᠯᠠᠨ ᠨᠠᠶᠢᠳᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠠᠯ᠎ᠠ ᠪᠠᠷ ᠭᠦᠢᠴᠡᠳ ᠬᠦᠴᠦ ᠣᠷᠣᠭᠤᠯᠵᠤ᠂ ᠬᠤᠲᠠ ᠪᠠᠯᠭᠠᠰᠤᠨ ᠳᠤ 500 ᠬᠥᠮᠦᠨ ᠰᠢᠨ᠎ᠡ ᠪᠠᠷ ᠠᠵᠢᠯ ᠣᠯᠭᠤᠵᠤ᠂ ᠮᠠᠯᠴᠢᠨ ᠲᠠᠷᠢᠶᠠᠴᠢᠨ ᠢ 1 . 8 ᠲᠦᠮᠡᠨ ᠬᠥᠮᠦᠨ ᠶᠢ ᠰᠢᠯᠵᠢᠭᠦᠯᠦᠨ ᠠᠵᠢᠯ ᠣᠯᠭᠤᠵᠤ᠂ ᠨᠢᠭᠡ ᠬᠥᠮᠦᠨ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠬᠥᠳᠡᠯᠦᠩᠭᠦᠶ ᠪᠠᠶᠢᠳᠠᠯ ᠢ ᠴᠡᠪᠡᠷᠯᠡᠭᠦ ᠶᠢ ᠦᠨᠡᠠᠭᠦ ᠪᠠᠳᠤᠯᠠᠨ᠎ᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠡᠮ ᠡᠮᠨᠡᠯᠭᠡ᠂ ᠨᠠᠰᠤᠵᠢᠯ ᠤᠨ ᠳᠠᠭᠠᠳᠬᠠᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠲᠤᠰᠠᠯᠠᠬᠤ ᠶᠣᠰᠣᠲᠠᠢ ᠶᠢ ᠨᠢ ᠪᠦᠬᠦᠨ ᠢ ᠲᠤᠰᠠᠯᠠᠨ᠎ᠠ᠃    ᠴᠢᠨᠠᠷ ᠢ ᠲᠡᠬᠡᠭᠰᠢᠯᠡᠭᠦᠯᠭᠦ ᠰᠤᠷᠭᠠᠨ ᠭᠦᠮᠦᠵᠢᠯ ᠢ ᠦᠷᠭᠦᠯᠵᠢᠯᠡᠨ ᠰᠠᠶᠢᠳᠦᠷ ᠠᠳᠬᠤᠨ᠎ᠠ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠢ ᠪᠠᠭᠠᠰᠬᠠᠬᠤ ︾ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠰᠢᠯᠤᠭᠤᠳᠬᠠᠵᠤ᠂ ᠰᠤᠷᠭᠠᠨ ᠬᠥᠮᠦᠵᠢᠯ ᠤᠨ ᠰᠠᠭᠤᠷᠢ ᠶᠢ ᠪᠠᠬᠢᠵᠢᠭᠦᠯᠦᠨ᠎ᠡ᠃ ᠬᠦᠷᠢᠶ᠎ᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢ ᠨᠡᠭᠦᠯᠭᠡᠨ ᠪᠠᠶᠢᠭᠤᠯᠬᠤ᠂ ᠬᠦᠷᠢᠶ᠎ᠡ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠵᠡᠷᠭᠡ 6 ᠰᠤᠷᠭᠠᠭᠤᠯᠢ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠢᠨᠵᠧᠨ᠋ᠷᠢᠩ  ᠢ ᠲᠦᠷᠭᠡᠳᠬᠡᠨ ᠠᠬᠢᠭᠤᠯᠵᠤ᠂ ᠺᠧᠦ ᠾᠧᠽᠢ ᠬᠡᠦᠬᠡᠳ ᠤᠨ ᠴᠡᠴᠡᠷᠯᠢᠭ ᠵᠡᠷᠭᠡ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠦᠨᠡᠠᠭᠦ ᠪᠠᠲᠤᠯᠠᠨ᠎ᠠ᠃ ᠰᠤᠷᠭᠠᠭᠤᠯᠢ᠂ ᠪᠠᠭᠰᠢ᠂ ᠵᠢᠭᠠᠨ ᠰᠤᠷᠭᠠᠯᠲᠠ ᠶᠢ ᠵᠢᠷᠤᠮᠵᠢᠭᠤᠯᠬᠤ᠂ ᠨᠠᠷᠢᠯᠢᠬᠵᠢᠭᠤᠯᠬᠤ ᠬᠠᠮᠢᠶᠠᠷᠤᠯᠲᠠ ᠶᠢ ᠠᠬᠢᠭᠤᠯᠵᠤ᠂ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ︔ ᠵᠢᠭᠠᠬᠤ ᠶᠢ ᠰᠤᠳᠤᠯᠬᠤ᠂ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ᠂ ᠠᠩᠭᠢ ᠶᠢᠨ ᠡᠷᠬᠢᠯᠡᠭᠴᠢ ︽ᠳᠥᠷᠪᠡᠨ ᠡᠩᠨᠡᠭᠡ︾ ᠶᠢᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢ ᠬᠡᠪ ᠴᠢᠨᠠᠷ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠤ ᠬᠤᠤᠰ ᠳᠡᠭᠡᠭᠰᠢᠯᠡᠯᠲᠡ ᠶᠢ ᠪᠡᠶᠡᠯᠡᠭᠦᠯᠦᠨ᠎ᠡ︔ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠨᠡᠶᠢᠭᠡᠮᠯᠢᠭ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠭᠠᠭᠠᠴᠢᠯᠠᠨ  ᠬᠠᠷᠢᠯᠴᠠᠬᠤ ᠠᠵᠠ ᠲᠣᠬᠢᠶᠠᠯ ᠢ ᠴᠢᠩᠭ᠎ᠠ ᠡᠵᠡᠮᠳᠡᠵᠦ᠂ ᠮᠢ ᠶᠦᠨ ᠬᠤᠶᠠᠳᠤᠭᠠᠷ ᠳᠤᠮᠳᠠᠳᠤ ᠰᠤᠷᠭᠠᠭᠤᠯᠢ᠂ ᠬᠤᠳᠠ ᠶᠢᠨ ᠰᠢᠭᠤᠳ ᠬᠠᠷᠢᠶ᠎ᠠ 5 ᠰᠤᠷᠭᠠᠭᠤᠯᠢ ᠵᠡᠷᠭᠡ ᠨᠡᠩ ᠤᠯᠠᠨ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠵᠤ᠂ ᠲᠡᠷᠢᠭᠦᠨ ᠤ ᠭᠠᠵᠠᠷ ᠣᠷᠣᠨ ᠤ ᠰᠤᠷᠭᠠᠭᠤᠯᠢ ᠡᠷᠬᠢᠯᠡᠭᠰᠡᠨ ᠲᠤᠷᠰᠢᠯᠭ᠎ᠠ ᠶᠢ ᠭᠦᠢᠴᠡᠳ ᠰᠤᠷᠤᠯᠴᠠᠨ ᠲᠤᠯᠢᠳᠠᠵᠤ᠂ ᠰᠤᠷᠭᠠᠭᠤᠯᠢ ᠶᠢᠨ ᠪᠦᠬᠦᠯᠢ ᠴᠣᠭᠴᠠ ᠶᠢᠨ ᠰᠤᠷᠭᠠᠭᠤᠯᠢ ᠡᠷᠬᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃    ᠡᠮᠴᠢᠯᠡᠭᠡ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠰᠢᠭᠤᠨ ᠤ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠡᠪᠡᠳᠴᠢᠲᠡᠨ ᠤ ᠠᠰᠠᠷ ᠪᠠ ᠪᠠᠶᠠᠨᠬᠤᠸᠠ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ 6 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠡᠬᠢᠯᠡᠭᠦᠯᠵᠦ᠂ ᠬᠢᠲᠠᠳ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠡᠪᠡᠳᠴᠢᠲᠡᠨ ᠤ ᠥᠷᠥᠭᠡ ᠶᠢᠨ ᠶᠡᠷᠦᠩᠬᠡᠶᠢᠯᠡᠭᠰᠡᠨ ᠠᠰᠠᠷ ᠤᠨ ᠠᠰᠢᠭᠯᠠᠯᠲᠠ ᠳᠤ ᠣᠷᠣᠬᠤ ᠶᠢ ᠦᠨᠡᠠᠭᠦ ᠪᠠᠲᠤᠯᠠᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠤᠨ᠎ᠠ᠃ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠰᠢᠭᠤᠨ ᠤ ᠳᠣᠲᠣᠷᠠᠬᠢ ᠡᠮᠴᠢᠯᠡᠭᠡᠨ ᠤ ᠦᠢᠯᠡᠴᠢᠯᠡᠬᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠰᠢᠭᠤ ᠬᠥᠳᠡᠭᠡ ᠲᠣᠰᠬᠤᠨ ᠤ ᠭᠤᠷᠪᠠᠨ ᠱᠠᠲᠤᠨ ᠤ ᠱᠠᠲᠤ ᠬᠤᠪᠢᠶᠠᠨ ᠣᠨᠣᠰᠢᠯᠠᠨ ᠡᠮᠨᠡᠬᠦ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠦᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠬᠡᠨ ᠤ ᠬᠢᠷᠢ ᠲᠦᠪᠰᠢᠨ ᠤ ᠬᠡᠮᠵᠢᠶ᠎ᠡ ᠶᠢ ᠲᠠᠰᠤᠷᠠᠯᠲᠠ ᠥᠬᠡᠶ ᠲᠡᠬᠡᠭᠰᠢᠯᠡᠭᠦᠯᠦᠨ᠎ᠡ᠃     ᠳᠥᠷᠪᠡ᠂ ᠵᠠᠰᠠᠭ ᠤᠨ ᠣᠷᠳᠣᠨ ᠤ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠲᠥᠯᠥᠭᠡᠯᠡᠭᠴᠢᠳ ᠡ᠂ ᠬᠦᠯᠢᠶᠡᠵᠦ ᠤᠯᠬᠤ ᠭᠠᠢᠬᠠᠮᠰᠢᠭ ᠦᠭᠡᠢ᠂ ᠵᠥᠪᠬᠡᠨ ᠬᠢᠵᠦ ᠭᠠᠷᠭᠠᠭᠰᠠᠨ ᠭᠢᠯᠠᠯᠵᠠᠮ᠎ᠠ ᠠᠮᠵᠢᠯᠲᠠ ᠪᠠᠶᠢᠨ᠎ᠠ᠃ ᠵᠠᠰᠠᠭ ᠤᠨ ᠣᠷᠳᠣᠨ ᠤ ᠰᠢᠰᠲ᠋ᠧᠮ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠤᠶᠤᠨ ᠴᠢᠳᠠᠯ ᠢᠶᠠᠨ ᠰᠢᠪᠬᠠᠨ ᠤᠯᠤᠰ ᠣᠷᠣᠨ ᠢᠶᠠᠨ ᠵᠠᠰᠠᠵᠤ᠂ ᠦᠷᠭᠦᠯᠵᠢᠯᠡᠨ ᠲᠡᠮᠡᠴᠡᠵᠦ᠂ ᠰᠢᠨ᠎ᠡ ᠠᠶᠠᠨ ᠵᠠᠮ ᠳᠠᠭᠠᠨ ᠰᠢᠨ᠎ᠡ ᠲᠦᠷᠢ ᠲᠥᠷᠬᠦ ᠪᠠᠨ ᠢᠯᠡᠷᠡᠭᠦᠯᠵᠦ᠂ ᠰᠢᠨ᠎ᠡ ᠠᠮᠵᠢᠯᠲᠠ ᠪᠦᠲᠦᠮᠵᠢ ᠭᠠᠷᠭᠠᠨ᠎ᠠ᠃     ︵ᠨᠢᠭᠡ︶ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠵᠣᠭᠰᠣᠴᠠ ᠪᠠᠨ ᠳᠡᠭᠡᠭᠰᠢᠯᠡᠭᠦᠯᠦᠨ ᠪᠠᠷᠢᠮᠵᠢᠶᠠᠯᠠᠨ ᠠᠵᠢᠯᠯᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠳᠡᠭᠡᠳᠦ ᠱᠠᠲᠤᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶᠠᠨ ᠤ ᠠᠵᠢᠯ ᠢ ᠬᠠᠮᠢᠭ᠎ᠠ ᠪᠠᠶᠢᠷᠢᠯᠠᠭᠤᠯᠤᠭᠰᠠᠨ ᠪᠣᠯ᠂ ᠵᠠᠰᠠᠭ ᠤᠨ ᠣᠷᠳᠣᠨ ᠤ ᠠᠵᠢᠯ ᠢ ᠲᠡᠨᠳᠡ᠂ ᠬᠦᠴᠦᠨ ᠴᠢᠳᠠᠯ ᠢ ᠲᠡᠨᠳᠡ ᠲᠥᠪᠯᠡᠷᠡᠭᠦᠯᠵᠦ᠂ ᠵᠠᠰᠠᠭ ᠤᠨ ᠣᠷᠳᠣᠨ ᠤ ︽ᠦᠨᠡᠨᠴᠢ ᠰᠢᠳᠤᠷᠭᠤ ᠵᠢᠭᠠᠯᠲᠠ ᠲᠤᠭ᠎ᠠ︾ ᠪᠠᠷ  ᠭᠦᠢᠴᠡᠳᠬᠡᠭᠦ ︽ᠦᠷ᠎ᠡ ᠪᠦᠲᠦᠮᠵᠢ ᠶᠢᠨ ᠵᠢᠭᠠᠯᠲᠠ ᠲᠤᠭ᠎ᠠ︾ ᠶᠢ ᠳᠡᠭᠡᠭᠰᠢᠯᠡᠭᠦᠯᠦᠨ᠎ᠡ᠃     ︵ᠬᠤᠶᠠᠷ︶ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠴᠢᠩᠭ᠎ᠠ ᠨᠢᠮᠪᠠᠢ ᠡᠮᠬᠢ ᠵᠢᠷᠤᠮ ᠲᠠᠢ ᠬᠠᠤᠯᠢ ᠶᠣᠰᠣᠭᠠᠷ ᠠᠵᠢᠯᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠲᠦᠯᠬᠢᠨ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ︽ᠭᠤᠷᠪᠠᠨ ᠴᠢᠬᠤᠯᠠ ᠨᠢᠭᠡ ᠶᠡᠭᠡ︾ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠦᠨᠡᠯᠡᠯᠲᠡ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠬᠠᠤᠯᠢ ᠪᠠᠷ ᠵᠠᠰᠠᠬᠤ ᠰᠢᠯᠭᠠᠯᠳᠠ ᠶᠢ ᠳᠠᠭᠠᠭᠠᠵᠤ ᠳᠡᠶᠢᠯᠬᠦ᠂ ᠠᠷᠠᠳ ᠤᠨ ᠰᠠᠨᠠᠭ᠎ᠠ ᠶᠢᠨ ᠬᠠᠨᠳᠤᠰᠢ ᠶᠢ ᠢᠯᠡᠷᠡᠭᠦᠯᠬᠦ ᠶᠢ ᠦᠨᠡᠠᠭᠦ ᠪᠠᠲᠤᠯᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠠᠬᠢᠭᠤᠯᠵᠤ᠂ ᠲᠦᠷᠦᠯ ᠵᠦᠢᠯ ᠤᠨ ᠪᠡᠯᠡ ᠮᠥᠩᠭᠦ ᠶᠢ ᠢᠯᠡ ᠨᠡᠶᠢᠲᠡᠯᠡᠬᠦ ᠲᠦᠷᠢᠮ ᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠡᠷᠬᠡ ᠶᠢ ᠬᠠᠤᠯᠢ ᠪᠠᠷ ᠵᠠᠰᠠᠬᠤ ᠵᠠᠮ ᠢᠶᠠᠷ ᠢᠯᠡ ᠲᠣᠳᠣ ᠠᠵᠢᠯᠯᠠᠭᠤᠯᠵᠤ᠂ ᠵᠠᠰᠠᠭ ᠤᠨ ᠣᠷᠳᠣᠨ ᠤ ︽ᠬᠠᠤᠯᠢ ᠪᠠᠷ ᠵᠠᠰᠠᠬᠤ ᠵᠢᠭᠠᠯᠲᠠ ᠲᠤᠭ᠎ᠠ︾ ᠪᠠᠷ ᠨᠡᠶᠢᠭᠡᠮ ᠤᠨ ︽ᠭᠤᠣᠯᠴᠢ ᠵᠢᠭᠠᠯᠲᠠ ᠲᠤᠭ᠎ᠠ︾ ᠶᠢ ᠳᠡᠭᠡᠭᠰᠢᠯᠡᠭᠦᠯᠦᠨ᠎ᠡ᠃    ︵ᠭᠤᠷᠪᠠ︶ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠪᠣᠳᠠᠲᠠᠶ ᠶᠢ ᠡᠷᠬᠢᠮᠯᠡᠨ ᠠᠵᠢᠯᠯᠠᠨ᠎ᠠ᠃ ᠢᠮᠠᠭᠲᠠ ᠬᠡᠷᠡᠭᠵᠢᠭᠦᠯᠦᠯᠲᠡ ᠶᠢ ᠠᠳᠬᠤᠬᠤ᠂ ᠨᠠᠶᠢᠳᠠᠪᠤᠷᠢᠵᠢᠭᠤᠯᠬᠤ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠨᠢᠭᠡ ᠪᠦᠯᠦᠭ ᠭᠠᠪᠰᠢᠭᠠᠶᠢᠯᠠᠭᠴᠢ᠂ ᠭᠠᠪᠰᠢᠭᠠᠶᠢᠯᠠᠭᠴᠢ ᠶᠢ ᠢᠯᠭᠠᠨ ᠲᠠᠨᠢᠵᠤ ᠳᠠᠪᠲᠠᠨ ᠪᠣᠯᠪᠠᠰᠤᠷᠠᠭᠤᠯᠤᠨ᠎ᠠ᠃ ᠠᠰᠠᠭᠤᠳᠠᠯ ᠢ ᠰᠢᠢᠳᠪᠦᠷᠢᠯᠡᠭᠦ᠂ ᠦᠷ᠎ᠡ ᠪᠦᠲᠦᠮᠵᠢ ᠭᠠᠷᠭᠠᠬᠤ ᠶᠢ ᠡᠯ᠎ᠡ  ᠵᠦᠢᠯ ᠤᠨ ᠠᠵᠢᠯ ᠤᠨ ᠪᠠᠷᠢᠮᠵᠢᠶ᠎ᠠ ᠱᠤᠭᠤᠮ ᠪᠣᠯᠭᠠᠵᠤ᠂ ︽ᠠᠷᠪᠠ ᠶᠢ ᠭᠦᠢᠴᠡᠳᠬᠡᠭᠦ︾ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠬᠢᠬᠦ ᠥᠬᠡᠶ ᠳᠤ ᠰᠢᠯᠲᠠᠭᠠᠨ ᠡᠷᠢᠬᠦ ᠥᠬᠡᠶ᠂ ᠵᠥᠪᠬᠡᠨ ᠰᠠᠶᠢᠲᠤᠷ ᠬᠢᠬᠦ ᠶᠢᠨ ᠲᠥᠯᠥᠭᠡ ᠠᠷᠭ᠎ᠠ ᠪᠤᠳᠤᠬᠤ ᠬᠡᠷᠡᠭᠲᠡᠶ᠃ ᠠᠮᠵᠢᠯᠲᠠ ᠳᠤ ᠬᠦᠷᠬᠦ ᠨᠢ ᠮᠢᠨᠦ ᠪᠢᠰᠢ᠂ ᠠᠮᠵᠢᠯᠲᠠ ᠳᠤ ᠬᠦᠷᠬᠦ ᠨᠢ ᠯᠠᠪᠲᠠᠶ᠂ ᠲᠣᠭᠲᠠᠭᠰᠠᠨ ᠤᠴᠢᠷ ᠬᠦᠨᠳᠦ ᠡᠭᠦᠷᠭᠡ ᠶᠢ ᠡᠭᠦᠷᠭᠡᠯᠡᠨ᠎ᠡ᠂ ᠳᠠᠷᠤᠯᠲᠠ ᠶᠢ ᠲᠤᠯᠵᠤ ᠪᠠᠰᠠ ᠬᠢᠨ᠎ᠡ︔ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠡᠮᠦᠨ᠎ᠡ ᠨᠢ ᠬᠤᠰᠢᠭᠤᠷᠠᠵᠤ᠂ ᠠᠶᠤᠯ ᠲᠦᠭᠰᠢᠭᠦᠷᠢ ᠶᠢ ᠰᠥᠷᠴᠦ ᠪᠠᠶᠢᠭᠠᠳ ᠴᠤ ᠡᠭᠦᠷᠭᠡᠯᠡᠬᠦ ᠬᠡᠷᠡᠭᠲᠡᠢ᠃ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠪᠤᠷᠬᠠᠨ ᠤ ᠠᠶᠢᠮᠠᠭ ᠤᠨ ᠰᠤᠷᠲᠠᠯ︾ ᠢ ᠡᠷᠡᠰ ᠠᠷᠢᠯᠭᠠᠵᠤ᠂ ︽ᠵᠢᠭᠠᠵᠤ ᠳᠣᠬᠢᠬᠤ︾ ᠶᠢ ᠲᠠᠶᠠᠭᠳᠠᠵᠦ᠂ ︽ᠬᠡᠪᠰᠢᠭᠰᠡᠨ ᠺᠠᠳ᠋ᠷ︾ ᠢ ᠲᠠᠬᠢᠨ ᠬᠡᠪᠰᠢᠭᠦᠯᠵᠦ ᠴᠢᠳᠠᠬᠤ ᠦᠭᠡᠢ ᠪᠣᠯᠭᠠᠵᠤ ᠂ ︽ᠵᠢᠵᠢᠭ ᠰᠠᠵᠢᠭ ᠵᠦᠢᠯᠡᠰ︾ ᠢ ᠲᠠᠶᠠᠭᠳᠠᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠣᠩᠭᠤᠴᠠ ᠰᠡᠯᠢᠵᠦ᠂ ᠵᠠᠰᠠᠭ ᠤᠨ ᠣᠷᠳᠣᠨ ᠤ ︽ᠪᠣᠳᠠᠲᠠᠢ ᠠᠵᠢᠯᠯᠠᠬᠤ ᠵᠢᠭᠠᠯᠲᠠ ᠲᠤᠭ᠎ᠠ︾ ᠪᠠᠷ ᠠᠵᠤ ᠠᠬᠤᠢ ᠨᠡᠶᠢᠭᠡᠮ ᠤᠨ ︽ᠬᠥᠭᠵᠢᠯᠲᠡ ᠶᠢᠨ ᠵᠢᠭᠠᠯᠲᠠ ᠲᠤᠭ᠎ᠠ︾ ᠶᠢ ᠳᠡᠭᠡᠭᠰᠢᠯᠡᠭᠦᠯᠬᠦ ᠬᠡᠷᠡᠭᠲᠡᠢ᠃    ︵ᠲᠦᠷᠪᠡ︶ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠴᠢᠩᠭᠠᠳᠬᠠᠵᠤ᠂ ᠪᠡᠶ᠎ᠡ ᠪᠠᠨ ᠴᠢᠩᠭ᠎ᠠ ᠱᠠᠭᠠᠷᠳᠠᠵᠤ ᠠᠷᠢᠭᠤᠨ ᠴᠢᠬᠡᠴᠢ ᠪᠠᠷ ᠠᠵᠢᠯᠯᠠᠨ᠎ᠠ᠃ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠬᠢᠨᠠᠯᠲᠠ ᠲᠠᠯᠪᠢᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠲᠦᠷᠢᠮ ᠤᠨ ᠰᠢᠩᠭᠡᠯᠢᠭ ᠢ ᠪᠠᠬᠢᠯᠡᠭᠦ ᠬᠡᠷᠡᠭᠳᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠬᠡᠯᠪᠡᠷᠢ ᠶᠢᠨ ᠦᠵᠡᠯ ᠂ ᠨᠣᠶᠠᠨᠴᠢ ᠰᠤᠷᠲᠠᠯ ᠢ ᠶᠡᠭᠡ ᠪᠠᠷ ᠵᠠᠯᠠᠷᠠᠭᠤᠯᠬᠤ ᠬᠡᠷᠡᠭᠳᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠥᠪᠡᠷ ᠤᠨ ᠪᠡᠶ᠎ᠡ ᠳᠡᠭᠡᠨ ᠲᠡᠮᠡᠴᠡᠯ ᠬᠢᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠯᠪᠠᠨ ᠤ ᠭᠤᠷᠪᠠᠨ ᠵᠦᠢᠯ ᠤᠨ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠢᠯᠵᠠᠷᠠᠯ ᠡᠭᠦᠰᠬᠦ ᠬᠥᠷᠥᠰᠥ ᠰᠢᠷᠣᠢ ᠶᠢ ᠴᠡᠪᠡᠷᠯᠡᠨ ᠠᠷᠢᠯᠭᠠᠨ᠎ᠠ ᠃ ︽ᠲᠠᠰᠤᠭ ᠤᠨ ᠳᠠᠷᠤᠭ᠎ᠠ ᠶᠢᠨ ᠠᠵᠤ ᠠᠬᠤᠶ︾᠂ ︽ᠠᠵᠢᠯᠯᠠᠭᠴᠢ ᠶᠢᠨ ᠠᠵᠤ ᠠᠬᠤᠶ︾ ᠶᠢ ᠴᠢᠩᠭ᠎ᠠ ᠴᠡᠭᠴᠡᠯᠡᠨ ᠵᠠᠰᠠᠵᠤ᠂ ︽ᠪᠢᠴᠢᠯ ᠲᠦᠭᠵᠢᠷᠡᠯ︾᠂ ︽ᠪᠢᠴᠢᠯ ᠢᠯᠵᠠᠷᠠᠯ︾ ᠢ ᠠᠷᠢᠯᠭᠠᠵᠤ᠂ ᠲᠥᠪ ᠰᠤᠷᠲᠠᠯ ᠪᠢᠯᠬᠠᠮ᠎ᠠ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠬᠦᠴᠦᠯᠡᠨ ᠪᠣᠶ ᠪᠣᠯᠭᠠᠵᠤ ᠂ ᠵᠠᠰᠠᠭ ᠤᠨ ᠣᠷᠳᠣᠨ ᠤ ︽ᠠᠷᠢᠭᠤᠨ ᠴᠢᠬᠡᠴᠢ ᠶᠢᠨ ᠵᠢᠭᠠᠯᠲᠠ ᠲᠤᠭ᠎ᠠ︾ ᠪᠠᠷ ᠠᠷᠠᠳ ᠣᠯᠠᠨ ᠤ ︽ᠬᠠᠨᠤᠮᠵᠢᠲᠠᠶ ᠵᠢᠭᠠᠯᠲᠠ ᠲᠤᠭ᠎ᠠ︾ ᠶᠢ ᠳᠡᠭᠡᠭᠰᠢᠯᠡᠭᠦᠯᠦᠨ᠎ᠡ᠃    ᠲᠥᠯᠥᠭᠡᠯᠡᠭᠴᠢᠳ ᠡ︕ ᠵᠣᠷᠢᠭ ᠪᠠᠶᠢᠵᠦ ᠢᠳᠡᠬᠡᠯ ᠠᠮᠵᠢᠯᠳᠠ ᠳᠤ ᠤᠶᠢᠷᠠᠳᠤᠵᠦ᠂ ᠵᠢᠳᠬᠦᠯ ᠦᠭᠡᠢ ᠪᠣᠯ ᠬᠡᠵᠢᠶᠡᠳᠡ ᠬᠤᠯᠠ ᠪᠠᠶᠢᠬᠤ ᠰᠢᠭ ᠰᠠᠨᠠᠭᠳᠠᠨ᠎ᠠ᠃ ᠢᠲᠡᠭᠡᠯ ᠪᠠᠶᠢᠪᠠᠯ ᠠᠭᠤᠯᠠ ᠥᠨᠳᠥᠷ ᠵᠠᠮ ᠬᠤᠯᠠ ᠠᠴᠠ ᠠᠶᠤᠬᠤ ᠦᠭᠡᠢ᠂ ᠡᠭᠦᠷᠭᠡᠯᠡᠯ ᠪᠠᠶᠢᠪᠠᠯ ᠬᠠᠷᠰᠢ ᠰᠠᠭᠠᠳ ᠠᠴᠠ ᠠᠶᠤᠬᠤ ᠦᠭᠡᠢ᠃ ᠬᠦᠷᠢᠶᠡᠨ ᠤ ᠬᠥᠭᠵᠢᠯᠲᠡ ᠨᠢ ᠤᠷᠤᠰᠬᠠᠯ ᠰᠦᠷᠦᠨ ᠣᠩᠭᠤᠴᠠ ᠰᠡᠯᠢᠬᠦ ᠲᠠᠢ ᠠᠳᠠᠯᠢ᠂ ᠤᠷᠤᠭᠰᠢᠯᠠᠬᠤ ᠦᠭᠡᠢ ᠪᠣᠯ ᠤᠬᠤᠷᠢᠬᠤ᠂ ᠤᠳᠠᠭᠠᠨ ᠤᠷᠤᠭᠰᠢᠯᠠᠬᠤ ᠨᠢ ᠴᠦ ᠤᠬᠤᠷᠢᠬᠤ ᠶᠠᠪᠤᠳᠠᠯ ᠪᠣᠯᠤᠨ᠎ᠠ᠃ ᠬᠦᠷᠢᠶᠡᠨ ᠤ ᠬᠥᠭᠵᠢᠯᠲᠡ ᠨᠢᠭᠡᠨᠲᠡ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠥᠭᠡᠭᠡᠵᠦ ᠭᠦᠢᠴᠡᠭᠦ ᠵᠠᠩᠭᠢᠯᠠᠭ᠎ᠠ ᠶᠢᠨ ᠦᠶ᠎ᠡ ᠶᠢ ᠲᠠᠪᠠᠵᠦ᠂ ᠵᠠᠷᠢᠮ ᠬᠠᠲᠠᠭᠤ ᠳᠠᠶᠢᠯᠠᠯᠳᠤᠭᠠᠨ ᠢ ᠡᠷᠬᠡᠪᠰᠢ ᠬᠢᠵᠦ᠂ ᠵᠠᠷᠢᠮ ᠬᠦᠴᠢᠷ ᠠᠰᠠᠭᠤᠳᠠᠯ ᠢ ᠡᠷᠬᠡᠪᠰᠢ ᠰᠢᠢᠳᠪᠦᠷᠢᠯᠡᠬᠦ ᠬᠡᠷᠡᠭᠲᠡᠢ ᠪᠣᠯᠵᠠᠢ᠃ ᠥᠨᠥᠳᠦᠷ᠂ ᠬᠦᠷᠢᠶᠡᠨ ᠤ ᠬᠥᠭᠵᠢᠯᠲᠡ ᠶᠢᠨ ᠭᠦᠨᠳᠦ ᠡᠭᠦᠷᠬᠡ ᠪᠢᠳᠡᠨ ᠳᠤ ᠲᠤᠯᠭᠠᠷᠠᠵᠦ ᠢᠷᠡᠪᠡ᠂ ᠪᠢᠳᠡ ᠬᠦᠴᠢᠷ ᠪᠡᠷᠬᠡᠰᠢᠶᠡᠯ ᠠᠴᠠ ᠪᠤᠯᠵᠤ ᠬᠤᠶᠢᠰᠢ ᠤᠬᠤᠷᠢᠵᠤ ᠠᠵᠢᠯ ᠬᠢᠬᠦ ᠦᠭᠡᠢ ᠪᠠᠶᠢᠵᠤ ᠪᠣᠯᠬᠤ ᠦᠭᠡᠢ᠂ ᠠᠶᠤᠯ ᠲᠦᠭᠰᠢᠭᠦᠷᠢ ᠠᠴᠠ ᠪᠤᠯᠵᠤ ᠬᠦᠯ ᠢᠶᠠᠨ ᠲᠤᠱᠠᠵᠤ ᠤᠷᠤᠭᠰᠢᠯᠠᠬᠤ ᠦᠭᠡᠢ ᠪᠠᠶᠢᠵᠤ ᠪᠣᠯᠬᠤ ᠦᠭᠡᠢ᠂ ᠪᠢᠳᠡ ᠲᠡᠦᠬᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂   ᠡᠷᠴᠢ ᠵᠣᠷᠢᠭ ᠢᠶᠠᠨ ᠬᠥᠪᠴᠢᠯᠡᠵᠦ᠂ ᠦᠨᠡᠨᠴᠢ ᠰᠢᠳᠤᠷᠭᠤ ᠪᠠᠷ ᠬᠢᠵᠦ᠂ ᠨᠡᠩ ᠪᠠᠶᠠᠨ ᠴᠢᠨᠡᠭᠡᠯᠢᠭ᠂ ᠪᠣᠯᠪᠠᠰᠤᠨ᠂ ᠡᠶ᠎ᠡ ᠵᠤᠬᠢᠴᠠᠩᠭᠤᠢ᠂ ᠦᠵᠡᠰᠬᠦᠯᠡᠩᠲᠦ ᠰᠠᠶᠢᠬᠠᠨ ᠣᠳᠣᠬᠢᠴᠢᠯᠠᠭᠰᠠᠨ ᠬᠦᠷᠢᠶ᠎ᠡ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠶ᠎ᠠ︕
 
ᠢᠷᠡᠯᠲᠡ᠄ ᠭᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号