ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠦᠷᠢᠶ᠎ᠡ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠸᠧᠶ᠄ ᠭᠦᠸᠧ ᠢᠦᠶ ᠹᠧᠩ ᠬᠤᠲᠠ ᠶᠢᠨ | ᠳᠠᠷᠤᠭ᠎ᠠ ᠶᠢᠨ ᠬᠢᠭᠰᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠪᠠ ᠠᠷᠠᠳ | ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ᠂ ᠳᠠᠪᠠᠯᠲᠠ ᠲᠠᠢ ᠬᠥᠭᠡᠭᠡᠵᠦ ᠭᠦᠢᠴᠡᠭᠦ ᠴᠠᠭ | ᠦᠶ᠎ᠡ ᠶᠢᠨ ᠬᠦᠴᠦᠷᠬᠡᠭ ᠲᠠᠭᠤᠨ ᠢ ᠲᠤᠤᠱᠯᠠᠵᠠᠶ᠃ ᠬᠦᠷᠢᠶ᠎ᠡ ᠬᠤᠰᠢᠭᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠠᠮᠢ ᠠᠬᠤᠶ ᠶᠢᠨ ᠵᠠᠮ ᠢᠶᠠᠷ | ᠵᠠᠮᠨᠠᠬᠤ᠂ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ᠂ ᠰᠣᠶᠣᠯ ᠵᠢᠭᠤᠯᠴᠢᠯᠠᠯ ᠤᠨ ᠨᠡᠷᠡᠳᠦ ᠲᠡᠮᠳᠡᠭ ᠡᠭᠦᠳᠭᠦ | ᠶᠢ ᠪᠠᠷᠢᠮᠲᠠᠯᠠᠵᠤ᠂ ᠠᠷᠠᠯᠵᠢᠶᠠᠴᠢᠨ ᠤᠷᠢᠬᠤ᠂ ᠲᠥᠷᠥᠯ ᠵᠦᠢᠯ ᠢ ᠰᠢᠪᠲᠤᠯᠬᠤ᠂ ᠪᠠᠯᠠ ᠣᠷᠣᠭᠤᠯᠤᠯᠲᠠ ᠶᠢ | ᠥᠷᠭᠡᠳᠬᠡᠬᠦ ᠶᠢ ᠪᠥᠬᠦ ᠬᠦᠴᠦᠨ ᠢᠶᠠᠷ ᠢᠶᠠᠨ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠰᠠᠭᠤᠷᠢ ᠶᠢ | ᠪᠠᠬᠢᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠴᠥᠬᠦᠷᠡᠰᠢ ᠥᠬᠡᠶ ᠪᠠᠷᠢᠮᠲᠠᠯᠠᠵᠤ᠂ ᠡᠷᠴᠢ | ᠵᠣᠷᠢᠭ ᠢᠶᠠᠨ ᠬᠥᠪᠴᠢᠯᠡᠨ᠂ ᠴᠥᠬᠦᠷᠡᠰᠢ ᠥᠬᠡᠶ ᠴᠢᠷᠮᠠᠶᠢᠵᠤ᠂ ᠬᠦᠷᠢᠶ᠎ᠡ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠨᠢᠭᠡ ᠳᠤ᠂ ᠬᠦᠴᠦᠨ ᠢᠶᠠᠨ ᠲᠥᠪᠯᠡᠷᠡᠭᠦᠯᠦᠨ ᠬᠤᠷᠳᠤᠴᠠ ᠪᠠᠨ ᠲᠦᠷᠭᠡᠳᠬᠡᠵᠦ᠂ ᠲᠥᠷᠥᠯ ᠵᠦᠢᠯ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠷᠠᠯᠵᠢᠶᠠᠴᠢᠨ ᠤᠷᠢᠬᠤ ᠪᠠᠷ ᠭᠤᠤᠯ ᠪᠣᠯᠭᠠᠬᠤ᠂ | ᠲᠥᠷᠥᠯ ᠵᠦᠢᠯ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠠᠯᠠ ᠲᠠᠲᠠᠬᠤ᠂ ᠪᠠᠯᠠ ᠪᠤᠯᠢᠶᠠᠯᠳᠤᠬᠤ᠂ ᠪᠠᠯᠠ | ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠪᠤᠯᠢᠶᠠᠬᠤ ᠤᠬᠠᠮᠰᠠᠷ᠂ ᠲᠡᠮᠡᠴᠡᠬᠦ ᠵᠣᠷᠢᠭ᠂ ᠪᠣᠳᠠᠲᠠᠶ ᠰᠤᠷᠲᠠᠯ ᠢᠶᠠᠷ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠎ᠡ᠃ ᠤᠨᠴᠠᠯᠢᠬᠳᠤ ᠡᠬᠢ | ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠭᠤᠣᠯᠯᠠᠬᠤ ᠠᠵᠤ ᠦᠢᠯᠡᠰ ᠢ ᠦᠷᠭᠦᠯᠵᠢᠯᠡᠨ | ᠪᠤᠵᠠᠭᠠᠶᠢᠷᠠᠭᠤᠯᠬᠤ ᠮᠥᠷᠲᠡᠭᠡᠨ ᠪᠠᠰᠠ ᠡᠬᠢ ᠪᠠᠶᠠᠯᠢᠭ ᠤᠨ ᠬᠢᠵᠠᠭᠠᠷᠯᠠᠯ ᠠᠴᠠ ᠮᠤᠯᠲᠤᠷᠠᠵᠤ᠂ ᠣᠷᠣᠨ ᠪᠠᠶᠢᠷᠢ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ︽ᠣᠷᠣ ᠦᠭᠡᠢ ᠭᠠᠵᠠᠷ ᠤᠪᠤᠭ᠎ᠠ ᠪᠤᠰᠬᠠᠬᠤ︾ ᠠᠵᠢᠯ ᠢ ᠰᠠᠶᠢᠲᠤᠷ ᠬᠢᠬᠦ | ᠬᠡᠷᠡᠭᠲᠡᠢ᠃ ᠠᠷᠠᠯᠵᠢᠶᠠᠴᠢᠨ ᠤᠷᠢᠬᠤ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠲᠥᠷᠥᠯ ᠵᠦᠢᠯ ᠤᠨ ᠬᠠᠮᠢᠶᠠᠷᠤᠭᠴᠢ ᠶᠢᠨ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠦᠢᠯᠡᠴᠢᠯᠡᠭᠡ ᠶᠢ ᠪᠣᠳᠠᠲᠠᠶ ᠠᠳᠬᠤᠨ᠂ 35 ᠭᠤᠤᠯᠳᠠᠯᠭ᠎ᠠ ᠲᠠᠢ ᠲᠥᠷᠥᠯ ᠵᠦᠢᠯ ᠤᠨ | ᠤᠷᠤᠭᠰᠢᠲᠠᠶ ᠠᠭᠢᠬᠤ ᠶᠢ ᠦᠨᠡᠠᠭᠦ ᠪᠠᠲᠤᠯᠠᠵᠤ᠂ 26 ᠲᠥᠷᠥᠯ ᠵᠦᠢᠯ ᠢ ᠬᠠᠪᠤᠷ ᠤᠨ ᠤᠯᠠᠷᠢᠯ ᠳᠤ ᠬᠤᠭᠤᠴᠠᠭ᠎ᠠ | ᠶᠣᠰᠣᠭᠠᠷ ᠠᠵᠢᠯ ᠡᠬᠢᠯᠡᠭᠦᠯᠵᠦ᠂ ᠵᠢᠯ ᠤᠨ ᠳᠣᠲᠣᠷ᠎ᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠯᠠ ᠮᠥᠩᠭᠦ ᠶᠢ | 50 % ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 35 % ᠠᠴᠠ | ᠳᠡᠭᠡᠭᠰᠢ ᠨᠡᠮᠡᠭᠳᠡᠭᠦᠯᠦᠨ᠎ᠡ᠃ | ᠬᠤᠶᠠᠷ ᠲᠤ᠂ ᠬᠦᠴᠦᠨ ᠢᠶᠠᠨ ᠲᠥᠪᠯᠡᠷᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠢ | ᠰᠢᠯᠢᠳᠡᠭᠵᠢᠭᠦᠯᠬᠦ ᠳᠠᠶᠢᠯᠠᠯᠳᠤᠭᠠᠨ ᠢ ᠰᠠᠶᠢᠲᠤᠷ ᠬᠢᠨ᠎ᠡ᠃ ᠨᠠᠩ ᠴᠢᠩᠭ᠎ᠠ ᠱᠠᠭᠠᠷᠳᠠᠯᠭ᠎ᠠ ᠪᠠᠷ ᠬᠥᠬᠡᠮᠳᠦᠭ ᠨᠣᠭᠤᠭᠠᠨ | ᠠᠭᠤᠯᠠ ᠤᠰᠤ ᠶᠢ ᠰᠠᠬᠢᠨ ᠬᠠᠮᠠᠭᠠᠯᠠᠵᠤ᠂ 31 . 5 ᠲᠦᠮᠡᠨ ᠮᠥ ᠠᠭᠤᠯᠠ ᠤᠰᠤ ᠣᠶ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠵᠤ᠂ ᠶᠠᠩᠰᠢᠪ ᠶᠢᠨ ᠭᠤᠤᠯ ᠵᠡᠷᠭᠡ 3 | ᠭᠤᠤᠯ ᠮᠥᠷᠡᠨ ᠤ ᠠᠮᠢ ᠠᠬᠤᠶ ᠶᠢ ᠵᠠᠰᠠᠨ ᠰᠡᠷᠭᠦᠭᠡᠬᠦ ᠪᠠ ᠭᠤᠤᠯ ᠵᠡᠬᠡᠯᠢ ᠶᠢᠨ ᠰᠢᠪᠠᠷ ᠰᠢᠷᠣᠶ ᠶᠢ ᠴᠡᠪᠡᠷᠯᠡᠬᠦ | ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤ ᠤᠰᠤ ᠲᠠᠢ᠂ ᠴᠡᠩᠭᠡᠭ ᠤᠰᠤ ᠬᠤᠲᠠ ᠶᠢ ᠲᠣᠭᠤᠷᠢᠭᠰᠠᠨ ᠠᠮᠢ | ᠠᠬᠤᠶ ᠶᠢᠨ ᠦᠵᠡᠮᠵᠢ ᠶᠢ ᠠᠯᠬᠤᠮ ᠠᠯᠬᠤᠮ ᠢᠶᠠᠷ ᠪᠣᠶ ᠪᠣᠯᠭᠠᠨ᠎ᠠ᠃ ᠪᠣᠬᠢᠷᠲᠤᠯ ᠥᠬᠡᠶ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢᠨ ᠬᠡᠯᠬᠢᠶ᠎ᠡ ᠶᠢ ᠨᠥᠬᠦᠪᠥᠷᠢᠯᠡᠬᠦ ᠬᠡᠯᠬᠢᠶ᠎ᠡ ᠶᠢ | ᠤᠷᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ ᠮᠠᠯ ᠠᠵᠤ ᠠᠬᠤᠶ | ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | ᠵᠢᠯ ᠤᠨ ᠳᠣᠲᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 6 ᠲᠦᠮᠡᠨ ᠮᠤ᠋ ᠪᠠᠶᠢᠭᠤᠯᠵᠤ᠂ ᠮᠢᠬᠠᠨ ᠤ ᠦᠬᠡᠷ | ᠲᠡᠵᠢᠬᠡᠯᠡᠯᠳᠠ ᠶᠢ 41 ᠲᠦᠮᠡᠨ ᠲᠣᠯᠣᠭᠠᠢ ᠳᠤ ᠬᠦᠷᠭᠡᠨ᠎ᠡ᠃ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠨᠠᠩ | ᠥᠨᠳᠥᠷ ᠳᠠᠪᠬᠤᠷᠭ᠎ᠠ ᠠᠴᠠ ᠬᠦᠴᠦᠷᠬᠡᠭᠵᠢᠭᠦᠯᠦᠨ᠂ ︽ᠭᠠᠷᠠᠭ ᠤᠨ ᠰᠡᠭᠦᠯᠴᠢ ᠶᠢᠨ ᠬᠦᠷᠢᠶ᠎ᠡ︾ ᠭᠤᠤᠯ ᠰᠡᠳᠦᠪᠲᠦ | ᠨᠠᠷᠠᠲᠤ ᠲᠡᠮᠳᠡᠭ ᠢ ᠬᠦᠴᠦᠯᠡᠨ ᠡᠭᠦᠳᠴᠦ᠂ ︽ᠠᠨᠳᠠᠶ ᠰᠣᠶᠣᠯ ᠤᠨ ᠨᠠᠶᠢᠷ︾᠂ ︽ᠰᠠᠭᠠᠭ ᠤᠨ ᠰᠣᠶᠣᠯ ᠤᠨ ᠨᠠᠶᠢᠷ | ︾ ᠬᠤᠶᠠᠷ ᠪᠠᠶᠠᠷ ᠳᠤᠷᠠᠰᠬᠠᠯ ᠤᠨ ᠨᠠᠷᠠᠲᠤ ᠲᠡᠮᠳᠡᠭ ᠢ ᠪᠣᠶ ᠪᠣᠯᠭᠠᠵᠤ᠂ ᠨᠠᠷᠠᠲᠤ ᠪᠥᠵᠢᠭ᠂ ᠨᠠᠷᠠᠲᠤ ᠢᠳᠡᠭᠡᠨ᠂ | ᠨᠠᠷᠠᠲᠤ ᠮᠠᠩᠬ᠎ᠠ᠂ ᠨᠠᠷᠠᠲᠤ ᠰᠦᠮ᠎ᠡ᠂ ᠨᠠᠷᠠᠲᠤ ᠡᠮ᠂ ᠨᠠᠷᠠᠲᠤ ᠪᠠᠯᠭᠠᠰᠤ ᠵᠡᠷᠭᠡ ᠵᠢᠷᠭᠤᠭᠠᠨ ᠥᠪᠡᠷᠮᠢᠴᠡ ᠣᠨᠴᠠᠯᠢᠭ | ᠪᠥᠬᠦᠶ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠲᠤᠯᠭᠠᠭᠤᠷᠢᠯᠠᠨ ᠳᠠᠶᠢᠴᠢᠯᠠᠬᠤ ᠴᠢᠳᠠᠪᠤᠷᠢ ᠶᠢ ᠦᠨᠡᠠᠭᠦ ᠴᠢᠩᠭᠠᠷᠠᠭᠤᠯᠤᠨ᠎ᠠ᠃ | ᠭᠤᠷᠪᠠ ᠳᠤ᠂ ᠬᠦᠴᠦᠨ ᠢᠶᠠᠨ ᠲᠥᠪᠯᠡᠷᠡᠭᠦᠯᠦᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠳᠠᠶᠢᠯᠠᠯᠳᠤᠭᠠᠨ ᠢ ᠰᠠᠶᠢᠲᠤᠷ ᠬᠢᠨ᠎ᠠ᠃ ᠠᠷᠠᠳ ᠲᠦᠮᠡᠨ ᠤ ᠬᠡᠷᠡᠭᠴᠡᠭᠡ ᠪᠣᠯ ᠵᠠᠰᠠᠭ ᠲᠦᠷᠦ ᠶᠢᠨ ᠴᠢᠭᠯᠡᠯ ᠮᠥᠨ᠃ | ᠪᠢᠳᠡ ︽ᠨᠢᠭᠡ ᠵᠢᠯ ᠳᠤ ᠡᠮᠬᠢ ᠳᠢᠭᠯᠢᠮ ᠢ ᠵᠠᠰᠠᠵᠤ᠂ ᠬᠤᠶᠠᠷ ᠵᠢᠯ ᠳᠤ ᠰᠠᠭᠤᠷᠢ ᠶᠢ ᠴᠢᠩᠭᠠᠳᠬᠠᠵᠤ᠂ ᠭᠤᠷᠪᠠᠨ | ᠵᠢᠯ ᠳᠤ ᠦᠷ᠎ᠡ ᠪᠦᠲᠦᠮᠵᠢ ᠭᠠᠷᠭᠠᠬᠤ︾ ᠬᠠᠷᠠᠯᠲᠠ ᠶᠢ ᠣᠨᠢᠯᠠᠵᠤ᠂ ᠬᠦᠷᠢᠶ᠎ᠡ ᠬᠤᠰᠢᠭᠤᠨ ᠤ ᠰᠤᠷᠭᠠᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠴᠢᠷᠮᠠᠶᠢᠨ᠎ᠠ᠃ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠤᠰᠢᠭᠤ ᠬᠥᠳᠡᠭᠡ | ᠲᠣᠰᠬᠤᠨ ᠤ ᠭᠤᠷᠪᠠᠨ ᠱᠠᠲᠤᠨ ᠤ ᠲᠠᠰ ᠬᠤᠪᠢᠶᠠᠨ ᠣᠨᠣᠰᠢᠯᠠᠨ ᠡᠮᠨᠡᠬᠦ᠂ ᠦᠨᠳᠦᠰᠦᠨ ᠱᠠᠲᠤᠨ ᠤ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠵᠢᠴᠢ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠵᠡᠷᠭᠡ | ᠲᠦᠷᠢᠮ ᠤᠨ ᠥᠭᠡᠷᠡᠴᠢᠯᠡᠯᠲᠡ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠣᠯᠠᠨ ᠲᠦᠮᠡᠨ ᠤ ᠡᠪᠡᠳᠴᠢᠨ | ᠦᠵᠡᠭᠦᠯᠬᠦ ᠳᠤ ᠬᠦᠴᠢᠷᠲᠡᠶ ᠪᠠᠶᠢᠬᠤ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠨ᠎ᠡ᠃ ᠬᠤᠲᠠ ᠶᠢ ᠰᠢᠨᠡᠳᠬᠡᠬᠦ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ | ᠠᠬᠢᠭᠤᠯᠵᠤ᠂ ᠬᠠᠭᠤᠴᠢᠨ ᠰᠠᠭᠤᠭᠠᠯᠢ ᠲᠣᠭᠤᠷᠢᠭ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠪᠠ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠦᠬᠡᠷᠡᠴᠢᠯᠡᠵᠦ ᠰᠢᠨᠡᠳᠬᠡᠬᠦ᠂ ᠬᠤᠲᠠ ᠶᠢᠨ | ᠶᠠᠪᠤᠳᠠᠯ ᠤᠨ ᠵᠠᠮ ᠪᠠ ᠣᠯᠠᠨ ᠨᠡᠶᠢᠲᠡ ᠶᠢᠨ ᠰᠠᠭᠤᠷᠢ ᠲᠦᠭᠦᠬᠡᠷᠦᠮᠵᠢ ᠶᠢ ᠠᠷᠠᠴᠢᠯᠠᠨ ᠬᠠᠮᠠᠭᠠᠯᠠᠵᠤ | ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠢᠷᠮᠠᠶᠢᠨ ᠰᠠᠶᠢᠵᠢᠷᠠᠭᠤᠯᠵᠤ᠂ ᠣᠯᠠᠨ ᠲᠦᠮᠡᠨ ᠢ ᠬᠤᠲᠠ ᠬᠥᠳᠡᠭᠡ ᠶᠢᠨ | ᠬᠥᠭᠵᠢᠯᠲᠡ ᠳᠤᠮᠳᠠ ᠨᠠᠩ ᠣᠯᠠᠨ ᠬᠦᠷᠲᠡᠮᠵᠢ ᠶᠢᠨ ᠲᠥᠷᠥᠭᠳᠡᠯ ᠲᠠᠢ ᠪᠣᠯᠭᠠᠨ᠎ᠠ᠃ |