ᠣᠳᠣᠬᠠᠨ ᠳᠤ᠂ ᠤᠯᠤᠰ ᠤᠨ ᠳᠣᠲᠣᠭᠠᠳᠤ ᠳᠤ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ | ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠨᠣᠴᠢᠲᠠᠢ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ ︽ | ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠲᠥᠬᠦᠬᠦ ᠶᠢ ᠳᠠᠭᠠᠯᠳᠤᠨ᠂ ᠬᠥᠮᠥᠰ ᠤᠨ ᠶᠠᠪᠣᠵᠤ ᠰᠠᠭᠤᠬᠤ ᠪᠠ | ᠴᠣᠭᠯᠠᠷᠠᠬᠤ ᠳᠣᠬᠢᠶᠠᠯ ᠤᠯᠠᠮ ᠠᠴᠠ ᠤᠯᠠᠮ ᠣᠯᠠᠰᠢᠷᠠᠵᠤ᠂ ᠠᠶᠤᠯ ᠲᠦᠭᠰᠢᠭᠦᠷᠢ ᠴᠦ ᠳᠠᠭᠠᠯᠳᠤᠨ ᠨᠡᠮᠡᠭᠳᠡᠪᠡ᠂ | ᠪᠦᠬᠦ ᠬᠤᠳᠠ ᠶᠢᠨ ᠠᠷᠠᠳ ᠤᠯᠠᠨ ᠤ ᠪᠠᠶᠠᠷ ᠬᠥᠷ ᠲᠠᠢ᠂ ᠡᠷᠡᠭᠦᠯ ᠮᠡᠨᠳᠦ᠂ ᠠᠮᠤᠷ ᠲᠦᠪᠰᠢᠨ ᠢᠶᠠᠷ ︽ᠲᠠᠪᠤᠨ | ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢᠨ ᠲᠥᠯᠥᠭᠡ᠂ ᠬᠤᠯᠪᠣᠭᠳᠠᠯ ᠪᠦᠬᠦᠢ | ᠤᠴᠢᠷ ᠶᠠᠪᠤᠳᠠᠯ ᠢ ᠤᠳᠤ ᠳᠠᠷᠠᠭᠠᠬᠢ ᠮᠡᠲᠦ ᠮᠡᠳᠡᠭᠳᠡᠶ᠎ᠡ᠄ | ᠨᠢᠭᠡ᠂ ᠲᠦᠩᠯᠢᠦᠦ ᠠᠴᠠ ᠭᠠᠷᠬᠤ ᠬᠥᠮᠥᠰ ᠤᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠥᠷᠭᠡᠨ | ᠤᠯᠠᠨ ᠬᠤᠳᠠ ᠶᠢᠨ ᠠᠷᠠᠳ ︽ᠴᠢᠬᠤᠯᠠ ᠦᠭᠡᠢ ᠪᠣᠯ ᠲᠦᠩᠯᠢᠶᠦᠦ ᠠᠴᠠ ᠭᠠᠷᠬᠤ ᠦᠭᠡᠢ︾ ᠪᠠᠶᠢᠵᠤ᠂ ᠳᠤᠮᠳᠠ᠂ | ᠶᠡᠭᠡ ᠲᠦᠭᠰᠢᠭᠦᠷᠢᠲᠡᠢ ᠭᠠᠵᠠᠷ ᠣᠷᠣᠨ ᠵᠢᠴᠢ ᠬᠠᠷᠢᠶ᠎ᠠ ᠰᠢᠶᠠᠨ ︵ᠬᠤᠳᠠ᠂ ᠲᠣᠭᠤᠷᠢᠭ᠂ ᠬᠤᠰᠢᠭᠤ︶ ᠳᠤ | ᠣᠴᠢᠬᠤ ᠶᠢ ᠴᠢᠩᠭ᠎ᠠ ᠬᠢᠵᠠᠭᠠᠷᠯᠠᠨ᠎ᠠ᠂ ᠴᠢᠬᠤᠯᠠ ᠦᠭᠡᠢ ᠪᠣᠯ ᠳᠤᠮᠳᠠ᠂ ᠶᠡᠭᠡ ᠲᠦᠭᠰᠢᠭᠦᠷᠢᠲᠡᠢ ᠭᠠᠵᠠᠷ ᠣᠷᠣᠨ | ᠵᠢᠴᠢ ᠬᠠᠷᠢᠶ᠎ᠠ ᠬᠤᠳᠠ ᠶᠢᠨ ᠪᠤᠰᠤᠳ ᠰᠢᠶᠠᠨ ︵ᠬᠤᠳᠠ᠂ ᠲᠣᠭᠤᠷᠢᠭ᠂ ᠬᠤᠰᠢᠭᠤ︶ ᠳᠤ ᠣᠴᠢᠬᠤ ᠦᠭᠡᠢ ᠪᠣᠯ | ᠵᠣᠬᠢᠨ᠎ᠠ᠃ ᠬᠠᠯᠠᠭᠤᠷᠠᠭᠰᠠᠨ ᠡᠪᠡᠳᠴᠢᠲᠡᠨ᠂ ᠡᠷᠡᠭᠦᠯ ᠮᠡᠨᠳᠦ ᠶᠢᠨ ᠮᠡᠷᠭᠡᠨ ᠴᠣᠬᠤᠷ ᠪᠤᠶᠤ ᠠᠶᠠᠯᠠᠯ ᠤᠨ ᠮᠡᠷᠭᠡᠨ | ᠴᠣᠬᠤᠷ ᠨᠢ ᠬᠡᠪ ᠤᠨ ᠪᠤᠰᠤ ᠬᠥᠮᠥᠰ ᠠᠶᠤᠯ ᠲᠦᠭᠰᠢᠭᠦᠷᠢ ᠶᠢ ᠨᠢ ᠲᠣᠳᠣᠯᠠᠬᠤ ᠠᠴᠠ ᠡᠮᠦᠨ᠎ᠡ ᠭᠠᠳᠠᠭᠰᠢ ᠭᠠᠷᠴᠤ | ᠪᠣᠯᠬᠤ ᠦᠭᠡᠢ᠃ | ᠬᠤᠶᠠᠷ᠂ ᠲᠦᠩᠯᠢᠶᠦᠦ ᠳᠤ ᠢᠷᠡᠭᠰᠡᠨ ᠪᠣᠶᠤ ᠪᠣᠴᠠᠵᠤ ᠢᠷᠡᠭᠰᠡᠨ ᠬᠥᠮᠥᠰ ᠤᠨ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠢ᠃ ᠣᠶᠢᠷ᠎ᠠ ᠶᠢᠨ 14 ᠡᠳᠦᠷ ᠤᠨ ᠳᠣᠲᠣᠷ᠎ᠠ᠂ ᠬᠢᠵᠢᠭ ᠲᠠᠢ ᠬᠤᠯᠪᠣᠭᠳᠠᠭᠰᠠᠨ ᠭᠠᠵᠠᠷ | ᠣᠷᠣᠨ ᠳᠤ ᠰᠠᠭᠤᠵᠤ ᠬᠤᠨᠣᠭᠯᠠᠭᠰᠠᠨ ᠲᠡᠦᠬᠡ ᠲᠠᠢ ᠬᠥᠮᠥᠰ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ | ᠬᠠᠯᠳᠠᠪᠣᠷᠢᠯᠠᠭᠰᠠᠨ ᠬᠦᠮᠦᠰ ᠤᠨ ᠶᠠᠪᠣᠵᠤ ᠰᠠᠭᠤᠭᠰᠠᠨ ᠵᠠᠮ ᠮᠥᠷ ᠲᠠᠢ ᠳᠠᠪᠬᠤᠴᠠᠭᠰᠠᠨ ᠬᠦᠮᠦᠰ ᠲᠦᠩᠯᠢᠶᠦᠦ ᠳᠤ | ᠬᠦᠷᠴᠦ ᠢᠷᠡᠭᠰᠡᠨ ᠤ ᠳᠠᠷᠠᠭ᠎ᠠ ᠲᠡᠷᠡ ᠳᠠᠷᠤᠢ ᠳᠤᠨᠢ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ | ᠨᠢᠭᠡᠴᠡ ᠪᠤᠶᠤ ᠣᠷᠣᠵᠤ ᠪᠠᠭᠤᠭᠰᠠᠨ ᠪᠠᠭᠤᠳᠠᠯ ᠳᠠᠭᠠᠨ ᠮᠡᠳᠡᠭᠦᠯᠵᠦ᠂ ᠬᠠᠷᠢᠶ᠎ᠠ ᠭᠠᠵᠠᠷ ᠤᠨ ᠬᠢᠵᠢᠭ ᠢ ᠰᠡᠷᠭᠡᠶᠢᠯᠡᠨ | ᠡᠵᠡᠮᠳᠡᠬᠦ ᠵᠢᠯᠤᠭᠤᠳᠬᠤ ᠭᠠᠵᠠᠷ ᠲᠠᠢ ᠬᠠᠮᠵᠢᠯᠴᠠᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠤᠪᠢ ᠬᠥᠮᠥᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠᠨ ᠰᠠᠶᠢᠲᠤᠷ ᠬᠢᠬᠦ ᠬᠡᠷᠡᠭᠲᠡᠢ᠃ | | ᠭᠤᠷᠪᠠ᠂ ᠣᠯᠠᠨ ᠬᠦᠮᠦᠨ ᠴᠣᠭᠯᠠᠷᠠᠬᠤ ᠴᠢᠨᠠᠷᠲᠠᠢ ᠠᠵᠢᠯᠯᠠᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠬᠤ | ᠬᠡᠷᠡᠭᠲᠡᠢ᠃ ᠲᠣᠮᠣ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ᠂ ᠳᠡᠯᠭᠡᠨ ᠪᠣᠷᠣᠯᠠᠭᠤᠯᠬᠤ ᠲᠦᠷᠭᠡᠨ | ᠪᠣᠷᠣᠯᠠᠭᠤᠯᠬᠤ᠂ ᠴᠤᠭᠯᠠᠭ᠎ᠠ᠂ ᠪᠡᠯᠭᠡᠯᠡᠬᠦ᠂ ᠪᠠᠶᠠᠷ ᠤᠨ ᠶᠣᠰᠣᠯᠠᠯ᠂ ᠲᠣᠮᠣ ᠬᠡᠯᠪᠡᠷᠢ ᠶᠢᠨ ᠬᠤᠷᠠᠯ᠂ ᠪᠣᠯᠪᠠᠰᠤᠷᠠᠭᠤᠯᠤᠯ | ᠲᠠᠶᠢᠯᠤᠮᠵᠢ ᠵᠡᠷᠭᠡ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ 50 ᠬᠥᠮᠥᠨ ᠠᠴᠠ ᠳᠡᠭᠡᠭᠰᠢᠬᠢ ᠠᠵᠢᠯᠯᠠᠭ᠎ᠠ ᠳᠤ | ᠪᠦᠷᠢᠨ ᠲᠥᠭᠦᠷ ᠰᠡᠷᠭᠡᠶᠢᠯᠡᠨ ᠡᠵᠡᠮᠳᠡᠬᠦ ᠲᠥᠰᠥᠯ ᠪᠠ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠲᠣᠭᠲᠠᠭᠠᠵᠤ᠂ | ᠵᠢᠴᠢ ᠠᠳᠠᠯᠢ ᠱᠠᠲᠤᠨ ᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠭᠦᠯᠦᠨ ᠬᠢᠨᠠᠨ | ᠵᠦᠪᠰᠢᠶᠡᠷᠡᠭᠦᠯᠦᠨ᠎ᠡ᠃ ︽ᠪᠠᠶᠠᠷ ᠤᠨ ᠶᠠᠪᠣᠳᠠᠯ ᠢ ᠬᠤᠶᠢᠰᠢᠯᠠᠭᠤᠯᠤᠨ ᠬᠢᠬᠦ᠂ ᠣᠷᠣᠰᠢᠭᠤᠯᠤᠯᠤᠭᠠ ᠶᠢᠨ ᠶᠠᠪᠣᠳᠠᠯ ᠢ | ᠲᠥᠬᠦᠮ ᠬᠢᠬᠦ᠂ ᠳᠠᠶᠢᠯᠠᠯᠭ᠎ᠠ ᠦᠯᠦ ᠬᠢᠬᠦ︾ ᠶᠢ ᠰᠠᠨᠠᠭᠠᠴᠢᠯᠠᠵᠤ᠂ ᠶᠠᠮᠠᠷᠪᠠ ᠨᠢᠭᠡᠴᠡ ᠪᠠ ᠬᠤᠪᠢ ᠬᠥᠮᠥᠨ 5 | ᠰᠢᠷᠡᠭᠡᠨ ᠠᠴᠠ ᠳᠡᠭᠡᠭᠰᠢ ᠪᠤᠶᠤ 50 ᠬᠥᠮᠥᠨ ᠢ ᠬᠡᠲᠦᠷᠡᠭᠰᠡᠨ ᠬᠠᠮᠲᠤ ᠶᠢᠨ ᠬᠤᠭᠤᠯᠠᠯᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠬᠤ ᠪᠠ ᠳᠠᠭᠠᠭᠠᠨ ᠬᠢᠵᠦ ᠪᠣᠯᠬᠤ ᠦᠭᠡᠢ᠂ ᠬᠠᠷᠢᠶ᠎ᠠ ᠭᠠᠵᠠᠷ ᠤᠨ ᠵᠢᠯᠤᠭᠤᠳᠬᠤ ᠭᠠᠵᠠᠷ ᠤᠨ ᠬᠢᠨ | ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠲᠣᠰ ᠣᠷᠣᠨ ᠤ ᠪᠠᠨ ᠪᠠᠶᠠᠷ ᠤᠨ ᠶᠠᠪᠣᠳᠠᠯ᠂ ᠣᠷᠣᠰᠢᠭᠤᠯᠣᠯᠭᠠ ᠶᠢᠨ ᠶᠠᠪᠣᠳᠠᠯ ᠢ ᠪᠦᠷᠢᠳᠬᠡᠨ ᠳᠠᠩᠰᠠᠯᠠᠬᠤ ᠪᠠ | ᠬᠠᠮᠢᠶᠠᠷᠤᠨ ᠡᠵᠡᠮᠳᠡᠬᠦ ᠬᠡᠷᠡᠭᠲᠡᠢ᠃ | ᠳᠥᠷᠪᠡ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ᠃ | ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠤᠭ᠎ᠠ | ᠴᠡᠩᠭᠡᠯ ᠰᠡᠯᠡᠭᠦᠴᠡᠯ ᠵᠡᠷᠭᠡ ᠡᠯ᠎ᠡ ᠲᠥᠷᠥᠯ ᠤᠨ ᠭᠤᠣᠯᠳᠠᠯᠭ᠎ᠠ ᠲᠠᠢ ᠭᠠᠵᠠᠷ ᠲᠠᠯᠠᠪᠤᠷ ᠲᠤ ᠡᠷᠡᠭᠦᠯ ᠬᠠᠮᠠᠭᠠᠯᠠᠯ ᠬᠢᠵᠢᠭ | ᠰᠡᠷᠭᠡᠶᠢᠯᠡᠬᠦ ᠬᠢᠨᠠᠯᠲᠠ ᠲᠠᠯᠪᠢᠭᠴᠢ ᠪᠠ ᠠᠷᠢᠭᠤᠳᠬᠠᠭᠴᠢ ᠲᠣᠬᠢᠷᠠᠭᠤᠯᠵᠤ᠂ ᠪᠡᠶ᠎ᠡ ᠶᠢᠨ ᠳᠤᠯᠠᠭᠠᠨ ᠢ ᠪᠠᠶᠢᠴᠠᠭᠠᠨ | ᠬᠡᠮᠵᠢᠬᠦ᠂ ᠵᠢᠷᠣᠮᠵᠢᠯᠲᠠᠢ ᠠᠮᠠᠪᠴᠢ ᠵᠡᠭᠦᠬᠦ᠂ ᠠᠷᠢᠭᠤᠳᠬᠠᠨ ᠴᠡᠪᠡᠷᠯᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠲᠠᠪᠣᠷᠢᠵᠢᠭᠤᠯᠬᠤ ᠶᠢᠨ ᠬᠠᠮᠲᠤ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ | ᠬᠢᠨᠠᠨ ᠬᠡᠮᠵᠢᠯᠲᠡ ᠶᠢ ᠴᠤ ᠰᠠᠶᠢᠲᠤᠷ ᠬᠢᠬᠦ ᠬᠡᠷᠡᠭᠲᠡᠢ᠃ ᠺᠢᠨᠣ᠋ ᠵᠦᠴᠦᠭᠡ ᠶᠢᠨ ᠣᠷᠳᠤᠨ᠂ ᠵᠢᠭᠤᠯᠴᠢᠯᠠᠯ ᠤᠨ | ᠦᠵᠡᠮᠵᠢ ᠶᠢᠨ ᠣᠷᠣᠨ ᠵᠡᠷᠭᠡ ᠲᠠᠯᠠᠪᠤᠷ ᠭᠠᠵᠠᠷ ᠲᠤ ᠶᠠᠪᠣᠵᠤ ᠰᠠᠭᠤᠬᠤ ᠬᠦᠮᠦᠰ ᠢ ᠬᠢᠵᠠᠭᠠᠷᠯᠠᠬᠤ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠭᠥᠯᠢᠶᠡᠨ ᠠᠪᠬᠤ ᠬᠥᠮᠥᠨ ᠤ ᠲᠤᠭ᠎ᠠ ᠶᠢ ᠬᠢᠨᠠᠨ ᠲᠣᠭᠲᠠᠭᠠᠭᠰᠠᠨ ᠬᠥᠮᠥᠨ ᠤ | ᠲᠤᠭ᠎ᠠ ᠶᠢᠨ 75% ᠠᠴᠠ ᠬᠡᠲᠦᠷᠡᠭᠦᠯᠵᠦ ᠪᠣᠯᠬᠤ ᠦᠭᠡᠢ᠃ ᠵᠣᠴᠢᠳ ᠤᠨ ᠪᠠᠭᠤᠳᠠᠯ᠂ ᠠᠷᠢᠬᠢᠨ ᠪᠠᠭᠤᠳᠠᠯ᠂ ᠠᠶᠢᠯ | ᠭᠡᠷ ᠤᠨ ᠪᠠᠭᠤᠴᠠ ᠵᠡᠷᠭᠡ ᠬᠤᠨᠤᠭ ᠤᠨ ᠭᠠᠵᠠᠷ ᠬᠢᠨ ᠬᠤᠨᠤᠭ ᠤᠨ ᠬᠥᠮᠥᠰ ᠢ ᠳᠡᠩᠰᠡᠯᠡᠨ ᠲᠡᠮᠳᠡᠭᠯᠡᠬᠦ ᠪᠠ ᠡᠷᠡᠭᠦᠯ | ᠮᠡᠨᠳᠦ ᠶᠢᠨ ᠬᠢᠨᠠᠨ ᠬᠡᠮᠵᠢᠯᠲᠡ ᠬᠢᠬᠦ ᠶᠢ ᠰᠠᠶᠢᠲᠤᠷ ᠬᠢᠵᠦ᠂ ᠡᠳᠦᠷ ᠪᠦᠷᠢ ᠬᠠᠷᠢᠶ᠎ᠠ ᠭᠠᠵᠠᠷ ᠤᠨ ᠲᠣᠮᠢᠯᠠᠭᠰᠠᠨ | ᠰᠠᠯᠪᠤᠷᠢ ᠳᠤ ᠪᠠᠨ ᠬᠤᠲᠠ ᠠᠴᠠ ᠭᠠᠳᠠᠨᠠᠬᠢ ᠲᠦᠩᠯᠢᠶᠦᠦ ᠳᠤ ᠢᠷᠡᠭᠰᠡᠨ ᠬᠥᠮᠥᠰ ᠤᠨ ᠮᠡᠳᠡᠭᠡ ᠵᠠᠩᠭᠢ ᠪᠠ ᠡᠷᠡᠭᠦᠯ | ᠮᠡᠨᠳᠦ ᠶᠢ ᠬᠢᠨᠠᠨ ᠬᠡᠮᠵᠢᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ | ᠬᠢᠨ ᠬᠠᠯᠠᠭᠤᠨ ᠢ ᠪᠠᠭᠤᠷᠠᠭᠤᠯᠬᠤ ᠡᠮ᠂ ᠬᠠᠨᠢᠶᠠᠳᠤ ᠶᠢ ᠵᠣᠭᠰᠤᠭᠠᠬᠤ ᠡᠮ᠂ ᠸᠢᠷᠦ᠋ᠰ ᠢ ᠡᠰᠡᠷᠭᠦᠴᠡᠬᠦ ᠡᠮ᠂ | ᠪᠠᠺᠲ᠋ᠧᠷᠢ ᠳᠠᠷᠤᠬᠤ ᠡᠮ ᠬᠤᠳᠠᠯᠳᠤᠨ ᠠᠪᠤᠭᠰᠠᠨ ᠬᠥᠮᠥᠰ ᠤᠨ ᠮᠡᠳᠡᠭᠡ ᠵᠠᠩᠭᠢ ᠶᠢ ᠬᠢᠨᠠᠮᠠᠭᠠᠢ ᠬᠠᠷᠭᠤᠭᠤᠯᠵᠤ᠂ | ᠡᠮ ᠤᠨ ᠬᠡᠷᠡᠭᠴᠡᠭᠡ ᠶᠢ ᠯᠠᠪᠯᠠᠨ ᠠᠰᠠᠭᠤᠵᠤ᠂ ᠡᠮ ᠬᠤᠳᠠᠯᠳᠤᠨ ᠠᠪᠤᠭᠴᠢ ᠪᠠ ᠡᠮ ᠬᠡᠷᠡᠭᠯᠡᠭᠴᠢ ᠶᠢᠨ ᠦᠨᠡᠨ | ᠨᠡᠷ᠎ᠡ ᠪᠠᠷ ᠳᠠᠩᠰᠠᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠡᠳᠦᠷ ᠪᠦᠷᠢ ᠳᠠᠩᠰᠠᠯᠠᠭᠰᠠᠨ ᠮᠡᠳᠡᠭᠡ ᠵᠠᠩᠭᠢ ᠪᠠᠨ | ᠬᠤᠷᠢᠶᠠᠩᠭᠤᠶᠢᠯᠠᠵᠤ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠮᠡᠳᠡᠭᠦᠯᠦᠨ ᠬᠦᠷᠭᠡᠬᠦ ᠬᠡᠷᠡᠭᠲᠡᠢ᠃ | ᠲᠠᠪᠤ᠂ ᠬᠤᠪᠢ ᠬᠥᠮᠥᠨ ᠤ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ᠃ ᠥᠷᠭᠡᠨ ᠣᠯᠠᠨ ᠬᠤᠲᠠ ᠶᠢᠨ | ᠠᠷᠠᠳ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠵᠢᠷᠣᠮᠵᠢᠯᠲᠠᠢ ᠠᠮᠠᠪᠴᠢ ᠵᠡᠭᠦᠬᠦ᠂ ᠨᠡᠶᠢᠭᠡᠮ ᠤᠨ | ᠬᠠᠷᠢᠯᠴᠠᠭᠠᠨ ᠳᠤ ᠠᠮᠤᠷ ᠲᠦᠪᠰᠢᠨ ᠤ ᠵᠠᠢ ᠶᠢ ᠪᠠᠲᠤᠯᠠᠨ᠂ ᠬᠤᠪᠢ ᠬᠥᠮᠥᠨ ᠤ ᠠᠷᠢᠭᠤᠨ ᠴᠡᠪᠡᠷ᠂ ᠡᠷᠡᠭᠦᠯ | ᠮᠡᠨᠳᠦ ᠪᠠᠨ ᠨᠢᠭᠲᠠ ᠠᠩᠬᠠᠷᠴᠤ᠂ ᠲᠠᠷᠢᠯᠭ᠎ᠠ ᠬᠢᠭᠡᠳᠦᠢ ᠲᠠᠷᠢᠯᠭ᠎ᠠ ᠬᠢᠪᠡᠯ ᠵᠣᠬᠢᠬᠤ ᠨᠠᠰᠤᠨ ᠤ ᠬᠥᠮᠥᠰ᠂ ᠪᠦᠬᠦ | ᠶᠠᠪᠣᠴᠠ ᠶᠢᠨ ᠲᠠᠷᠢᠯᠭ᠎ᠠ ᠶᠢ ᠬᠢᠭᠡᠳᠦᠢ ᠬᠥᠮᠥᠰ᠂ ᠪᠦᠬᠦᠯᠢ ᠵᠢᠷᠭᠤᠭᠠᠨ ᠰᠠᠷ᠎ᠠ ᠪᠣᠯᠵᠤ ᠴᠢᠩᠭᠠᠳᠬᠠᠬᠤ ᠲᠠᠷᠢᠯᠭ᠎ᠠ ᠬᠢᠬᠦ | ᠴᠢᠬᠤᠯᠠᠲᠠᠢ ᠬᠥᠮᠥᠰ ᠠᠯᠢ ᠲᠦᠷᠭᠡᠨ ᠢᠶᠠᠷ ᠬᠠᠷᠢᠶ᠎ᠠ ᠣᠷᠣᠨ ᠤ ᠪᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠲᠠᠷᠢᠯᠭ᠎ᠠ ᠶᠢᠨ ᠴᠡᠭ ᠲᠤ ᠣᠴᠢᠵᠤ ᠲᠠᠷᠢᠯᠭ᠎ᠠ ᠬᠢᠵᠦ᠂ ᠰᠢᠨ᠎ᠡ ᠲᠢᠳᠢᠮᠯᠢᠭ ᠸᠢᠷᠦ᠋ᠰ ᠢ ᠡᠰᠡᠷᠭᠦᠴᠡᠬᠦ ᠦᠯᠦ | ᠬᠠᠯᠳᠠᠭᠠᠬᠤ ᠬᠠᠯᠬᠠᠪᠴᠢ ᠶᠢ ᠬᠠᠮᠲᠤ ᠪᠠᠷ ᠪᠠᠶᠢᠭᠤᠯᠬᠤ ᠬᠡᠷᠡᠭᠲᠡᠢ᠃ | | ᠲᠦᠩᠯᠢᠶᠣᠣ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠣᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ | 2022 ᠣᠨ ᠤ 4 ᠰᠠᠷ᠎ᠠ ᠶᠢᠨ 19 |