ᠦ᠋ ᠱᠠᠨ᠄ ᠠᠵᠢᠯ ᠦᠢᠯᠡᠰ ᠢᠶᠠᠨ  ᠳᠡᠭᠡᠳᠦᠯᠡᠬᠦ ᠨᠢ ᠠᠷᠠᠳ ᠢᠷᠭᠡᠳ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠦᠭᠡ
ᠨᠡᠶᠢᠲᠡᠯᠡᠭᠰᠡᠨ ᠴᠠᠭ᠄
2022/5/23
    ᠡᠨᠡ ᠵᠢᠯ 52 ᠨᠠᠰᠤᠲᠠᠢ ᠦ᠋ ᠱᠠᠨ ᠪᠣᠯ ᠮᠠᠩᠬᠠᠨ ᠰᠤᠮᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠪᠣᠯᠤᠨ᠎ᠠ᠃ 29 ᠵᠢᠯ ᠤᠨ ᠲᠤᠷᠰᠢ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠠᠵᠢᠯᠯᠠᠭᠰᠠᠭᠠᠷ ᠢᠷᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠡᠷᠡᠰ ᠪᠠᠲᠤ ᠤᠯᠤᠰ ᠲᠦᠷᠦ ᠶᠢᠨ ᠢᠲᠡᠭᠡᠯ ᠪᠢᠰᠢᠷᠡᠯ ᠪᠠ ᠨᠠᠮᠴᠢ ᠴᠢᠨᠠᠷ ᠤᠨ ᠪᠣᠯᠪᠠᠰᠤᠷᠠᠯ ᠲᠠᠢ᠂ ᠠᠵᠢᠯ ᠦᠢᠯᠡᠰ ᠲᠡᠭᠡᠨ ᠠᠯᠤᠰ ᠬᠡᠳᠦ ᠶᠢᠨ ᠬᠥᠭᠡᠭᠡᠴᠡᠯᠳᠦᠯ ᠲᠠᠢ ᠪᠠᠶᠢᠳᠠᠭ ᠶᠤᠮ᠃ ᠡᠮᠨᠡᠯᠭᠡ ᠶᠢᠨ ᠠᠵᠢᠯᠳᠠᠨ᠂ ᠰᠢᠨᠵᠢᠯᠡᠭᠡᠨ ᠤ ᠰᠠᠯᠠᠭᠠᠨ ᠤ ᠲᠠᠭᠠᠭᠤᠯᠤᠬᠴᠢ ᠪᠣᠯᠤᠭᠰᠠᠨ ᠤ ᠬᠤᠪᠢ ᠳᠤ᠂ ᠲᠡᠷᠡ ᠨᠡᠷ᠎ᠡ ᠠᠰᠢᠭ ᠢ ᠦᠯᠦ ᠬᠥᠭᠡᠭᠡᠴᠡᠯᠳᠦᠨ᠂ ᠠᠵᠢᠯ ᠦᠢᠯᠡᠰ ᠢᠶᠠᠨ ᠳᠡᠭᠡᠳᠦᠯᠡᠵᠦ᠂ ᠬᠠᠯᠠᠭᠤᠨ ᠰᠡᠳᠬᠢᠯᠭᠡ ᠪᠠᠷ ᠡᠪᠡᠳᠴᠢᠲᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠡᠪᠡᠳᠴᠢᠲᠡᠨ ᠤ ᠮᠠᠭᠲᠠᠭᠠᠯ ᠰᠠᠶᠢᠰᠢᠶᠠᠯ ᠢ ᠥᠷᠭᠡᠨ ᠢᠶᠠᠷ ᠣᠯᠤᠭᠰᠠᠨ ᠪᠠᠶᠢᠨ᠎ᠠ᠃  
   ᠦ᠋ ᠱᠠᠨ᠂ ᠡᠳᠦᠷ ᠪᠦᠷᠢ ᠡᠷᠲᠡᠯᠡᠨ ᠪᠣᠰᠴᠤ ᠮᠠᠩᠬᠠᠨ ᠰᠤᠮᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠳᠠᠭᠠᠨ ᠢᠷᠡᠵᠦ᠂ ᠡᠭᠦᠳᠡᠨ ᠡᠮᠨᠡᠯᠭᠡ ᠶᠢᠨ ᠲᠠᠰᠤᠭ ᠢᠶᠠᠨ ᠨᠡᠬᠡᠭᠡᠵᠦ᠂ ᠡᠪᠡᠳᠴᠢᠨ ᠦᠵᠡᠭᠦᠯᠬᠦ ᠪᠠᠷ ᠢᠷᠡᠭᠰᠡᠨ ᠡᠪᠡᠳᠴᠢᠲᠡᠨ ᠢ ᠨᠢᠭᠡᠳ ᠨᠢᠭᠡ ᠪᠠᠷ ᠬᠦᠯᠢᠶᠡᠨ ᠠᠪᠳᠠᠭ᠃ 1994 ᠣᠨ ᠳᠤ᠂ 24 ᠨᠠᠰᠤᠲᠠᠢ ᠡᠦ ᠱᠠᠨ ᠥᠪᠥᠷ ᠮᠣᠩᠭᠤᠯ ᠤᠨ ᠮᠣᠩᠭᠤᠯ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠮᠣᠩᠭᠤᠯ ᠡᠮᠨᠡᠯᠭᠡ ᠶᠢᠨ ᠲᠤᠰᠬᠠᠢ ᠮᠡᠷᠭᠡᠵᠢᠯ ᠠᠴᠠ ᠲᠡᠭᠦᠰᠦᠭᠰᠡᠨ ᠤ ᠳᠠᠷᠠᠭ᠎ᠠ ᠵᠢᠷᠭᠤᠭᠠᠨ ᠭᠡᠷ ᠤᠨ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠳᠤ ᠬᠤᠪᠢᠶᠠᠭᠳᠠᠵᠠᠢ᠃ 1995 ᠣᠨ ᠳᠤ᠂ ᠠᠵᠢᠯ ᠤᠨ ᠬᠡᠷᠡᠭᠴᠡᠭᠡ ᠠᠴᠠ ᠪᠤᠯᠵᠤ ᠮᠠᠩᠬᠠᠨ ᠰᠤᠮᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠳᠤ ᠲᠣᠬᠢᠷᠠᠭᠤᠯᠤᠭᠳᠠᠨ᠂  ᠨᠢᠭᠡᠨᠲᠡ 20 ᠭᠠᠷᠤᠢ ᠵᠢᠯ  ᠠᠵᠢᠯᠯᠠᠭᠰᠠᠨ ᠪᠠᠶᠢᠨ᠎ᠠ᠃  
  ᠡᠮᠴᠢ    ᠡᠤ ᠱᠠᠨ    ᠪᠢ ᠮᠠᠩᠬᠠᠨ ᠳᠤ ᠢᠷᠡᠵᠦ ᠠᠵᠢᠯᠯᠠᠭᠰᠠᠨ ᠤ ᠳᠠᠷᠠᠭ᠎ᠠ᠂ ᠮᠠᠰᠢ ᠣᠯᠠᠨ ᠠᠷᠠᠳ ᠤᠨ ᠬᠡᠷᠡᠬᠦ ᠡᠪᠡᠳᠴᠢᠨ᠂ ᠴᠢᠰᠤᠨ ᠳᠠᠷᠤᠯᠲᠠ ᠥᠨᠳᠥᠷ᠂ ᠵᠢᠷᠦᠬᠡᠨ ᠲᠢᠲᠢᠮ ᠤᠨ ᠡᠪᠡᠳᠴᠢᠨ᠂ ᠪᠠᠰᠠ ᠨᠢᠷᠤᠭᠤᠨ ᠲᠠᠪᠠᠭ ᠳᠣᠪᠤᠶᠢᠬᠤ᠂ ᠰᠡᠭᠡᠷ ᠨᠢᠷᠤᠭᠤᠨ ᠤ ᠡᠪᠡᠳᠴᠢᠨ ᠵᠡᠷᠭᠡ ᠲᠤᠩ ᠠᠷᠪᠢᠨ ᠡᠪᠡᠳᠴᠢᠨ ᠪᠠᠶᠢᠬᠤ ᠶᠢ ᠣᠶᠢᠯᠠᠭᠠᠵᠠᠢ᠃ ᠵᠠᠷᠢᠮ ᠡᠪᠡᠳᠴᠢᠨ ᠢ ᠨᠢ ᠵᠠᠰᠠᠵᠤ ᠲᠡᠶᠢᠯᠬᠦ ᠦᠭᠡᠢ᠂ ᠲᠡᠶᠢᠮᠦ ᠠᠴᠠ ᠪᠢ ᠡᠨᠡ ᠲᠥᠷᠥᠯ ᠤᠨ ᠡᠪᠡᠳᠴᠢᠨ ᠤ ᠦᠨᠳᠦᠰᠦᠨ ᠮᠡᠳᠡᠯᠭᠡ᠂ ᠦᠨᠳᠦᠰᠦᠨ ᠣᠨᠴᠠᠯᠢᠭ ᠪᠠ ᠡᠮᠨᠡᠬᠦ ᠲᠥᠰᠦᠯ ᠢ ᠰᠠᠶᠢᠨ ᠰᠤᠷᠤᠯᠴᠠᠵᠤ᠂ ᠠᠷᠠᠳ ᠲᠦᠮᠡᠨ ᠳᠤ ᠨᠠᠩ ᠰᠠᠶᠢᠨ ᠦᠢᠯᠡᠴᠢᠯᠡᠬᠦ ᠪᠠᠷ ᠵᠣᠷᠢᠭ ᠰᠢᠭᠤᠳᠪᠠ ᠭᠡᠵᠡᠢ᠃
   ᠡᠨᠡ ᠮᠡᠲᠦ ᠪᠠᠷ᠂ ᠲᠤᠬᠠᠶ ᠶᠢᠨ ᠭᠠᠵᠠᠷ ᠤᠨ ᠡᠪᠡᠳᠴᠢᠲᠡᠨ ᠤ ᠪᠣᠳᠠᠲᠤ ᠪᠠᠶᠢᠳᠠᠯ ᠳᠤ ᠴᠢᠭᠯᠡᠭᠦᠯᠦᠨ᠂ ᠡᠳᠦᠷ ᠡᠳᠦᠷ᠂ ᠵᠢᠯ ᠵᠢᠯ᠂ ᠡᠮ ᠤᠨ ᠲᠣᠯᠢ ᠠᠴᠠ ᠬᠠᠶᠢᠵᠤ᠂ ᠨᠠᠷᠠᠲᠤ ᠡᠮᠴᠢ ᠠᠴᠠ ᠠᠰᠠᠭᠤᠨ᠂ ᠲᠤᠬᠠᠶᠢᠯᠠᠭᠰᠠᠨ ᠮᠡᠷᠭᠡᠵᠢᠯ ᠢᠶᠠᠨ ᠰᠢᠷᠭᠠᠭᠤ ᠰᠤᠳᠤᠯᠵᠤ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠬᠦᠯᠬᠦ ᠪᠠᠷ ᠣᠯᠠᠨ ᠵᠢᠯ ᠥᠴᠦᠬᠡᠨ ᠴᠦ ᠴᠠᠯᠠᠭᠠᠶᠢᠷᠠᠰᠢ ᠥᠬᠡᠶ ᠪᠠᠷᠢᠮᠲᠠᠯᠠᠭᠰᠠᠭᠠᠷ ᠢᠷᠡᠵᠡᠢ᠃ ᠣᠳᠣ ᠲᠡᠷᠡ ᠨᠢᠭᠡᠨᠲᠡ ᠲᠤᠬᠠᠶ ᠶᠢᠨ ᠭᠠᠵᠠᠷ ᠤᠨ ᠣᠯᠠᠨ ᠲᠦᠮᠡᠨ ᠤ ᠰᠡᠳᠬᠢᠯ ᠳᠠᠬᠢ ᠰᠠᠶᠢᠨ ᠡᠮᠴᠢ ᠪᠣᠯᠵᠤ᠂ ᠴᠢᠨᠠᠭᠰᠢᠯᠠᠨ ᠪᠣᠰᠤᠳ ᠬᠤᠰᠢᠭᠤ ᠰᠢᠶᠠᠨ ᠠᠴᠠ ᠮᠠᠰᠢ ᠣᠯᠠᠨ ᠡᠪᠡᠳᠴᠢᠲᠡᠨ ᠠᠯᠳᠠᠷ ᠲᠤ ᠨᠢ ᠰᠢᠲᠦᠵᠦ ᠬᠦᠷᠦᠯᠴᠡᠨ ᠢᠷᠡᠵᠦ ᠡᠮᠨᠡᠭᠦᠯᠬᠦ ᠪᠣᠯᠪᠠ᠃ ᠨᠠᠢᠮᠠᠨ ᠬᠤᠰᠢᠭᠤᠨ ᠤ ᠳ᠋ᠦᠩ ᠮᠢᠩ ᠪᠠᠯᠭᠠᠰᠤᠨ ᠤ ᠶᠡᠭᠡ ᠲᠣᠵᠢᠪᠠᠢ ᠭᠠᠴᠠᠭᠠᠨ ᠤ ᠠᠷᠠᠳ ᠯᠢᠶᠠᠩ ᠶᠧ ᠶᠢᠨ ᠴᠢᠰᠤᠨ ᠳᠠᠷᠤᠯᠲᠠ ᠥᠨᠳᠥᠷ ᠪᠣᠯᠣᠭᠠᠳ ᠠᠷᠪᠠᠭᠠᠳ ᠵᠢᠯ ᠪᠣᠯᠵᠣ᠂ ᠦᠷᠭᠦᠯᠵᠢ ᠮᠠᠩᠬᠠᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠢᠷᠡᠵᠦ ᠦ᠋ ᠱᠠᠨ ᠡᠮᠴᠢ ᠪᠠᠷ ᠡᠪᠡᠳᠴᠢᠨ ᠢᠶᠠᠨ ᠦᠵᠡᠭᠦᠯᠳᠡᠭ ᠪᠠᠶᠢᠯ᠎ᠠ᠃
  ᠡᠪᠡᠳᠴᠢᠲᠡᠨ    ᠯᠢᠶᠠᠩ ᠶᠧ    ᠲᠦᠷᠦᠭᠦᠦ ᠬᠡᠳᠦᠨ ᠡᠳᠦᠷ ᠪᠠᠴᠢᠮᠳᠠᠨ ᠰᠠᠨᠳᠤᠷᠴᠤ ᠠᠭᠤᠷᠯᠠᠭᠰᠠᠨ ᠠᠴᠠ ᠪᠣᠯᠵᠤ ᠴᠢᠰᠤᠨ ᠳᠠᠷᠤᠯᠲᠠ ᠦᠨᠳᠦᠷ ᠪᠣᠯᠵᠤ᠂ ᠦ᠋ ᠡᠮᠴᠢ ᠪᠠᠷ ᠡᠪᠡᠳᠴᠢᠨ ᠢᠶᠠᠨ ᠦᠵᠡᠭᠦᠯᠬᠦ ᠪᠠᠷ ᠢᠷᠡᠵᠡᠢ᠃ ᠦ᠋ ᠡᠮᠴᠢ ᠪᠣᠯ ᠪᠢᠳᠡᠨ ᠤ ᠰᠡᠳᠬᠢᠯ ᠳᠠᠬᠢ ᠰᠠᠶᠢᠨ ᠡᠮᠴᠢ᠂ ᠡᠪᠡᠳᠴᠢᠨ ᠢᠶᠠᠨ ᠦᠵᠡᠭᠦᠯᠵᠦ᠂ ᠡᠮ ᠢ ᠨᠢ ᠤᠤᠭᠤᠪᠠᠯ ᠳᠠᠷᠤᠢ ᠰᠠᠶᠢᠨ ᠪᠣᠯᠴᠢᠬᠠᠨ᠎ᠠ᠃ ᠡᠮᠦᠨ᠎ᠡ  ᠨᠢ ᠪᠠᠰᠠ ᠪᠡᠶ᠎ᠡ ᠶᠢᠨ ᠲᠠᠮᠢᠷ ᠠᠨᠠᠶᠢᠬᠠᠨ ᠪᠠᠶᠢᠭᠰᠠᠨ᠂ ᠶᠠᠮᠠᠷ ᠰᠢᠯᠲᠠᠭᠠᠨ ᠠᠴᠠ ᠪᠣᠯᠤᠭᠰᠠᠨ ᠢ ᠮᠡᠳᠡᠬᠦ ᠥᠬᠡᠶ᠂ ᠦ᠋ ᠡᠮᠴᠢ ᠳᠤ ᠡᠪᠡᠳᠴᠢᠨ ᠢᠶᠠᠨ ᠦᠵᠡᠭᠦᠯᠬᠦ ᠪᠠᠷ ᠢᠷᠡᠭᠰᠡᠨ ᠳᠤ᠂ ᠦ᠋ ᠡᠮᠴᠢ ᠨᠠᠳᠠᠳᠤ ᠴᠢᠨᠦ ᠡᠨᠡ ᠪᠠᠢᠳᠠᠯ ᠪᠠᠷᠤᠭ ᠪᠷᠦ᠋ᠼᠧᠯ ᠡᠪᠡᠳᠴᠢᠨ ᠪᠠᠶᠢᠵᠤ ᠮᠡᠳᠡᠨ᠎ᠡ ᠭᠡᠵᠦ ᠰᠠᠨᠠᠭᠤᠯᠪᠠ᠃ ᠶᠡᠭᠡ ᠡᠮᠨᠡᠯᠭᠡ ᠳᠤ ᠣᠴᠢᠵᠤ ᠪᠠᠶᠢᠴᠠᠭᠠᠯᠭᠠᠭᠰᠠᠨ ᠴᠢᠨᠢ ᠦᠨᠡᠬᠡᠷ ᠪᠷᠦ᠋ᠼᠧᠯ ᠡᠪᠡᠳᠴᠢᠨ ᠪᠠᠶᠢᠵᠤ᠂ ᠣᠳᠤ ᠨᠢᠭᠡᠨᠲᠡ ᠡᠳᠡᠭᠡᠷᠡᠴᠢᠬᠡᠵᠡᠢ ᠭᠡᠵᠦ ᠯᠢᠶᠠᠩ ᠶᠧ ᠶᠠᠷᠢᠨ᠎ᠠ᠃
   ᠮᠠᠩᠬᠠᠨ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠪᠥᠬᠦ ᠰᠤᠮᠤᠨ ᠤ 16 ᠭᠠᠴᠠᠭ᠎ᠠ ᠲᠣᠰᠬᠤᠨ ᠤ 34 ᠠᠶᠢᠯ ᠲᠣᠰᠬᠤᠨ ᠤ 11000 ᠭᠠᠷᠤᠶ ᠬᠥᠮᠦᠨ ᠠᠮᠠ ᠶᠢᠨ ᠡᠪᠡᠳᠴᠢᠨ ᠦᠵᠡᠭᠦᠯᠬᠦ ᠠᠰᠠᠭᠤᠳᠠᠯ ᠢ ᠬᠠᠷᠢᠭᠤᠴᠠᠵᠤ ᠪᠠᠶᠢᠨ᠎ᠠ᠃ ᠤᠷᠲᠤ ᠬᠤᠭᠤᠴᠠᠭᠠᠨ ᠤ ᠡᠮᠴᠢᠯᠡᠭᠡᠨ ᠤ ᠦᠢᠯᠡᠳᠦᠯᠭᠡ ᠳᠤᠮᠳᠠ᠂ ᠦ᠋ ᠱᠠᠨ᠂ ᠲᠤᠰ ᠭᠠᠵᠠᠷ ᠤᠨ ᠠᠭᠤᠷ ᠠᠮᠢᠰᠬᠤᠯ ᠭᠠᠩ ᠬᠠᠭᠤᠷᠠᠢ᠂ ᠰᠠᠯᠬᠢ ᠡᠯᠡᠰᠦ ᠤᠯᠠᠨ᠂ ᠤᠤᠭᠤᠬᠤ ᠤᠰᠤᠨ ᠤ ᠴᠢᠨᠠᠷ ᠠᠨᠠᠢ ᠵᠡᠷᠭᠡ ᠭᠠᠵᠠᠷ ᠣᠷᠣᠨ ᠤ ᠣᠨᠴᠠᠯᠢᠭ ᠠᠴᠠ᠂ ᠮᠠᠰᠢ ᠤᠯᠠᠨ ᠬᠥᠮᠦᠨ ᠴᠢᠯᠠᠭᠤᠵᠢᠬᠤ ᠡᠪᠡᠳᠴᠢᠨ ᠳᠤ ᠨᠡᠷᠪᠡᠭᠳᠡᠵᠦ᠂ ᠬᠠᠯᠠ ᠵᠣᠪᠠᠯᠠᠩ ᠢ ᠬᠠᠨᠤᠲᠠᠯ᠎ᠠ  ᠠᠮᠰᠠᠵᠤ ᠪᠠᠶᠢᠬᠤ ᠶᠢ ᠣᠶᠢᠯᠠᠭᠠᠵᠠᠢ᠃ ᠡᠪᠡᠳᠴᠢᠨ ᠡᠮᠭᠡᠭ ᠤᠨ ᠵᠣᠪᠠᠭᠤᠷᠢ ᠶᠢ ᠠᠷᠢᠯᠭᠠᠬᠤ ᠶᠢᠨ ᠲᠥᠯᠥᠭᠡ᠂ ᠲᠡᠷᠡ ᠨᠦᠢᠷ ᠬᠤᠭᠤᠯᠠ ᠪᠠᠨ ᠤᠮᠠᠷᠲᠠᠨ ᠠᠵᠢᠯᠯᠠᠵᠤ᠂ ᠴᠢᠯᠠᠭᠤᠵᠢᠬᠤ ᠡᠪᠡᠳᠴᠢᠨ ᠢ ᠨᠠᠮᠳᠠᠭᠤᠯᠬᠤ ᠡᠮ ᠢ ᠰᠤᠳᠤᠯᠪᠠ᠃
  ᠡᠮᠴᠢ    ᠡᠤ ᠱᠠᠨ    ᠮᠠᠨ ᠤ ᠮᠠᠩᠬᠠᠨ ᠣᠷᠣᠨ ᠳᠤ ᠴᠢᠯᠠᠭᠤᠵᠢᠬᠤ ᠡᠪᠡᠳᠴᠢᠨ ᠮᠠᠰᠢ ᠣᠯᠠᠨ᠃ ᠵᠢᠱᠢᠶᠡᠯᠡᠪᠡᠯ ᠪᠥᠭᠡᠷ᠎ᠡ ᠶᠢᠨ ᠴᠢᠯᠠᠭᠤᠰᠢᠷᠠᠯ᠂ ᠰᠥᠰᠥᠨ ᠤᠭᠤᠲᠠᠨ ᠤ ᠴᠢᠯᠠᠭᠤᠰᠢᠷᠠᠯ ᠨᠢ᠂ ᠠᠩᠬᠠᠨ ᠳᠠᠭᠠᠨ ᠡᠨᠡ ᠬᠦ ᠡᠪᠡᠳᠴᠢᠨ ᠢ ᠡᠷᠬᠡᠪᠰᠢ ᠬᠤᠲᠠ ᠶᠢᠨ ᠲᠠᠰ ᠤᠨ ᠡᠮᠨᠡᠯᠭᠡ ᠶᠢᠨ ᠬᠤᠷᠢᠶ᠎ᠠ ᠳᠤ ᠣᠴᠢᠵᠤ ᠰᠢᠢᠳᠪᠦᠷᠢᠯᠡᠦ ᠬᠡᠷᠡᠭᠲᠡᠶ ᠪᠠᠶᠢᠭᠰᠠᠨ ᠠᠴᠠ ᠪᠢ ᠴᠢᠯᠠᠭᠤᠰᠢᠷᠠᠯ ᠡᠪᠡᠳᠴᠢᠨ ᠳᠤ ᠴᠢᠭᠯᠡᠭᠦᠯᠦᠭᠰᠡᠨ ᠡᠮ ᠰᠤᠳᠤᠯᠤᠭᠰᠠᠨ ᠪᠥᠭᠡᠳ ᠲᠤᠰᠬᠠᠶ ᠠᠰᠢᠭ ᠤᠨ ᠡᠷᠬᠡ ᠭᠤᠶᠤᠴᠢᠯᠠᠭᠰᠠᠨ ᠪᠠᠶᠢᠨ᠎ᠠ᠃ ᠡᠯᠢᠭᠡ ᠰᠥᠰᠥᠨ ᠤ ᠴᠢᠯᠠᠭᠤᠰᠢᠷᠠᠯ᠂ ᠪᠥᠭᠡᠷ᠎ᠡ ᠶᠢᠨ ᠴᠢᠯᠠᠭᠤᠰᠢᠷᠠᠯ ᠵᠡᠷᠭᠡ ᠶᠢ ᠣᠳᠤ 2000 ᠭᠠᠷᠤᠶ ᠵᠢᠱᠢᠶ᠎ᠡ ᠡᠮᠨᠡᠨ ᠵᠠᠰᠠᠭᠠᠳ ᠮᠠᠰᠢ ᠰᠠᠶᠢᠨ ᠦᠷ᠎ᠡ ᠪᠦᠲᠦᠮᠵᠢ ᠣᠯᠵᠠᠶ᠃ ᠡᠮ ᠢ ᠤᠤᠭᠤᠭᠰᠠᠨ ᠤ ᠳᠠᠷᠠᠭ᠎ᠠ ᠶᠡᠷᠦᠩᠬᠡᠢ ᠳᠡᠭᠡᠨ ᠨᠢᠭᠡ ᠰᠠᠷ᠎ᠠ ᠠᠴᠠ 45 ᠡᠳᠦᠷ ᠤᠨ ᠳᠣᠲᠣᠷ᠎ᠠ ᠴᠢᠯᠠᠭᠤᠰᠢᠷᠠᠯ ᠨᠢ ᠪᠠᠭᠠᠰᠴᠤ᠂ ᠡᠪᠡᠳᠴᠢᠲᠡᠨ ᠳᠤ ᠪᠠᠰᠠ ᠮᠠᠭᠤ ᠳᠤᠰᠬᠠᠯ ᠦᠭᠡᠢ ᠭᠡᠵᠦ ᠦ᠋ ᠱᠠᠨ ᠶᠠᠷᠢᠪᠠ᠃
   ᠦᠨᠳᠦᠰᠦᠨ ᠱᠠᠲᠤᠨ ᠤ ᠣᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ ᠶᠢᠨ ᠲᠥᠯᠥᠭᠡ᠂ 2015 ᠣᠨ ᠳᠤ  ᠂ ᠡᠦ ᠱᠠᠨ ᠪᠠᠰᠠ ᠰᠢᠯᠭᠠᠯᠲᠠ ᠪᠠᠷ ᠳᠠᠮᠵᠢᠨ᠂ ᠶᠡᠷᠦᠩᠬᠡᠶ ᠰᠠᠯᠠᠭᠠᠨ ᠤ ᠡᠮᠴᠢ ᠶᠢᠨ ᠬᠢᠷᠢ ᠬᠡᠮ ᠢ ᠣᠯᠤᠭᠰᠠᠨ ᠪᠠᠶᠢᠨ᠎ᠠ᠃ ᠥᠪᠡᠷ ᠢᠶᠠᠨ ᠦᠰᠦᠨ ᠪᠤᠶᠢᠵᠢᠬᠤ ᠶᠢᠨ ᠵᠡᠷᠭᠡ ᠪᠠᠷ᠂ ᠲᠡᠷᠡ ᠪᠠᠰᠠ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢᠶᠠᠨ ᠪᠠᠳᠠᠷᠠᠭᠤᠯᠬᠤ ᠪᠠᠨ ᠮᠠᠷᠲᠠᠭᠰᠠᠨ ᠦᠭᠡᠢ᠂ ᠥᠪᠡᠷ ᠤᠨ ᠰᠣᠷᠣᠭᠰᠠᠨ ᠵᠦᠢᠯ ᠢᠶᠠᠨ ᠥᠴᠦᠬᠡᠨ ᠴᠦ ᠦᠯᠡᠳᠡᠭᠡᠯ ᠦᠭᠡᠢ ᠵᠠᠯᠠᠭᠤ ᠨᠥᠬᠦᠳ ᠲᠡᠭᠡᠨ ᠶᠡᠭᠦᠯᠡᠵᠦ ᠦᠭᠳᠡᠭ ᠪᠠᠶᠢᠯ᠎ᠠ᠃ ᠡᠳᠡᠭᠡᠷ ᠢ ᠶᠠᠷᠢᠬᠤ ᠳᠤ᠂ 2021 ᠣᠨ ᠤ 8 ᠰᠠᠷ᠎ᠠ ᠳᠤ ᠮᠠᠩᠬᠠᠨ ᠰᠤᠮᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠰᠢᠯᠭᠠᠨ ᠡᠯᠰᠡᠭᠳᠡᠵᠦ ᠢᠷᠡᠭᠰᠡᠨ ᠬᠤᠪᠢᠰᠬᠠᠯ ᠭᠦᠨ ᠲᠦᠷᠦᠭᠳᠡᠯ ᠲᠠᠢ ᠪᠠᠶᠢᠯ᠎ᠠ᠃  
   ᠡᠮᠴᠢ   ᠬᠤᠪᠢᠰᠬᠠᠯ      ᠦ᠋ ᠬᠤᠷᠢᠶᠠᠨ ᠳᠠᠷᠤᠭ᠎ᠠ ᠮᠠᠰᠢ ᠬᠢᠨᠠᠮᠠᠭᠠᠶ ᠬᠠᠷᠢᠭᠤᠴᠠᠵᠤ ᠪᠠᠶᠢᠳᠠᠭ᠂ ᠣᠶᠢᠷ᠎ᠠ ᠳᠤ ᠬᠦᠷᠢᠶ᠎ᠡ ᠶᠢᠨ ᠬᠢᠵᠢᠭ ᠤᠨ ᠪᠠᠶᠢᠳᠠᠯ ᠬᠦᠨᠳᠦ ᠬᠡᠴᠡᠭᠦᠦ ᠪᠠᠶᠢᠵᠤ᠂ ᠲᠡᠷᠡ ᠨᠢᠭᠡ ᠰᠠᠷ᠎ᠠ ᠭᠡᠷ ᠲᠡᠭᠡᠨ ᠬᠠᠷᠢᠭᠰᠠᠨ ᠥᠬᠡᠶ᠂ ᠡᠳᠦᠷ ᠪᠣᠯᠭᠠᠨ ᠠᠵᠢᠯ ᠶᠢᠨ ᠪᠠᠶᠢᠷᠢᠨ ᠳᠠᠭᠠᠨ ᠪᠠᠶᠢᠨ᠎ᠠ᠃ ᠲᠡᠷᠡ ᠪᠣᠯ ᠰᠠᠶᠢᠨ ᠤᠳᠤᠷᠢᠳᠤᠯᠭ᠎ᠠ᠂ ᠮᠥᠨ ᠴᠦ ᠰᠠᠶᠢᠨ ᠪᠠᠭᠰᠢ ᠮᠦᠨ᠃ ᠪᠢ ᠬᠦᠷᠢᠶ᠎ᠡ ᠠᠴᠠ ᠢᠷᠡᠭᠰᠡᠨ᠂ ᠲᠤᠬᠠᠶ ᠶᠢᠨ ᠣᠶᠢᠶ᠎ᠠ ᠳᠤ ᠳᠣᠲᠣᠷ ᠰᠠᠯᠠᠭ᠎ᠠ ᠶᠢᠨ ᠮᠡᠷᠭᠡᠵᠢᠯ ᠰᠤᠷᠴᠠᠢ᠂ ᠦᠨᠳᠦᠰᠦᠨ ᠱᠠᠲᠤᠨ ᠳᠤ ᠢᠷᠡᠭᠡᠳ ᠲᠠᠪᠤᠨ ᠵᠠᠰᠠᠯ ᠬᠢᠵᠦ ᠳᠡᠶᠢᠯᠬᠦ ᠥᠬᠡᠶ᠂ ᠦ᠋ ᠬᠤᠷᠢᠶᠠᠨ ᠳᠠᠷᠤᠭ᠎ᠠ ᠶᠢ ᠳᠠᠭᠠᠵᠤ ᠲᠠᠪᠤᠨ ᠵᠠᠰᠠᠯ ᠪᠣᠯᠤᠨ ᠵᠡᠭᠦᠦ ᠲᠥᠭᠡᠨᠡᠯᠭᠡ ᠶᠢᠨ ᠲᠠᠯ᠎ᠠ ᠶᠢᠨ ᠮᠡᠳᠡᠯᠭᠡ ᠶᠢ ᠠᠷᠪᠢᠨ ᠰᠤᠷᠤᠭᠰᠠᠨ ᠪᠠᠶᠢᠨ᠎ᠠ᠂ ᠡᠨᠡ ᠨᠢ ᠮᠢᠨᠦ ᠬᠤᠵᠢᠮ ᠤᠨ ᠦᠰᠦᠨ ᠪᠤᠶᠢᠵᠢᠯᠲᠠ ᠳᠤ ᠯᠠᠪ ᠲᠤᠰᠠ ᠪᠣᠯᠤᠨ᠎ᠠ ᠭᠡᠵᠦ ᠬᠤᠪᠢᠰᠬᠠᠯ ᠡᠮᠴᠢ ᠶᠠᠷᠢᠵᠤ ᠪᠠᠶᠢᠯ᠎ᠠ᠃
   ᠬᠤᠪᠢᠰᠬᠠᠯ ᠡᠮᠴᠢ ᠶᠢᠨ ᠬᠡᠯᠡᠳᠡᠭ ᠲᠠᠪᠤᠨ ᠵᠠᠰᠠᠯ ᠪᠠ ᠵᠡᠭᠦᠦ ᠲᠥᠭᠡᠨᠡᠯᠭᠡ ᠪᠣᠯ ᠮᠣᠩᠭᠤᠯ ᠡᠮᠨᠡᠯᠭᠡ ᠶᠢᠨ ᠣᠨᠴᠠᠯᠢᠭ ᠪᠦᠬᠦᠢ ᠣᠨᠣᠰᠢᠯᠠᠨ ᠡᠮᠨᠡᠬᠦ ᠮᠡᠷᠭᠡᠵᠢᠯ ᠪᠣᠯᠤᠨ᠎ᠠ᠃ ᠮᠠᠩᠬᠠᠨ ᠰᠤᠮᠤ ᠶᠢᠨ ᠮᠣᠩᠭᠤᠯ ᠦᠨᠳᠦᠰᠦᠲᠡᠨ ᠤ ᠬᠥᠮᠦᠨ ᠠᠮᠠ ᠪᠥᠬᠦ ᠬᠥᠮᠦᠨ ᠠᠮᠠ ᠶᠢᠨ 95 % ᠶᠢ ᠡᠵᠡᠯᠡᠵᠦ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠦ᠋ ᠱᠠᠨ ᠬᠤᠷᠢᠶᠠᠨ ᠳᠠᠷᠤᠭ᠎ᠠ ᠶᠢᠨ ᠢᠳᠡᠪᠬᠢᠲᠡᠶ ᠴᠢᠷᠮᠠᠶᠢᠯᠭ᠎ᠠ ᠳᠤᠤᠷ᠎ᠠ᠂ ᠮᠠᠩᠬᠠᠨ ᠰᠤᠮᠤ ᠶᠢᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠮᠣᠩᠭᠤᠯ ᠡᠮᠨᠡᠯᠭᠡ ᠶᠢᠨ ᠣᠷᠳᠤᠨ ᠪᠠᠶᠢᠭᠤᠯᠵᠤ᠂ ᠲᠤᠬᠠᠶ ᠶᠢᠨ ᠭᠠᠵᠠᠷ ᠤᠨ ᠡᠪᠡᠳᠴᠢᠲᠡᠨ ᠤ ᠬᠦᠷᠢᠶᠡᠯᠡᠯ ᠢ ᠤᠯᠪᠠ᠃
  ᠮᠠᠩᠬᠠᠨ ᠰᠤᠮᠤᠨ ᠤ ᠬᠠᠲᠠᠭᠤ  ᠭᠠᠴᠠᠭᠠᠨ  ᠤ ᠠᠷᠠᠳ    ᠰᠡᠴᠡᠨᠭᠡᠷᠡᠯ    ᠪᠢ ᠬᠦᠵᠦᠭᠦᠦ ᠰᠡᠭᠡᠷ ᠤᠨ ᠡᠪᠡᠳᠴᠢᠨ ᠳᠤ ᠨᠡᠷᠪᠡᠭᠳᠡᠭᠡᠳ ᠣᠯᠠᠨ ᠵᠢᠯ ᠪᠣᠯᠵᠠᠢ᠂ ᠡᠮᠦᠨ᠎ᠡ ᠨᠢ ᠣᠯᠠᠨ ᠡᠮ ᠤᠤᠭᠤᠭᠰᠠᠨ ᠴᠤ ᠳᠡᠮᠡᠢ ᠦᠢᠯᠡᠳᠦᠯ ᠭᠠᠷᠤᠭᠰᠠᠨ ᠦᠭᠡᠢ᠂ ᠠᠳᠡ ᠢᠷᠡᠵᠦ ᠡᠮᠨᠡᠭᠦᠯᠦᠭᠰᠡᠨ ᠠᠴᠠ ᠰᠡᠭᠦᠯᠡᠷ᠂ ᠡᠪᠡᠳᠬᠦ ᠪᠠᠶᠢᠳᠠᠯ ᠨᠡᠯᠢᠶᠡᠳ ᠨᠠᠮᠳᠠᠭᠰᠠᠨ ᠪᠠᠶᠢᠨ᠎ᠠ᠂ ᠡᠨᠡ ᠮᠣᠩᠭᠤᠯ ᠡᠮᠨᠡᠯᠭᠡ ᠶᠢᠨ ᠣᠷᠳᠤᠨ ᠪᠢᠳᠡᠨ ᠳᠤ ᠠᠪᠴᠤ ᠬᠡᠯᠡᠪᠡᠯ ᠦᠨᠡᠬᠡᠷ ᠰᠠᠶᠢᠨ ᠪᠣᠯᠵᠠᠢ ᠭᠡᠵᠦ ᠰᠡᠴᠡᠨᠭᠡᠷᠡᠯ ᠶᠠᠷᠢᠨ᠎ᠠ᠃
  ᠮᠠᠩᠬᠠᠨ ᠰᠤᠮᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠴᠤᠷ ᠤᠨ ᠭᠠᠭᠴᠠ ᠶᠡᠷᠦᠩᠬᠡᠢ ᠰᠠᠯᠠᠭᠠᠨ ᠤ ᠡᠮᠴᠢ ᠪᠣᠯᠤᠭᠰᠠᠨ ᠤ ᠬᠤᠪᠢ ᠳᠤ᠂ ᠡᠦ ᠱᠠᠨ ᠵᠢᠯ ᠪᠦᠷᠢ ᠠᠶᠢᠯ ᠡᠷᠦᠬᠡ ᠳᠤ ᠬᠦᠷᠴᠦ ᠡᠮ ᠡᠮᠨᠡᠯᠭᠡ ᠬᠦᠷᠭᠡᠬᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠯᠭᠡ ᠶᠢ ᠤᠬᠠᠭᠤᠯᠬᠤ ᠵᠡᠷᠭᠡ ᠠᠵᠢᠯ ᠢ 50 ᠤᠳᠠᠭ᠎ᠠ ᠠᠴᠠ ᠳᠡᠭᠡᠭᠰᠢ ᠥᠷᠨᠢᠭᠦᠯᠵᠦ᠂ ᠵᠢᠯ ᠪᠦᠷᠢ 5000 ᠭᠠᠷᠤᠢ ᠡᠪᠡᠳᠴᠢᠲᠡᠨ ᠢ ᠬᠦᠯᠢᠶᠡᠨ ᠠᠪᠴᠤ ᠡᠮᠨᠡᠭᠰᠡᠨ ᠪᠠᠶᠢᠨ᠎ᠠ᠃ 1998 ᠣᠨ ᠠᠴᠠ ᠨᠠᠭᠠᠰᠢ᠂ ᠲᠡᠷᠡ ᠤᠷᠢᠳ ᠬᠤᠵᠢᠳ ᠮᠠᠩᠬᠠᠨ ᠰᠤᠮᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠳᠡᠳ᠋ ᠳᠠᠷᠤᠭ᠎ᠠ᠂ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃  2011 ᠣᠨ ᠠᠴᠠ ᠨᠠᠰᠢ᠂ ᠬᠤᠲᠠ ᠶᠢᠨ ᠳᠡᠰ ᠤᠨ ︽ᠰᠢᠯᠢᠳᠡᠭ ᠬᠤᠷᠢᠶᠠᠨ ᠳᠠᠷᠤᠭ᠎ᠠ︾᠂ ︽ᠠᠵᠢᠯ ᠲᠥᠷᠥᠯ ᠤᠨ ᠳᠠᠭᠠᠭᠤᠯᠤᠭᠴᠢ ᠴᠢᠳᠠᠪᠤᠷᠢᠲᠠᠨ︾᠂ ︽ᠬᠥᠳᠡᠯᠮᠦᠷᠢ ᠶᠢᠨ ᠵᠢᠱᠢᠶᠡᠴᠢ︾ ᠪᠣᠯᠤᠨ ︽ᠥᠪᠡᠷᠲᠡᠭᠡᠨ ᠵᠠᠰᠠᠬᠤ ᠣᠷᠣᠨ ᠤ ᠨᠡᠷᠡᠲᠦ ᠮᠣᠩᠭᠤᠯ ᠡᠮᠴᠢ︾ ᠵᠡᠷᠭᠡ ᠢᠷᠠᠭᠤ ᠠᠯᠳᠠᠷ ᠢ ᠬᠦᠷᠲᠡᠪᠡ᠃
    ᠡᠮᠴᠢ   ᠦ᠋ ᠱᠠᠨ    ᠪᠢ ᠣᠲᠣ ᠥᠪᠡᠰᠦᠪᠡᠨ ᠨᠢᠭᠡ ᠮᠣᠩᠭᠤᠯ ᠡᠮᠨᠡᠯᠭᠡ ᠶᠢᠨ ᠣᠷᠳᠤᠨ ᠪᠠᠶᠢᠭᠤᠯᠤᠭᠠᠳ᠂ ᠡᠮᠴᠢᠯᠡᠭᠡᠨ ᠤ ᠲᠠᠯ᠎ᠠ ᠪᠠᠷ ᠨᠠᠩ ᠳᠠᠪᠰᠢᠩᠭᠤᠶ ᠪᠣᠯᠵᠣ᠂ ᠲᠣᠨᠤᠭ ᠲᠥᠬᠦᠭᠡᠷᠦᠮᠵᠢ ᠪᠠᠨ ᠴᠦ ᠰᠢᠨᠡᠳᠬᠡᠭᠰᠡᠨ  ᠂ ᠪᠠᠰᠠ ᠡᠮᠲᠦ ᠤᠬᠢᠶᠠᠯᠭ᠎ᠠ᠂ ᠡᠯᠡᠰᠦᠨ ᠵᠠᠰᠠᠯ ᠵᠡᠷᠭᠡ ᠲᠠᠯ᠎ᠠ ᠶᠢᠨ ᠲᠣᠨᠤᠭ ᠲᠥᠬᠦᠭᠡᠷᠦᠮᠵᠢ ᠪᠠ ᠮᠡᠷᠭᠡᠵᠢᠯ ᠣᠷᠣᠭᠤᠯᠬᠤ ᠪᠠᠷ ᠲᠥᠯᠦᠪᠯᠡᠵᠦ ᠪᠠᠶᠢᠨ᠎ᠠ᠃ ᠬᠤᠶᠢᠰᠢᠳᠠ ᠮᠣᠩᠭᠤᠯ ᠡᠮᠨᠡᠯᠭᠡ ᠶᠢᠨ ᠣᠷᠳᠤᠨ ᠤ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠣᠳᠣ ᠦᠶ᠎ᠡ ᠶᠢᠨ ᠰᠢᠨ᠎ᠡ ᠮᠡᠷᠭᠡᠵᠢᠯ ᠢ ᠰᠠᠶᠢᠲᠤᠷ ᠡᠵᠡᠮᠰᠢᠨ᠂ ᠰᠠᠶᠢᠲᠤᠷ ᠰᠤᠷᠤᠯᠴᠠᠵᠤ᠂ ᠥᠷᠭᠡᠨ ᠣᠯᠠᠨ ᠲᠦᠮᠡᠨ ᠳᠤ ᠨᠡᠩ ᠰᠠᠶᠢᠲᠤᠷ  ᠦᠢᠯᠡᠴᠢᠯᠡᠨ᠎ᠡ ᠭᠡᠵᠦ ᠦ᠋ ᠱᠠᠨ ᠡᠮᠴᠢ ᠶᠠᠷᠢᠵᠤ ᠪᠠᠶᠢᠯ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号