ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠠᠵᠢᠯᠯᠠᠭ᠎ᠠ ᠶᠢᠨ ᠲᠥᠯᠥᠪᠯᠡᠭᠡ ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠡᠷᠡᠭᠵᠢᠭᠦᠯᠬᠦ ᠶᠢ | ᠠᠬᠢᠭᠤᠯᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2022 ᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ | ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠵᠡᠭᠦᠨ ᠬᠡᠰᠡᠭ ᠤᠨ ᠳᠥᠷᠪᠡᠨ ᠠᠶᠢᠮᠠᠭ ᠬᠤᠲᠠ᠂ | ᠬᠡᠷᠡᠭᠵᠢᠭᠦᠯᠬᠦ ᠬᠤᠰᠢᠭᠤ ᠰᠢᠶᠠᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠬᠤ ᠳᠤ | ᠳᠥᠭᠦᠮ ᠦᠵᠡᠭᠦᠯᠵᠦ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠡᠮᠬᠢ | ᠵᠢᠷᠤᠮ ᠲᠠᠢ ᠥᠷᠨᠢᠭᠦᠯᠬᠦ ᠶᠢ ᠵᠢᠯᠤᠭᠤᠳᠬᠤ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ | ᠮᠡᠲᠦ ᠲᠠᠶᠢᠯᠪᠤᠷᠢᠯᠠᠪᠠ᠄ | ᠨᠢᠭᠡ᠂ ᠨᠣᠣᠷᠠᠭᠯᠠᠭᠰᠠᠨ ᠠᠬᠤᠢ ᠪᠠᠶᠢᠳᠠᠯ ︽ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ︵2020 — 2025 ᠣᠨ︶ | ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢᠨ ᠲᠥᠰᠥᠯ ︵2020 — 2025 ᠣᠨ︶︾ ︽ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠵᠤᠷᠭᠠᠨ | ᠲᠥᠯᠥᠪᠯᠡᠭᠡ ᠡᠳ᠋ ᠤᠨ ᠶᠠᠪᠤᠳᠠᠯ ᠤᠨ ᠵᠤᠷᠭᠠᠨ ᠡᠳ᠋ ᠤᠨ ᠵᠠᠰᠠᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ | ᠵᠤᠷᠭᠠᠨ ᠤ 2022 ᠣᠨ ᠤ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ | ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠬᠠᠮᠢᠶ᠎ᠠ ᠪᠦᠬᠦᠢ ᠨᠢᠭᠡᠴᠢ ᠪᠠ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ︽ᠬᠡᠷᠡᠭᠵᠢᠭᠦᠯᠬᠦ ᠲᠥᠰᠥᠯ︾ ᠢ | ᠲᠤᠭᠤᠷᠪᠢᠬᠤ ᠠᠵᠢᠯ ᠢ ᠥᠷᠨᠢᠭᠦᠯᠪᠡ᠃ ︽ᠬᠡᠷᠡᠭᠵᠢᠭᠦᠯᠬᠦ ᠲᠥᠰᠥᠯ︾ ᠢ ᠣᠶᠢᠷ᠎ᠠ ᠶᠢᠨ ᠵᠢᠯ ᠤᠨ ᠲᠤᠷᠰᠢᠬᠢ | ᠠᠵᠢᠯ ᠢᠶᠠᠨ ᠥᠷᠨᠢᠭᠦᠯᠦᠭᠰᠡᠨ ᠪᠣᠳᠠᠲᠠᠢ ᠲᠠᠢ ᠤᠶᠠᠯᠳᠤᠭᠤᠯᠤᠨ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠢᠶᠠᠷ | ᠨᠤᠲᠠᠯᠠᠭᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠤᠯᠪᠣᠭᠠᠯᠠᠨ | ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃ | ᠬᠤᠶᠠᠷ᠂ ᠭᠤᠣᠯ ᠪᠣᠯᠬᠤ ᠪᠣᠷᠣ ᠲᠥᠰᠥᠪ ︽ᠬᠡᠷᠡᠭᠵᠢᠭᠦᠯᠬᠦ ᠲᠥᠰᠥᠯ︾ ᠳᠤ ︽ᠬᠡᠪᠴᠢᠶ᠎ᠡ ᠶᠢ | ᠲᠣᠭᠲᠠᠭᠤᠨ ᠢᠶᠠᠷ ᠥᠷᠭᠡᠳᠬᠡᠵᠦ᠂ ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠨ᠂ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ︽ᠢᠯᠡᠭᠦᠦ ᠪᠦᠷᠬᠦᠭᠦᠯᠵᠦ᠂ ᠳᠤᠲᠠᠭᠤ ᠰᠢᠷᠣᠢ ᠬᠥᠳᠡᠯᠭᠡᠬᠦ︾ | ᠭᠤᠣᠯᠯᠠᠬᠤ ᠮᠡᠷᠭᠡᠵᠢᠯ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠨᠢᠭᠡ ᠡᠭᠦᠷᠭᠡ ᠬᠠᠷᠠᠯᠲᠠ︾ ︽ᠭᠤᠷᠪᠠᠨ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ︾ ᠶᠢ ᠴᠢᠬᠤᠯᠠᠴᠢᠯᠠᠪᠠ᠃ ᠪᠣᠳᠠᠲᠠᠢ ᠪᠠᠷ ᠬᠡᠯᠡᠪᠡᠯ | ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠮᠡᠷᠭᠡᠵᠢᠯ ᠤᠨ ᠵᠠᠭᠪᠤᠷ ᠵᠢᠴᠢ ᠤᠷ᠎ᠠ ᠮᠡᠷᠭᠡᠰᠢᠯ ᠢ ᠰᠢᠢᠳᠪᠦᠷᠢᠯᠡᠬᠦ | ᠱᠠᠭᠠᠷᠳᠠᠯᠭ᠎ᠠ᠂ ᠨᠥᠬᠦᠪᠦᠷᠢ ᠪᠡᠯᠡ ᠮᠥᠩᠭᠦ ᠶᠢᠨ ᠬᠡᠷᠡᠭᠴᠡᠭᠡ᠂ ᠨᠥᠬᠦᠪᠦᠷᠢ ᠣᠯᠭᠤᠬᠤ ᠪᠠᠷᠢᠮᠵᠢᠶ᠎ᠠ ᠵᠢᠴᠢ ᠨᠥᠬᠦᠪᠦᠷᠢ | ᠣᠯᠭᠤᠬᠤ ᠡᠲᠡᠭᠡᠳ᠂ ᠠᠵᠢᠯ ᠤᠨ ᠲᠠᠰ ᠳᠠᠷᠠᠭᠠᠯᠠᠯ᠂ ᠠᠬᠢᠴᠠ ᠶᠢᠨ ᠱᠠᠭᠠᠷᠳᠠᠯᠭ᠎ᠠ᠂ ᠪᠠᠲᠤᠯᠠᠭ᠎ᠠ ᠶᠢᠨ ᠠᠷᠭ᠎ᠠ | ᠬᠡᠮᠵᠢᠶ᠎ᠡ ᠵᠡᠷᠭᠡ 8 ᠠᠭᠤᠯᠭ᠎ᠠ ᠶᠢ ᠨᠠᠷᠢᠯᠢᠭᠵᠢᠭᠤᠯᠤᠨ ᠲᠣᠬᠢᠷᠠᠭᠤᠯᠪᠠ᠃ | ᠭᠤᠷᠪᠠ᠂ ᠭᠤᠣᠯᠳᠠᠯᠭ᠎ᠠ ᠲᠠᠢ ᠠᠭᠤᠯᠭ᠎ᠠ ᠶᠢᠨ ᠲᠠᠶᠢᠯᠤᠮᠵᠢ | ︵ᠨᠢᠭᠡ︶ ᠡᠭᠦᠷᠭᠡ ᠬᠠᠷᠠᠯᠲᠠ᠃ 2022 ᠣᠨ ᠳᠤ ᠮᠠᠨ ᠤ ᠣᠷᠣᠨ ᠬᠥᠯᠥᠨ ᠪᠤᠶᠢᠷ ᠬᠤᠲᠠ᠂ ᠬᠢᠩᠭᠠᠨ | ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠳᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ | 1350 ᠲᠦᠮᠡᠨ ᠮᠦ ᠬᠡᠷᠡᠭᠵᠢᠭᠦᠯᠵᠦ᠂ 9 ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ | ᠠᠬᠢᠭᠤᠯᠵᠤ᠂ 31 ᠰᠢᠶᠠᠨ ᠤ ᠱᠠᠲᠤ᠂ 87 ᠰᠢᠶᠠᠩ ᠤᠨ ᠱᠠᠲᠤ ᠪᠠ 18 ᠲᠣᠰᠬᠤᠨ ᠤ ᠱᠠᠲᠤ ᠶᠢᠨ ᠥᠨᠳᠥᠷ | ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠦᠭᠰᠡᠨ ᠦᠷ᠎ᠡ | ᠪᠦᠲᠦᠮᠵᠢ ᠶᠢ ᠬᠢᠨᠠᠨ ᠰᠢᠨᠵᠢᠯᠡᠬᠦ 20 ᠴᠡᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ︵ᠬᠤᠶᠠᠷ︶ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠃ ᠨᠢᠭᠡ ᠳᠤ᠂ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢ ᠠᠬᠢᠭᠤᠯᠵᠤ ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ | ᠠᠬᠢᠭᠤᠯᠵᠤ᠂ ᠭᠤᠷᠪᠠᠨ ᠵᠢᠯ ᠳᠠᠷᠠᠭᠠᠯᠠᠨ ᠬᠡᠷᠡᠭᠵᠢᠭᠦᠯᠬᠦ ᠪᠠᠷ ᠳᠠᠮᠵᠢᠨ᠂ ᠰᠢᠶᠠᠨ ᠤ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢ ᠬᠡᠷᠡᠭᠵᠢᠭᠦᠯᠬᠦ ᠲᠠᠯᠠᠪᠠᠢ ᠶᠢ ᠪᠦᠬᠦᠯᠢ ᠴᠣᠭᠴᠠ ᠪᠠᠷ ᠠᠬᠢᠭᠤᠯᠬᠤ ᠳᠤ ᠵᠠᠷᠴᠢᠮ ᠳᠡᠭᠡᠷ᠎ᠡ ᠪᠠᠨ ᠲᠤᠰ | ᠰᠢᠶᠠᠨ ᠤ ᠲᠠᠷᠢᠶᠠᠯᠠᠬᠤ ᠳᠤ ᠲᠣᠬᠢᠷᠠᠮᠵᠢᠲᠠᠢ ᠲᠠᠯᠠᠪᠠᠢ ᠶᠢᠨ 50% ᠠᠴᠠ ᠳᠠᠪᠠᠭᠤᠯᠵᠤ᠂ ᠮᠡᠷᠭᠡᠵᠢᠯ ᠢ | ᠪᠣᠳᠠᠲᠠᠶᠢᠵᠢᠭᠤᠯᠬᠤ᠂ ᠠᠵᠢᠯᠯᠠᠭᠠᠨ ᠢ ᠦᠷᠭᠦᠯᠵᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠴᠢᠷᠮᠠᠶᠢᠨ ᠪᠤᠢ ᠪᠣᠯᠭᠠᠨ᠎ᠠ᠃ ᠬᠤᠶᠠᠷ ᠲᠤ᠂ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ | ᠪᠡᠯᠡ ᠮᠥᠩᠭᠦ᠂ ᠮᠡᠷᠭᠡᠵᠢᠯ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ | ᠬᠡᠷᠡᠭᠯᠡᠭᠡᠨ ᠤ ᠰᠠᠭᠤᠷᠢᠨ ᠭᠠᠵᠠᠷ ᠲᠡᠶᠢᠰᠢ ᠬᠡᠯᠪᠠᠶᠢᠯᠭᠡᠵᠦ᠂ ᠮᠡᠷᠭᠡᠵᠢᠯ ᠤᠨ ᠬᠡᠷᠡᠭᠯᠡᠭᠡᠨ ᠤ ᠪᠠᠷᠢᠮᠵᠢᠶ᠎ᠠ ᠶᠢ ᠴᠢᠩᠳᠠᠯᠠᠵᠤ᠂ | ᠭᠤᠣᠯᠳᠠᠯᠭ᠎ᠠ ᠲᠠᠢ ᠥᠨᠳᠥᠷ ᠪᠠᠷᠢᠮᠵᠢᠶᠠᠲᠤ ᠰᠠᠭᠤᠷᠢᠨ ᠭᠠᠵᠠᠷ ᠢ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ | ᠤᠷ᠎ᠠ ᠮᠡᠷᠭᠡᠰᠢᠯ ᠢ ᠭᠦᠨᠵᠡᠭᠡᠢ ᠠᠭᠤᠰᠤᠯᠴᠠᠭᠤᠯᠤᠭᠰᠠᠨ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠢᠵᠢ | ᠪᠦᠷᠢᠳᠦᠭᠦᠯᠬᠦ ᠮᠡᠷᠭᠡᠵᠢᠯ ᠢ ᠪᠠᠷᠢᠮᠵᠢᠶᠠᠵᠢᠭᠤᠯᠤᠨ᠂ ᠵᠢᠷᠤᠮᠵᠢᠭᠤᠯᠤᠭᠰᠠᠨ᠂ ᠣᠷᠣᠨ ᠪᠦᠰᠡ ᠶᠢᠨ ᠣᠨᠴᠠᠯᠢᠭ ᠢᠶᠠᠷ | ᠢᠯᠡ ᠲᠣᠳᠣ᠂ ᠳᠠᠶᠢᠴᠢᠯᠠᠬᠤ ᠬᠦᠴᠦᠨ ᠢᠶᠠᠷ ᠴᠢᠩᠭ᠎ᠠ ᠳᠠᠭᠤᠷᠢᠶᠠᠯ ᠪᠣᠯᠭᠠᠨ᠎ᠠ᠃ ᠭᠤᠷᠪᠠ ᠳᠤ᠂ ᠬᠡᠷᠡᠭᠵᠢᠭᠦᠯᠦᠭᠰᠡᠨ | ᠦᠷ᠎ᠡ ᠪᠦᠲᠦᠮᠵᠢ ᠶᠢᠨ ᠬᠢᠨᠠᠨ ᠰᠢᠨᠵᠢᠯᠡᠯᠲᠡ ᠶᠢ ᠥᠷᠨᠢᠭᠦᠯᠦᠨ᠎ᠡ᠃ ᠠᠳᠠᠯᠢ ᠪᠤᠰᠤ ᠲᠠᠷᠢᠮᠠᠯ᠂ ᠠᠳᠠᠯᠢ ᠪᠤᠰᠤ | ᠮᠡᠷᠭᠡᠵᠢᠯ ᠤᠨ ᠵᠠᠭᠪᠤᠷ ᠵᠢᠴᠢ ᠣᠷᠣᠨ ᠪᠦᠰᠡ ᠶᠢᠨ ᠣᠨᠴᠠᠯᠢᠭ ᠢ ᠦᠨᠳᠦᠰᠦᠯᠡᠨ᠂ 20 ᠣᠷᠳᠣ ᠬᠤᠭᠤᠴᠠᠭᠠᠨ ᠤ | ᠬᠢᠨᠠᠨ ᠰᠢᠨᠵᠢᠯᠡᠬᠦ ᠴᠡᠭ ᠲᠤ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠹᠢᠽᠢᠺ ᠬᠢᠮᠢ ᠶᠢᠨ ᠣᠨᠴᠠᠯᠢᠭ᠂ ᠠᠮᠢᠳᠤ | ᠪᠣᠳᠠᠰ ᠤᠨ ᠰᠤᠳᠤᠯᠤᠯ ᠤᠨ ᠰᠢᠨᠵᠢ ᠪᠠᠶᠢᠳᠠᠯ᠂ ᠦᠢᠯᠡᠳᠪᠦᠷᠢᠯᠡᠯ ᠤᠨ ᠥᠪᠡᠷ ᠤᠨ ᠥᠷᠲᠡᠭ᠂ ᠲᠠᠷᠢᠮᠠᠯ ᠤᠨ | ᠤᠨᠠᠯᠲᠠ ᠶᠢᠨ ᠬᠤᠪᠢᠷᠠᠯᠲᠠ᠂ ᠡᠪᠡᠰᠦ ᠬᠤᠷᠣᠬᠠᠢ ᠶᠢᠨ ᠬᠥᠨᠥᠭᠡᠯ ᠤᠨ ᠬᠤᠪᠢᠷᠠᠯᠲᠠ ᠪᠠ ᠮᠠᠰᠢᠨ ᠪᠠᠭᠠᠵᠢ | ᠲᠣᠨᠣᠭᠯᠠᠯ ᠤᠨ ᠬᠡᠷᠡᠭᠯᠡᠭᠡᠨ ᠤ ᠴᠢᠨᠠᠷ ᠵᠡᠷᠭᠡ ᠪᠠᠶᠢᠳᠠᠯ ᠢ ᠬᠢᠨᠠᠨ ᠰᠢᠨᠵᠢᠯᠡᠬᠦ ᠶᠢ ᠭᠤᠣᠯᠳᠠᠯᠭ᠎ᠠ ᠲᠠᠢ ᠥᠷᠨᠢᠭᠦᠯᠦᠨ᠎ᠡ᠃ | ︵ᠭᠤᠷᠪᠠ︶ ᠭᠤᠣᠯᠴᠢᠯᠠᠨ ᠠᠬᠢᠭᠤᠯᠬᠤ ᠮᠡᠷᠭᠡᠵᠢᠯ ᠤᠨ ᠵᠠᠭᠪᠤᠷ᠃ 2022 ᠣᠨ ᠳᠤ᠂ ᠡᠰᠢ ᠰᠦᠷᠡᠯ ᠤᠨ | ᠭᠠᠵᠠᠷ ᠤᠨ ᠭᠠᠳᠠᠷᠭᠤ ᠶᠢ ᠪᠦᠷᠬᠦᠭᠰᠡᠨ ᠬᠡᠮᠵᠢᠶ᠎ᠡ ᠪᠠᠷ 3 ᠵᠦᠢᠯ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ | ᠮᠡᠷᠭᠡᠵᠢᠯ ᠤᠨ ᠵᠠᠭᠪᠤᠷ ᠢ ᠬᠡᠷᠡᠭᠵᠢᠭᠦᠯᠦᠨ᠎ᠡ᠃ ᠨᠢᠭᠡ ᠳᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢ | ᠪᠦᠬᠦᠯᠢ ᠪᠠᠷ ᠨᠢ ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ | ᠲᠠᠷᠢᠨ᠎ᠠ᠃ ᠬᠤᠶᠠᠷ ᠲᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠤᠨ ᠨᠢᠭᠡ ᠬᠡᠰᠡᠭ ᠢᠶᠠᠷ | ᠪᠦᠷᠬᠦᠭᠦᠯᠵᠦ ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ | ᠭᠤᠷᠪᠠ ᠳᠤ᠂ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢ ᠪᠠᠭ᠎ᠠ ᠬᠡᠮᠵᠢᠶ᠎ᠡ ᠪᠠᠷ ᠪᠦᠷᠬᠦᠭᠦᠯᠵᠦ | ᠡᠪᠦᠯᠵᠢᠭᠦᠯᠬᠦ + ᠬᠠᠪᠤᠷ ᠲᠤ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠵᠤ ᠲᠠᠷᠢᠨ᠎ᠠ᠃ | ︵ᠳᠥᠷᠪᠡ︶ ᠤᠷ᠎ᠠ ᠮᠡᠷᠭᠡᠰᠢᠯ ᠢ ᠰᠢᠢᠳᠪᠦᠷᠢᠯᠡᠬᠦ ᠱᠠᠭᠠᠷᠳᠠᠯᠭ᠎ᠠ᠃ ᠡᠰᠢ ᠰᠦᠷᠡᠯ ᠢ ᠪᠦᠬᠦᠯᠢ ᠪᠠᠷ ᠨᠢ | ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠡᠷᠳᠡᠨᠢ ᠰᠢᠰᠢ ᠶᠢ ᠨᠠᠮᠤᠷ | ᠬᠤᠷᠢᠶᠠᠬᠤ ᠦᠶᠡᠰ ᠡᠰᠢ ᠰᠦᠷᠡᠯ ᠢ ᠪᠦᠬᠦᠯᠢ ᠪᠠᠷ ᠨᠢ ᠭᠠᠵᠠᠷ ᠤᠨ ᠭᠠᠳᠠᠷᠭᠤ ᠳᠤ ᠦᠯᠡᠳᠡᠭᠡᠵᠦ ᠡᠪᠦᠯᠵᠢᠭᠦᠯᠬᠦ ᠪᠤᠶᠤ | ᠬᠤᠷᠢᠶᠠᠬᠤ ᠳᠤ ᠪᠠᠨ ᠥᠨᠳᠥᠷ ᠭᠤᠤᠷᠰᠤ ᠦᠯᠡᠳᠡᠭᠡᠵᠦ᠂ ᠳᠡᠭᠡᠳᠦ ᠬᠡᠰᠡᠭ ᠤᠨ ᠡᠰᠢ ᠰᠦᠷᠡᠯ ᠢ ᠬᠡᠷᠴᠢᠵᠦ | ᠭᠠᠵᠠᠷ ᠤᠨ ᠭᠠᠳᠠᠷᠭᠤ ᠳᠤ ᠡᠪᠦᠯᠵᠢᠭᠦᠯᠵᠦ᠂ ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ | 60% ᠠᠴᠠ ᠳᠡᠭᠡᠭᠰᠢ ᠪᠠᠶᠢᠯᠭᠠᠬᠤ ᠪᠠᠷ ᠱᠠᠭᠠᠷᠳᠠᠨ᠎ᠠ︔ ᠡᠰᠢ ᠰᠦᠷᠡᠯ ᠤᠨ ᠨᠢᠭᠡ ᠬᠡᠰᠡᠭ ᠢᠶᠠᠷ ᠪᠦᠷᠬᠦᠭᠦᠯᠵᠦ | ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠵᠠᠷᠴᠢᠮ ᠳᠡᠭᠡᠷ᠎ᠡ ᠪᠠᠨ ᠨᠠᠮᠤᠷ ᠡᠷᠳᠡᠨᠢ ᠰᠢᠰᠢ | ᠬᠤᠷᠢᠶᠠᠬᠤ ᠦᠶ᠎ᠡ ᠳᠤ ᠪᠠᠨ 25cm ᠣᠷᠴᠢᠮ ᠥᠨᠳᠥᠷ ᠭᠤᠤᠷᠰᠤ ᠦᠯᠡᠳᠡᠭᠡᠬᠦ ᠶᠢᠨ ᠬᠠᠮᠲᠤ ᠬᠡᠰᠡᠭ ᠡᠰᠢ | ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ ᠳᠠᠷᠢᠬᠤ ᠠᠴᠠ ᠡᠮᠦᠨᠡᠬᠢ ᠡᠰᠢ ᠰᠦᠷᠡᠯ ᠤᠨ | ᠪᠦᠷᠬᠦᠴᠡ ᠶᠢᠨ ᠨᠣᠷᠮ᠎ᠠ ᠶᠢ 30% — 60% ᠳᠤ ᠬᠦᠷᠦᠭᠦᠯᠬᠦ ᠶᠢ ᠱᠠᠭᠠᠷᠳᠠᠨ᠎ᠠ︔ ᠡᠰᠢ ᠰᠦᠷᠡᠯ ᠢ ᠪᠠᠭ᠎ᠠ | ᠬᠡᠮᠵᠢᠶ᠎ᠡ ᠪᠠᠷ ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠲᠤ ᠵᠠᠷᠴᠢᠮ | ᠳᠡᠭᠡᠷ᠎ᠡ ᠪᠠᠨ ᠨᠠᠮᠤᠷ ᠡᠷᠳᠡᠨᠢ ᠰᠢᠰᠢ ᠬᠤᠷᠢᠶᠠᠬᠤ ᠦᠶ᠎ᠡ ᠳᠤ ᠪᠠᠨ 10cm ᠠᠴᠠ ᠳᠡᠭᠡᠭᠰᠢ ᠭᠤᠤᠷᠰᠤ | ᠦᠯᠡᠳᠡᠭᠡᠬᠦ ᠶᠢᠨ ᠬᠠᠮᠲᠤ ᠬᠡᠰᠡᠭ ᠡᠰᠢ ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ | ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 15% — 30% ᠳᠤ ᠬᠦᠷᠦᠭᠦᠯᠬᠦ ᠶᠢ | ᠱᠠᠭᠠᠷᠳᠠᠨ᠎ᠠ᠃ ᠪᠤᠰᠤᠳ ᠲᠠᠷᠢᠮᠠᠯ ᠤᠨ ᠡᠰᠢ ᠰᠦᠷᠡᠯ ᠢ ᠵᠠᠷᠴᠢᠮ ᠳᠡᠭᠡᠷ᠎ᠡ ᠪᠠᠨ ᠴᠥᠮ ᠭᠠᠵᠠᠷ ᠤᠨ ᠭᠠᠳᠠᠷᠭᠤ ᠳᠤ | ᠦᠯᠡᠳᠡᠭᠡᠨ᠎ᠡ᠃ | ︵ᠲᠠᠪᠤ︶ ᠨᠥᠬᠦᠪᠦᠷᠢ ᠣᠯᠭᠤᠬᠤ ᠡᠲᠡᠭᠡᠳ᠃ ︽ᠬᠡᠨ ᠭᠠᠵᠠᠷ ᠰᠢᠷᠣᠢ ᠶᠢ ᠡᠵᠡᠩᠨᠡᠪᠡᠯ᠂ ᠲᠡᠷᠡ ᠨᠢ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠪᠣᠳᠠᠲᠠᠢ ᠪᠠᠷ ᠬᠡᠷᠡᠭᠵᠢᠭᠦᠯᠵᠦ᠂ ᠲᠡᠷᠡ ᠨᠢ ᠨᠥᠬᠦᠪᠦᠷᠢ ᠬᠦᠷᠳᠡᠬᠦ︾ | ᠵᠠᠷᠴᠢᠮ ᠢ ᠪᠠᠷᠢᠮᠲᠠᠯᠠᠵᠤ᠂ ᠬᠡᠷᠡᠭᠵᠢᠭᠦᠯᠬᠦ ᠣᠷᠣᠨ ᠪᠦᠰᠡ ᠶᠢᠨ ᠳᠣᠲᠣᠷ᠎ᠠ ᠭᠠᠵᠠᠷ ᠰᠢᠷᠣᠢ ᠶᠢ ᠪᠣᠳᠠᠲᠠᠢ ᠪᠠᠷ | ᠡᠵᠡᠩᠨᠡᠬᠦ ᠶᠢᠨ ᠬᠠᠮᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠰᠠᠶᠢᠨ ᠳᠤᠷ᠎ᠠ ᠠᠴᠠ ᠪᠠᠨ ᠬᠡᠷᠡᠭᠵᠢᠭᠦᠯᠦᠭᠰᠡᠨ | ᠬᠤᠪᠢ ᠬᠥᠮᠥᠨ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠᠷ ᠨᠥᠬᠦᠪᠦᠷᠢ | ᠣᠯᠭᠤᠬᠤ ᠡᠲᠡᠭᠡᠳ ᠪᠣᠯᠭᠠᠨ᠎ᠠ᠃ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ | ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠠᠵᠢᠯᠲᠠᠨ᠂ ᠲᠤᠬᠠᠶᠢᠯᠠᠪᠠᠯ ᠤᠯᠤᠰ ᠤᠨ ᠠᠯᠪᠠᠲᠠᠨ᠂ | ᠠᠯᠪᠠᠲᠠᠨ ᠤ ᠬᠠᠤᠯᠢ ᠪᠠᠷ ᠯᠠᠪᠯᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ | ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ︵ᠤᠷᠢᠵᠤ ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ | ᠪᠠᠭᠲᠠᠨ᠎ᠠ︶ ᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶᠡᠨ ᠳᠤ ᠣᠷᠣᠭᠤᠯᠬᠤ ᠦᠭᠡᠢ᠃ | ︵ᠵᠢᠷᠭᠤᠭ᠎ᠠ︶ ᠨᠥᠬᠦᠪᠦᠷᠢ ᠣᠯᠭᠤᠬᠤ ᠪᠠᠷᠢᠮᠵᠢᠶ᠎ᠠ᠃ ᠡᠷᠳᠡᠨᠢ ᠰᠢᠰᠢ ᠶᠢᠨ ᠡᠰᠢ ᠰᠦᠷᠡᠯ ᠢ ᠪᠦᠬᠦᠯᠢ ᠪᠠᠷ ᠨᠢ | ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠪᠠᠭ᠎ᠠ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ | ᠮᠦ ᠪᠦᠷᠢ ᠳᠤ 65 ᠲᠥᠭᠦᠷᠢᠭ ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠶᠢᠨ ᠡᠰᠢ ᠰᠦᠷᠡᠯ ᠤᠨ ᠨᠢᠭᠡ | ᠬᠡᠰᠡᠭ ᠢᠶᠠᠷ ᠪᠦᠷᠬᠦᠭᠦᠯᠬᠦ ᠵᠢᠴᠢ ᠪᠤᠰᠤᠳ ᠲᠠᠷᠢᠮᠠᠯ ᠤᠨ ᠡᠰᠢ ᠰᠦᠷᠡᠯ ᠢ ᠪᠦᠬᠦᠯᠢ ᠪᠠᠷ ᠨᠢ ᠪᠦᠷᠬᠦᠭᠦᠯᠵᠦ | ᠬᠠᠭᠠᠯᠪᠤᠷᠢᠯᠠᠬᠤ ᠦᠭᠡᠢ ᠪᠤᠶᠤ ᠳᠤᠲᠠᠭᠤ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ ᠪᠠᠷᠢᠮᠵᠢᠶ᠎ᠠ ᠶᠢ ᠮᠦ | ᠪᠦᠷᠢ ᠳᠤ 34 ᠲᠥᠭᠦᠷᠢᠭ ᠠᠴᠠ ᠬᠡᠲᠦᠷᠡᠭᠦᠯᠬᠦ ᠦᠭᠡᠢ᠃ ᠡᠷᠳᠡᠨᠢ ᠰᠢᠰᠢ ᠶᠢᠨ ᠡᠰᠢ ᠰᠦᠷᠡᠯ ᠢ ᠪᠠᠭ᠎ᠠ ᠬᠡᠮᠵᠢᠶ᠎ᠡ ᠪᠠᠷ | ᠪᠦᠷᠬᠦᠭᠦᠯᠵᠦ ᠬᠠᠭᠠᠯᠪᠤᠷᠢᠯᠠᠬᠤ ᠦᠭᠡᠢ ᠪᠤᠶᠤ ᠳᠤᠲᠠᠭᠤ ᠬᠠᠭᠠᠯᠪᠤᠷᠢᠯᠠᠬᠤ ᠵᠠᠭᠪᠤᠷ ᠤᠨ ᠨᠥᠬᠦᠪᠦᠷᠢ ᠶᠢᠨ | ᠪᠠᠷᠢᠮᠵᠢᠶ᠎ᠠ ᠶᠢ ᠮᠦ ᠪᠦᠷᠢ ᠳᠤ 19 ᠲᠥᠭᠦᠷᠢᠭ ᠠᠴᠠ ᠬᠡᠲᠦᠷᠡᠭᠦᠯᠬᠦ ᠦᠭᠡᠢ᠃ |