ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ | ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠠᠷᠠᠳ ᠤᠨ ᠠᠮᠢᠳᠤᠷᠠᠯ ᠢ ᠪᠠᠲᠤᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠱᠠᠭᠠᠷᠳᠠᠯᠭ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠶᠢᠷ᠎ᠠ ᠳᠤ ︽2022 ᠣᠨ ᠤ ᠪᠥᠬᠦ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ | ᠥᠪᠥᠷ ᠵᠠᠰᠠᠭ ᠥᠰᠥᠭ ﹇2022﹈ 40 ᠳ᠋ᠦ᠋ᠭᠡᠷ ᠲᠣᠭᠠᠲᠤ︶ ︵ᠳᠣᠷᠣᠭᠰᠢ ︽ᠠᠪᠤᠷᠠᠨ ᠲᠤᠰᠠᠯᠠᠬᠤ ᠪᠠᠷᠢᠮᠵᠢᠶ᠎ᠠ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠳ᠂ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠣᠷᠣᠨ 6 ᠳ᠋ᠤᠭᠠᠷ ᠰᠠᠷ᠎ᠠ ᠶᠢᠨ 10 ᠤ ᠡᠳᠦᠷ ᠠᠴᠠ | ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠳᠡᠭᠡᠷ᠎ᠡ ᠬᠠᠭᠠᠰ ᠵᠢᠯ ᠤᠨ ᠪᠠᠯᠠ ᠮᠥᠩᠭᠦ ᠶᠢ ᠨᠥᠬᠦᠪᠥᠷᠢᠯᠡᠵᠦ | ᠳᠠᠭᠤᠰᠬᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠰᠠᠷ᠎ᠠ | ᠰᠠᠷ᠎ᠠ ᠪᠠᠷ ᠲᠠᠷᠬᠠᠭᠠᠬᠤ ᠬᠡᠷᠡᠭᠲᠡᠶ ᠭᠡᠵᠦ ᠱᠠᠭᠠᠷᠳᠠᠪᠠ᠃ ︽ᠠᠪᠤᠷᠠᠨ ᠲᠤᠰᠠᠯᠠᠬᠤ ᠪᠠᠷᠢᠮᠵᠢᠶ᠎ᠠ︾ ᠶᠢᠨ ᠬᠠᠮᠢᠶ᠎ᠠ ᠪᠥᠬᠦᠶ | ᠠᠭᠤᠯᠭ᠎ᠠ ᠶᠢ ᠨᠡᠶᠢᠭᠡᠮ ᠨᠡᠶᠢᠲᠡ ᠳᠤ ᠥᠷᠭᠡᠨ ᠢᠶᠠᠷ ᠵᠥᠪ ᠣᠶᠢᠯᠠᠭᠠᠭᠤᠯᠬᠤ ᠶᠢᠨ ᠲᠤᠯᠠᠳᠠ ᠡᠳᠦᠭᠡ ᠳᠠᠷᠠᠭᠠᠬᠢ ᠮᠡᠲᠦ | ᠲᠠᠶᠢᠯᠤᠮᠵᠢ ᠬᠢᠪᠡ᠃ | ᠨᠢᠭᠡ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠬᠦᠴᠢᠷᠳᠡᠯ ᠲᠠᠢ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ | ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ | ᠠᠷᠭ᠎ᠠ︾ ᠶᠢᠨ ᠠᠷᠪᠠᠳᠤᠭᠠᠷ ᠵᠦᠢᠯ ᠢ ᠦᠨᠳᠦᠰᠦᠯᠡᠪᠡᠯ᠄ ︽ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠪᠤᠶᠤ ᠲᠣᠭᠤᠷᠢᠭ ᠪᠥᠬᠦᠶ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ | ᠭᠠᠵᠠᠷ ᠤᠨ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠪᠥᠬᠦᠶ ᠵᠠᠷᠤᠳᠠᠯ ᠤᠳ ᠢ ᠦᠨᠳᠦᠰᠦᠯᠡᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠬᠦ︾ ᠪᠠ ᠠᠷᠪᠠᠨ | ᠲᠠᠪᠤᠳᠤᠭᠠᠷ ᠵᠦᠢᠯ ᠳᠤ᠄ ︽ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ | ᠪᠥᠬᠦᠶ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ | ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠨ᠎ᠡ︾ ᠭᠡᠵᠦ ᠲᠣᠭᠲᠠᠭᠠᠵᠠᠶ᠃ ᠡᠭᠦᠨ ᠤ ᠬᠠᠮᠲᠤ᠂ ︽ᠥᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 94 ᠳ᠋ᠦ᠋ᠭᠡᠷ ᠲᠣᠭᠠᠲᠤ︶ ᠤᠨ ᠠᠷᠪᠠᠳᠤᠭᠠᠷ | ᠵᠦᠢᠯ ᠢ ᠦᠨᠳᠦᠰᠦᠯᠡᠪᠡᠯ᠄ ︽ᠡᠯ᠎ᠡ ᠭᠠᠵᠠᠷ ᠣᠷᠣᠨ ᠨᠤᠭᠤᠳ ᠲᠤᠬᠠᠶ ᠶᠢᠨ ᠭᠠᠵᠠᠷ ᠤᠨ ᠪᠠᠨ ᠰᠠᠭᠤᠭᠠᠯᠢ | ᠠᠷᠠᠳ ᠤᠨ ᠠᠮᠢᠳᠤᠷᠠᠯ ᠤᠨ ᠴᠢᠬᠤᠯᠠ ᠪᠥᠬᠦᠶ ᠵᠠᠷᠤᠳᠠᠯ ᠢ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ ᠨᠡᠶᠢᠲᠡᠯᠡᠭᠦᠯᠬᠦ ᠶᠢᠨ ᠬᠠᠮᠲᠤ ᠴᠠᠭ ᠲᠤᠬᠠᠢ ᠳᠤ ᠨᠢ | ᠳᠣᠬᠢᠷᠠᠭᠤᠯᠬᠤ︾ ᠪᠠ ᠠᠷᠪᠠᠨ ᠨᠠᠢᠮᠠᠳᠤᠭᠠᠷ ᠵᠦᠢᠯ ᠳᠤ᠄ ︽ᠡᠯ᠎ᠡ ᠭᠠᠵᠠᠷ ᠣᠷᠣᠨ ᠨᠤᠭᠤᠳ ᠲᠤᠬᠠᠶ ᠶᠢᠨ | ᠭᠠᠵᠠᠷ ᠤᠨ ᠪᠠᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠡᠷᠡᠭᠯᠡᠭᠡᠨ ᠤ ᠬᠢᠷᠢ ᠲᠥᠪᠰᠢᠨ ᠬᠢᠭᠡᠳ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠣᠨᠴᠠ ᠬᠦᠴᠢᠷᠳᠡᠯ ᠲᠠᠢ | ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠬᠢᠨᠠᠨ ᠬᠠᠷᠭᠤᠭᠤᠯᠵᠤ ᠨᠡᠶᠢᠲᠡᠯᠡᠬᠦ ᠶᠢᠨ ᠬᠠᠮᠲᠤ ᠴᠠᠭ ᠲᠣᠬᠠᠢ ᠳᠤ ᠨᠢ ᠲᠤᠬᠢᠷᠠᠭᠤᠯᠤᠯᠳᠠ ᠬᠢᠬᠦ | ᠬᠡᠷᠡᠭᠲᠡᠢ︾ ᠭᠡᠵᠦ ᠲᠣᠭᠲᠠᠭᠠᠵᠠᠶ᠃ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠭᠰᠠᠨ ᠨᠢ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠤᠳᠠᠭ᠎ᠠ ᠪᠦᠷᠢ ᠶᠢᠨ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ | ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ | ᠬᠢᠵᠦ᠂ ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠪᠣᠯ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠪᠣᠳᠠᠲᠠᠶ ᠠᠷᠭ᠎ᠠ ᠬᠡᠮᠵᠢᠶ᠎ᠡ ᠮᠥᠨ | 2021 ᠣᠨ ᠤ 12 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠳᠤ ︽ᠵᠠᠩᠭᠢᠯᠠᠭ᠎ᠠ ᠶᠢᠨ ᠴᠠᠭ᠂ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ | ᠰᠠᠶᠢᠲᠤᠷ ᠬᠢᠬᠦ ᠬᠡᠷᠡᠭᠲᠡᠶ︾ ︽ᠠᠷᠠᠳ ᠤᠨ ᠠᠮᠢᠳᠤᠷᠠᠯ ᠢᠯᠠᠩᠭᠤᠶ᠎ᠠ ᠬᠦᠴᠢᠷᠳᠡᠯ ᠲᠠᠢ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︾ ᠭᠡᠵᠦ | ᠲᠣᠳᠣᠷᠬᠠᠶ ᠲᠣᠭᠲᠠᠭᠠᠵᠠᠶ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 2022 ᠣᠨ ᠤ 1 | ᠳ᠋ᠦ᠋ᠭᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠵᠢᠷᠭᠤᠳᠤᠭᠠᠷ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠡᠭᠡᠨ ︽ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ | ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠬᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠪᠥᠬᠦ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠢᠷᠤᠮᠵᠢᠭᠤᠯᠤᠨ ᠳᠣᠭᠢᠷᠠᠭᠤᠯᠵᠤ᠂ ᠪᠥᠬᠦ ᠣᠷᠣᠨ ᠤ | ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ | ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ ᠣᠷᠣᠨ ᠤ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠲᠠᠢ | ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠶ ᠳᠤ ᠨᠢ ᠭᠦᠢᠴᠡᠳ | ᠡᠳ᠋ᠯᠡᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ᠃ | ᠭᠤᠷᠪᠠ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠪᠣᠳᠠᠲᠤ ᠪᠠᠶᠢᠳᠠᠯ ᠲᠠᠢ ᠨᠡᠶᠢᠴᠡᠵᠦ ᠪᠤᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ | ᠦᠵᠡᠪᠡᠯ᠂ ᠡᠯ᠎ᠡ ᠠᠶᠢᠮᠠᠭ ᠬᠤᠲᠠ ᠶᠢᠨ ᠳᠡᠭᠡᠷ᠎ᠡ ᠱᠠᠲᠤᠨ ᠳᠤ ᠮᠡᠳᠡᠭᠦᠯᠦᠭᠰᠡᠨ ᠪᠠᠷᠢᠮᠵᠢᠶ᠎ᠠ ᠪᠠᠷ ᠲᠥᠰᠦᠭᠡᠯᠡᠨ | ᠪᠤᠳᠤᠪᠠᠯ᠂ 2022 ᠣᠨ ᠳᠤ ᠪᠥᠬᠦ ᠣᠷᠣᠨ ᠤ ᠬᠤᠲᠠ ᠶᠢᠨ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠰᠠᠷ᠎ᠠ ᠳᠤ 813 ᠲᠥᠭᠦᠷᠢᠭ ᠲᠤ ᠬᠦᠷᠴᠦ᠂ ᠨᠢᠳᠤᠨᠤᠨ ᠵᠢᠯ ᠤᠨ ᠬᠢ ᠠᠴᠠ | 41 ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 5.3% ᠪᠣᠯᠣᠨ᠎ᠠ︔ ᠮᠠᠯᠵᠢᠬᠤ ᠲᠠᠷᠢᠶᠠᠯᠠᠬᠤ ᠣᠷᠣᠨ ᠤ | ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠨᠢ ᠵᠢᠯ ᠳᠤ 7320 | ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 589 ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ | 8.8% ᠪᠣᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ | ᠵᠥᠷᠢᠶ᠎ᠡ ᠤᠯᠠᠮ ᠨᠢᠭᠡ ᠠᠯᠬᠤᠮ ᠪᠠᠭᠠᠰᠴᠤ ᠮᠠᠨ ᠤ ᠣᠷᠣᠨ ᠤ ᠪᠣᠳᠠᠲᠤ ᠪᠠᠶᠢᠳᠠᠯ ᠲᠠᠢ ᠨᠡᠶᠢᠴᠡᠨ᠎ᠡ᠃ | ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠬᠢᠨᠠᠨ | ᠲᠣᠭᠲᠠᠭᠠᠭᠰᠠᠨ ᠪᠠᠶᠢᠳᠠᠯ ᠠᠴᠠ ᠦᠵᠡᠪᠡᠯ᠂ ︽ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ | ᠠᠯᠳᠠᠭᠰᠠᠨ ᠪᠠ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠣᠨᠴᠠ | ᠬᠦᠴᠢᠷᠳᠡᠯ ᠲᠠᠢ ᠬᠥᠮᠦᠰ ᠢ ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠳᠤᠨᠤᠨ ᠵᠢᠯ ᠤᠨ | ᠪᠥᠬᠦ ᠣᠷᠣᠨ ᠤ ᠳᠤᠮᠳᠠᠴᠢ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 25%᠂ 65% ᠠᠴᠠ ᠳᠣᠤᠷ᠎ᠠ | ᠪᠠᠶᠢᠯᠭᠠᠬᠤ ᠥᠬᠡᠶ ᠪᠠᠶᠢᠬᠤ ᠱᠠᠭᠠᠷᠳᠠᠯᠭ᠎ᠠ︾ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ 2022 ᠣᠨ ᠳᠤ ᠪᠥᠬᠦ | ᠣᠷᠣᠨ ᠤ ᠬᠤᠲᠠ ᠶᠢᠨ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ | ᠳᠤᠮᠳᠠᠴᠢ ᠪᠠᠷᠢᠮᠵᠢᠶ᠎ᠠ ᠶᠢ ᠰᠠᠷ᠎ᠠ ᠳᠤ 1358 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 50 | ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 3.8% ᠪᠣᠯᠭᠠᠪᠠ︔ ᠪᠥᠬᠦ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ | ᠳᠤᠮᠳᠠᠴᠢ ᠪᠠᠷᠢᠮᠵᠢᠶ᠎ᠠ ᠶᠢ ᠵᠢᠯ ᠳᠤ 11259 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 726 | ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 6. 9% ᠪᠣᠯᠭᠠᠪᠠ︔ ᠪᠥᠬᠦ ᠣᠷᠣᠨ ᠤ ᠣᠨᠴᠠ | ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠳ ᠢ | ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 494 ᠲᠥᠭᠦᠷᠢᠭ ᠲᠤ ᠬᠦᠷᠦᠭᠦᠯᠵᠦ᠂ ᠨᠢᠳᠤᠨᠤᠨ | ᠵᠢᠯ ᠤᠨ ᠬᠢ ᠠᠴᠠ 63 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 14.6% ᠪᠣᠯᠭᠠᠪᠠ︔ ᠪᠥᠬᠦ | ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ | ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 1265 ᠲᠥᠭᠦᠷᠢᠭ ᠲᠤ ᠬᠦᠷᠦᠭᠦᠯᠵᠦ᠂ | ᠨᠢᠳᠤᠨᠤᠨ ᠵᠢᠯ ᠤᠨ ᠬᠢ ᠠᠴᠠ 178 ᠲᠥᠭᠦᠷᠢᠭ ᠨᠡᠮᠡᠭᠳᠡᠭᠦᠯᠵᠦ᠂ 16.4% ᠪᠠᠷ ᠨᠡᠮᠡᠭᠳᠡᠭᠦᠯᠵᠡᠢ᠃ |