1 . ︽ᠬᠦᠷᠢᠶ᠎ᠡ ᠬᠤᠰᠢᠭᠤᠨ ᠤ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠦᠨᠳᠦᠰᠦᠨ | ᠨᠠᠰᠤᠵᠢᠯ ᠤᠨ ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠨᠥᠬᠦᠪᠥᠷᠢ ᠶᠢᠨ ᠬᠡᠷᠡᠭᠵᠢᠭᠦᠯᠬᠦ ᠠᠷᠭ᠎ᠠ︾ ᠶᠢ | ᠨᠡᠶᠢᠲᠡᠯᠡᠭᠰᠡᠨ ᠵᠣᠷᠢᠯᠭ᠎ᠠ ᠪᠠ ᠠᠴᠢ ᠬᠤᠯᠪᠣᠭᠳᠠᠯ︖ | ︽ᠬᠦᠷᠢᠶ᠎ᠡ ᠬᠤᠰᠢᠭᠤᠨ ᠤ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠦᠨᠳᠦᠰᠦᠨ | ᠨᠠᠰᠤᠵᠢᠯ ᠤᠨ ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠨᠥᠬᠦᠪᠥᠷᠢ ᠶᠢᠨ ᠬᠡᠷᠡᠭᠵᠢᠭᠦᠯᠬᠦ ᠠᠷᠭ᠎ᠠ︾ ︵ | ᠬᠦᠷᠢᠶ᠎ᠡ ᠵᠠᠰᠠᠭ ᠠᠯᠪᠠᠨ ᠨᠠᠷᠢᠨ ᠥᠰᠥᠭ ﹇2017﹈ 19 ᠳ᠋ᠦᠭᠡᠷ ᠲᠣᠭᠠᠲᠤ︶ ᠪᠢᠴᠢᠭ ᠮᠠᠲ᠋ᠧᠷᠢᠶᠠᠯ᠂ ︵ | ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠶᠢ ᠬᠡᠷᠡᠭᠵᠢᠭᠦᠯᠵᠤ᠂ ᠮᠠᠨ ᠤ ᠬᠤᠰᠢᠭᠤᠨ ᠤ ᠬᠤᠲᠠ | ᠬᠥᠳᠡᠭᠡ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ︽ᠤᠷᠢᠳ ᠢᠶᠠᠷ ᠪᠠᠲᠤᠯᠠᠵᠤ ᠰᠡᠭᠦᠯᠡᠷ ᠲᠠᠲᠠᠪᠤᠷᠢᠯᠠᠬᠤ︾ ᠬᠢᠵᠠᠭᠠᠷᠯᠠᠬᠤ ᠲᠣᠭᠲᠠᠴᠠ ᠶᠢ | ᠴᠢᠩᠭᠠᠳᠬᠠᠵᠤ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠵᠤ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠨᠠᠰᠤᠵᠢᠯ ᠤᠨ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠤ᠂ ᠬᠤᠲᠠ ᠪᠠᠯᠭᠠᠰᠤᠵᠢᠯᠲᠠ ᠶᠢᠨ ᠠᠬᠢᠴᠠ ᠳᠤ ᠬᠠᠮᠵᠢᠯᠴᠠᠵᠤ᠂ | ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠳᠠ ᠶᠢᠨ ᠠᠷᠠᠳ ᠪᠣᠯᠭᠠᠬᠤ ᠶᠠᠪᠤᠳᠠᠯ ᠢ ᠲᠦᠯᠬᠢᠨ ᠠᠬᠢᠭᠤᠯᠵᠤ | ᠂ ᠬᠥᠳᠡᠭᠡ ᠲᠣᠰᠬᠤᠨ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠲᠠᠷᠢᠶᠠᠴᠢᠨ ᠮᠠᠯᠴᠢᠳ ᠢ | ᠬᠤᠲᠠ ᠪᠠᠯᠭᠠᠰᠤᠨ ᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠤ ᠵᠢᠷᠤᠮᠵᠢᠯ ᠲᠠᠢ ᠪᠠᠷ ᠵᠠᠯᠭᠠᠨ ᠣᠷᠣᠭᠤᠯᠬᠤ ᠶᠢ | ᠠᠬᠢᠭᠤᠯᠬᠤ ᠳᠤ ᠴᠥᠮ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | 2 . ︽ᠬᠦᠷᠢᠶ᠎ᠡ ᠬᠤᠰᠢᠭᠤᠨ ᠤ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠦᠨᠳᠦᠰᠦᠨ | ᠨᠠᠰᠤᠵᠢᠯ ᠤᠨ ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠨᠥᠬᠦᠪᠥᠷᠢ ᠶᠢᠨ ᠬᠡᠷᠡᠭᠵᠢᠭᠦᠯᠬᠦ ᠠᠷᠭ᠎ᠠ︾ ᠶᠢᠨ | ᠪᠠᠲᠤᠯᠠᠬᠤ ᠬᠡᠪᠴᠢᠶ᠎ᠡ ᠪᠣᠯᠤᠨ ᠡᠲᠡᠭᠡᠳ ᠢ ᠬᠡᠷᠬᠢᠨ ᠲᠣᠭᠲᠠᠭᠠᠭᠰᠠᠨ ᠪᠤᠶ︖ | ᠵᠠᠰᠠᠭ ᠤᠨ ᠣᠷᠳᠣᠨ ᠠᠴᠠ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ ᠶᠢ ᠬᠠᠤᠯᠢ ᠶᠣᠰᠣᠭᠠᠷ | ᠨᠢᠭᠡᠳᠦᠯᠲᠡᠶ ᠲᠠᠲᠠᠪᠤᠷᠢᠯᠠᠭᠰᠠᠨ ᠠᠴᠠ ᠪᠣᠯᠵᠤ ᠭᠠᠵᠠᠷ ᠰᠢᠷᠣᠶ ᠪᠠᠨ ᠠᠯᠳᠠᠭᠰᠠᠨ ᠮᠥᠷᠲᠡᠭᠡᠨ ᠭᠠᠵᠠᠷ ᠰᠢᠷᠣᠶ | ᠲᠠᠲᠠᠪᠤᠷᠢᠯᠠᠬᠤ ᠦᠶ᠎ᠡ ᠳᠤ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠶᠢ | ᠬᠠᠤᠯᠢ ᠶᠣᠰᠣᠭᠠᠷ ᠬᠦᠷᠲᠡᠵᠦ ᠪᠠᠶᠢᠭ᠎ᠠ ᠪᠦᠬᠦᠯᠢ 16 ᠨᠠᠰᠤ ᠵᠢᠴᠢ ᠲᠡᠭᠦᠨ ᠠᠴᠠ ᠳᠡᠭᠡᠭᠰᠢᠬᠢ ᠳᠠᠩᠰᠠᠨ ᠳᠤ ᠪᠠᠶᠢᠭ᠎ᠠ | ᠬᠦᠳᠡᠭᠡ ᠠᠵᠤ ᠠᠬᠤᠶ ᠶᠢᠨ ᠬᠥᠮᠦᠨ ᠠᠮᠠ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠠᠭᠠᠨ ᠲᠣᠭᠲᠠᠭᠠᠯ | ᠶᠣᠰᠣᠭᠠᠷ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠤᠯᠴᠠᠭᠰᠠᠨ ᠪᠠᠶᠢᠪᠠᠯ᠂ ᠴᠥᠮ ᠰᠦᠢᠳᠬᠡᠯ ᠲᠤᠰᠢᠶᠠᠬᠤ | ᠨᠥᠬᠦᠪᠥᠷᠢ ᠬᠦᠷᠲᠡᠵᠦ ᠪᠣᠯᠤᠨ᠎ᠠ᠃ ᠢᠩᠭᠢᠵᠦ ᠲᠣᠭᠲᠠᠭᠠᠭᠰᠠᠨ ᠨᠢ ᠭᠤᠣᠯᠳᠠᠭᠤ ᠳᠣᠣᠷᠠᠬᠢ ᠬᠡᠳᠦᠨ ᠳᠠᠪᠬᠤᠷ | ᠤᠳᠬ᠎ᠠ ᠲᠠᠢ᠄ ᠨᠢᠭᠡ ᠳᠤ ᠭᠠᠵᠠᠷ ᠰᠢᠷᠣᠢ ᠲᠠᠲᠠᠪᠤᠷᠢᠯᠠᠬᠤ ᠵᠦᠢᠯᠡᠰ ᠨᠢ ᠡᠷᠬᠡᠪᠰᠢ ᠵᠠᠰᠠᠭ ᠤᠨ ᠣᠷᠳᠣᠨ ᠠᠴᠠ | ᠬᠠᠤᠯᠢ ᠶᠣᠰᠣᠭᠠᠷ ᠲᠠᠲᠠᠪᠤᠷᠢᠯᠠᠨ ᠠᠪᠴᠤ ᠲᠣᠭᠲᠠᠭᠠᠯ ᠶᠣᠰᠣᠭᠠᠷ ᠵᠥᠪᠰᠢᠶᠡᠷᠡᠭᠰᠡᠨ ᠪᠠᠶᠢᠬᠤ ᠬᠡᠷᠡᠭᠲᠡᠢ᠂ ᠬᠠᠷᠢᠨ | ᠪᠤᠰᠤᠳ ᠭᠠᠵᠠᠷ ᠰᠢᠷᠣᠢ ᠶᠢ ᠡᠵᠡᠯᠡᠨ ᠬᠡᠷᠡᠭᠯᠡᠭᠰᠡᠨ ᠪᠢᠰᠢ︔ ᠬᠤᠶᠠᠷ ᠲᠤ ᠡᠷᠬᠡᠪᠰᠢ ᠳᠠᠭᠠᠭᠠᠴᠢᠯᠠᠯᠲᠠ ᠶᠢᠨ ᠡᠷᠬᠡ ᠶᠢ | ᠬᠠᠤᠯᠢ ᠶᠣᠰᠣᠭᠠᠷ ᠡᠳ᠋ᠯᠡᠬᠦ ᠬᠠᠮᠲᠤ ᠶᠢᠨ ᠭᠠᠵᠠᠷ ᠰᠢᠷᠣᠢ᠂ ᠬᠠᠷᠢᠨ ᠤᠯᠤᠰ ᠤᠨ ᠥᠮᠴᠢᠯᠡᠯ ᠤᠨ ᠪᠤᠶᠤ ᠪᠤᠰᠤᠳ | ᠳᠠᠭᠠᠭᠠᠴᠢᠯᠠᠯᠲᠠ ᠶᠢᠨ ᠭᠠᠵᠠᠷ ᠰᠢᠷᠣᠢ ᠪᠢᠰᠢ︔ ᠭᠤᠷᠪᠠ ᠳᠤ ᠬᠥᠳᠡᠯᠮᠦᠷᠢᠯᠡᠬᠦ ᠨᠠᠰᠤ ᠵᠢᠴᠢ ᠳᠠᠭᠠᠳᠬᠠᠯ ᠳᠤ | ᠣᠷᠣᠯᠴᠠᠬᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃ | 3 . ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠨᠠᠰᠤᠵᠢᠯ ᠤᠨ ᠳᠠᠭᠠᠳᠬᠠᠯ ᠤᠨ ᠳᠦᠷᠢᠮ ᠢ | ᠬᠡᠷᠬᠢᠨ ᠰᠣᠩᠭᠤᠵᠤ ᠳᠠᠭᠠᠳᠬᠠᠯ ᠳᠤ ᠣᠷᠣᠯᠴᠠᠬᠤ ᠪᠤᠶ︖ | ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠠᠮᠢᠳᠤᠯᠢᠭ ᠢᠶᠠᠷ ᠠᠵᠢᠯ ᠣᠯᠤᠭᠰᠠᠳ ᠤᠨ | ᠳᠠᠭᠠᠳᠬᠠᠯ ᠳᠤ ᠣᠷᠣᠯᠴᠠᠬᠤ ᠠᠷᠭ᠎ᠠ ᠶᠢ ᠰᠣᠩᠭᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠵᠤ | ᠪᠣᠯᠤᠨ᠎ᠠ᠂ ᠪᠠᠰᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠠᠷᠭ᠎ᠠ ᠶᠢ | ᠰᠣᠩᠭᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠵᠤ ᠴᠤ ᠪᠣᠯᠤᠨ᠎ᠠ᠂ ᠭᠡᠬᠦ ᠳᠡᠭᠡᠨ ᠬᠤᠶᠠᠷ ᠵᠦᠢᠯ ᠤᠨ | ᠨᠠᠰᠤᠵᠢᠯ ᠤᠨ ᠳᠠᠭᠠᠳᠬᠠᠯ ᠤᠨ ᠳᠦᠷᠢᠮ ᠨᠢ ᠵᠥᠪᠬᠡᠨ ᠲᠡᠭᠦᠨ ᠤ ᠳᠣᠲᠣᠷᠠᠬᠢ ᠨᠢᠭᠡ ᠵᠦᠢᠯ ᠤᠨ ᠨᠠᠰᠤᠵᠢᠯ ᠤᠨ | ᠳᠠᠭᠠᠳᠬᠠᠯ ᠤᠨ ᠳᠦᠷᠢᠮ ᠢ ᠰᠣᠩᠭᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠵᠤ ᠪᠣᠯᠤᠨ᠎ᠠ᠃ ︽ | ᠬᠡᠷᠡᠭᠵᠢᠭᠦᠯᠬᠦ ᠠᠷᠭ᠎ᠠ︾ ᠨᠢ ᠠᠳᠠᠯᠢ ᠪᠤᠰᠤ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠶᠢᠨ | ᠬᠥᠭᠵᠢᠯᠲᠡ ᠶᠢᠨ ᠬᠢᠷᠢ ᠲᠦᠪᠰᠢᠨ ᠪᠠ ᠠᠳᠠᠯᠢ ᠪᠤᠰᠤ ᠬᠠᠮᠲᠤᠯᠢᠭ ᠤᠨ ᠬᠤᠭᠤᠷᠣᠨᠳᠣᠬᠢ ᠬᠤᠪᠢ ᠬᠥᠮᠦᠨ ᠤ | ᠳᠠᠭᠠᠭᠠᠬᠤ ᠴᠢᠳᠠᠪᠤᠷᠢ ᠶᠢ ᠬᠠᠮᠲᠤ ᠳᠤᠨᠢ ᠬᠠᠷᠠᠭᠠᠯᠵᠠᠵᠤ᠂ ︽ᠶᠠᠮᠠᠷ ᠵᠦᠢᠯ ᠤᠨ ᠲᠦᠷᠢᠮ ᠢ ᠰᠣᠩᠭᠤᠵᠤ | ᠳᠠᠭᠠᠳᠬᠠᠯ ᠳᠤ ᠣᠷᠣᠯᠴᠠᠭᠤᠯᠤᠭᠰᠠᠨ ᠴᠤ ᠰᠦᠢᠳᠭᠡᠯ ᠲᠤᠰᠢᠶᠠᠬᠤ ᠨᠥᠬᠦᠪᠥᠷᠢ ᠶᠢᠨ ᠵᠢᠯ ᠬᠤᠭᠤᠴᠠᠭ᠎ᠠ ᠵᠢᠴᠢ | ᠪᠠᠷᠢᠮᠵᠢᠶ᠎ᠠ ᠶᠢ ᠬᠤᠪᠢᠷᠠᠭᠤᠯᠬᠤ ᠥᠬᠡᠶ︾᠃ | 4 . ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠳᠠᠭᠠᠳᠬᠠᠯ ᠳᠤ ᠣᠷᠣᠯᠴᠠᠵᠤ | ᠰᠦᠢᠳᠭᠡᠯ ᠲᠤᠰᠢᠶᠠᠭᠰᠠᠨ ᠤ ᠨᠥᠬᠦᠪᠥᠷᠢ ᠥᠭᠬᠦ ᠵᠢᠯ ᠬᠤᠭᠤᠴᠠᠭ᠎ᠠ ᠪᠣᠯᠤᠨ ᠪᠠᠷᠢᠮᠵᠢᠶ᠎ᠠ ᠶᠢ ᠬᠡᠷᠬᠢᠨ ᠲᠣᠭᠲᠠᠭᠠᠭᠰᠠᠨ | ᠪᠤᠶ︖ | ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ | ᠳᠠᠭᠠᠳᠬᠠᠯ ᠳᠤ ᠣᠷᠣᠯᠴᠠᠪᠠᠯ ᠨᠠᠰᠤᠵᠢᠯ ᠤᠨ ᠳᠠᠭᠠᠳᠬᠠᠯ ᠤᠨ ᠵᠠᠷᠤᠳᠠᠯ ᠲᠤᠰᠢᠶᠠᠬᠤ ᠨᠢᠭᠡ ᠤᠳᠠᠭ᠎ᠠ ᠶᠢᠨ ᠴᠢᠨᠠᠷᠲᠠᠶ | ᠨᠥᠬᠦᠪᠥᠷᠢ ᠬᠦᠷᠲᠡᠵᠦ᠂ ᠳᠠᠭᠠᠳᠬᠠᠯ ᠳᠤ ᠣᠷᠣᠯᠴᠠᠭᠠᠳᠤᠶ ᠪᠣᠯ ᠵᠠᠷᠤᠳᠠᠯ ᠲᠤᠰᠢᠶᠠᠬᠤ ᠨᠥᠬᠦᠪᠥᠷᠢ ᠬᠦᠷᠲᠡᠬᠦ ᠦᠭᠡᠶ | ᠪᠠᠶᠢᠵᠤ᠂ ᠡᠷᠬᠡ ᠬᠢᠭᠡᠳ ᠡᠭᠦᠷᠭᠡ ᠬᠠᠷᠢᠯᠴᠠᠨ ᠲᠡᠩᠴᠡᠭᠦᠦ ᠪᠠᠶᠢᠬᠤ ᠶᠢ ᠢᠯᠡᠷᠡᠭᠦᠯᠦᠨ᠎ᠡ᠃ | ᠨᠥᠬᠦᠪᠥᠷᠢ ᠥᠭᠬᠦ ᠵᠢᠯ ᠬᠤᠭᠤᠴᠠᠭ᠎ᠠ᠄ 16 ᠠᠴᠠ 44 ᠪᠦᠬᠦᠯᠢ ᠨᠠᠰᠤᠨ ᠤ ᠳᠠᠭᠠᠳᠬᠠᠯ ᠳᠤ | ᠣᠷᠣᠯᠴᠠᠭᠰᠠᠳ ᠢ 1 ᠨᠠᠰᠤ ᠨᠡᠮᠡᠭᠳᠡᠬᠦ ᠪᠦᠷᠢ ᠬᠠᠭᠠᠰ ᠵᠢᠯ ᠤᠨ ᠰᠦᠢᠳᠭᠡᠯ ᠲᠤᠰᠢᠶᠠᠬᠤ ᠨᠥᠬᠦᠪᠥᠷᠢ ᠶᠢ | ᠵᠣᠬᠢᠴᠠᠩᠭᠤᠶ ᠪᠠᠷ ᠠᠬᠢᠨ ᠨᠡᠮᠡᠭᠳᠡᠭᠦᠯᠦᠨ᠎ᠡ︔ ᠪᠦᠬᠦᠯᠢ 45 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠳᠤ | 15 ᠵᠢᠯ ᠤᠨ ᠰᠦᠢᠳᠭᠡᠯ ᠲᠤᠰᠢᠶᠠᠭᠰᠠᠨ ᠨᠥᠬᠦᠪᠥᠷᠢ ᠣᠯᠭᠤᠨ᠎ᠠ᠃ | ᠨᠥᠬᠦᠪᠥᠷᠢ ᠶᠢᠨ ᠪᠠᠷᠢᠮᠵᠢᠶ᠎ᠠ᠄ ᠣᠨ ᠤ ᠨᠥᠬᠦᠪᠥᠷᠢ ᠶᠢᠨ ᠪᠠᠷᠢᠮᠵᠢᠶ᠎ᠠ ᠠᠴᠠ ᠳᠡᠭᠡᠭᠰᠢᠬᠢ ᠣᠨ ᠤ ᠠᠵᠢᠯ ᠤᠨ | ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60 % ᠪᠠᠷ ᠰᠠᠭᠤᠷᠢ ᠲᠤᠭ᠎ᠠ ᠪᠣᠯᠭᠠᠵᠤ᠂ | 12 % ᠤᠨ ᠬᠠᠷᠢᠴᠠᠯ ᠢᠶᠠᠷ ᠭᠠᠵᠠᠷ ᠢᠶᠠᠨ ᠲᠠᠲᠠᠪᠤᠷᠢᠯᠠᠭᠤᠯᠤᠭᠰᠠᠨ ᠬᠠᠷᠢᠴᠠᠯ ᠢᠶᠠᠷ ᠦᠷᠡᠵᠢᠭᠦᠯᠦᠭᠡᠳ ᠲᠣᠭᠲᠠᠭᠠᠨ᠎ᠠ | ᠃ | ᠰᠦᠢᠳᠭᠡᠯ ᠲᠤᠰᠢᠶᠠᠬᠤ ᠨᠥᠬᠦᠪᠥᠷᠢ ᠨᠢ ᠵᠠᠷᠴᠢᠮ ᠳᠡᠭᠡᠷ᠎ᠡ ᠪᠠᠨ ᠨᠠᠰᠤ ᠪᠠᠷ ᠨᠡᠯᠢᠶᠡᠳ ᠶᠡᠭᠡ᠂ ᠭᠠᠵᠠᠷ ᠰᠢᠷᠣᠶ | ᠲᠠᠲᠠᠪᠤᠷᠢᠯᠠᠬᠤ ᠬᠠᠷᠢᠴᠠᠯ ᠢᠶᠠᠷ ᠨᠡᠯᠢᠶᠡᠳ ᠥᠨᠳᠥᠷ ᠲᠤᠨᠢ ᠢᠯᠡᠭᠦᠦ ᠥᠭᠴᠦ᠂ ᠨᠠᠰᠤ ᠪᠠᠷ ᠨᠡᠯᠢᠶᠡᠳ ᠪᠠᠭ᠎ᠠ᠂ ᠭᠠᠵᠠᠷ | ᠰᠢᠷᠣᠶ ᠲᠠᠲᠠᠪᠤᠷᠢᠯᠠᠬᠤ ᠬᠠᠷᠢᠴᠠᠯ ᠢᠶᠠᠷ ᠨᠡᠯᠢᠶᠡᠳ ᠳᠤᠤᠷ᠎ᠠ ᠳᠤᠨᠢ ᠳᠤᠲᠠᠭᠤ ᠥᠭᠭᠦᠨ᠎ᠡ᠃ | 5 . ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠳᠠᠭᠠᠳᠬᠠᠯ ᠳᠤ ᠣᠷᠣᠯᠴᠠᠵᠤ | ᠰᠦᠢᠳᠭᠡᠯ ᠲᠤᠰᠢᠶᠠᠭᠰᠠᠨ ᠤ ᠨᠥᠬᠦᠪᠥᠷᠢ ᠵᠢᠴᠢ ᠬᠤᠪᠢ ᠬᠥᠮᠦᠨ ᠤ ᠰᠦᠢᠳᠭᠡᠯ ᠲᠤᠰᠢᠶᠠᠬᠤ ᠶᠢ ᠬᠡᠷᠬᠢᠨ ᠪᠣᠳᠣᠬᠤ | ᠪᠤᠶ︖ | ᠳᠠᠭᠠᠳᠬᠠᠯ ᠳᠤ ᠣᠷᠣᠯᠴᠠᠭᠰᠠᠨ ᠨᠥᠬᠦᠪᠥᠷᠢ ᠨᠢ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ | ᠣᠷᠣᠯᠴᠠᠵᠤ ᠰᠦᠢᠳᠭᠡᠯ ᠲᠤᠰᠢᠶᠠᠭᠰᠠᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠬᠡᠰᠡᠭ ᠲᠠᠢ ᠲᠡᠩᠴᠡᠨ᠎ᠡ᠃ | ᠠᠮᠢᠳᠤᠯᠢᠭ ᠢᠶᠠᠷ ᠠᠵᠢᠯ ᠣᠯᠤᠭᠰᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠠᠳ ᠭᠠᠵᠠᠷ | ᠰᠢᠷᠣᠢ ᠪᠠᠨ ᠲᠠᠲᠠᠪᠤᠷᠢᠯᠠᠭᠤᠯᠤᠭᠰᠠᠨ ᠬᠠᠷᠢᠴᠠᠯ ᠨᠢ 100 % ᠳᠤ ᠬᠦᠷᠦᠭᠰᠡᠨ ᠪᠠᠶᠢᠪᠠᠯ᠂ ᠣᠨ ᠤ ᠨᠥᠬᠦᠪᠥᠷᠢ ᠶᠢᠨ | ᠪᠠᠷᠢᠮᠵᠢᠶ᠎ᠠ ᠨᠢ ᠳᠡᠭᠡᠷ᠎ᠡ ᠵᠢᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ | 60 % ᠪᠠᠷ ᠰᠠᠭᠤᠷᠢ ᠲᠤᠭ᠎ᠠ ᠪᠣᠯᠭᠠᠵᠤ᠂ 20 % ᠶᠢᠨ ᠰᠦᠢᠳᠬᠡᠯ ᠲᠤᠰᠢᠶᠠᠬᠤ ᠬᠠᠷᠢᠴᠠᠯ ᠤᠨ 12 % ᠢᠶᠠᠷ | ᠪᠤᠳᠤᠵᠤ᠂ ᠳᠠᠭᠠᠳᠬᠠᠯ ᠳᠤ ᠣᠷᠣᠯᠴᠠᠭᠰᠠᠳ ᠤᠨ ᠲᠤᠰᠢᠶᠠᠭᠰᠠᠨ ᠬᠤᠪᠢ ᠬᠥᠮᠦᠨ ᠤ ᠳᠠᠩᠰᠠᠨ ᠡᠷᠦᠬᠡ ᠶᠢᠨ 8 | % ᠶᠢᠨ ᠬᠡᠰᠡᠭ ᠢᠶᠠᠷ ᠪᠤᠳᠤᠨ᠎ᠠ︔ ᠭᠠᠵᠠᠷ ᠰᠢᠷᠣᠢ ᠪᠠᠨ ᠲᠠᠲᠠᠪᠤᠷᠢᠯᠠᠭᠤᠯᠤᠭᠰᠠᠨ ᠬᠠᠷᠢᠴᠠᠯ ᠨᠢ 100 % ᠠᠴᠠ | ᠳᠣᠭᠤᠭᠰᠢ ᠪᠠᠶᠢᠪᠠᠯ᠂ ᠭᠠᠵᠠᠷ ᠰᠢᠷᠣᠢ ᠪᠠᠨ ᠲᠠᠲᠠᠪᠤᠷᠢᠯᠠᠭᠤᠯᠤᠭᠰᠠᠨ ᠪᠣᠳᠠᠲᠠᠢ ᠬᠠᠷᠢᠴᠠᠯ ᠢᠶᠠᠷ ᠪᠤᠳᠤᠵᠤ᠂ | ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠳᠤ ᠣᠷᠣᠭᠤᠯᠤᠭᠰᠠᠨ ᠬᠦᠷᠦᠯᠴᠡᠬᠦ ᠦᠭᠡᠢ ᠬᠡᠰᠡᠭ ᠢ ᠬᠤᠪᠢ ᠬᠥᠮᠦᠨ | ᠲᠤᠰᠢᠶᠠᠨ᠎ᠠ᠃ ᠰᠦᠢᠳᠬᠡᠯ ᠲᠤᠰᠢᠶᠠᠬᠤ ᠨᠥᠬᠦᠪᠥᠷᠢ ᠶᠢᠨ ᠤᠯᠠᠨ ᠴᠥᠭᠡᠨ ᠢ ᠭᠠᠵᠠᠷ ᠰᠢᠷᠣᠢ ᠪᠠᠨ | ᠲᠠᠲᠠᠪᠤᠷᠢᠯᠠᠭᠤᠯᠤᠭᠰᠠᠨ ᠬᠠᠷᠢᠴᠠᠯ ᠲᠠᠢ ᠬᠤᠯᠪᠣᠭᠳᠠᠭᠤᠯᠵᠤ ᠲᠥᠪ ᠭᠤᠣᠯᠴᠢ ᠪᠠ ᠡᠷᠬᠡ ᠠᠰᠢᠭ ᠤᠨ ᠪᠠᠲᠤᠯᠠᠭ᠎ᠠ ᠶᠢ | ᠢᠯᠡᠷᠡᠭᠦᠯᠦᠨ᠎ᠡ᠃ | ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠡᠶᠢᠭᠡᠮ ᠤᠨ ᠨᠠᠰᠤᠵᠢᠯ ᠤᠨ ᠳᠠᠭᠠᠳᠬᠠᠯ ᠳᠤ ᠰᠠᠶᠢᠨ ᠳᠤᠷ᠎ᠠ ᠠᠴᠠ ᠪᠠᠨ ᠣᠷᠣᠯᠴᠠᠭᠰᠠᠨ ᠪᠠᠶᠢᠪᠠᠯ᠂ ᠨᠢᠭᠡ | ᠤᠳᠠᠭ᠎ᠠ ᠶᠢᠨ ᠴᠢᠨᠠᠷᠲᠠᠶ ᠵᠠᠷᠤᠳᠠᠯ ᠲᠤᠰᠢᠶᠠᠭᠰᠠᠨ ᠨᠥᠬᠦᠪᠥᠷᠢ ᠶᠢ ᠨᠢ ᠴᠥᠮ ᠲᠡᠭᠦᠨ ᠤ ᠬᠤᠪᠢ ᠬᠥᠮᠦᠨ ᠤ | ᠳᠠᠩᠰᠠᠨ ᠳᠤ ᠲᠡᠮᠳᠡᠭᠯᠡᠨ ᠣᠷᠣᠭᠤᠯᠤᠨ᠎ᠠ᠃ | 6 . ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠳᠠᠭᠠᠳᠬᠠᠯ ᠳᠤ ᠣᠷᠣᠯᠴᠠᠵᠤ ᠵᠠᠷᠤᠳᠠᠯ | ᠲᠤᠰᠢᠶᠠᠬᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠶᠢ ᠬᠦᠷᠲᠡᠭᠰᠡᠨ ᠤ ᠳᠠᠷᠠᠭ᠎ᠠ᠂ ᠣᠯᠭᠤᠮᠵᠢ ᠠᠪᠬᠤ | ᠨᠠᠰᠤᠨ ᠳᠤ ᠬᠦᠷᠦᠭᠡᠳᠦᠶ ᠪᠠᠷ ᠪᠠᠰᠠ ᠦᠷᠭᠦᠯᠵᠢᠯᠡᠨ ᠵᠠᠷᠤᠳᠠᠯ ᠲᠤᠰᠢᠶᠠᠬᠤ ᠴᠢᠬᠤᠯᠠ ᠲᠠᠢ ᠦᠦ︖ | ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠳᠠᠭᠠᠳᠬᠠᠯ ᠳᠤ ᠣᠷᠣᠯᠴᠠᠵᠤ ᠵᠠᠷᠤᠳᠠᠯ | ᠲᠤᠰᠢᠶᠠᠬᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠶᠢ ᠬᠦᠷᠲᠡᠭᠰᠡᠨ ᠤ ᠳᠠᠷᠠᠭ᠎ᠠ ᠣᠯᠭᠤᠮᠵᠢ ᠠᠪᠬᠤ ᠨᠠᠰᠤᠨ ᠳᠤ | ᠬᠦᠷᠦᠭᠡᠳᠦᠶ ᠪᠣᠯ ᠦᠷᠭᠦᠯᠵᠢᠯᠡᠨ ᠵᠠᠷᠤᠳᠠᠯ ᠲᠤᠰᠢᠶᠠᠬᠤ ᠬᠡᠷᠡᠭᠲᠡᠶ᠃ | 7 . ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠬᠤ ᠨᠠᠰᠤ ᠶᠢ ᠬᠡᠷᠬᠢᠨ ᠲᠣᠭᠲᠠᠭᠠᠭᠰᠠᠨ ᠪᠤᠶ︖ | ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠠᠮᠢᠳᠤᠯᠢᠭ ᠢᠶᠠᠷ ᠠᠵᠢᠯ ᠣᠯᠬᠤ ᠨᠠᠰᠤᠵᠢᠯ ᠤᠨ | ᠳᠠᠭᠠᠳᠬᠠᠯ ᠳᠤ ᠣᠷᠣᠯᠴᠠᠭᠰᠠᠳ ᠲᠤ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠠᠨ ᠠᠮᠠᠷᠠᠬᠤ ᠨᠠᠰᠤ | ᠵᠢᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠨᠡᠶᠢᠲᠡ 15 ᠵᠢᠯ ᠠᠴᠠ ᠳᠡᠭᠡᠭᠰᠢ | ᠰᠦᠢᠳᠬᠡᠯ ᠲᠤᠰᠢᠶᠠᠵᠤ᠂ ᠣᠯᠭᠤᠮᠵᠢ ᠠᠪᠬᠤ ᠨᠠᠰᠤᠨ ᠳᠤ ᠬᠦᠷᠦᠭᠰᠡᠨ ᠤ ᠳᠠᠷᠠᠭ᠎ᠠ ᠰᠠᠶ᠋ᠢ ᠨᠠᠰᠤᠵᠢᠯ ᠤᠨ ᠮᠥᠩᠭᠦ | ᠠᠪᠬᠤ ᠭᠠᠷᠳᠠᠮ ᠢ ᠭᠦᠢᠴᠡᠳᠬᠡᠵᠦ ᠪᠣᠯᠤᠨ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠢᠶᠠᠨ | ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠴᠥᠮ ᠪᠦᠬᠦᠯᠢ 60 ᠨᠠᠰᠤᠨ ᠳᠤ ᠬᠦᠷᠦᠭᠰᠡᠨ ᠪᠠᠶᠢᠪᠠᠯ ᠰᠠᠶ᠋ᠢ | ᠨᠠᠰᠤᠵᠢᠯ ᠤᠨ ᠮᠥᠩᠭᠦ ᠠᠪᠬᠤ ᠭᠠᠷᠳᠠᠮ ᠭᠦᠢᠴᠡᠳᠬᠡᠵᠦ ᠪᠣᠯᠤᠨ᠎ᠠ᠃ | 8 . ᠭᠠᠵᠠᠷ ᠢᠶᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠳ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠳᠠᠭᠠᠳᠬᠠᠯ ᠳᠤ ᠣᠷᠣᠯᠴᠠᠬᠤ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ | ᠨᠠᠰᠤᠵᠢᠯ ᠤᠨ ᠳᠠᠭᠠᠳᠬᠠᠯ ᠤᠨ ᠬᠤᠭᠤᠷᠣᠨᠳᠣᠬᠢ ᠬᠠᠷᠢᠴᠠᠭ᠎ᠠ ᠶᠢ ᠵᠣᠯᠭᠠᠭᠤᠯᠬᠤ ᠳᠤ ᠬᠡᠷᠬᠢᠨ ᠲᠣᠭᠲᠠᠭᠠᠭᠰᠠᠨ ᠪᠣᠶ︖ | | ᠳᠠᠭᠠᠳᠬᠠᠯ ᠳᠤ ᠣᠷᠣᠯᠴᠠᠭᠰᠠᠳ ᠠᠳᠠᠯᠢ ᠬᠤᠭᠤᠴᠠᠭᠠᠨ ᠳᠤ ᠵᠥᠪᠬᠡᠨ ᠨᠢᠭᠡ ᠵᠦᠢᠯ ᠤᠨ ᠨᠡᠶᠢᠭᠡᠮ ᠤᠨ | ᠨᠠᠰᠤᠵᠢᠯ ᠤᠨ ᠳᠠᠭᠠᠳᠬᠠᠯ ᠳᠤ ᠣᠷᠣᠯᠴᠠᠵᠤ ᠪᠣᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠡᠶᠢᠭᠡᠮ ᠤᠨ ᠨᠠᠰᠤᠵᠢᠯ ᠤᠨ ᠳᠠᠭᠠᠳᠬᠠᠯ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠠᠮᠢᠳᠤᠯᠢᠭ ᠢᠶᠠᠷ ᠠᠵᠢᠯ | ᠣᠯᠬᠤ ᠦᠨᠳᠦᠰᠦᠨ ᠨᠠᠰᠤᠵᠢᠯ ᠤᠨ ᠳᠠᠭᠠᠳᠬᠠᠯ ᠳᠤ ᠰᠢᠯᠵᠢᠭᠦᠯᠬᠦ ᠪᠤᠶᠤ ᠠᠵᠤ ᠠᠬᠤᠶᠢᠯᠠᠯ ᠤᠨ ᠠᠵᠢᠯᠲᠠᠨ | ᠠᠵᠢᠯᠴᠢᠨ᠂ ᠠᠮᠢᠳᠤᠯᠢᠭ ᠢᠶᠠᠷ ᠠᠵᠢᠯ ᠣᠯᠬᠤ ᠦᠨᠳᠦᠰᠦᠨ ᠨᠠᠰᠤᠵᠢᠯ ᠤᠨ ᠳᠠᠭᠠᠳᠬᠠᠯ ᠠᠴᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠳᠤ ᠰᠢᠯᠵᠢᠭᠦᠯᠬᠦ ᠳᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠢ | ᠵᠣᠯᠭᠠᠭᠤᠯᠬᠤ ᠶᠢᠨ ᠬᠡᠷᠡᠭᠵᠢᠭᠦᠯᠬᠦ ᠰᠠᠨᠠᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ﹇2014﹈ 79 ᠳ᠋ᠦᠭᠡᠷ | ᠲᠣᠭᠠᠲᠤ︶ ᠪᠠ ︽ᠬᠤᠲᠠ ᠬᠥᠳᠡᠭᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠢ ᠵᠣᠯᠭᠠᠭᠤᠯᠬᠤ ᠠᠷᠭ᠎ᠠ ᠶᠢᠨ | ᠤᠬᠠᠭᠤᠯᠬᠤ ᠲᠣᠪᠴᠢ ᠪᠠ ᠭᠠᠷᠲᠠᠨ ᠭᠦᠢᠴᠡᠳᠬᠡᠬᠦ ᠳᠦᠷᠢᠮ︾ ᠤᠨ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ | |