ᠭᠤᠷᠪᠠᠨᠲᠠ ᠲᠣᠰᠬᠤᠨ ᠳᠤ ᠰᠠᠭᠤᠵᠤ᠂ ᠲᠠᠪᠤᠨ ᠵᠢᠯ ᠤᠨ ᠬᠤᠭᠤᠴᠠᠭᠠᠨ ᠳᠤ᠂ 2017 ᠣᠨ ᠳᠤ ᠬᠦᠷᠢᠶ᠎ᠡ | ᠪᠠᠯᠭᠠᠰᠤᠨ ᠤ ᠵᠤᠵᠠᠭᠠᠨ ᠠᠶᠢᠯ ᠭᠠᠴᠠᠭ᠎ᠠ ᠳᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠵᠦ᠂ ᠬᠤᠭᠤᠴᠠᠭ᠎ᠠ ᠨᠢ | ᠲᠤᠯᠤᠭᠰᠠᠨ ᠤ ᠳᠠᠷᠠᠭ᠎ᠠ ᠪᠠᠰᠠ ︽ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ︾ ᠬᠦᠷᠢᠶ᠎ᠡ ᠪᠠᠯᠭᠠᠰᠤᠨ ᠤ ᠵᠡᠭᠦᠨ | ᠭᠠᠴᠠᠭ᠎ᠠ ᠶᠢᠨ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠰᠡᠨ ᠠᠴᠠ ᠪᠠᠶᠠᠨᠬᠤᠸᠠ ᠪᠠᠯᠭᠠᠰᠤᠨ ᠤ ᠬᠦᠨᠳᠡᠢ | ᠭᠠᠴᠠᠭ᠎ᠠ ᠶᠢᠨ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠬᠦ ᠪᠠᠷ ᠭᠤᠶᠤᠴᠢᠯᠠᠭᠰᠠᠨ ᠬᠦᠷᠲᠡᠯ᠎ᠡ᠂ ᠲᠡᠷᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠦᠷᠲᠡᠯᠡᠬᠢ ᠡᠭᠡᠯᠵᠢ ᠪᠦᠷᠢ ᠶᠢᠨ ᠬᠠᠪᠰᠤᠷᠤᠨ ᠲᠡᠳᠬᠦᠬᠦ ᠠᠵᠢᠯ ᠳᠤ ᠪᠡᠶ᠎ᠡ ᠪᠠᠷ ᠢᠶᠠᠨ ᠣᠷᠣᠯᠴᠠᠭᠰᠠᠨ ᠪᠥᠭᠡᠳ | ᠭᠡᠷᠡᠴᠢᠯᠡᠭᠰᠡᠨ ᠪᠠᠶᠢᠨ᠎ᠠ᠃ ᠰᠢᠤᠢ ᠵᠧᠨ ᠹᠧᠩ ᠰᠦᠭ ᠰᠦᠨᠡᠰᠦᠨ ᠳᠤ ᠦᠨᠳᠦᠰᠦᠯᠡᠭᠰᠡᠨ ᠨᠤᠲᠤᠭ ᠤᠰᠤᠨ ᠤ | ᠬᠠᠶᠢᠷ᠎ᠠ ᠰᠡᠳᠬᠢᠯᠭᠡ ᠪᠠᠨ ᠬᠥᠳᠡᠭᠡ ᠲᠣᠰᠬᠤᠨ ᠤ ᠠᠵᠢᠯ ᠳᠠᠬᠢ ᠬᠠᠯᠠᠭᠤᠨ ᠰᠡᠳᠬᠢᠯᠭᠡ ᠪᠠ ᠬᠠᠷᠢᠭᠤᠴᠠᠯᠭ᠎ᠠ ᠪᠣᠯᠭᠠᠨ | ᠬᠤᠪᠢᠷᠠᠭᠤᠯᠵᠤ᠂ ᠲᠡᠭᠦᠨ ᠤ ᠵᠣᠭᠰᠤᠯ ᠦᠭᠡᠢ ᠪᠠᠷᠢᠮᠲᠠᠯᠠᠨ ᠤᠷᠤᠭᠰᠢᠯᠠᠬᠤ ᠶᠢ ᠬᠦᠳᠦᠯᠦᠨ ᠳᠠᠭᠠᠭᠤᠯᠵᠤ | ᠵᠣᠷᠢᠭᠵᠢᠭᠤᠯᠤᠭᠰᠠᠭᠠᠷ ᠢᠷᠡᠵᠡᠢ᠃ | | ᠲᠦᠷᠦᠭᠦᠬᠡᠨ᠂ ᠬᠦᠷᠢᠶ᠎ᠡ ᠪᠠᠯᠭᠠᠰᠤᠨ ᠤ ᠵᠡᠭᠦᠨ ᠭᠠᠴᠠᠭᠠᠨ ᠤ ᠠᠷᠠᠳ ᠬᠥᠭᠵᠢᠯᠲᠦ ᠶᠢᠨ ᠭᠡᠷ ᠲᠤ ᠪᠠᠶᠠᠷ ᠤᠨ | ᠤᠴᠢᠷ ᠲᠣᠬᠢᠶᠠᠯᠳᠤᠵᠤ᠂ ᠲᠡᠳᠡᠨ ᠤ ᠬᠦᠦ ᠨᠢ ᠵᠡᠷᠭᠡᠯᠡᠳᠡᠭᠡ ᠲᠣᠰᠬᠤᠨ ᠤ ᠬᠡᠦᠬᠡᠨ ᠲᠠᠢ ᠤᠷᠤᠭ ᠪᠠᠷᠢᠯᠳᠤᠵᠤ᠂ | ᠵᠡᠭᠦᠨ ᠭᠠᠴᠠᠭᠠᠨ ᠤ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠰᠢᠤᠢ ᠵᠧᠨ ᠹᠧᠩ | ᠲᠤᠰᠬᠠᠶᠢᠯᠠᠨ ᠪᠠᠶᠠᠷ ᠬᠦᠷᠭᠡᠬᠦ ᠪᠠᠷ ᠢᠷᠡᠭᠰᠡᠨ ᠨᠢ ᠬᠥᠭᠵᠢᠯᠲᠦ ᠶᠢ ᠶᠡᠬᠡᠳᠡ ᠪᠠᠶᠠᠷᠯᠠᠭᠤᠯᠵᠠᠢ᠃ ᠰᠢᠤᠢ ᠵᠧᠨ ᠹᠧᠩ | ᠬᠥᠭᠵᠢᠯᠲᠦ ᠶᠢᠨ ᠨᠢᠭᠡ ᠭᠡᠷ ᠤᠨ ᠬᠢᠨ ᠲᠠᠢ ᠡᠶᠢᠮᠦ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠤᠭᠰᠠᠨ ᠨᠢ᠂ | 2019 ᠣᠨ ᠤ 5 ᠰᠠᠷ᠎ᠠ ᠳᠤ ᠵᠤᠵᠠᠭᠠᠨ ᠭᠠᠴᠠᠭᠠᠨ ᠤ ᠲᠣᠰᠬᠤᠨ ᠳᠤ ᠰᠠᠭᠤᠬᠤ ᠠᠵᠢᠯ ᠢᠶᠠᠨ ᠳᠠᠭᠤᠰᠬᠠᠵᠤ᠂ | ᠵᠡᠭᠦᠨ ᠭᠠᠴᠠᠭᠠᠨ ᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭᠠᠬᠢ ᠬᠤᠶᠠᠷ ᠵᠢᠯ ᠤᠨ | ᠬᠤᠭᠤᠴᠠᠭ᠎ᠠ ᠪᠣᠯᠤᠨ᠎ᠠ᠃ 2020 ᠣᠨ ᠳᠤ ᠬᠥᠭᠵᠢᠯᠲᠦ ᠶᠢᠨ ᠡᠬᠡᠨᠡᠷ ᠬᠦᠶ ᠷᠦᠩ ᠭᠡᠨᠡᠳᠲᠡ ᠵᠢᠷᠦᠬᠡᠨ | ᠡᠪᠡᠳᠴᠢᠨ ᠳᠤ ᠨᠡᠷᠪᠡᠭᠳᠡᠵᠦ᠂ ᠮᠡᠰᠡ ᠵᠠᠰᠠᠯ ᠬᠢᠯᠭᠡᠭᠰᠡᠨ 32 ᠲᠦᠮᠡᠨ ᠲᠥᠭᠦᠷᠢᠭ ᠤᠨ ᠵᠠᠷᠤᠳᠠᠯ ᠨᠢ ᠨᠢᠭᠡ ᠬᠡᠷ ᠤᠨ | ᠬᠥᠮᠦᠰ ᠢ ᠶᠠᠭᠠᠬᠢᠬᠤ ᠶᠢᠨ ᠠᠷᠭ᠎ᠠ ᠥᠬᠡᠶ ᠪᠣᠯᠭᠠᠪᠠ᠃ ᠡᠭᠦᠨ ᠤ ᠲᠤᠯᠠᠳᠠ᠂ ᠰᠢᠤᠢ ᠵᠧᠨ ᠹᠧᠩ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠨᠣᠮᠣᠬᠠᠨ ᠲᠡᠯᠡᠶ ᠳᠠᠭᠠᠳᠬᠠᠯ ᠤᠨ ᠺᠣᠮᠫᠠᠨᠢ ᠳᠤ ᠣᠯᠠᠨ ᠤᠳᠠᠭ᠎ᠠ ᠬᠦᠷᠬᠦ ᠪᠠᠷ ᠳᠠᠮᠵᠢᠨ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠡᠮ ᠡᠮᠨᠡᠯᠭᠡ ᠶᠢᠨ ᠠᠪᠤᠷᠠᠨ ᠲᠤᠰᠠᠯᠠᠯᠲᠠ | ᠬᠦᠷᠲᠡᠭᠡᠪᠡ᠃ ᠰᠢᠤᠢ ᠵᠧᠨ ᠹᠧᠩ ᠪᠠᠰᠠ ᠬᠥᠭᠵᠢᠯᠲᠦ ᠶᠢᠨ ᠨᠢᠭᠡ ᠬᠡᠷ ᠤᠨ ᠬᠢᠨ ᠳᠤ 5 ᠲᠦᠮᠡᠨ ᠲᠥᠭᠦᠷᠢᠭ ᠤᠨ | ᠲᠦᠷ ᠴᠠᠭ ᠤᠨ ᠠᠪᠤᠷᠠᠨ ᠲᠤᠰᠠᠯᠠᠯᠲᠠ᠂ 3 ᠲᠦᠮᠡᠨ ᠲᠥᠭᠦᠷᠢᠭ ᠤᠨ ᠶᠠᠳᠠᠭᠤᠷᠠᠬᠤ ᠶᠢ ᠰᠡᠷᠭᠡᠶᠢᠯᠡᠬᠦ ᠪᠠᠲᠤᠯᠠᠭ᠎ᠠ | ᠣᠯᠵᠤ᠂ ᠬᠥᠭᠵᠢᠯᠲᠦ ᠶᠢᠨ ᠨᠢᠭᠡ ᠬᠡᠷ ᠤᠨ ᠭᠤᠷᠪᠠᠨ ᠠᠮᠠ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠢᠵᠦ ᠥᠭᠭᠦᠭᠰᠡᠨ ᠤ ᠬᠠᠮᠲᠤ᠂ ᠬᠥᠭᠵᠢᠯᠲᠦ ᠳᠤ ᠲᠣᠰᠬᠤᠨ ᠤ ᠣᠶ ᠰᠢᠭᠤᠶ ᠬᠠᠮᠠᠭᠠᠯᠠᠭᠴᠢ ᠪᠠᠷ ᠲᠣᠬᠢᠷᠠᠭᠤᠯᠵᠤ | ᠥᠭᠴᠡᠶ᠃ | | ᠤᠯᠠᠨ ᠵᠢᠯ ᠤᠨ ᠦᠨᠳᠦᠰᠦᠨ ᠱᠠᠲᠤᠨ ᠤ ᠠᠵᠢᠯ ᠤᠨ ᠥᠩᠭᠡᠷᠡᠯᠲᠡ ᠪᠠᠷ᠂ ᠰᠢᠤᠢ ᠵᠧᠨ ᠹᠧᠩ ᠤᠯᠠᠨ | ᠲᠦᠮᠡᠨ ᠲᠠᠢ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠵᠠᠢ᠃ 2021 ᠣᠨ ᠳᠤ ᠶᠠᠩᠰᠢᠪ ᠤᠨ ᠵᠡᠭᠦᠨ | ᠭᠠᠴᠠᠭᠠᠨ ᠳᠠᠬᠢ ᠲᠤᠰᠢᠶᠠᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠰᠢᠤᠢ ᠵᠧᠨ ᠹᠧᠩ ᠦᠨᠳᠦᠰᠦᠨ | ᠱᠠᠲᠤᠨ ᠤ ᠠᠷᠠᠳ ᠢᠶᠠᠨ ᠮᠥᠨ ᠬᠦ ᠬᠠᠶᠠᠵᠤ ᠲᠦᠪᠳᠡᠬᠦ ᠥᠬᠡᠶ᠂ ᠲᠣᠰᠬᠤᠨ ᠳᠤ ᠦᠷᠭᠦᠯᠵᠢᠯᠡᠨ ᠰᠠᠭᠤᠬᠤ ᠶᠢ | ᠳᠠᠬᠢᠨᠲᠠ ᠰᠠᠨᠠᠭᠠᠴᠢᠯᠠᠭ᠎ᠠ ᠠᠴᠠ ᠪᠠᠨ ᠱᠠᠭᠠᠷᠳᠠᠪᠠ᠃ ᠡᠨᠡ ᠤᠳᠠᠭ᠎ᠠ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ | ᠲᠡᠭᠦᠨ ᠢ ᠪᠠᠶᠠᠨᠬᠤᠸᠠ ᠪᠠᠯᠭᠠᠰᠤᠨ ᠤ ᠬᠦᠨᠳᠡᠢ ᠭᠠᠴᠠᠭ᠎ᠠ ᠳᠤ ᠲᠣᠮᠢᠯᠠᠨ ᠰᠠᠭᠤᠯᠭᠠᠪᠠ᠃ ᠨᠢᠳᠤᠨᠤᠨ ᠤ 10 | ᠰᠠᠷ᠎ᠠ ᠳᠤ᠂ ᠬᠦᠨᠳᠡᠢ ᠭᠠᠴᠠᠭ᠎ᠠ ᠳᠤ ᠬᠦᠷᠴᠦ᠂ ᠲᠣᠰᠬᠤᠨ ᠤ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠪᠠᠷ | ᠳᠠᠮᠵᠢᠨ᠂ ᠲᠡᠷᠡ ᠨᠠᠮ ᠤᠨ ᠵᠣᠬᠢᠶᠠᠨ ᠪᠠᠶᠢᠭᠤᠯᠤᠯᠲᠠ ᠠᠴᠠ ᠬᠤᠷᠰᠢᠶ᠎ᠠ ᠶᠢ ᠳᠠᠭᠠᠭᠤᠯᠤᠨ ᠡᠷᠬᠢᠯᠡᠬᠦ ᠪᠠᠷ ᠡᠷᠴᠢᠮᠳᠡᠢ | ᠲᠥᠯᠦᠪᠯᠡᠭᠡ ᠬᠢᠪᠡ᠃ | | | | ᠰᠢᠤᠢ ᠵᠧᠨ ᠹᠧᠩ ᠲᠣᠰᠬᠤᠨ ᠤ ︽ᠬᠤᠶᠠᠷ ᠵᠥᠪᠯᠡᠯ︾ ᠲᠠᠢ ᠤᠯᠠᠨ ᠤᠳᠠᠭ᠎ᠠ ᠰᠤᠳᠤᠯᠤᠨ ᠶᠠᠷᠢᠯᠴᠠᠭᠰᠠᠨ | ᠪᠥᠭᠡᠳ ᠲᠣᠰᠬᠤᠨ ᠤ ︽ᠬᠤᠶᠠᠷ ᠵᠥᠪᠯᠡᠯ︾ ᠵᠢᠴᠢ ᠬᠡᠰᠡᠭ ᠲᠣᠰᠬᠤᠨ ᠤ ᠠᠷᠠᠳ ᠤᠨ ᠲᠥᠯᠥᠭᠡᠯᠡᠭᠴᠢ ᠶᠢ | ᠳᠠᠭᠠᠭᠤᠯᠤᠨ ᠤᠷᠢᠳ ᠬᠤᠵᠢᠳ ᠤᠯᠠᠨ ᠭᠠᠵᠠᠷ ᠤᠨ ᠬᠤᠷᠰᠢᠶ᠎ᠠ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠠᠵᠤ ᠠᠬᠤᠶᠢᠯᠠᠯ ᠢᠶᠠᠷ ᠰᠢᠨᠵᠢᠯᠡᠨ ᠪᠠᠶᠢᠴᠠᠭᠠᠵᠤ᠂ ᠬᠦᠨᠳᠡᠢ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠤᠷᠰᠢᠶ᠎ᠠ ᠶᠢ ᠳᠠᠭᠠᠭᠤᠯᠤᠨ ᠡᠷᠬᠢᠯᠡᠬᠦ ᠢᠲᠡᠭᠡᠯ ᠵᠣᠷᠢᠭ ᠢ ᠨᠡᠮᠡᠭᠳᠡᠭᠦᠯᠪᠡ᠃ 2021 ᠣᠨ ᠤ | 12 ᠰᠠᠷ᠎ᠠ ᠳᠤ᠂ ᠬᠦᠨᠳᠡᠢ ᠭᠠᠴᠠᠭᠠᠨ ᠤ ᠮᠠᠯ ᠠᠵᠤ ᠠᠬᠤᠶ ᠶᠢᠨ ᠦᠢᠯᠡᠴᠢᠯᠡᠭᠡᠨ ᠤ ᠲᠤᠰᠬᠠᠶ ᠬᠤᠷᠰᠢᠶ᠎ᠠ | ᠵᠢᠩᠬᠢᠨᠢ ᠪᠠᠷ ᠡᠵᠡᠩᠨᠡᠵᠦ᠂ ᠭᠤᠤᠯᠳᠠᠭᠤ ᠦᠷ᠎ᠡ᠂ ᠬᠢᠮᠢ ᠶᠢᠨ ᠪᠣᠷᠲᠣᠭᠤᠷ ᠪᠠ ᠦᠬᠡᠷ ᠬᠤᠨᠢᠨ ᠤ ᠪᠣᠷᠳᠤᠭ᠎ᠠ | ᠡᠵᠡᠩᠨᠡᠪᠡ᠃ ᠲᠣᠮᠣ ᠦᠢᠯᠡᠳᠪᠦᠷᠢ᠂ ᠲᠣᠮᠣ ᠠᠵᠤ ᠠᠬᠤᠶᠢᠯᠠᠯ ᠲᠠᠢ ᠬᠠᠮᠲᠤᠷᠠᠯᠴᠠᠬᠤ ᠪᠠᠷ ᠳᠡᠮᠵᠢᠨ᠂ | ᠡᠵᠡᠩᠨᠡᠯᠲᠡ ᠨᠢ ᠵᠥᠪᠬᠡᠨ 4 ᠰᠠᠷ᠎ᠠ ᠪᠣᠯᠵᠤ᠂ ᠬᠦᠨᠳᠡᠢ ᠭᠠᠴᠠᠭᠠᠨ ᠤ ᠮᠠᠯ ᠠᠵᠤ ᠠᠬᠤᠶ ᠶᠢᠨ ᠦᠢᠯᠡᠴᠢᠯᠡᠭᠡᠨ ᠤ | ᠲᠤᠰᠬᠠᠶ ᠬᠤᠷᠰᠢᠶ᠎ᠠ ᠨᠢ ᠳᠠᠷᠤᠶ ᠦᠷ᠎ᠡ᠂ ᠬᠢᠮᠢ ᠶᠢᠨ ᠪᠣᠷᠲᠣᠭᠤᠷ ᠪᠠ ᠦᠬᠡᠷ ᠬᠤᠨᠢᠨ ᠤ ᠪᠣᠷᠳᠤᠭ᠎ᠠ ᠶᠢᠨ ᠲᠠᠯ᠎ᠠ ᠳᠤ᠂ | ᠲᠤᠬᠠᠶ ᠶᠢᠨ ᠭᠠᠵᠠᠷ ᠤᠨ ᠠᠷᠠᠳ ᠢᠷᠭᠡᠳ ᠲᠤ 20 ᠭᠠᠷᠤᠶ ᠲᠦᠮᠡᠨ ᠲᠥᠭᠦᠷᠢᠭ ᠠᠷᠪᠢᠯᠠᠵᠤ ᠥᠭᠴᠡᠶ᠃ | | | | ᠦᠨᠡᠨ ᠬᠡᠯᠡᠵᠦ ᠪᠣᠳᠠᠲᠠᠢ ᠠᠵᠢᠯᠯᠠᠭᠰᠠᠨ ᠨᠢ᠂ ᠰᠢᠦᠢ ᠵᠧᠨ ᠹᠧᠩ ᠤᠨ ᠲᠣᠰᠬᠤᠨ ᠳᠤ ᠰᠠᠭᠤᠭᠰᠠᠨ ᠲᠠᠪᠤᠨ | ᠵᠢᠯ ᠤᠨ ᠠᠮᠢᠳᠤᠷᠠᠯ ᠤᠨ ᠦᠨᠡᠨ ᠵᠢᠷᠤᠭᠯᠠᠯ ᠮᠥᠨ᠃ ᠬᠦᠨᠳᠡᠢ ᠭᠠᠴᠠᠭᠠᠨ ᠤ ᠠᠯᠪᠠᠨ ᠬᠡᠷ ᠤᠨ ᠢᠯᠡ ᠭᠠᠵᠠᠷ᠂ | ᠲᠦᠩᠯᠢᠶᠣᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠣᠯᠭᠤᠵᠤ ᠦᠢᠯᠡᠰ | ᠪᠤᠰᠬᠠᠬᠤ ᠳᠤ ᠬᠦᠴᠦᠨ ᠨᠡᠮᠡᠷᠢᠯᠡᠬᠦ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠨᠠᠭᠠᠵᠤ | ᠂ ᠳᠡᠭᠡᠷ᠎ᠡ ᠨᠢ ᠮᠠᠰᠢ ᠣᠯᠠᠨ ᠵᠦᠢᠯ ᠤᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠵᠤ | ᠪᠠᠶᠢᠭᠰᠠᠨ ᠢ ᠰᠢᠤᠢ ᠵᠧᠨ ᠹᠧᠩ ᠠᠯᠢ ᠡᠷᠲᠡ ᠰᠡᠳᠭᠢᠯ ᠳᠡᠭᠡᠨ ᠲᠣᠪ ᠲᠣᠳᠣᠷᠬᠠᠶ ᠮᠡᠳᠡᠵᠦ ᠪᠠᠶᠢᠯ᠎ᠠ᠃ ᠲᠡᠷᠡ | ᠴᠢᠨᠠᠭᠰᠢᠯᠠᠨ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢᠨ ᠠᠭᠤᠯᠭ᠎ᠠ ᠳᠠᠭᠠᠨ ᠰᠡᠳᠬᠢᠯ ᠬᠠᠨᠤᠭᠰᠠᠨ ᠥᠬᠡᠶ᠂ | ᠪᠠᠰᠠ ᠥᠪᠡᠷ ᠢᠶᠠᠨ ᠮᠠᠯ ᠠᠵᠤ ᠠᠬᠤᠶ ᠲᠠᠷᠢᠶᠠᠯᠠᠩ᠂ ᠤᠰᠤᠨ ᠤ ᠶᠠᠪᠤᠳᠠᠯ᠂ ᠣᠶ ᠰᠢᠭᠤᠶ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠤ ᠬᠦᠷᠴᠦ᠂ ᠣᠳᠣᠬᠠᠨ ᠤ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠰᠤᠷᠤᠯᠴᠠᠨ ᠣᠶᠢᠯᠠᠭᠠᠵᠤ᠂ ᠲᠣᠰ ᠲᠣᠰᠬᠤᠨ ᠤ ᠪᠠᠨ ᠪᠣᠳᠠᠲᠤ ᠪᠠᠶᠢᠳᠠᠯ ᠳᠤ | ᠨᠡᠶᠢᠴᠡᠭᠰᠡᠨ ᠲᠥᠷᠥᠯ ᠵᠦᠢᠯ ᠢ ᠨᠠᠷᠢᠨ ᠬᠢᠨᠠᠮᠠᠭᠠᠶ ᠰᠣᠩᠭᠤᠨ ᠭᠠᠷᠭᠠᠵᠤ᠂ ᠲᠣᠰᠬᠤᠨ ᠤ ᠠᠷᠠᠳ ᠲᠤ ᠨᠠᠩ ᠣᠯᠠᠨ | ᠪᠣᠳᠠᠲᠤ ᠠᠰᠢᠭ ᠬᠦᠷᠲᠡᠭᠡᠪᠡ᠃ ᠰᠢᠤᠢ ᠵᠧᠨ ᠹᠧᠩ ᠨᠢᠳᠤᠨᠤᠨ ᠬᠦᠨᠳᠡᠢ ᠭᠠᠴᠠᠭ᠎ᠠ ᠳᠤ ᠭᠦᠷᠦᠭᠰᠡᠨ ᠤ ᠳᠠᠷᠠᠭ᠎ᠠ᠂ | ᠭᠠᠴᠠᠭ᠎ᠠ ᠶᠢᠨ 280 ᠮᠥ ᠭᠠᠵᠠᠷ ᠤᠨ ᠬᠠᠶᠢᠲᠠᠩ ᠵᠢᠮᠢᠰ ᠶᠡᠷᠦ ᠠᠴᠠ ᠠᠲᠠᠷᠰᠢᠵᠤ ᠪᠠᠶᠢᠬᠤ ᠶᠢ ᠣᠯᠵᠤ ᠮᠡᠳᠡᠭᠡᠳ᠂ | ᠣᠶ ᠰᠢᠭᠤᠶ ᠶᠢᠨ ᠰᠠᠯᠠᠭ᠎ᠠ ᠮᠥᠴᠢᠷ ᠲᠤ ᠬᠦᠷᠴᠦ ᠬᠠᠷᠢᠯᠴᠠᠬᠤ ᠪᠠᠷ ᠳᠡᠮᠵᠢᠨ᠂ ᠬᠠᠶᠢᠲᠠᠩ ᠵᠢᠮᠢᠰ ᠢ ᠭᠤᠷᠪᠠᠨ | ᠵᠢᠯ ᠳᠤ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢ ᠣᠯᠵᠤ᠂ ᠭᠤᠷᠪᠠᠨ ᠵᠢᠯ ᠤᠨ ᠳᠠᠷᠠᠭ᠎ᠠ ᠬᠠᠶᠢᠲᠠᠩ | ᠵᠢᠮᠢᠰᠯᠡᠬᠦ ᠬᠤᠭᠤᠴᠠᠭᠠᠨ ᠳᠤ ᠣᠷᠤᠬᠤ ᠪᠣᠯᠤᠨ᠎ᠠ᠃ | | | | ᠣᠳᠣᠬᠠᠨ ᠪᠣᠯᠲᠠᠯ᠎ᠠ᠂ ᠬᠦᠨᠳᠡᠢ ᠭᠠᠴᠠᠭ᠎ᠠ ᠶᠢᠨ ᠲᠥᠷᠥᠯ ᠵᠦᠢᠯ ᠤᠨ ᠬᠥᠮᠥᠷᠭᠡ ᠳᠤ᠂ ᠰᠢᠤᠢ ᠵᠧᠨ ᠹᠧᠩ | ᠨᠠᠷᠢᠨ ᠬᠢᠨᠠᠮᠠᠭᠠᠶ ᠰᠤᠳᠤᠯᠵᠤ ᠰᠣᠩᠭᠤᠨ ᠭᠠᠷᠭᠠᠭᠰᠠᠨ 17 ᠲᠥᠷᠥᠯ ᠵᠦᠢᠯ ᠪᠠᠶᠢᠵᠤ᠂ ᠡᠭᠦᠨ ᠳᠤ ᠬᠦᠢᠲᠡᠨ | ᠬᠥᠮᠥᠷᠭᠡ ᠶᠢᠨ ᠪᠥᠲᠥᠭᠡᠨ ᠪᠠᠶᠢᠭᠤᠯᠤᠯᠲᠠ᠂ ᠬᠤᠭ ᠨᠣᠪᠰᠢ ᠰᠢᠲᠠᠭᠠᠬᠤ ᠦᠢᠯᠡᠳᠪᠦᠷᠢ᠂ ᠣᠷᠭᠠᠨᠢᠭ ᠪᠣᠷᠲᠣᠭᠤᠷ | ᠪᠣᠯᠪᠠᠰᠤᠷᠠᠭᠤᠯᠬᠤ ᠦᠢᠯᠡᠳᠪᠦᠷᠢ᠂ ᠪᠤᠷᠴᠠᠭ ᠤᠨ ᠪᠤᠤᠪᠤ ᠪᠣᠯᠪᠠᠰᠤᠷᠠᠭᠤᠯᠬᠤ ᠦᠢᠯᠡᠳᠪᠦᠷᠢ᠂ ᠨᠠᠷᠢᠮᠤ | ᠪᠣᠯᠪᠠᠰᠤᠷᠠᠭᠤᠯᠬᠤ ᠦᠢᠯᠡᠳᠪᠦᠷᠢ ᠵᠡᠷᠭᠡ ᠪᠠᠭᠲᠠᠨ᠎ᠠ᠃ | ᠰᠡᠳᠬᠢᠯ ᠢᠶᠠᠨ ᠨᠢᠭᠡᠳᠭᠡᠨ ᠶᠠᠳᠠᠭᠤ ᠠᠴᠠ ᠠᠩᠭᠢᠵᠢᠷᠠᠭᠤᠯᠬᠤ ᠳᠤ᠂ ᠨᠢᠭᠡ ᠬᠥᠮᠦᠨ ᠢ ᠴᠦ ᠡᠩᠨᠡᠭᠡ ᠠᠴᠠ | ᠬᠤᠴᠣᠷᠤᠭᠤᠯᠬᠤ ᠦᠭᠡᠢ᠂ ᠬᠦᠴᠦ ᠪᠠᠨ ᠬᠠᠮᠲᠤᠳᠬᠠᠨ ᠪᠠᠶᠠᠵᠢᠭᠤᠯᠬᠤ ᠳᠤ᠂ ᠨᠢᠭᠡ ᠡᠷᠦᠬᠡ ᠶᠢ ᠴᠦ | ᠣᠷᠬᠢᠭᠳᠠᠭᠤᠯᠬᠤ ᠦᠭᠡᠢ᠃ ᠰᠢᠤᠢ ᠵᠧᠨ ᠹᠧᠩ ᠬᠦᠷᠦᠭᠰᠡᠨ ᠭᠠᠵᠠᠷ ᠪᠣᠯᠭᠠᠨ ᠳᠠᠭᠠᠨ ᠴᠥᠮ ᠲᠣᠰᠬᠤᠨ ᠤ | ᠠᠷᠠᠳ ᠲᠤ ᠰᠢᠨ᠎ᠡ ᠪᠣᠳᠣᠯᠬᠢᠯᠠᠯ᠂ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠶᠢ ᠠᠪᠴᠢᠷᠠᠵᠤ ᠥᠭᠳᠡᠭ᠃ ᠲᠠᠪᠤᠨ | ᠵᠢᠯ ᠲᠣᠰᠬᠤᠨ ᠳᠤ ᠰᠠᠭᠤᠵᠤ᠂ ᠨᠢᠭᠡ ᠨᠠᠰᠤᠨ ᠤ ᠨᠤᠲᠤᠭ ᠤᠰᠤᠨ ᠳᠠᠬᠢ ᠰᠡᠳᠬᠢᠯᠭᠡ᠃ ᠨᠢᠭᠡᠳᠦᠭᠡᠷ ᠱᠦᠵᠢ | ᠪᠣᠯᠤᠭᠰᠠᠨ ᠤ ᠬᠤᠪᠢ ᠳᠤ᠂ ᠰᠢᠤᠢ ᠵᠧᠨ ᠹᠧᠩ ᠰᠡᠳᠬᠢᠯ ᠳᠡᠭᠡᠨ ᠡᠭᠦᠷᠭᠡ ᠲᠠᠢ᠂ ᠮᠥᠷᠥᠨ ᠳᠡᠭᠡᠨ | ᠬᠠᠷᠢᠭᠤᠴᠠᠯᠭ᠎ᠠ ᠲᠠᠢ᠂ ᠴᠡᠭᠡᠵᠢᠨ ᠳᠡᠭᠡᠨ ᠠᠤᠭ᠎ᠠ ᠲᠥᠰᠦᠪ ᠲᠠᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ | ᠯᠠᠪᠳᠠᠭᠤᠨ ᠪᠠᠲᠤᠲᠠᠢ ᠲᠣᠰᠬᠤᠨ ᠳᠤ ᠰᠠᠭᠤᠭ᠎ᠠ ᠺᠠᠳ᠋ᠷ ᠤᠨ ᠡᠭᠦᠷᠭᠡ ᠶᠢ ᠭᠦᠢᠴᠡᠳᠬᠡᠭᠰᠡᠭᠡᠷ ᠢᠷᠡᠵᠠᠢ᠃ | |