ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠨᠡᠶᠢᠭᠡᠮ | ᠲᠣᠭᠤᠷᠢᠭ ᠤᠨ ᠦᠢᠯᠡᠴᠢᠯᠡᠬᠡᠨ ᠤ ᠲᠥᠪ ᠤᠨ ᠨᠠᠮ ᠤᠨ ᠬᠤᠷᠢᠶ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠂ ᠬᠤᠰᠢᠭᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠄ | ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ | ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠵᠤ᠂ ︽ᠳᠠᠶᠢᠯᠠᠯᠭ᠎ᠠ︾ ᠪᠠᠷ ᠡᠳ᠋ ᠮᠥᠩᠭᠦ ᠬᠤᠷᠢᠶᠠᠬᠤ ᠲᠥᠪ ᠪᠤᠰᠤ | ᠰᠤᠷᠲᠠᠯ ᠢ ᠡᠷᠡᠰ ᠵᠠᠯᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠠᠭᠤᠷ ᠠᠮᠢᠰᠬᠤᠯ ᠢ ᠪᠤᠢ | ᠪᠣᠯᠭᠠᠬᠤ ᠶᠢᠨ ᠲᠥᠯᠥᠭᠡ᠂ 2022 ᠣᠨ ᠤ ᠳᠡᠭᠡᠳᠦ ᠶᠡᠭᠡ ᠰᠤᠷᠭᠠᠭᠤᠯᠢ ᠶᠢᠨ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠲᠠᠰᠢᠷᠠᠮ ᠳᠤ᠂ ᠤᠳᠤ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠳᠣᠣᠷᠠᠬᠢ | ᠮᠡᠲᠦ ᠰᠠᠨᠠᠭᠤᠯᠤᠶ᠎ᠠ᠄ | ᠨᠢᠭᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ | ᠴᠢᠩᠭ᠎ᠠ ᠰᠠᠬᠢᠬᠤ ᠬᠡᠷᠡᠭᠲᠡᠢ | ᠪᠦᠬᠦ ᠬᠤᠰᠢᠭᠤᠨ ᠤ ᠨᠠᠮ ᠤᠨ ᠭᠡᠰᠢᠭᠦᠨ᠂ ᠠᠯᠪᠠᠨ ᠲᠤᠰᠢᠶᠠᠯᠲᠠᠨ᠂ ᠣᠨᠴᠠᠭᠠᠶᠢᠯᠠᠨ ᠤᠳᠤᠷᠢᠳᠬᠤ ᠺᠠᠳ᠋ᠷ | ᠡᠷᠬᠡᠪᠰᠢ ᠳᠠᠭᠠᠭᠤᠯᠬᠤ ᠦᠢᠯᠡᠳᠦᠯ᠂ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠦ᠂ | ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ︽ᠨᠠᠢᠮᠠ ᠶᠢ ᠴᠢᠩᠭ᠎ᠠ | ᠴᠠᠭᠠᠵᠠᠯᠠᠬᠤ︾ ᠶᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠳᠡᠢ᠃ | ︵ᠨᠢᠭᠡ︶ ᠲᠣᠭᠲᠠᠭᠠᠯ ᠠᠴᠠ ᠵᠥᠷᠢᠴᠡᠨ ᠣᠶᠢᠷ᠎ᠠ ᠲᠥᠷᠥᠯ ᠰᠠᠳᠤᠨ ᠠᠴᠠ ᠪᠤᠰᠤᠳ ᠶᠠᠮᠠᠷᠪᠠ ᠬᠡᠯᠪᠡᠷᠢ | ᠮᠠᠶ᠋ᠢᠭ ᠤᠨ ︽ᠰᠤᠷᠭᠠᠭᠤᠯᠢ ᠳᠡᠪᠰᠢᠬᠦ ᠳᠠᠶᠢᠯᠠᠯᠭ᠎ᠠ︾᠂ ︽ᠪᠠᠭᠰᠢ ᠳᠤ ᠲᠠᠯᠠᠷᠬᠠᠬᠤ ᠳᠠᠶᠢᠯᠠᠯᠭ᠎ᠠ︾ ᠵᠢᠴᠢ ᠪᠤᠰᠤᠳ | ᠠᠳᠠᠯᠢᠪᠲᠤᠷ ᠳᠠᠶᠢᠯᠠᠯᠭ᠎ᠠ ᠶᠢᠨ ᠠᠵᠢᠯᠯᠠᠭ᠎ᠠ ᠬᠢᠬᠦ᠂ ᠤᠷᠤᠯᠴᠠᠬᠤ ᠶᠢ ᠴᠢᠩᠭ᠎ᠠ ᠴᠠᠭᠠᠵᠠᠯᠠᠵᠤ᠂ ᠮᠠᠭᠤ ᠬᠡᠪ ᠰᠤᠷᠲᠠᠯ ᠢ | ᠤᠬᠠᠮᠰᠠᠷ ᠠᠴᠠ ᠪᠠᠨ ᠬᠤᠷᠢᠭᠯᠠᠨ᠎ᠠ︔ | ︵ᠬᠤᠶᠠᠷ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ︽ᠰᠤᠷᠭᠠᠭᠤᠯᠢ ᠳᠡᠪᠰᠢᠬᠦ | ᠳᠠᠶᠢᠯᠠᠯᠭ᠎ᠠ︾᠂ ︽ᠪᠠᠭᠰᠢ ᠳᠤ ᠲᠠᠯᠠᠷᠬᠠᠬᠤ ᠳᠠᠶᠢᠯᠠᠯᠭ᠎ᠠ︾ ᠵᠡᠷᠭᠡ ᠳᠠᠶᠢᠯᠠᠯᠭ᠎ᠠ ᠶᠢᠨ ᠠᠵᠢᠯᠯᠠᠭ᠎ᠠ ᠶᠢᠨ ᠪᠠᠶᠢᠳᠠᠯ ᠢ | ᠨᠢᠭᠤᠭᠰᠠᠨ᠂ ᠣᠷᠬᠢᠭᠳᠠᠭᠤᠯᠤᠭᠰᠠᠨ᠂ ᠤᠳᠠᠭᠠᠰᠢᠷᠠᠭᠤᠯᠤᠨ ᠮᠡᠳᠡᠭᠦᠯᠬᠦ ᠶᠢ ᠴᠢᠩᠭ᠎ᠠ ᠴᠠᠭᠠᠵᠠᠯᠠᠨ᠎ᠠ︔ | ︵ᠭᠤᠷᠪᠠ︶ ᠪᠤᠰᠤᠳ ᠬᠥᠮᠦᠨ ᠢ ᠵᠢᠭᠠᠨ ᠲᠤᠬᠢᠵᠤ᠂ ᠳᠤᠭᠤᠢ ᠵᠥᠪᠰᠢᠶᠡᠷᠡᠵᠦ ᠪᠠᠶᠢᠭᠠᠳ ᠲᠣᠭᠲᠠᠭᠠᠯ ᠠᠴᠠ | ᠵᠥᠷᠢᠴᠡᠨ ︽ᠰᠤᠷᠭᠠᠭᠤᠯᠢ ᠳᠡᠪᠰᠢᠬᠦ ᠳᠠᠶᠢᠯᠠᠯᠭ᠎ᠠ︾᠂ ︽ᠪᠠᠭᠰᠢ ᠳᠤ ᠲᠠᠯᠠᠷᠬᠠᠬᠤ ᠳᠠᠶᠢᠯᠠᠯᠭ᠎ᠠ︾ ᠬᠢᠬᠦ ᠶᠢ ᠴᠢᠩᠭ᠎ᠠ | ᠴᠠᠭᠠᠵᠠᠯᠠᠨ᠎ᠠ︔ | ︵ᠳᠥᠷᠪᠡ︶ ᠪᠦᠯᠦᠭ ᠤᠳᠠᠭ᠎ᠠ᠂ ᠣᠯᠠᠨ ᠭᠠᠵᠠᠷ ᠲᠤ ᠬᠤᠪᠢᠶᠠᠬᠤ ᠪᠤᠶᠤ ︽ᠪᠦᠯᠦᠭᠯᠡᠨ ᠰᠠᠯᠭᠠᠵᠤ︾ | ᠲᠣᠭᠲᠠᠭᠠᠯ ᠠᠴᠠ ᠵᠥᠷᠢᠴᠡᠨ ︽ᠰᠤᠷᠭᠠᠭᠤᠯᠢ ᠳᠡᠪᠰᠢᠬᠦ ᠳᠠᠶᠢᠯᠠᠯᠭ᠎ᠠ︾᠂ ︽ᠪᠠᠭᠰᠢ ᠳᠤ ᠲᠠᠯᠠᠷᠬᠠᠬᠤ ᠳᠠᠶᠢᠯᠠᠯᠭ᠎ᠠ︾ | ᠬᠢᠬᠦ ᠶᠢ ᠴᠢᠩᠭ᠎ᠠ ᠴᠠᠭᠠᠵᠠᠯᠠᠨ᠎ᠠ︔ | ︵ᠲᠠᠪᠤ︶ ᠦᠷ᠎ᠡ ᠬᠡᠦᠬᠡᠳ ᠤᠨ ᠰᠤᠷᠭᠠᠭᠤᠯᠢ ᠳᠡᠪᠰᠢᠬᠦ ᠲᠣᠬᠢᠶᠠᠯ ᠢ ᠠᠰᠢᠭᠯᠠᠨ ᠲᠣᠭᠲᠠᠭᠠᠯ ᠠᠴᠠ ᠵᠥᠷᠢᠴᠡᠨ | ᠪᠡᠯᠡᠭ ᠤᠨ ᠡᠳ᠋ ᠪᠡᠯᠡᠭ ᠤᠨ ᠵᠣᠭᠤᠰ᠂ ᠬᠡᠷᠡᠭᠯᠡᠭᠡᠨ ᠤ ᠺᠠᠷᠲ᠂ ᠡᠯᠧᠺᠲᠷᠣᠨ ᠤᠯᠠᠭᠠᠨ ᠪᠠᠭᠯᠠᠭ᠎ᠠ ᠵᠡᠷᠭᠡ ᠶᠢ ᠭᠥᠯᠢᠶᠡᠨ | ᠠᠪᠬᠤ ᠶᠢ ᠴᠢᠩᠭ᠎ᠠ ᠴᠠᠭᠠᠵᠠᠯᠠᠨ᠎ᠠ︔ | ︵ᠵᠢᠷᠭᠤᠭ᠎ᠠ︶ ᠠᠯᠪᠠᠨ ᠶᠠᠪᠤᠳᠠᠯ ᠤᠨ ᠲᠡᠷᠭᠡ ᠬᠥᠰᠬᠡ᠂ ᠨᠢᠭᠡᠴᠡ ᠶᠢᠨ ᠬᠤᠭᠤᠯᠠᠨ ᠭᠡᠷ᠂ ᠵᠤᠴᠢᠯᠠᠬᠤ ᠭᠠᠵᠠᠷ | ᠵᠡᠷᠭᠡ ᠶᠢ ︽ᠰᠤᠷᠭᠠᠭᠤᠯᠢ ᠳᠡᠪᠰᠢᠬᠦ ᠳᠠᠶᠢᠯᠠᠯᠭ᠎ᠠ︾᠂ ︽ᠪᠠᠭᠰᠢ ᠳᠤ ᠲᠠᠯᠠᠷᠬᠠᠬᠤ ᠳᠠᠶᠢᠯᠠᠯᠭ᠎ᠠ︾ ᠳᠤ ᠬᠠᠩᠭᠠᠨ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ | ︵ᠳᠣᠯᠤᠭ᠎ᠠ︶ ᠠᠯᠪᠠᠨ ᠤ ᠵᠣᠭᠤᠰ ᠢᠶᠠᠷ ᠲᠠᠩᠰᠠ ᠲᠠᠶᠢᠯᠬᠤ ᠪᠤᠶᠤ ᠬᠠᠮᠢᠶᠠᠷᠴᠦ ᠦᠢᠯᠡᠴᠢᠯᠡᠭᠦ ᠡᠲᠡᠭᠡᠳ ᠢ | ᠬᠠᠮᠢᠶᠠᠷᠬᠤ ᠲᠡᠷᠭᠡ ᠬᠥᠰᠬᠡ᠂ ᠬᠤᠭᠤᠯᠠᠨ ᠲᠢᠩᠬᠢᠮ ᠬᠤᠭᠤᠯᠠᠨ ᠬᠡᠷ ᠵᠡᠷᠭᠡ ᠶᠢ ︽ᠰᠤᠷᠭᠠᠭᠤᠯᠢ ᠲᠡᠪᠰᠢᠭᠦ | ᠳᠠᠶᠢᠯᠠᠯᠭ᠎ᠠ︾᠂ ︽ᠪᠠᠭᠰᠢ ᠳᠤ ᠲᠠᠯᠠᠷᠬᠠᠬᠤ ᠳᠠᠶᠢᠯᠠᠯᠭ᠎ᠠ︾ ᠳᠤ ᠬᠠᠩᠭᠠᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ | ︵ᠨᠠᠢᠮᠠ︶ ᠠᠯᠪᠠᠨ ᠵᠣᠭᠤᠰ ᠢᠶᠠᠷ ᠳᠠᠩᠰᠠ ᠲᠠᠶᠢᠯᠬᠤ ᠪᠤᠶᠤ ᠬᠠᠮᠢᠶᠠᠷᠴᠤ ᠦᠢᠯᠡᠴᠢᠯᠡᠬᠦ ᠡᠲᠡᠭᠡᠳ ᠠᠴᠠ ᠡᠯ᠎ᠡ | ᠵᠦᠢᠯ ᠤᠨ ᠬᠡᠯᠪᠡᠷᠢ ᠮᠠᠶ᠋ᠢᠭ ᠢᠶᠠᠷ ︽ᠰᠤᠷᠭᠠᠭᠤᠯᠢ ᠲᠠᠪᠰᠢᠭᠦ ᠳᠠᠶᠢᠯᠠᠯᠭ᠎ᠠ︾᠂ ︽ᠪᠠᠭᠰᠢ ᠳᠤ ᠲᠠᠯᠠᠷᠬᠠᠬᠤ ᠳᠠᠶᠢᠯᠠᠯᠭ᠎ᠠ | ︾ ᠶᠢᠨ ᠵᠠᠷᠤᠳᠠᠯ ᠥᠭᠬᠦ ᠶᠢ ᠴᠢᠩᠭ᠎ᠠ ᠴᠠᠭᠠᠵᠠᠯᠠᠨ᠎ᠠ᠃ | ᠬᠤᠶᠠᠷ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠶ᠎ᠠ ᠭᠠᠵᠠᠷ ᠤᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ | ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ | ᠨᠢᠭᠡᠴᠡ ᠶᠢᠨ ᠺᠠᠳ᠋ᠷ ᠠᠵᠢᠯᠲᠠᠨ ᠠᠵᠢᠯᠴᠢᠨ ᠢ ᠰᠤᠷᠭᠠᠨ ᠬᠥᠮᠦᠵᠢᠭᠦᠯᠵᠦ ᠬᠢᠨᠠᠨ ᠬᠠᠮᠢᠶᠠᠷᠬᠤ ᠪᠠᠨ ᠴᠢᠩᠭᠠᠳᠬᠠᠵᠤ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠰᠤᠷᠭᠠᠭᠤᠯᠢ ᠲᠡᠪᠰᠢᠭᠦ ᠦᠷ᠎ᠡ ᠬᠡᠦᠬᠡᠳ ᠲᠠᠢ ᠨᠠᠮ ᠤᠨ | ᠭᠡᠰᠢᠭᠦᠨ᠂ ᠠᠯᠪᠠᠨ ᠲᠤᠰᠢᠶᠠᠯᠲᠠᠨ ᠳᠤ ᠰᠠᠨᠠᠭᠤᠯᠤᠨ ᠶᠠᠷᠢᠯᠴᠠᠵᠤ᠂ ᠨᠠᠮ ᠤᠨ ᠭᠡᠰᠢᠭᠦᠨ᠂ ᠠᠯᠪᠠᠨ ᠲᠤᠰᠢᠶᠠᠯᠲᠠᠨ ᠢ | ᠰᠢᠮᠳᠠᠭᠤᠯᠵᠤ ᠪᠠᠶᠢᠭᠠᠳ ᠬᠤᠯᠪᠣᠭᠳᠠᠯ ᠪᠥᠬᠦᠶ ᠰᠠᠬᠢᠯᠭ᠎ᠠ ᠪᠠᠲᠤ ᠲᠣᠭᠲᠠᠭᠠᠯ ᠢ ᠴᠢᠩᠭ᠎ᠠ ᠵᠢᠷᠤᠮᠯᠠᠭᠤᠯᠵᠤ᠂ ᠥᠷᠭᠡᠨ | ᠣᠯᠠᠨ ᠨᠠᠮ ᠤᠨ ᠭᠡᠰᠢᠭᠦᠨ ᠺᠠᠳ᠋ᠷ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ︽ᠰᠤᠷᠭᠠᠭᠤᠯᠢ ᠲᠡᠪᠰᠢᠭᠦ | ᠳᠠᠶᠢᠯᠠᠯᠭ᠎ᠠ︾᠂ ︽ᠪᠠᠭᠰᠢ ᠳᠤ ᠲᠠᠯᠠᠷᠬᠠᠬᠤ ᠳᠠᠶᠢᠯᠠᠯᠭ᠎ᠠ︾ ᠵᠡᠷᠭᠡ ᠶᠢ ᠶᠡᠬᠡᠪᠡᠷ ᠡᠷᠭᠢᠯᠡᠬᠦ ᠲᠥᠪ ᠪᠤᠰᠤ ᠰᠤᠷᠲᠠᠯ ᠢ | ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠶ᠃ | ᠭᠤᠷᠪᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠭᠦ | ᠬᠡᠷᠡᠭᠳᠡᠢ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠤᠰᠬᠠᠶ ᠪᠠᠶᠢᠴᠠᠭᠠᠯᠲᠠ | ᠥᠷᠨᠢᠭᠦᠯᠬᠦ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠢᠯᠡ ᠪᠠᠷ ᠪᠠᠶᠢᠴᠠᠭᠠᠨ ᠳᠠᠯᠳᠠᠭᠤᠷ ᠰᠤᠷᠪᠤᠯᠵᠢᠯᠠᠬᠤ ᠵᠡᠷᠭᠡ | ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠲᠦᠷᠢᠮ ᠠᠴᠠ ᠵᠥᠷᠢᠴᠡᠨ ︽ᠰᠤᠷᠭᠠᠭᠤᠯᠢ ᠲᠡᠪᠰᠢᠭᠦ ᠳᠠᠶᠢᠯᠠᠯᠭ᠎ᠠ︾ | ᠂ ︽ᠪᠠᠭᠰᠢ ᠳᠤ ᠲᠠᠯᠠᠷᠬᠠᠬᠤ ᠳᠠᠶᠢᠯᠠᠯᠭ᠎ᠠ︾ ᠶᠢᠨ ᠠᠰᠠᠭᠤᠳᠠᠯ ᠢ ᠴᠢᠩᠭ᠎ᠠ ᠠᠩᠬᠠᠷᠴᠤ᠂ ᠬᠢᠨᠠᠨ ᠪᠠᠶᠢᠴᠠᠭᠠᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠵᠠᠷᠯᠢᠭ ᠪᠠᠶᠢᠬᠤ ᠳᠤ ᠬᠡᠷᠡᠭᠵᠢᠭᠦᠯᠬᠦ ᠥᠬᠡᠶ᠂ | ᠴᠠᠭᠠᠵᠠᠯᠠᠵᠤ ᠪᠠᠶᠢᠬᠤ ᠳᠤ ᠵᠣᠭᠰᠣᠬᠤ ᠥᠬᠡᠶ᠂ ᠲᠣᠭᠲᠠᠭᠠᠯ ᠠᠴᠠ ᠵᠥᠷᠢᠴᠡᠨ ︽ᠰᠤᠷᠭᠠᠭᠤᠯᠢ ᠲᠡᠪᠰᠢᠭᠦ ᠳᠠᠶᠢᠯᠠᠯᠭ᠎ᠠ | ︾᠂ ︽ᠪᠠᠭᠰᠢ ᠳᠤ ᠲᠠᠯᠠᠷᠬᠠᠬᠤ ᠳᠠᠶᠢᠯᠠᠯᠭ᠎ᠠ︾ ᠡᠷᠭᠢᠯᠡᠵᠦ ᠪᠠᠶᠢᠭᠠᠳ ᠵᠠᠪᠰᠢᠶᠠᠨ ᠢ ᠳᠠᠯᠢᠮᠳᠠᠭᠤᠯᠤᠨ ᠡᠳ᠋ ᠠᠰᠢᠭ | ᠤᠯᠬᠤ ᠪᠠ ᠳᠠᠯᠳᠠ ᠤᠨᠳᠤᠤᠰᠢᠭᠰᠠᠨ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ | ᠰᠢᠢᠳᠪᠦᠷᠢᠯᠡᠵᠦ᠂ ᠶᠠᠭᠠᠬᠢᠭᠰᠠᠨ ᠴᠤ ᠨᠠᠶᠢᠷ ᠲᠠᠯᠪᠢᠬᠤ ᠥᠬᠡᠶ᠂ ᠶᠠᠭᠠᠬᠢᠭᠰᠠᠨ ᠴᠤ ᠢᠯᠳᠠᠷ ᠬᠠᠶᠠᠬᠤ ᠥᠬᠡᠶ᠃ ︽ | ᠨᠢᠭᠡ ᠬᠡᠷᠡᠭ ᠢ ᠬᠤᠶᠠᠷ ᠲᠠᠯ᠎ᠠ ᠪᠠᠷ ᠪᠠᠶᠢᠴᠠᠭᠠᠬᠤ︾ ᠶᠢ ᠪᠠᠷᠢᠮᠲᠠᠯᠠᠵᠤ᠂ ᠰᠦᠷᠦᠨ ᠬᠢᠵᠦ ᠰᠠᠬᠢᠯᠭ᠎ᠠ ᠪᠠᠲᠤ ᠶᠢ | ᠵᠥᠷᠢᠴᠡᠭᠰᠡᠨ᠂ ᠨᠡᠶᠢᠭᠡᠮ ᠳᠤ ᠮᠠᠭᠤ ᠨᠥᠯᠥᠭᠡ ᠭᠠᠷᠭᠠᠭᠰᠠᠨ ᠲᠤᠬᠠᠢ ᠶᠢᠨ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠬᠦ | ᠮᠥᠷᠲᠡᠭᠡᠨ ᠪᠠᠰᠠ ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠵᠦ᠂ ᠭᠤᠷᠢᠳᠠᠬᠤ | ᠪᠤᠳᠤᠯ ᠢ ᠡᠷᠡᠰ ᠠᠷᠢᠯᠭᠠᠵᠤ᠂ ᠴᠢᠩᠭ᠎ᠠ ᠬᠦᠴᠦᠲᠡᠢ ᠬᠠᠷᠢᠭᠤᠴᠠᠯᠭ᠎ᠠ ᠨᠡᠬᠡᠮᠵᠢᠯᠡᠬᠦ ᠪᠠᠷ ᠰᠠᠬᠢᠯᠭ᠎ᠠ ᠪᠠᠲᠤ ᠶᠢ ᠵᠠᠪᠠᠯ | ᠴᠢᠩᠭ᠎ᠠ ᠬᠡᠷᠡᠭᠵᠢᠭᠦᠯᠬᠦ ᠴᠢᠩᠭ᠎ᠠ ᠲᠤᠬᠢᠶ᠎ᠠ ᠲᠠᠯᠪᠢᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠪᠠ ᠨᠡᠶᠢᠭᠡᠮ ᠤᠨ | ᠬᠡᠪ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠭᠡᠷ | 2022 ᠤᠨ ᠤ 6 ᠰᠠᠷ᠎ᠠ ᠶᠢᠨ 6 ᠤ ᠡᠳᠦᠷ |