2022 ᠣᠨ ᠤ ᠬᠦᠷᠢᠶ᠎ᠡ ᠬᠤᠰᠢᠭᠤᠨ ᠤ ᠠᠵᠤ ᠦᠢᠯᠡᠰ ᠤᠨ ᠳᠠᠭᠠᠭᠤᠯᠤᠭᠴᠢ ᠶᠢᠨ ᠪᠣᠯᠪᠠᠰᠤᠷᠠᠯ ᠤᠨ ᠲᠥᠷᠥᠯ ᠵᠦᠢᠯ ᠢ ᠭᠤᠷᠪᠠᠳᠠᠬᠢ ᠡᠲᠡᠭᠡᠳ ᠤᠨ ᠪᠣᠯᠪᠠᠰᠤᠷᠠᠯ ᠤᠨ ᠪᠠᠶᠢᠭᠤᠯᠤᠮᠵᠢ ᠳᠤ ᠨᠠᠶᠢᠳᠠᠬᠤ ᠵᠠᠷᠯᠠᠯ
ᠨᠡᠶᠢᠲᠡᠯᠡᠭᠰᠡᠨ ᠴᠠᠭ᠄
2022/7/27
   2022 ᠣᠨ ᠳᠤ ᠬᠦᠷᠢᠶ᠎ᠡ ᠬᠤᠰᠢᠭᠤᠨ ᠤ ᠠᠵᠤ ᠦᠢᠯᠡᠰ ᠤᠨ ᠳᠠᠭᠠᠭᠤᠯᠤᠭᠴᠢ ᠶᠢᠨ ᠪᠣᠯᠪᠠᠰᠤᠷᠠᠯ ᠤᠨ ᠲᠥᠷᠥᠯ ᠵᠦᠢᠯ ︵ᠬᠤᠰᠢᠭᠤᠨ ᠳᠣᠲᠣᠷᠠᠬᠢ ᠪᠣᠯᠪᠠᠰᠤᠷᠠᠯ ᠤᠨ ᠬᠡᠰᠡᠭ︶ ᠳᠤ 25 ᠲᠦᠮᠡᠨ ᠲᠥᠭᠦᠷᠢᠭ ᠤᠨ ᠪᠠᠯᠠ ᠣᠷᠣᠭᠤᠯᠵᠤ᠂ 100 ᠬᠥᠮᠦᠨ ᠢ ᠪᠣᠯᠪᠠᠰᠤᠷᠠᠭᠤᠯᠵᠤ᠂ ᠬᠤᠶᠠᠷ ᠬᠤᠭᠤᠴᠠᠭᠠᠨ ᠤ ᠪᠣᠯᠪᠠᠰᠤᠷᠠᠯ ᠬᠦᠷᠲᠡᠭᠡᠨ᠎ᠡ᠂ ᠪᠣᠯᠪᠠᠰᠤᠷᠠᠯ ᠤᠨ ᠠᠭᠤᠯᠭ᠎ᠠ ᠨᠢ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠂ ᠳᠠᠷᠢᠵᠤ ᠲᠡᠵᠢᠭᠡᠬᠦ ᠮᠡᠷᠭᠡᠵᠢᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠬᠠᠮᠢᠶ᠎ᠠ ᠪᠥᠬᠦᠶ ᠮᠡᠳᠡᠯᠭᠡ ᠪᠠᠷ ᠭᠤᠤᠯ ᠪᠣᠯᠭᠠᠨ᠎ᠠ︔ ᠦᠷ᠎ᠡ ᠠᠰᠢᠭ ᠤᠨ ᠪᠠᠶᠢᠳᠠᠯ᠄ ᠪᠣᠯᠪᠠᠰᠤᠷᠠᠭᠤᠯᠬᠤ ᠪᠠᠷ ᠳᠡᠮᠵᠢᠨ᠂ ᠨᠢᠭᠡ ᠪᠦᠯᠦᠭ ᠭᠠᠴᠠᠭ᠎ᠠ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠭᠤᠤᠯᠯᠠᠭᠴᠢ ᠬᠦᠴᠦᠨ ᠢ ᠬᠥᠮᠦᠵᠢᠭᠦᠯᠵᠦ᠂ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ ᠳᠤ ᠴᠢᠩᠭ᠎ᠠ ᠬᠦᠴᠦᠲᠡᠶ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠦᠴᠢᠷᠳᠡᠯᠲᠡᠶ ᠣᠯᠠᠨ ᠲᠦᠮᠡᠨ ᠢ ᠨᠠᠩ ᠰᠠᠶᠢᠲᠤᠷ ᠳᠠᠶᠢᠴᠢᠯᠠᠨ ᠲᠣᠭᠲᠠᠭᠤᠨ ᠢᠶᠠᠷ ᠪᠠᠶᠠᠵᠢᠭᠤᠯᠵᠤ ᠣᠷᠣᠯᠭ᠎ᠠ ᠶᠢ ᠨᠢ ᠨᠡᠮᠡᠭᠳᠡᠭᠦᠯᠦᠨ᠎ᠡ᠃ ︽2022 ᠣᠨ ᠤ ᠬᠦᠷᠢᠶ᠎ᠡ ᠬᠤᠰᠢᠭᠤᠨ ᠤ ᠠᠵᠤ ᠦᠢᠯᠡᠰ ᠤᠨ ᠳᠠᠭᠠᠭᠤᠯᠤᠭᠴᠢ ᠶᠢ ᠪᠣᠯᠪᠠᠰᠤᠷᠠᠭᠤᠯᠬᠤ ᠠᠵᠢᠯ ᠤᠨ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ 2022 ᠣᠨ ᠤ 7 ᠰᠠᠷ᠎ᠠ ᠶᠢᠨ 22 ᠤᠨ ᠡᠳᠦᠷ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠭᠤᠷᠪᠠᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠷᠭᠠᠭᠰᠠᠨ ᠪᠣᠯᠪᠠᠰᠤᠷᠠᠭᠤᠯᠤᠯ ᠤᠨ ᠵᠠᠷᠤᠳᠠᠯ ᠤᠨ ᠦᠨ᠎ᠡ ᠬᠠᠩᠰᠢ᠂ ᠪᠣᠯᠪᠠᠰᠤᠷᠠᠭᠤᠯᠤᠯ ᠤᠨ ᠲᠥᠰᠦᠯ ᠤᠨ ᠵᠦᠶ ᠵᠣᠬᠢᠰᠲᠤ ᠴᠢᠨᠠᠷ᠂ ᠪᠣᠯᠪᠠᠰᠤᠷᠠᠭᠤᠯᠤᠯ ᠤᠨ ᠠᠭᠤᠯᠭ᠎ᠠ ᠶᠢᠨ ᠰᠢᠨ᠎ᠡ ᠰᠣᠷᠭᠤᠭ ᠴᠢᠨᠠᠷ ᠵᠡᠷᠭᠡ ᠶᠢ ᠶᠡᠷᠦᠩᠬᠡᠶᠢᠯᠡᠨ ᠬᠢᠨᠠᠨ ᠲᠣᠭᠲᠠᠭᠠᠵᠤ᠂ ᠬᠦᠷᠢᠶ᠎ᠡ ᠬᠤᠰᠢᠭᠤᠨ ᠤ ᠱᠧᠩ ᠢ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠬᠡᠨ ᠤ ᠬᠢᠵᠠᠭᠠᠷᠲᠤ ᠺᠣᠮᠫᠠᠨᠢ 2022 ᠣᠨ ᠤ ᠬᠦᠷᠢᠶ᠎ᠡ ᠬᠤᠰᠢᠭᠤᠨ ᠤ ᠠᠵᠤ ᠦᠢᠯᠡᠰ ᠤᠨ ᠳᠠᠭᠠᠭᠤᠯᠤᠭᠴᠢ ᠶᠢ ᠪᠣᠯᠪᠠᠰᠤᠷᠠᠭᠤᠯᠬᠤ ᠡᠭᠦᠷᠭᠡ ᠶᠢ ᠡᠭᠦᠷᠭᠡᠯᠡᠬᠦ ᠪᠠᠷ ᠲᠣᠭᠲᠠᠪᠠ᠂ ᠣᠲᠣ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ ᠴᠠᠭ ᠨᠢ 1 ᠠᠵᠢᠯᠯᠠᠬᠤ ᠡᠳᠦᠷ ᠪᠣᠯᠤᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠤᠨᠳᠤᠤ ᠰᠠᠨᠠᠯ ᠲᠠᠢ ᠪᠣᠯ ᠬᠦᠷᠢᠶ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠲᠤᠰᠬᠠᠭᠠᠷᠠᠶ᠃     ᠬᠠᠷᠢᠯᠴᠠᠬᠤ ᠬᠥᠮᠦᠨ᠄ ᠵᠢᠶᠠᠩ ᠯᠧᠢ    ᠸᠠᠩ ᠽᠢ ᠬᠤᠩᠬᠠᠷᠢᠯᠴᠠᠬᠤ ᠤᠲᠠᠰᠤ᠄ 0475 - 123170475 - 2320804
 
ᠢᠷᠡᠯᠲᠡ᠄ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号