ᠪᠦᠬᠦ ᠬᠤᠰᠢᠭᠤᠨ ᠤ ᠨᠠᠰᠤᠲᠠᠶᠢᠴᠤᠳ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/7/28
ᠪᠥᠬᠦ ᠬᠤᠰᠢᠭᠤᠨ ᠤ ᠥᠷᠭᠡᠨ ᠣᠯᠠᠨ ᠨᠠᠰᠤᠲᠠᠶᠢᠴᠤᠳ ᠨᠠᠶᠢᠵᠠ ᠨᠠᠷ ᠪᠣᠯᠤᠨ ᠬᠡᠷ ᠪᠦᠯᠢ ᠶᠢᠨ ᠨᠠᠶᠢᠵᠠ ᠨᠠᠷ ᠲᠤ᠄    ᠰᠠᠶᠢᠨ ᠤᠤ︕    ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠯᠠᠨ ᠴᠡᠭ ᠲᠤ ᠲᠠᠷᠬᠠᠨ᠂ ᠤᠯᠠᠨ ᠭᠠᠵᠠᠷ ᠲᠤ ᠪᠠᠶᠢᠨ ᠲᠠᠬᠢᠨ ᠡᠭᠦᠰᠬᠦ ᠪᠠᠶᠢᠳᠠᠯ ᠢᠯᠡᠷᠡᠵᠦ ᠪᠠᠶᠢᠨ᠎ᠠ᠂ ᠢᠯᠠᠩᠭᠤᠶ᠎ᠠ ᠣᠮᠢᠺᠷᠤᠨ ᠣᠨᠳᠣᠣᠰᠢᠭᠰᠠᠨ ᠸᠢᠷᠦ᠋ᠰ᠂ ᠬᠠᠯᠳᠠᠪᠤᠷᠢᠯᠠᠬᠤ ᠨᠢ ᠨᠡᠩ ᠲᠦᠷᠭᠡᠨ᠂ ᠳᠠᠯᠳᠠᠯᠠᠬᠤ ᠴᠢᠨᠠᠷ ᠢᠶᠠᠷ ᠨᠡᠩ ᠴᠢᠩᠭ᠎ᠠ᠂ ᠰᠡᠷᠭᠡᠶᠢᠯᠡᠬᠦ ᠬᠦᠴᠢᠷᠳᠡᠯ ᠨᠡᠩ ᠶᠡᠭᠡ᠂ ᠬᠠᠯᠳᠠᠪᠤᠷᠢᠯᠠᠭᠰᠠᠳ ᠨᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠ ᠬᠦᠩᠭᠡᠨ ᠡᠪᠡᠳᠴᠢᠲᠡᠨ ᠢᠶᠠᠷ ᠤᠯᠠᠨ᠂ ᠬᠦᠨᠳᠦ ᠡᠪᠡᠳᠴᠢᠲᠡᠨ ᠨᠢ ᠭᠤᠣᠯᠳᠠᠭᠤ ᠰᠠᠭᠤᠷᠢ ᠡᠪᠡᠳᠴᠢᠨ ᠲᠠᠢ ᠨᠠᠰᠤᠲᠠᠶᠢᠴᠤᠳ ᠪᠣᠯᠤᠨ᠎ᠠ᠃ ᠰᠢᠨ᠎ᠡ ᠲᠢᠲᠢᠮᠯᠢᠭ   ᠸᠢᠷᠦ᠋ᠰ ᠤᠨ ᠸᠠᠺᠼᠢᠨ ᠢ ᠳᠠᠷᠢᠬᠤ ᠪᠣᠯ ᠬᠤᠪᠢ ᠬᠥᠮᠦᠨ ᠤ ᠬᠠᠯᠳᠠᠪᠤᠷᠢᠯᠠᠯ ᠢ ᠰᠡᠷᠭᠡᠶᠢᠯᠡᠬᠦ ᠬᠠᠮᠤᠭ ᠤᠨ ᠴᠢᠬᠤᠯᠠ ᠠᠷᠭ᠎ᠠ ᠪᠠᠷᠢᠯ ᠪᠣᠯᠤᠨ᠎ᠠ᠂ ᠢᠯᠠᠩᠭᠤᠶ᠎ᠠ ᠬᠦᠨᠳᠦ ᠡᠪᠡᠳᠴᠢᠲᠡᠨ᠂ ᠬᠦᠨᠳᠦ ᠲᠦᠭᠰᠢᠭᠦᠷᠢᠲᠡᠶ ᠡᠪᠡᠳᠴᠢᠲᠡᠨ ᠢ ᠮᠠᠰᠢ ᠰᠠᠶᠢᠨ ᠬᠠᠮᠠᠭᠠᠯᠠᠵᠤ ᠪᠠᠶᠢᠨ᠎ᠠ᠃ ᠡᠶᠢᠮᠦ ᠠᠴᠠ᠂ ︽ᠲᠠᠷᠢᠪᠠᠯ ᠵᠣᠬᠢᠬᠤ ᠪᠦᠬᠦᠨ ᠢ ᠲᠠᠷᠢᠬᠤ︾᠂ ︽ᠠᠯᠢ ᠲᠦᠷᠭᠡᠨ︾ ᠵᠠᠷᠴᠢᠮ ᠢᠶᠠᠷ᠂ ᠪᠦᠬᠦ ᠨᠡᠶᠢᠭᠡᠮ ᠢᠶᠠᠷ ᠢᠶᠠᠨ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠢ ᠲᠠᠷᠢᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃    ᠲᠥᠭᠡᠷᠢᠭᠳᠡᠯ ᠤᠨ ᠲᠠᠶᠢᠯᠪᠤᠷᠢ ᠨᠢᠭᠡ᠄ ᠴᠥᠭᠡᠨ ᠪᠤᠰᠤ ᠨᠠᠰᠤᠲᠠᠶᠢᠴᠤᠳ ᠥᠪᠡᠷ ᠢ ᠪᠠᠨ ᠭᠠᠳᠠᠭᠰᠢ ᠭᠠᠷᠬᠤ ᠥᠬᠡᠶ ᠪᠣᠯᠬᠤᠷ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠥᠬᠡᠶ ᠶᠤᠮ ᠭᠡᠵᠦ ᠦᠵᠡᠳᠡᠭ᠃ ᠦᠨᠡᠨ ᠳᠡᠭᠡᠨ᠂ ᠭᠡᠷ ᠠᠴᠠ ᠭᠠᠷᠬᠤ ᠦᠭᠡᠢ ᠴᠤ ᠸᠢᠷᠦ᠋ᠰ ᠬᠠᠯᠳᠠᠪᠤᠷᠢᠯᠠᠬᠤ ᠪᠣᠯᠤᠯᠴᠠᠭ᠎ᠠ ᠮᠥᠨ ᠯᠡ ᠣᠷᠣᠰᠢᠵᠤ ᠪᠠᠶᠢᠨ᠎ᠠ᠃ ᠣᠳᠣᠬᠠᠨ ᠳᠤ᠂ ᠸᠢᠷᠦ᠋ᠰ ᠤᠨ ᠬᠠᠯᠳᠠᠪᠤᠷᠢᠯᠠᠬᠤ ᠵᠠᠮ ᠨᠢ ᠠᠮᠢᠰᠬᠤᠯ ᠤᠨ ᠵᠠᠮ ᠤᠨ ᠡᠷᠡᠳᠡᠰᠦ ᠪᠠᠷ ᠰᠢᠭᠤᠳ ᠬᠠᠯᠳᠠᠪᠤᠷᠢᠯᠠᠬᠤ ᠪᠠ ᠬᠦᠷᠦᠯᠴᠡᠵᠦ ᠬᠠᠯᠳᠠᠪᠤᠷᠢᠯᠠᠬᠤ ᠠᠴᠠ ᠭᠠᠳᠠᠨ᠎ᠠ ᠪᠠᠰᠠ ᠬᠡᠢ ᠴᠠᠪᠠᠤᠯᠢᠭ ᠠᠭᠤᠰᠤᠮᠠᠯ ᠢᠶᠠᠷ ᠬᠠᠯᠳᠠᠪᠤᠷᠢᠯᠠᠬᠤ᠂ ᠸᠢᠷᠦ᠋ᠰ ᠲᠠᠢ ᠪᠣᠳᠠᠰ ᠲᠠᠢ ᠬᠦᠷᠦᠯᠴᠡᠵᠦ ᠬᠠᠯᠳᠠᠪᠤᠷᠢᠯᠠᠬᠤ ᠵᠡᠷᠭᠡ ᠵᠠᠮ ᠮᠥᠷ ᠪᠠᠶᠢᠬᠤ ᠪᠥᠭᠡᠳ ᠤᠯᠤᠰ ᠤᠨ ᠳᠣᠲᠣᠭᠠᠳᠤ ᠳᠤ ᠮᠠᠰᠢ ᠣᠯᠠᠨ ᠠᠳᠠᠯᠢᠪᠲᠤᠷ ᠡᠪᠡᠳᠴᠢᠨ ᠤ ᠵᠢᠱᠢᠶ᠎ᠡ ᠭᠠᠷᠴᠤ ᠪᠠᠶᠢᠨ᠎ᠠ ᠃ ᠡᠭᠦᠨ ᠠᠴᠠ ᠭᠠᠳᠠᠨ᠎ᠠ᠂ ᠬᠡᠷ ᠲᠠᠬᠢ ᠪᠤᠰᠤᠳ ᠬᠥᠮᠦᠰ ᠵᠢᠴᠢ ᠲᠥᠷᠥᠯ ᠰᠠᠳᠤᠨ᠂ ᠨᠠᠶᠢᠵᠠ ᠨᠠᠷ ᠨᠢ ᠴᠦ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠢ ᠬᠡᠷ ᠲᠡᠭᠡᠨ ᠠᠪᠴᠢᠷᠠᠭᠰᠠᠨ ᠠᠴᠠ ᠬᠡᠷ ᠲᠠᠬᠢ ᠨᠠᠰᠤᠲᠠᠶᠢᠴᠤᠳ ᠨᠢ ᠬᠠᠯᠳᠠᠪᠤᠷᠢᠯᠠᠭᠳᠠᠬᠤ ᠪᠠ ᠡᠪᠡᠳᠴᠢᠯᠡᠬᠦ ᠳᠤ ᠬᠦᠷᠦᠭᠦᠯᠵᠦ ᠮᠡᠳᠡᠨ᠎ᠡ᠃ ᠡᠭᠦᠨ ᠠᠴᠠ ᠭᠠᠳᠠᠨ᠎ᠠ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ ᠤᠨ ᠬᠡᠲᠦ ᠳᠡᠯᠭᠡᠭᠦᠷ᠂ ᠬᠤᠷᠢᠮ ᠪᠠ ᠣᠷᠤᠰᠢᠭᠤᠯᠤᠯᠭ᠎ᠠ ᠶᠢᠨ ᠶᠠᠪᠤᠳᠠᠯ ᠤᠨ ᠴᠤᠭᠯᠠᠷᠠᠯ ᠬᠤᠭᠤᠯᠠ᠂ ᠨᠠᠰᠤᠲᠠᠶᠢᠴᠤᠳ ᠤᠨ ᠬᠥᠳᠡᠯᠭᠡᠭᠡᠨ ᠤ ᠲᠠᠰᠤᠭ᠂ ᠰᠢᠲᠠᠷ᠎ᠠ ᠬᠥᠵᠥᠷ ᠤᠨ ᠲᠠᠰᠤᠭ ᠵᠡᠷᠭᠡ ᠨᠠᠰᠤᠲᠠᠶᠢᠴᠤᠳ ᠤᠨ ᠬᠤᠷᠠᠨ ᠴᠤᠭᠯᠠᠷᠠᠬᠤ ᠲᠠᠯᠠᠪᠤᠷ ᠪᠣᠯ ᠴᠥᠮ ᠬᠢᠵᠢᠭ ᠳᠡᠯᠭᠡᠷᠡᠬᠦ ᠲᠦᠭᠰᠢᠭᠦᠷᠢ ᠶᠡᠬᠡᠲᠡᠶ ᠲᠠᠯᠠᠪᠤᠷ ᠪᠣᠯᠤᠨ᠎ᠠ᠃ ᠡᠭᠦᠨ ᠤ ᠳᠡᠭᠡᠷ᠎ᠡ ᠨᠠᠰᠤᠲᠠᠶᠢᠴᠤᠳ ᠦᠷᠭᠦᠯᠵᠢ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ ᠵᠡᠷᠭᠡ ᠤᠳᠠᠭᠠᠨ ᠴᠢᠨᠠᠷᠲᠠᠶ ᠰᠠᠭᠤᠷᠢ ᠡᠪᠡᠳᠴᠢᠨ ᠳᠠᠪᠬᠤᠴᠠᠵᠤ᠂ ᠡᠭᠡᠯᠢᠯᠡᠬᠦ ᠴᠢᠳᠠᠪᠤᠷᠢ ᠨᠢ ᠬᠠᠷᠢᠴᠠᠩᠭᠤᠶ ᠪᠠᠷ ᠨᠡᠯᠢᠶᠡᠳ ᠪᠠᠭᠤᠷᠠᠶ ᠪᠠᠶᠢᠳᠠᠭ ᠪᠣᠯᠬᠤᠷ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠲᠦᠭᠰᠢᠭᠦᠷᠢ ᠨᠢ ᠨᠠᠩ ᠶᠡᠭᠡ ᠪᠠᠶᠢᠵᠤ᠂ ᠬᠠᠯᠳᠠᠪᠤᠷᠢᠯᠠᠭᠰᠠᠨ ᠤ ᠳᠠᠷᠠᠭ᠎ᠠ ᠬᠦᠨᠳᠦ ᠡᠪᠡᠳᠴᠢᠨ ᠪᠣᠯᠬᠤ᠂ ᠬᠦᠨᠳᠦ ᠲᠦᠭᠰᠢᠭᠦᠷᠢᠲᠡᠶ ᠡᠪᠡᠳᠴᠢᠨ ᠤ ᠬᠠᠷᠢᠴᠠᠯ ᠨᠢ ᠨᠠᠩ ᠥᠨᠳᠥᠷ ᠪᠠᠶᠢᠳᠠᠭ᠃   ᠲᠥᠭᠡᠷᠢᠭᠳᠡᠯ ᠤᠨ ᠲᠠᠶᠢᠯᠪᠤᠷᠢ ᠬᠤᠶᠠᠷ᠄ ᠴᠥᠭᠡᠨ ᠪᠤᠰᠤ ᠨᠠᠰᠤᠲᠠᠶᠢᠴᠤᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠤ ᠳᠠᠷᠠᠭᠠᠬᠢ ᠭᠠᠵᠢᠭᠤ ᠦᠢᠯᠡᠳᠦᠯ ᠶᠡᠭᠡ ᠭᠡᠵᠦ ᠰᠠᠨᠠᠭᠠᠰᠢᠷᠠᠵᠤ ᠪᠠᠶᠢᠬᠤ ᠪᠣᠯᠬᠤᠷ ᠸᠠᠺᠼᠢᠨ ᠤ ᠲᠠᠷᠢᠯᠭ᠎ᠠ ᠬᠢᠬᠦ ᠳᠤ ᠡᠷᠡᠭᠡᠯᠵᠡᠭᠡ ᠲᠠᠢ ᠪᠠᠶᠢᠨ᠎ᠠ᠃ ᠦᠢᠯᠡᠳᠦᠯᠭᠡ ᠭᠡᠷᠡᠴᠢᠯᠡᠭᠰᠡᠨ ᠢᠶᠠᠷ᠂ ᠨᠠᠰᠤᠲᠠᠶᠢᠴᠤᠳ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠠᠷᠢᠬᠤ ᠨᠢ ᠲᠦᠢᠯ ᠤᠨ ᠠᠮᠤᠷ ᠲᠦᠪᠰᠢᠨ ᠶᠤᠮ ᠃ ᠣᠳᠣᠬᠠᠨ ᠳᠤ᠂ ᠪᠥᠬᠦ ᠳᠡᠯᠡᠬᠡᠶ ᠳᠤ ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠢ ᠬᠢᠭᠰᠡᠨ ᠨᠠᠰᠤᠲᠠᠶᠢᠴᠤᠳ ᠨᠢᠭᠡᠨᠲᠡ ᠬᠡᠳᠦᠨ ᠳ᠋ᠦᠩᠰᠢᠭᠤᠷ ᠤᠳᠠᠭ᠎ᠠ ᠬᠦᠷᠴᠦ᠂ ᠬᠠᠮᠤᠭ ᠤᠨ ᠶᠡᠭᠡ ᠳᠡᠭᠡᠨ 106 ᠨᠠᠰᠤ ᠬᠦᠷᠴᠦ᠂ ᠪᠥᠬᠦ ᠶᠠᠪᠤᠴᠠ ᠶᠢ ᠪᠡᠶᠡᠯᠡᠭᠦᠯᠦᠭᠰᠡᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠨᠢᠭᠡᠨᠲᠡ 2 ᠳ᠋ᠦᠩᠰᠢᠭᠤᠷ ᠬᠥᠮᠦᠨ ᠢ ᠳᠠᠪᠠᠵᠠᠶ᠃ ᠲᠤᠭ᠎ᠠ ᠪᠠᠷᠢᠮᠲᠠ ᠶᠢᠨ ᠪᠦᠷᠢᠳᠬᠡᠯ ᠢᠶᠠᠷ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠦ ᠪᠠᠶᠢᠭ᠎ᠠ ᠨᠠᠰᠤᠲᠠᠶᠢᠴᠤᠳ ᠤᠨ ᠮᠠᠭᠤ ᠲᠤᠰᠬᠠᠯ ᠭᠠᠷᠬᠤ ᠨᠣᠷᠮ᠎ᠠ ᠨᠢ ᠨᠠᠩ ᠴᠤ ᠵᠠᠯᠠᠭᠤᠴᠤᠳ ᠠᠴᠠ ᠳᠤᠤᠷ᠎ᠠ ᠪᠠᠶᠢᠳᠠᠭ᠂ ᠡᠶᠢᠮᠦ ᠠᠴᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠨᠢ ᠨᠠᠰᠤᠲᠠᠶᠢᠴᠤᠳ ᠲᠤ ᠠᠪᠴᠤ ᠬᠡᠯᠡᠪᠡᠯ ᠠᠮᠤᠷ ᠲᠦᠪᠰᠢᠨ ᠶᠤᠮ᠃ ᠮᠠᠨ ᠤ ᠬᠤᠰᠢᠭᠤᠨ ᠳᠤ ᠪᠠᠰᠠ ᠮᠠᠰᠢ ᠣᠯᠠᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠠᠷᠢᠭᠤᠯᠤᠭᠰᠠᠨ ᠵᠠᠭᠤ ᠣᠷᠴᠢᠮ ᠨᠠᠰᠤᠲᠠᠶ ᠨᠠᠰᠤᠲᠠᠨ ᠪᠣᠶ᠂ ᠳᠠᠷᠢᠭᠰᠠᠨ ᠤ ᠳᠠᠷᠠᠭ᠎ᠠ ᠴᠥᠮ ᠮᠠᠰᠢ ᠠᠮᠤᠷ ᠲᠦᠪᠰᠢᠨ ᠪᠠᠶᠢᠨ᠎ᠠ᠃    ᠲᠥᠭᠡᠷᠢᠭᠳᠡᠯ ᠤᠨ ᠲᠠᠶᠢᠯᠪᠤᠷᠢ ᠭᠤᠷᠪᠠ᠄ ᠴᠥᠭᠡᠨ ᠪᠤᠰᠤ ᠨᠠᠰᠤᠲᠠᠶᠢᠴᠤᠳ ᠥᠪᠡᠷ ᠢ ᠪᠠᠨ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠡᠳ ᠣᠷᠳᠣ ᠬᠤᠭᠤᠴᠠᠭ᠎ᠠ ᠪᠠᠷ ᠡᠮ ᠤᠤᠭᠤᠵᠤ ᠪᠠᠶᠢᠬᠤ ᠪᠣᠯᠬᠤᠷ ᠲᠠᠷᠢᠯᠭ᠎ᠠ ᠬᠢᠬᠦ ᠳᠤ ᠳᠣᠭᠢᠷᠠᠬᠤ ᠥᠬᠡᠶ ᠭᠡᠵᠦ ᠦᠵᠡᠳᠡᠭ᠃ ᠨᠠᠰᠤᠲᠠᠶᠢᠴᠤᠳ ᠤᠨ ᠵᠠᠷᠢᠮ ᠨᠢ ᠵᠢᠷᠦᠬᠡᠨ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠪᠠ ᠰᠢᠬᠢᠷ ᠰᠢᠵᠢᠩ ᠡᠪᠡᠳᠴᠢᠨ ᠵᠡᠷᠭᠡ ᠰᠠᠭᠤᠷᠢ ᠴᠢᠨᠠᠷᠲᠠᠶ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠳᠡᠭ᠃ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠮᠡᠷᠭᠡᠵᠢᠯ ᠤᠨ ᠲᠥᠰᠦᠯ ᠪᠣᠯᠤᠨ ᠲᠤᠰᠬᠠᠶ ᠮᠡᠷᠭᠡᠵᠢᠯᠲᠡᠨ ᠠᠴᠠ᠂ ᠡᠷᠡᠭᠦᠯ ᠮᠡᠨᠳᠦ ᠶᠢᠨ ᠪᠠᠶᠢᠳᠠᠯ ᠲᠣᠭᠲᠠᠭᠤᠨ᠂ ᠡᠮ ᠢᠶᠠᠷ ᠨᠡᠯᠢᠶᠡᠳ ᠰᠠᠶᠢᠨ ᠡᠵᠡᠮᠳᠡᠵᠦ ᠪᠠᠶᠢᠭ᠎ᠠ ᠤᠳᠠᠭᠠᠨ ᠴᠢᠨᠠᠷᠲᠠᠶ ᠡᠪᠡᠳᠴᠢᠨ ᠲᠠᠢ ᠬᠥᠮᠦᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠦ ᠪᠣᠯᠤᠨ᠎ᠠ ᠭᠡᠵᠦ ᠰᠠᠨᠠᠯ ᠨᠢᠭᠡᠲᠡᠢ ᠵᠢᠭᠠᠵᠤ ᠭᠠᠷᠭᠠᠭᠰᠠᠨ ᠪᠠᠶᠢᠨ᠎ᠠ᠃ ᠶᠡᠷᠦᠳᠡ ᠪᠠᠨ ᠰᠠᠭᠤᠷᠢ ᠡᠪᠡᠳᠴᠢᠨ ᠲᠠᠢ ᠬᠥᠮᠦᠨ ᠳᠤ ᠸᠠᠺᠼᠢᠨ ᠲᠠᠷᠢᠬᠤ ᠨᠢ ᠬᠡᠪ ᠤᠨ ᠪᠤᠰᠤ ᠤᠷᠪᠠᠯ ᠨᠡᠮᠡᠭᠳᠡᠬᠦ ᠦᠭᠡᠢ᠃ ᠦᠨᠡᠨ ᠳᠡᠭᠡᠨ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠬᠠᠷᠢᠴᠠᠩᠭᠤᠶ ᠪᠠᠷ ᠨᠡᠯᠢᠶᠡᠳ ᠪᠠᠭᠤᠷᠠᠶ ᠂ ᠢᠯᠠᠩᠭᠤᠶ᠎ᠠ ᠤᠳᠠᠭᠠᠨ ᠴᠢᠨᠠᠷᠲᠠᠶ ᠡᠪᠡᠳᠴᠢᠨ᠂ ᠰᠠᠭᠤᠷᠢ ᠴᠢᠨᠠᠷᠲᠠᠶ ᠡᠪᠡᠳᠴᠢᠨ ᠳᠤ ᠨᠡᠷᠪᠡᠭᠳᠡᠭᠰᠡᠨ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠲᠣᠬᠢᠶᠠᠯᠳᠤᠮᠵᠢ ᠨᠢ ᠨᠠᠩ ᠥᠨᠳᠥᠷ ᠪᠠᠶᠢᠵᠤ᠂ ᠡᠷᠡᠭᠦᠯ ᠮᠡᠨᠳᠦ ᠳᠤ ᠤᠴᠠᠷᠠᠭᠤᠯᠬᠤ ᠬᠤᠬᠢᠷᠠᠯ ᠨᠢ ᠨᠠᠩ ᠶᠡᠭᠡ ᠪᠠᠶᠢᠳᠠᠭ᠃ ᠡᠶᠢᠮᠦ ᠠᠴᠠ᠂ ᠨᠠᠰᠤᠲᠠᠶᠢᠴᠤᠳ ᠤᠨ ᠡᠷᠡᠭᠡᠯᠵᠡᠭᠡ ᠪᠠᠨ ᠪᠠᠭᠠᠰᠬᠠᠵᠤ᠂ ᠠᠯᠢ ᠲᠦᠷᠭᠡᠨ ᠢᠶᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠦ᠂ ᠥᠪᠡᠷ ᠤᠨ ᠮᠠᠭᠠᠳᠯᠠᠯ ᠠᠴᠠ ᠪᠣᠯᠵᠤ ᠸᠠᠺᠼᠢᠨ ᠤ ᠬᠠᠮᠠᠭᠠᠯᠠᠯᠲᠠ ᠶᠢᠨ ᠲᠣᠬᠢᠶᠠᠯ ᠢ ᠠᠯᠳᠠᠵᠤ ᠪᠣᠯᠬᠤ ᠥᠬᠡᠶ᠃    ᠥᠷᠭᠡᠨ ᠤᠯᠠᠨ ᠨᠠᠰᠤᠲᠠᠶᠢᠴᠤᠳ ᠪᠣᠯᠤᠨ ᠭᠡᠷ ᠪᠦᠯᠢ ᠶᠢᠨ ᠬᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠠᠷᠢᠬᠤ ᠪᠣᠯ ᠠᠷᠠᠳ ᠢᠷᠭᠡᠳ ᠤᠨ ᠭᠦᠢᠴᠡᠳᠬᠡᠪᠡᠰᠦ ᠵᠣᠬᠢᠬᠤ ᠨᠡᠶᠢᠭᠡᠮ ᠤᠨ ᠬᠠᠷᠢᠭᠤᠴᠠᠯᠭ᠎ᠠ ᠮᠥᠨ᠂ ᠪᠠᠰᠠ ᠴᠤ ᠨᠡᠶᠢᠭᠡᠮ ᠤᠨ ᠡᠭᠦᠷᠭᠡ ᠮᠥᠨ᠃ ᠣᠳᠣᠬᠠᠨ ᠳᠤ᠂ ᠪᠥᠬᠦ ᠬᠤᠰᠢᠭᠤᠨ ᠤ ᠡᠯ᠎ᠡ ᠸᠠᠺᠼᠢᠨ ᠤ ᠲᠠᠷᠢᠯᠭ᠎ᠠ ᠶᠢᠨ ᠴᠡᠭ ᠨᠢ ᠴᠥᠮ ᠨᠠᠰᠤᠲᠠᠶᠢᠴᠤᠳ ᠲᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠭᠰᠡᠨ ᠪᠥᠭᠡᠳ ᠲᠦᠷ ᠴᠠᠭ ᠤᠨ ᠲᠠᠷᠢᠯᠭ᠎ᠠ ᠶᠢᠨ ᠴᠡᠭ ᠪᠠ ᠨᠡᠭᠦᠳᠡᠯ ᠲᠠᠷᠢᠯᠭ᠎ᠠ ᠶᠢᠨ ᠠᠩᠭᠢ ᠶᠢ ᠨᠡᠮᠡᠵᠦ ᠪᠠᠶᠢᠭᠤᠯᠪᠠ᠃ ᠨᠠᠰᠤᠲᠠᠶᠢᠴᠤᠳ ᠤᠨ ᠥᠪᠡᠷ ᠤᠨ ᠪᠡᠶ᠎ᠡ᠂ ᠭᠡᠷ ᠤᠨ ᠬᠥᠮᠦᠰ᠂ ᠨᠡᠶᠢᠭᠡᠮ ᠳᠤ ᠬᠠᠷᠢᠭᠤᠴᠠᠬᠤ ᠣᠪᠣᠷ ᠢᠶᠠᠷ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠢ᠂ ᠰᠠᠨᠠᠭᠠᠴᠢᠯᠠᠭ᠎ᠠ ᠠᠴᠠ ᠪᠠᠨ᠂ ᠡᠷᠲᠡᠬᠡᠨ ᠲᠠᠷᠢᠵᠤ᠂ ᠬᠠᠵᠠᠭᠤ ᠠᠴᠠ ᠬᠠᠷᠠᠭᠴᠢ ᠪᠣᠯᠬᠤ ᠦᠭᠡᠢ᠂ ᠬᠤᠯᠪᠤᠭᠳᠠᠯ ᠦᠭᠡᠢ ᠬᠥᠮᠦᠨ ᠪᠣᠯᠬᠤ ᠦᠭᠡᠢ ᠪᠠᠶᠢᠬᠤ ᠶᠢ ᠪᠢᠳᠡ ᠰᠠᠨᠠᠭᠠᠴᠢᠯᠠᠵᠤ ᠪᠠᠶᠢᠨ᠎ᠠ︔ ᠨᠠᠰᠤᠲᠠᠶᠢᠴᠤᠳ ᠤᠨ ᠦᠷ᠎ᠡ ᠬᠡᠦᠬᠡᠳ᠂ ᠲᠥᠷᠥᠯ ᠰᠠᠳᠤᠨ ᠨᠢ ᠨᠠᠰᠤᠲᠠᠶᠢᠴᠤᠳ ᠢ ᠢᠳᠡᠪᠬᠢᠲᠡᠶ ᠪᠠᠷ ᠳᠠᠶᠢᠴᠢᠯᠠᠨ ᠸᠠᠺᠼᠢᠨ ᠤ ᠲᠠᠷᠢᠯᠭ᠎ᠠ ᠬᠢᠯᠭᠡᠬᠦ ᠶᠢᠨ ᠬᠠᠮᠲᠤ᠂ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠳᠡᠮᠵᠢᠯᠭᠡ ᠦᠵᠡᠭᠦᠯᠦᠭᠡᠷᠡᠢ᠃ ᠡᠷᠲᠡ ᠨᠢᠭᠡ ᠡᠳᠦᠷ ᠲᠠᠷᠢᠪᠠᠯ ᠡᠷᠲᠡ ᠨᠢᠭᠡ ᠡᠳᠦᠷ ᠬᠠᠮᠠᠭᠠᠯᠠᠨ᠎ᠠ᠂ ᠢᠯᠡᠭᠦᠦ ᠨᠢᠭᠡ ᠬᠥᠮᠦᠨ ᠲᠠᠷᠢᠪᠠᠯ ᠪᠦᠬᠦ ᠭᠡᠷ ᠢᠶᠠᠷ ᠢᠶᠠᠨ ᠢᠯᠡᠭᠦᠦ ᠨᠢᠭᠡ ᠬᠤᠪᠢ ᠰᠠᠨᠠᠭ᠎ᠠ ᠠᠮᠤᠷ ᠪᠣᠯᠤᠨ᠎ᠠ᠃    ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠲᠠᠨ ᠤ ᠲᠤᠰᠠᠯᠠᠮᠵᠢ ᠦᠵᠡᠭᠦᠯᠬᠦ ᠶᠢ ᠬᠦᠰᠡᠵᠦ ᠪᠠᠶᠢᠨ᠎ᠠ︕                    ᠬᠦᠷᠢᠶ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ                    ᠠᠭᠤᠰᠬᠢᠨ  ᠦᠷᠪᠢᠰᠦᠯ   ᠢ  ᠰᠡᠷᠭᠡᠶᠢᠯᠡᠨ  ᠡᠵᠡᠮᠳᠡᠬᠦ  ᠠᠵᠢᠯ  ᠤᠨ  ᠵᠢᠯᠣᠭᠤᠳᠬᠤ  ᠭᠠᠵᠠᠷ                                                   2022 ᠣᠨ ᠤ 7 ᠳ᠋ᠤᠭᠠᠷ ᠰᠠᠷ᠎ᠠ ᠶᠢᠨ 27 ᠤ ᠡᠳᠦᠷ
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ ᠤᠨ ᠬᠢᠲᠡᠳ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号