︽ᠬᠦᠷᠢᠶ᠎ᠡ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/7/5
ᠡᠳᠦᠭᠡ ︽ᠬᠦᠷᠢᠶ᠎ᠡ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢᠨ ᠠᠭᠤᠯᠭ᠎ᠠ ᠳᠤ ᠳᠤᠤᠷᠠᠬᠢ ᠮᠡᠲᠦ ᠲᠠᠶᠢᠯᠤᠮᠵᠢ ᠬᠢᠪᠡ᠄     ᠨᠢᠭᠡ᠂ ᠵᠠᠰᠠᠪᠤᠷᠢ ᠣᠷᠣᠭᠤᠯᠬᠤ ᠠᠷᠭ᠎ᠠ ᠶᠢᠨ ᠠᠬᠤᠶ ᠪᠠᠶᠢᠳᠠᠯ᠄     ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠵᠦ᠂ ᠨᠤᠲᠤᠭ ᠪᠡᠯᠴᠢᠭᠡᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠰᠢᠭᠯᠠᠵᠦ᠂ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠭᠤᠵᠢᠷᠠᠵᠤ ᠡᠯᠡᠰᠦᠷᠬᠡᠭᠵᠢᠬᠦ ᠶᠢ ᠪᠦᠲᠦᠮᠵᠢᠲᠡᠶ ᠬᠤᠷᠢᠭᠯᠠᠨ᠂ ᠡᠯ᠎ᠡ ᠵᠦᠢᠯ ᠤᠨ ᠲᠡᠵᠢᠭᠡᠯ ᠡᠪᠡᠰᠦᠨ ᠳᠤ ᠠᠮᠤᠷᠵᠢᠭᠤᠯᠤᠨ ᠰᠡᠷᠭᠦᠬᠡᠭᠦ ᠨᠥᠬᠦᠴᠡᠯ ᠢ ᠪᠦᠷᠢᠯᠳᠦᠭᠦᠯᠦᠨ ᠦᠭᠴᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠦᠷᠭᠡᠨ ᠰᠡᠷᠭᠦᠬᠦ ᠶᠢ ᠠᠬᠢᠭᠤᠯᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠪᠠ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠰᠠᠶᠢᠨ ᠣᠷᠴᠢᠯ ᠢ  ᠪᠡᠶᠡᠯᠡᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠥᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠥᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠲᠥᠷᠢᠮ︾ ︽ᠬᠠᠭᠠᠯᠪᠤᠷᠢᠯᠠᠬᠤ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠴᠠᠭᠠᠵᠠᠯᠠᠨ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠲᠦᠩᠯᠢᠶᠣᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠤᠨ ᠬᠠᠮᠢᠶ᠎ᠠ ᠪᠥᠬᠦᠢ ᠲᠣᠭᠲᠠᠭᠠᠯ ᠢ ᠦᠨᠳᠦᠰᠦᠯᠡᠨ᠂ ᠪᠥᠬᠦ ᠬᠤᠰᠢᠭᠤᠨ ᠤ ᠬᠠᠮᠢᠶ᠎ᠠ ᠪᠥᠬᠦᠢ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠨᠡᠶᠢᠲᠡᠯᠡᠪᠡ᠃     ᠬᠤᠶᠠᠷ᠂ ᠦᠨᠳᠦᠰᠦᠨ ᠵᠠᠷᠴᠢᠮ     ᠨᠢᠭᠡ ᠳᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ︔ ᠬᠤᠶᠠᠷ ᠲᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠᠷ ᠬᠠᠷᠠᠯᠲᠠ ᠪᠣᠯᠭᠠᠨ᠂ ᠠᠶᠠᠨᠳᠠᠭᠠᠨ ᠰᠡᠷᠭᠦᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠨ᠎ᠠ︔ ᠭᠤᠷᠪᠠ ᠳᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠤᠭᠤᠳᠴᠦ᠂ ᠬᠠᠷᠢᠭᠤᠴᠠᠯᠭ᠎ᠠ ᠡᠷᠬᠡ ᠶᠢ ᠲᠤᠳᠤᠷᠬᠠᠶᠢᠯᠠᠵᠦ᠂ ᠱᠠᠩᠨᠠᠬᠤ ᠪᠠ ᠰᠢᠢᠳᠬᠡᠭᠦ ᠶᠢ ᠵᠡᠷᠭᠡ ᠳᠤᠨᠢ ᠬᠡᠷᠡᠭᠵᠢᠭᠦᠯᠭᠦ ᠵᠠᠷᠴᠢᠮ ᠢ ᠪᠠᠷᠢᠮᠳᠠᠯᠠᠨ᠎ᠠ᠃     ᠭᠤᠷᠪᠠ᠂ ︽ᠠᠷᠭ᠎ᠠ︾ ᠶᠢᠨ ᠬᠡᠷᠡᠭᠯᠡᠭᠳᠡᠬᠦ ᠬᠡᠪᠴᠢᠶ᠎ᠡ     ︽ᠠᠷᠭ᠎ᠠ︾ ᠶᠢᠨ ᠬᠤᠶᠠᠳᠤᠭᠠᠷ ᠵᠤᠷᠪᠤᠰ ᠲᠤ ᠲᠣᠭᠲᠠᠭᠠᠭᠰᠠᠨ ᠨᠢ᠂ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠣᠷᠣᠨ ᠳᠤ ᠮᠠᠯ ᠰᠦᠷᠦᠭ ᠲᠡᠵᠢᠭᠡᠵᠦ ᠪᠠᠶᠢᠭ᠎ᠠ ᠨᠢᠬᠡᠴᠢ ᠪᠠ ᠬᠤᠪᠢ ᠬᠥᠮᠦᠨ ᠵᠢᠴᠢ ᠡᠯ᠎ᠡ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠠᠵᠢᠯᠲᠠᠳ ᠡᠷᠬᠡᠪᠰᠢ ᠲᠣᠰ ᠬᠠᠮᠢᠶᠠᠷᠤᠯᠲᠠ ᠶᠢᠨ ᠠᠷᠭ᠎ᠠ ᠶᠢ ᠵᠢᠷᠤᠮᠯᠠᠬᠤ ᠬᠡᠷᠡᠭᠲᠡᠶ᠃     ᠳᠥᠷᠪᠡ᠂ ︽ᠠᠷᠭ᠎ᠠ︾ ᠶᠢᠨ ᠭᠤᠤᠯ ᠠᠭᠤᠯᠭ᠎ᠠ     ︽ᠠᠷᠭ᠎ᠠ︾ ᠳᠤ ᠭᠤᠤᠯᠳᠠᠭᠤ ᠲᠠᠪᠤᠨ ᠲᠠᠯ᠎ᠠ ᠶᠢᠨ ᠠᠭᠤᠯᠭ᠎ᠠ ᠪᠠᠭᠲᠠᠨ᠎ᠠ᠄     ᠨᠢᠭᠡᠳᠦᠭᠡᠷ ᠪᠦᠯᠦᠭ ᠲᠤ᠂ ᠬᠠᠤᠯᠢ ᠴᠠᠭᠠᠵᠠ ᠶᠢᠨ ᠦᠨᠳᠦᠰᠦᠯᠡᠯ ᠢ ᠲᠣᠳᠣᠷᠬᠠᠶᠢᠯᠠᠵᠤ᠂ ᠪᠦᠬᠦ ᠬᠤᠰᠢᠭᠤᠨ ᠤ ᠬᠡᠪᠴᠢᠶᠡᠨ ᠳᠤ ᠪᠦᠬᠦ ᠣᠷᠣᠨ ᠪᠦᠰᠡ᠂ ᠪᠦᠬᠦ ᠴᠠᠭ᠂ ᠪᠦᠬᠦ ᠮᠠᠯ ᠤᠨ ᠲᠦᠷᠦᠯ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ ᠬᠡᠭᠡᠷ᠎ᠡ ᠮᠠᠯᠵᠢᠬᠤ ᠠᠯᠢᠪᠠ ᠠᠵᠢᠯᠯᠠᠭ᠎ᠠ ᠶᠢ ᠴᠠᠭᠠᠵᠠᠯᠠᠵᠤ᠂ ᠪᠦᠬᠦ ᠮᠠᠯ ᠤᠨ  ᠲᠦᠷᠦᠯ ᠳᠤ ᠬᠠᠰᠢᠶᠠᠯᠠᠨ ᠲᠡᠵᠢᠭᠡᠵᠦ ᠠᠷᠠᠴᠢᠯᠠᠬᠤ ᠶᠢ ᠬᠡᠷᠡᠭᠵᠢᠭᠦᠯᠦᠨ᠎ᠡ᠃     ᠬᠤᠶᠠᠳᠤᠭᠠᠷ ᠪᠦᠯᠦᠭ ᠲᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠣᠯᠤᠨ ᠬᠠᠮᠢᠶᠠᠷᠤᠯᠲᠠ ᠶᠢᠨ ᠵᠠᠷᠴᠢᠮ ᠢ ᠲᠣᠳᠣᠷᠬᠠᠶᠢᠯᠠᠵᠤ᠂ ᠬᠤᠰᠢᠭᠤ ᠰᠢᠶᠠᠩ ᠬᠤᠶᠠᠷ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠤᠨ᠂ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠬᠠᠤᠯᠢ ᠬᠡᠷᠡᠭᠵᠢᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ︔ ᠡᠯ᠎ᠡ ᠭᠠᠴᠠᠭ᠎ᠠ ᠲᠣᠰᠬᠤᠨ ᠪᠡᠯᠴᠢᠬᠡᠷᠯᠡᠭᠦᠯᠭᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠢ ᠲᠣᠭᠤᠷᠢᠨ ᠪᠠᠶᠢᠴᠠᠭᠠᠬᠤ ᠡᠩᠨᠡᠭᠡ ᠪᠠᠶᠢᠭᠤᠯᠤᠨ᠎ᠠ᠃     ᠭᠤᠷᠪᠠᠳᠤᠭᠠᠷ ᠪᠦᠯᠦᠭ ᠲᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ᠂ ᠰᠢᠯᠭᠠᠨ ᠬᠢᠨᠠᠬᠤ ᠲᠦᠷᠢᠮ᠂ ᠮᠡᠳᠡᠭᠡ ᠵᠠᠩᠭᠢ ᠮᠡᠳᠡᠭᠦᠯᠬᠦ ᠲᠦᠷᠢᠮ ᠪᠠ ᠬᠤᠶᠢᠰᠢᠳᠠ ᠶᠢᠨ ᠮᠠᠯᠴᠢᠨ ᠲᠠᠷᠢᠶᠠᠴᠢᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠳᠣᠷᠬᠠᠶᠢᠯᠠᠪᠠ᠃     ᠳᠥᠷᠪᠡᠳᠦᠭᠡᠷ ᠪᠦᠯᠦᠭ᠂ ᠬᠢᠨᠠᠯᠲᠠ ᠲᠠᠯᠪᠢᠵᠤ ᠬᠠᠮᠢᠶᠠᠷᠬᠤ ᠪᠣᠳᠠᠲᠠᠶ ᠳᠦᠷᠢᠮ ᠪᠠ ᠢᠯᠡᠴᠢᠯᠡᠨ ᠮᠡᠳᠡᠭᠦᠯᠬᠦ ᠬᠠᠮᠢᠶᠠᠷᠤᠯᠲᠠ ᠶᠢᠨ ᠠᠷᠭ᠎ᠠ ᠶᠢ ᠲᠤᠳᠤᠷᠬᠠᠶᠢᠯᠠᠪᠠ᠃     ᠲᠠᠪᠤᠳᠤᠭᠠᠷ ᠪᠦᠯᠦᠭ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠷᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠲᠠ ᠪᠣᠯᠤᠨ ᠰᠢᠳᠬᠡᠨ ᠲᠣᠷᠭᠠᠬᠤ ᠪᠠᠷᠢᠮᠵᠢᠶ᠎ᠠ ᠶᠢ ᠲᠤᠳᠤᠷᠬᠠᠶᠢᠯᠠᠪᠠ᠃     ᠲᠠᠪᠤ᠂ ᠱᠠᠩᠨᠠᠵᠤ ᠲᠣᠷᠭᠠᠬᠤ ᠠᠷᠭ᠎ᠠ     ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠠᠵᠢᠯ ᠤᠨ ᠳᠤᠮᠳᠠ ᠬᠠᠤᠯᠢ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠤ ᠬᠠᠮᠲᠤ ᠴᠠᠭ ᠲᠤᠬᠠᠶ ᠳᠤᠨᠢ ᠢᠯᠡᠴᠢᠯᠡᠨ ᠮᠡᠳᠡᠭᠦᠯᠦᠭᠰᠡᠨ ᠢ ᠨᠢ ᠢᠳᠡᠪᠬᠢᠲᠡᠶ ᠪᠠᠷ ᠬᠥᠬᠢᠭᠦᠯᠦᠨ ᠱᠠᠩᠨᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠥᠯᠥᠭᠡ ᠪᠠᠷ ᠬᠦᠨᠳᠦ ᠶᠡᠭᠡ ᠬᠡᠷᠡᠭ ᠢ ᠣᠯᠠᠨ ᠳᠤ ᠢᠯᠡ ᠢᠯᠡᠴᠢᠯᠡᠨ ᠦᠵᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠠᠵᠢᠯᠲᠠᠨ ᠬᠠᠤᠯᠢ ᠬᠡᠷᠡᠭᠵᠢᠭᠦᠯᠬᠦ ᠶᠠᠪᠤᠴᠠ ᠳᠤ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠪᠤᠶᠤ ᠬᠠᠤᠯᠢ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠣᠯ ᠬᠠᠤᠯᠢ ᠶᠣᠰᠣᠭᠠᠷ ᠰᠢᠢᠳᠬᠡᠯ ᠤᠯᠭᠤᠨ᠎ᠠ᠃     ᠵᠢᠷᠭᠤᠭ᠎ᠠ᠂ ︽ᠠᠷᠭ᠎ᠠ︾ ᠨᠢ ᠡᠯ᠎ᠡ ᠱᠠᠲᠤᠨ ᠤ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠳᠤᠮᠳᠠᠬᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠ ᠪᠣᠳᠠᠲᠠᠶᠢᠵᠢᠭᠤᠯᠪᠠ᠃    ︽ᠠᠷᠭ᠎ᠠ︾ ᠶᠢᠨ ᠳᠣᠯᠣᠳᠤᠭᠠᠷ ᠵᠦᠢᠯ ᠳᠤ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠪᠣᠯ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠤᠷᠭᠤᠭᠤᠯᠬᠤ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ᠂ ᠲᠣᠰ ᠠᠷᠭ᠎ᠠ ᠶᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠵᠤ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠮᠡᠳᠡᠭᠡ ᠵᠠᠩᠭᠢ ᠮᠡᠳᠡᠭᠦᠯᠬᠦ ᠲᠦᠷᠢᠮ ᠢ ᠪᠠᠶᠢᠭᠤᠯᠤᠨ᠎ᠠ ᠭᠡᠵᠦ ᠲᠣᠳᠣᠷᠬᠠᠶ ᠲᠣᠭᠲᠠᠭᠠᠵᠠᠶ᠃
 
ᠢᠷᠡᠯᠲᠡ᠄ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号