2022 ᠣᠨ ᠤ 6 ᠳ᠋ᠤᠭᠠᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠬᠦ ᠴᠠᠭ ᠢᠶᠠᠨ ᠤᠷᠲᠤᠳᠬᠠᠬᠤ | ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠦᠢᠯᠡᠴᠢᠯᠡᠭᠡᠨ ᠲᠠᠷᠬᠠᠭᠠᠭᠰᠠᠨ | ︹2022︺ 60 ᠳ᠋ᠤᠭᠠᠷ ᠲᠣᠭᠠᠲᠤ᠂ ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠵᠠᠢ᠂ ᠨᠡᠶᠢᠭᠡᠮ ᠨᠡᠶᠢᠲᠡ ᠳᠤ ︽ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠵᠥᠪ | ᠣᠶᠢᠯᠠᠭᠠᠭᠤᠯᠬᠤ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃ | ᠨᠢᠭᠡ᠂ ᠦᠢᠯᠡᠴᠢᠯᠡᠬᠦ ᠴᠠᠭ ᠢᠶᠠᠨ ᠤᠷᠲᠤᠳᠬᠠᠬᠤ ᠭᠡᠵᠦ ᠶᠠᠭᠤ ᠪᠤᠢ︖ | ᠦᠢᠯᠡᠴᠢᠯᠡᠬᠦ ᠴᠠᠭ ᠢᠶᠠᠨ ᠤᠷᠲᠤᠳᠬᠠᠬᠤ ᠭᠡᠳᠡᠭ ᠨᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡ ᠬᠡᠷᠡᠭᠰᠡᠬᠦ ᠬᠦᠮᠦᠰ ᠤᠨ ᠱᠠᠭᠠᠷᠳᠠᠯᠭ᠎ᠠ ᠪᠠᠷ | ᠠᠵᠢᠯᠯᠠᠬᠤ ᠴᠠᠭ ᠢᠶᠠᠨ ᠤᠷᠲᠤᠳᠬᠠᠬᠤ ᠶᠢ ᠵᠢᠭᠠᠵᠤ ᠪᠣᠶ᠃ | ᠬᠤᠶᠠᠷ᠂ ᠶᠠᠭᠤᠨ ᠳᠤ ︽ᠲᠥᠰᠦᠯ︾ ᠢ ᠲᠣᠭᠲᠠᠭᠠᠨ ᠨᠡᠶᠢᠲᠡᠯᠡᠭᠰᠡᠨ ᠪᠤᠢ︖ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ | ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ | ᠲᠠᠷᠬᠠᠭᠠᠭᠰᠠᠨ ︹2022︺ 5 ᠳ᠋ᠤᠭᠠᠷ ᠲᠣᠭᠠᠲᠤ︶ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ﹀ ᠶᠢ | ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2021︺ 28 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ | ᠲᠥᠰᠦᠯ︾ ᠢ ᠰᠤᠳᠤᠯᠤᠨ ᠲᠣᠭᠲᠠᠭᠠᠭᠠᠳ᠂ ︽ᠠᠵᠢᠯ ᠤᠨ ᠴᠠᠭ ᠲᠤ ᠬᠦᠢᠴᠡᠳᠬᠡᠬᠦ ᠵᠠᠪ ᠥᠬᠡᠶ︾ ︽ | ᠠᠮᠠᠷᠠᠯᠲᠠ ᠶᠢᠨ ᠴᠠᠭ ᠲᠤ ᠭᠦᠢᠴᠡᠳᠬᠡᠬᠦ ᠭᠠᠵᠠᠷ ᠥᠬᠡᠶ︾ ︽ᠭᠦᠢᠴᠡᠳᠬᠡᠵᠦ ᠳᠠᠭᠤᠰᠤᠭ᠎ᠠ ᠥᠬᠡᠶ ᠠᠴᠠ ᠲᠠᠬᠢᠨᠳᠠ | ᠬᠦᠶᠦᠬᠦ︾ ᠵᠡᠷᠭᠡ ᠬᠦᠴᠢᠷ ᠠᠰᠠᠭᠤᠳᠠᠯ ᠤᠳ ᠢ ᠦᠨᠡᠨ ᠬᠦ ᠰᠢᠢᠳᠪᠦᠷᠢᠯᠡᠵᠦ᠂ ᠪᠥᠬᠦ ᠣᠷᠣᠨ ᠤ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠳ ︽ᠡᠷᠲᠡ ᠣᠷᠣᠶ ᠶᠢᠨ ᠴᠠᠭ ᠢᠶᠠᠨ ᠤᠶᠠᠨ ᠬᠠᠲᠠᠨ ᠢᠶᠠᠷ | ᠲᠣᠬᠢᠷᠠᠭᠤᠯᠤᠨ ᠠᠵᠢᠯᠯᠠᠬᠤ︾ ︽ᠦᠳᠡ ᠳᠤ ᠲᠠᠰᠤᠯᠳᠠᠭᠤᠯᠬᠤ ᠥᠬᠡᠶ︾ ︽ᠭᠠᠷᠠᠭ ᠤᠨ ᠰᠡᠭᠦᠯᠴᠢ ᠳᠤ ᠠᠮᠠᠷᠠᠬᠤ | ᠥᠬᠡᠶ︾ ᠵᠡᠷᠭᠡ ᠬᠠᠮᠢᠶ᠎ᠠ ᠪᠥᠬᠦᠶ ᠦᠢᠯᠡᠴᠢᠯᠡᠬᠦ ᠴᠠᠭ ᠢᠶᠠᠨ ᠤᠷᠲᠤᠳᠬᠠᠭᠰᠠᠨ ᠦᠢᠯᠡᠴᠢᠯᠡᠭᠡ ᠬᠠᠩᠭᠠᠵᠤ᠂ ᠠᠵᠤ | ᠠᠬᠤᠶᠢᠯᠠᠯ ᠪᠠ ᠣᠯᠠᠨ ᠲᠦᠮᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ | ᠬᠠᠩᠭᠠᠨ᠂ ᠠᠵᠤ ᠠᠬᠤᠶᠢᠯᠠᠯ ᠪᠠ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ | ᠤᠯᠠᠮ ᠨᠢᠭᠡ ᠠᠯᠬᠤᠮ ᠨᠡᠮᠡᠭᠳᠡᠭᠦᠯᠦᠨ᠎ᠡ᠃ | ᠭᠤᠷᠪᠠ᠂ ᠬᠠᠮᠢᠭ᠎ᠠ ᠬᠠᠮᠢᠭ᠎ᠠ ᠦᠢᠯᠡᠴᠢᠯᠡᠬᠦ ᠴᠠᠭ ᠢᠶᠠᠨ ᠤᠷᠲᠤᠳᠬᠠᠬᠤ ᠪᠤᠢ︖ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠠᠵᠤ ᠠᠬᠤᠶᠢᠯᠠᠯ | ᠪᠠ ᠣᠯᠠᠨ ᠲᠦᠮᠡᠨ ᠳᠤ ᠦᠢᠯᠡᠴᠢᠯᠡᠬᠦ ᠴᠠᠭ ᠢᠶᠠᠨ ᠤᠷᠲᠤᠳᠬᠠᠨ᠎ᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ | ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ | ᠵᠢᠴᠢ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠢᠯᠡᠴᠢᠯᠡᠬᠦ | ᠴᠠᠭ ᠢᠶᠠᠨ ᠤᠷᠲᠤᠳᠬᠠᠬᠤ ᠶᠢ ᠵᠣᠷᠢᠭᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ᠂ ᠬᠤᠪᠢᠶᠠᠷᠢ ᠲᠥᠪ ᠨᠢ 2022 ᠣᠨ ᠤ 7 ᠳ᠋ᠤᠭᠠᠷ ᠰᠠᠷ᠎ᠠ ᠶᠢᠨ 16 ᠤ ᠡᠳᠦᠷ ᠠᠴᠠ ᠡᠬᠢᠯᠡᠨ᠂ | ᠦᠢᠯᠡᠴᠢᠯᠡᠬᠦ ᠴᠠᠭ ᠢᠶᠠᠨ ᠤᠷᠲᠤᠳᠬᠠᠨ᠎ᠠ᠃ ᠨᠢᠭᠡ ᠳᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ᠂ ᠬᠤᠪᠢᠶᠠᠷᠢ ᠲᠥᠪ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠴᠣᠩᠬᠤᠪᠴᠢ ᠨᠢ | ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠪᠦᠷᠢ ᠶᠢᠨ 9᠄ 00 — 12᠄ 00 ᠴᠠᠭ ᠪᠣᠯᠲᠠᠯ᠎ᠠ ᠭᠥᠯᠢᠶᠡᠨ | ᠠᠪᠴᠤ ᠰᠢᠢᠳᠪᠦᠷᠢᠯᠡᠵᠦ ᠪᠣᠯᠬᠤ ᠵᠦᠢᠯᠡᠰ ᠢ ᠦᠢᠯᠡᠴᠢᠯᠡᠬᠦ ᠴᠠᠭ ᠢᠶᠠᠨ ᠤᠷᠲᠤᠳᠬᠠᠨ ᠭᠦᠢᠴᠡᠳᠬᠡᠨ᠎ᠡ ︵ᠡᠯ᠎ᠡ | ᠭᠠᠵᠠᠷ ᠣᠷᠣᠨ ᠨᠤᠭᠤᠳ ᠪᠣᠳᠠᠲᠠᠶ ᠪᠠᠶᠢᠳᠠᠯ ᠢᠶᠠᠨ ᠦᠨᠳᠦᠰᠦᠯᠡᠨ ᠦᠢᠯᠡᠴᠢᠯᠡᠭᠡᠨ ᠤ ᠴᠠᠭ ᠢᠶᠠᠨ ᠤᠷᠲᠤᠳᠬᠠᠨ᠎ᠠ︶᠃ | ᠬᠤᠶᠠᠷ ᠲᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ | ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠲᠤ᠂ ᠦᠢᠯᠡᠴᠢᠯᠡᠭᠦᠯᠬᠦ ᠬᠦᠮᠦᠰ ᠰᠢᠢᠳᠪᠦᠷᠢᠯᠡᠵᠦ ᠳᠠᠭᠤᠰᠤᠭᠠᠳᠤᠶ | ᠵᠦᠢᠯᠡᠰ ᠢ ᠶᠠᠭ ᠭᠦᠢᠴᠡᠳᠬᠡᠵᠦ ᠪᠠᠶᠢᠭ᠎ᠠ ᠦᠶ᠎ᠡ ᠳᠤ᠂ ᠦᠢᠯᠡᠴᠢᠯᠡᠭᠡᠨ ᠤ ᠠᠵᠢᠯᠲᠠᠨ ᠰᠠᠨᠠᠭᠠᠴᠢᠯᠠᠭ᠎ᠠ ᠠᠴᠠ ᠪᠠᠨ | ᠴᠠᠭ ᠢᠶᠠᠨ ᠤᠷᠲᠤᠳᠬᠠᠨ ᠭᠦᠢᠴᠡᠳᠬᠡᠵᠦ ᠳᠠᠭᠤᠰᠲᠠᠯ᠎ᠠ ᠦᠢᠯᠡᠴᠢᠯᠡᠨ᠎ᠡ᠃ ᠭᠤᠷᠪᠠ ᠳᠤ᠂ ᠦᠨᠡᠬᠡᠷ ᠣᠬᠤᠷ | ᠬᠤᠭᠤᠴᠠᠭᠠᠨ ᠤ ᠳᠣᠲᠣᠷ᠎ᠠ ᠲᠥᠪᠯᠡᠷᠡᠭᠦᠯᠦᠨ ᠰᠢᠢᠳᠪᠦᠷᠢᠯᠡᠬᠦ ᠴᠢᠬᠤᠯᠠᠲᠠᠶ ᠵᠠᠰᠠᠭ ᠤᠨ ᠶᠠᠪᠤᠳᠠᠯ ᠤᠨ ᠦᠢᠯᠡᠴᠢᠯᠡᠬᠦ | ᠵᠦᠢᠯᠡᠰ ᠲᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠪᠠᠶᠢᠳᠠᠯ ᠢ ᠦᠨᠳᠦᠰᠦᠯᠡᠨ | ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠤᠨ ᠣᠷᠣᠢ ᠶᠢᠨ ᠴᠠᠭ ᠪᠠ ᠪᠠᠶᠠᠷ ᠳᠤᠷᠠᠰᠬᠠᠯ ᠤᠨ ᠡᠳᠦᠷ ᠤᠨ | ᠠᠮᠠᠷᠠᠯᠲᠠ ᠶᠢᠨ ᠬᠤᠭᠤᠴᠠᠭᠠᠨ ᠳᠤ ᠦᠢᠯᠡᠴᠢᠯᠡᠨ᠎ᠡ᠃ ᠳᠥᠷᠪᠡ ᠳᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ 24 ᠴᠠᠭ ᠤᠨ ᠠᠦ᠋ᠲ᠋ᠣ᠋ ᠦᠢᠯᠡᠴᠢᠯᠡᠭᠡ ᠬᠠᠩᠭᠠᠵᠤ᠂ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠳ ᠲᠤ ᠪᠣᠯᠵᠣᠬᠤ ᠦᠢᠯᠡᠴᠢᠯᠡᠭᠡ ᠬᠠᠩᠭᠠᠵᠤ᠂ | ᠰᠦᠯᠵᠢᠶᠡᠨ ᠳᠡᠭᠡᠷ᠎ᠡ ᠭᠦᠢᠴᠡᠳᠬᠡᠬᠦ ᠵᠦᠢᠯᠡᠰ ᠲᠤ ᠴᠠᠭ ᠢᠶᠠᠨ ᠤᠷᠲᠤᠳᠬᠠᠨ ᠦᠢᠯᠡᠴᠢᠯᠡᠨ᠎ᠡ᠃ | ᠳᠥᠷᠪᠡ᠂ ᠶᠠᠮᠠᠷ ᠶᠠᠮᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠦᠢᠯᠡᠴᠢᠯᠡᠬᠦ ᠴᠠᠭ ᠢ | ᠤᠷᠲᠤᠳᠬᠠᠵᠤ ᠪᠣᠯᠬᠤ ᠪᠣᠶ︖ | ᠭᠤᠤᠯᠳᠠᠭᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ | ᠂ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ | ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠪᠠᠭᠲᠠᠭᠠᠨ᠎ᠠ᠃ | ᠲᠠᠪᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠬᠦ ᠴᠠᠭ ᠢᠶᠠᠨ | ᠤᠷᠲᠤᠳᠬᠠᠬᠤ ᠠᠵᠢᠯ ᠢ ᠬᠡᠷᠬᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠤᠢ︖ | ᠨᠢᠭᠡ ᠳᠤ᠂ ᠠᠵᠢᠯ ᠤᠨ ᠠᠭᠤᠯᠭ᠎ᠠ ᠶᠢ ᠲᠣᠳᠣᠷᠬᠠᠶᠢᠯᠠᠪᠠ᠃ ᠡᠯ᠎ᠡ ᠭᠠᠵᠠᠷ ᠣᠷᠣᠨ ᠨᠤᠭᠤᠳ ︽ᠲᠥᠰᠦᠯ︾ ᠢ | ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠦᠢᠯᠡᠴᠢᠯᠡᠬᠦ | ᠴᠠᠭ ᠢᠶᠠᠨ ᠤᠷᠲᠤᠳᠬᠠᠬᠤ ᠶᠢ ᠬᠡᠷᠡᠭᠵᠢᠭᠦᠯᠬᠦ ᠲᠥᠰᠦᠯ ᠲᠣᠭᠲᠠᠭᠠᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠪᠣᠳᠠᠲᠠᠶ ᠪᠠᠨ ᠦᠨᠳᠦᠰᠦᠯᠡᠨ᠂ ᠠᠵᠢᠯ ᠶᠠᠪᠤᠳᠠᠯ ᠭᠦᠢᠴᠡᠳᠬᠡᠬᠦ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠦᠢᠯᠡᠴᠢᠯᠡᠬᠦ ᠴᠠᠭ ᠢ ᠤᠷᠲᠤᠳᠬᠠᠭᠰᠠᠨ ᠴᠣᠩᠬᠤᠪᠴᠢ ᠶᠢ ᠵᠦᠶ | ᠵᠣᠬᠢᠰᠲᠠᠶ ᠪᠠᠷ ᠨᠡᠭᠡᠭᠡᠬᠦ ᠶᠢ ᠲᠣᠳᠤᠷᠬᠠᠶᠢᠯᠠᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠦᠯᠵᠢᠶ᠎ᠡ ᠪᠠ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠲᠤ ᠰᠦᠯᠵᠢᠶᠡᠨ ᠳᠡᠭᠡᠷ᠎ᠡ ︽ᠦᠢᠯᠡᠴᠢᠯᠡᠬᠦ | ᠴᠠᠭ ᠢᠶᠠᠨ ᠤᠷᠲᠤᠳᠬᠠᠬᠤ︾ ᠲᠤᠰᠬᠠᠶ ᠪᠣᠯᠤᠩ ᠭᠠᠷᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ | ᠬᠠᠨᠳᠤᠭᠤᠯᠤᠭᠰᠠᠨ ᠦᠢᠯᠡᠴᠢᠯᠡᠬᠦ ᠴᠠᠭ ᠢᠶᠠᠨ ᠤᠷᠲᠤᠳᠬᠠᠬᠤ ᠵᠦᠢᠯᠡᠰ ᠤᠨ ᠨᠠᠷᠢᠨ ᠬᠠᠭᠤᠳᠠᠰᠤ᠂ ᠦᠢᠯᠡᠴᠢᠯᠡᠭᠡ | ᠪᠣᠯᠵᠤᠬᠤ ᠤᠲᠠᠰᠤ᠂ ᠠᠰᠠᠭᠤᠨ ᠯᠠᠪᠯᠠᠬᠤ ᠤᠲᠠᠰᠤ ᠶᠢᠨ ᠨᠢᠭᠡᠳᠦᠯᠲᠡᠶ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ | ᠬᠠᠩᠭᠠᠬᠤ ᠪᠠᠨ ᠲᠣᠳᠤᠷᠬᠠᠶᠢᠯᠠᠨ᠎ᠠ᠃ | ᠬᠤᠶᠠᠷ ᠲᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶ ᠪᠣᠯᠭᠠᠵᠠᠢ᠃ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠲᠣᠰ ᠱᠠᠲᠤᠨ ᠤ ᠦᠢᠯᠡᠴᠢᠯᠡᠭᠡᠨ ᠤ ᠲᠥᠪ ᠲᠤ | ᠣᠷᠣᠵᠤ ᠰᠠᠭᠤᠬᠤ ᠰᠠᠯᠠᠭ᠎ᠠ ᠮᠥᠴᠢᠷ ᠤᠳ ᠢ ᠵᠣᠬᠢᠴᠠᠭᠤᠯᠵᠤ ᠪᠠᠶᠢᠭᠠᠳ ᠦᠢᠯᠡᠴᠢᠯᠡᠬᠦ ᠴᠠᠭ ᠢᠶᠠᠨ ᠤᠷᠲᠤᠳᠬᠠᠬᠤ | ᠦᠢᠯᠡᠴᠢᠯᠡᠭᠡᠨ ᠤ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠦᠢᠯᠡᠴᠢᠯᠡᠭᠡᠨ ᠤ | ᠡᠭᠡᠯᠵᠢ ᠶᠢ ᠵᠦᠶ ᠵᠣᠬᠢᠰᠲᠠᠶ ᠳᠣᠭᠢᠷᠠᠭᠤᠯᠤᠨ᠂ ᠠᠵᠢᠯ ᠳᠤ ᠪᠠᠨ ᠢᠷᠡᠬᠦ ᠶᠢ ᠲᠡᠮᠳᠡᠭᠯᠡᠬᠦ ᠲᠦᠷᠢᠮ ᠢ ᠴᠢᠩᠭᠠᠷᠠᠭᠤᠯᠵᠤ᠂ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠦᠢᠯᠡᠴᠢᠯᠡᠭᠡᠨ ᠤ ᠵᠢᠵᠢᠭᠦᠷᠴᠢᠳ ᠤᠨ ᠡᠭᠡᠯᠵᠢᠯᠡᠨ ᠠᠮᠠᠷᠠᠬᠤ ᠨᠥᠬᠦᠵᠦ | ᠠᠮᠠᠷᠠᠬᠤ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠤᠨ᠂ ᠠᠵᠢᠯᠲᠠᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠵᠤ᠂ ᠴᠠᠭ ᠢᠶᠠᠨ ᠤᠷᠲᠤᠳᠬᠠᠨ ᠦᠢᠯᠡᠴᠢᠯᠡᠬᠦ ᠳᠤ ᠣᠷᠣᠯᠴᠠᠬᠤ ᠠᠵᠢᠯᠲᠠᠨ ᠤ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠎ᠠ᠃ ᠵᠢᠯᠣᠭᠤᠳᠬᠤ ᠪᠠ ᠬᠢᠨᠠᠯᠲᠠ ᠲᠠᠯᠪᠢᠨ ᠬᠢᠨᠠᠨ | ᠰᠢᠯᠭᠠᠬᠤ ᠶᠢ ᠴᠢᠩᠭᠠᠳᠬᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤᠨ ᠳᠤ ᠲᠦᠰᠢᠭᠯᠡᠨ ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠢ ᠳᠡᠯᠭᠡᠷᠡᠭᠦᠯᠬᠦ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠳ ᠢ ᠴᠤᠭᠯᠠᠭᠤᠯᠤᠨ᠂ ᠰᠠᠨᠠᠭᠠᠴᠢᠯᠠᠭ᠎ᠠ ᠠᠴᠠ ᠪᠠᠨ ᠨᠡᠶᠢᠭᠡᠮ | ᠨᠡᠶᠢᠲᠡ ᠶᠢᠨ ᠬᠢᠨᠠᠯᠲᠠ ᠶᠢ ᠬᠦᠯᠢᠶᠡᠨ᠎ᠡ᠃ ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠢ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠣᠨ ᠤ ᠰᠢᠯᠭᠠᠯᠲᠠ ᠳᠤ ᠣᠷᠣᠭᠤᠯᠵᠤ᠂ | ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠨ᠎ᠠ᠃ | ᠭᠤᠷᠪᠠ ᠳᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠰᠣᠨᠢᠨ ᠰᠡᠳᠬᠦᠯ᠂ ᠷᠠᠳᠢᠣ᠋ ᠲᠧᠯᠸᠢᠰ᠂ ᠢᠨᠲ᠋ᠧᠷ ᠰᠦᠯᠵᠢᠶ᠎ᠡ ᠵᠡᠷᠭᠡ ᠠᠷᠭ᠎ᠠ ᠵᠠᠮ ᠢᠶᠠᠷ | ᠳᠠᠮᠵᠢᠭᠤᠯᠤᠨ᠂ ᠬᠠᠮᠢᠶ᠎ᠠ ᠪᠥᠬᠦᠶ ᠮᠡᠳᠡᠭᠡ ᠵᠠᠩᠭᠢ ᠪᠠ ᠰᠣᠨᠢᠨ ᠮᠡᠳᠡᠭᠡ ᠮᠡᠳᠡᠭᠡᠯᠡᠯ ᠢ ᠴᠠᠭ ᠲᠤᠬᠠᠶ ᠳᠤ ᠨᠢ | ᠣᠨᠣᠪᠴᠢᠲᠠᠶ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢ ᠠᠷᠠᠳ ᠲᠦᠮᠡᠨ ᠳᠤ ᠣᠶᠢᠯᠠᠭᠠᠭᠤᠯᠬᠤ ᠬᠡᠮᠵᠢᠶ᠎ᠡ ᠶᠢ | ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ |