ᠬᠦᠷᠢᠶ᠎ᠡ ᠬᠤᠰᠢᠭᠤᠨ ᠤ ᠠᠨᠳᠠᠶ ᠠᠭᠤᠳᠠᠮ ᠲᠠᠯᠠᠪᠠᠶ᠂ ᠰᠢᠨ᠎ᠡ ᠬᠦᠷᠢᠶ᠎ᠡ ᠠᠭᠤᠳᠠᠮ ᠲᠠᠯᠠᠪᠠᠶ ᠶᠢᠨ ᠰᠡᠯᠪᠢᠨ ᠵᠠᠰᠠᠵᠤ ᠥᠭᠡᠷᠡᠴᠢᠯᠡᠬᠦ ᠪᠠᠷᠢᠯᠭ᠎ᠠ ᠶᠢᠨ ᠠᠵᠢᠯ ᠤᠨ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2022/8/12
   ᠥᠷᠭᠡᠨ ᠣᠯᠠᠨ ᠠᠷᠠᠳ ᠲᠦᠮᠡᠨ ᠳᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠪᠠ ᠵᠤᠭ᠎ᠠ ᠴᠡᠩᠭᠡᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠬᠦ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠦᠷᠢᠶ᠎ᠡ ᠬᠤᠰᠢᠭᠤᠨ ᠤ ᠠᠨᠳᠠᠶ ᠠᠭᠤᠳᠠᠮ ᠲᠠᠯᠠᠪᠠᠶ ᠪᠠ ᠰᠢᠨ᠎ᠡ ᠬᠦᠷᠢᠶ᠎ᠡ ᠠᠭᠤᠳᠠᠮ ᠲᠠᠯᠠᠪᠠᠶ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠦᠨ᠎ᠡ᠃ ᠪᠥᠲᠥᠭᠡᠨ ᠪᠠᠶᠢᠭᠤᠯᠬᠤ ᠠᠵᠢᠯ ᠤᠨ ᠬᠤᠭᠤᠴᠠᠭ᠎ᠠ ᠨᠢ 2022 ᠣᠨ ᠤ 8 ᠰᠠᠷ᠎ᠠ ᠶᠢᠨ 15 ᠤ ᠡᠳᠦᠷ ᠠᠴᠠ 2022 ᠣᠨ ᠤ 10 ᠰᠠᠷ᠎ᠠ ᠶᠢᠨ 15 ᠤ ᠡᠳᠦᠷ ︵61 ᠡᠳᠦᠷ︶ ᠪᠣᠯᠤᠨ᠎ᠠ᠃    ᠠᠨᠳᠠᠶ ᠠᠭᠤᠳᠠᠮ ᠲᠠᠯᠠᠪᠠᠶ ᠶᠢ ᠭᠤᠣᠯᠳᠠᠭᠤ ᠲᠠᠯᠠᠪᠠᠶ ᠶᠢᠨ ᠭᠠᠵᠠᠷ ᠢ ᠰᠢᠨ᠎ᠡ ᠪᠠᠷ ᠳᠡᠪᠢᠰᠬᠦ᠂ ᠭᠡᠷᠡᠯᠲᠦᠭᠦᠯᠭᠡ ᠶᠢᠨ ᠳ᠋ᠧᠩ ᠤᠭᠰᠠᠷᠠᠬᠤ᠂ ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ︔ ᠰᠢᠨ᠎ᠡ ᠬᠦᠷᠢᠶ᠎ᠡ ᠠᠭᠤᠳᠠᠮ ᠲᠠᠯᠠᠪᠠᠶ ᠶᠢᠨ ᠭᠤᠣᠯ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠡᠪᠳᠡᠭᠳᠡᠭᠰᠡᠨ ᠭᠠᠵᠠᠷ ᠢ ᠰᠡᠯᠪᠢᠨ ᠵᠠᠰᠠᠬᠤ᠂ ᠭᠡᠷᠡᠯᠲᠦᠭᠦᠯᠭᠡ ᠶᠢᠨ ᠳ᠋ᠧᠩ ᠤᠭᠰᠠᠷᠠᠬᠤ ᠪᠣᠯᠤᠨ᠎ᠠ᠃    ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ᠂ ᠠᠨᠳᠠᠶ ᠠᠭᠤᠳᠠᠮ ᠲᠠᠯᠠᠪᠠᠶ ᠶᠢ ᠪᠦᠬᠦᠨ ᠢ ᠪᠢᠲᠡᠭᠦᠮᠵᠢᠯᠡᠵᠦ᠂ ᠰᠢᠨ᠎ᠡ ᠬᠦᠷᠢᠶ᠎ᠡ ᠠᠭᠤᠳᠠᠮ ᠲᠠᠯᠠᠪᠠᠶ ᠶᠢ ᠬᠡᠰᠡᠭ ᠲᠠᠯ᠎ᠠ ᠪᠠᠷ ᠪᠢᠲᠡᠭᠦᠮᠵᠢᠯᠡᠵᠦ᠂ ᠬᠥᠮᠦᠨ ᠤ ᠪᠡᠶ᠎ᠡ ᠶᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠯᠠᠨ ᠲᠦᠮᠡᠨ ᠢ ᠪᠠᠷᠢᠯᠭ᠎ᠠ ᠶᠢᠨ ᠠᠵᠢᠯ ᠤᠨ ᠣᠷᠣᠨ ᠠᠴᠠ ᠬᠤᠯᠠ ᠪᠠᠶᠢᠬᠤ ᠶᠢ ᠰᠠᠨᠠᠭᠤᠯᠬᠤ ᠶᠢᠨ ᠬᠠᠮᠲᠤ᠂ ᠥᠷᠭᠡᠨ ᠣᠯᠠᠨ ᠠᠷᠠᠳ ᠲᠦᠮᠡᠨ ᠳᠤ ᠳᠥᠭᠦᠮ ᠦᠭᠡᠢ ᠪᠣᠯᠭᠠᠭᠰᠠᠨ ᠳᠤ ᠣᠶᠢᠯᠠᠭᠠᠵᠤ ᠳᠡᠮᠵᠢᠬᠦ ᠪᠣᠯᠪᠠᠤ᠃                                                                                     ᠬᠦᠷᠢᠶ᠎ᠡ    ᠬᠤᠰᠢᠭᠤᠨ    ᠤ    ᠣᠷᠣᠨ    ᠰᠠᠭᠤᠴᠠ    ᠪᠠ                             ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ                                          2022 ᠣᠨ ᠤ 8 ᠰᠠᠷ᠎ᠠ ᠶᠢᠨ 11 ᠤ ᠡᠳᠦᠷ  
 
ᠢᠷᠡᠯᠲᠡ᠄ ᠰᠠᠭᠤᠭᠳᠠᠯᠳᠦ ᠭᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号