8 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠦᠷᠢᠶ᠎ᠡ ᠬᠤᠰᠢᠭᠤᠨ ᠤ ᠰᠣᠶᠣᠯ ᠪᠠ | ᠵᠢᠭᠤᠯᠴᠢᠯᠠᠯ ᠤᠨ ᠲᠣᠪᠴᠢᠶ᠎ᠠ᠂ ᠬᠦᠷᠢᠶ᠎ᠡ ᠬᠤᠰᠢᠭᠤᠨ ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ | ︽ᠰᠠᠭᠠᠭ ᠤᠨ ᠨᠤᠲᠤᠭ ᠨᠠᠮ ᠳᠠᠭᠠᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ 2022 ᠣᠨ ᠤ | ᠪᠥᠬᠦ ᠬᠤᠰᠢᠭᠤᠨ ᠤ ᠠᠨᠳᠠᠶ ᠪᠥᠵᠢᠭ ᠤᠨ ᠤᠷᠤᠯᠳᠤᠭᠠᠨ ᠰᠢᠨ᠎ᠡ ᠲᠣᠭᠤᠷᠢᠭ ᠤᠨ ᠠᠭᠤᠳᠠᠮ ᠲᠠᠯᠠᠪᠠᠶ ᠳᠤ | ᠦᠪᠡᠳᠡᠭᠰᠢ ᠶᠡᠭᠡ ᠪᠠᠷ ᠶᠠᠪᠤᠭᠳᠠᠵᠤ᠂ ᠸᠠᠩ ᠬᠦᠶ ᠯᠠᠨ᠂ ᠱᠢ ᠮᠢᠩ ᠰᠢᠶᠠᠨ᠂ ᠯᠢ ᠶᠦᠨ ᠫᠧᠩ᠂ ᠵᠠᠩ ᠳ᠋ᠠ ᠫᠧᠩ᠂ | ᠪᠦᠦ ᠱᠠᠭᠠᠷᠠᠢ ᠠᠵᠢᠯᠯᠠᠭ᠎ᠠ ᠳᠤ ᠣᠷᠣᠯᠴᠠᠪᠠ᠃ | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ | ᠠᠯᠪᠠᠨ ᠭᠡᠷ ᠤᠨ ᠡᠷᠬᠢᠯᠡᠭᠴᠢ ᠵᠠᠩ ᠳ᠋ᠠ ᠫᠧᠩ ᠤᠷᠤᠯᠳᠤᠭᠠᠨ ᠳᠤ ᠪᠠᠶᠠᠷ ᠤᠨ ᠦᠭᠡ ᠬᠡᠯᠡᠪᠡ᠃ 2006 ᠣᠨ ᠳᠤ | ᠮᠣᠩᠭᠤᠯ ᠦᠨᠳᠦᠰᠦᠲᠡᠨ ᠤ ᠠᠨᠳᠠᠢ ᠪᠥᠵᠢᠭ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ | ᠠᠩᠬᠠᠨ ᠤ ᠪᠦᠯᠦᠭ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪᠠ᠃ | 300 ᠭᠠᠷᠤᠢ ᠵᠢᠯ ᠤᠨ ᠲᠤᠷᠰᠢ᠂ ᠠᠨᠳᠠᠢ ᠪᠥᠵᠢᠭ ᠨᠢ ᠬᠦᠷᠢᠶ᠎ᠡ ᠳᠤ ᠡᠭᠦᠰᠴᠦ᠂ ᠬᠥᠭᠵᠢᠵᠦ᠂ ᠤᠯᠠᠮᠵᠢᠯᠠᠭᠳᠠᠨ | ᠳᠡᠯᠭᠡᠷᠡᠵᠦ᠂ ᠣᠨᠴᠠ ᠪᠠᠶᠢᠳᠠᠭ ᠠᠮᠢᠵᠢᠷᠠᠯ ᠤᠨ ᠬᠦᠴᠦᠨ ᠪᠣᠯᠤᠨ ᠨᠥᠯᠥᠭᠡᠯᠡᠬᠦ ᠬᠦᠴᠦᠨ ᠢ ᠢᠯᠡᠷᠡᠭᠦᠯᠵᠦ᠂ ᠬᠦᠷᠢᠶ᠎ᠡ | ᠬᠤᠰᠢᠭᠤᠨ ᠤ ᠤᠨᠴᠠᠯᠢᠬᠳᠤ ᠰᠣᠶᠣᠯ ᠤᠨ ᠲᠦᠷᠦᠯ ᠲᠡᠮᠳᠡᠭ ᠪᠣᠯᠤᠭᠰᠠᠨ ᠤ ᠬᠤᠪᠢ ᠳᠤ᠂ ᠬᠦᠷᠢᠶ᠎ᠡ ᠶᠢᠨ ᠠᠨᠳᠠᠢ ᠨᠢ | ᠨᠡᠷ᠎ᠡ ᠠᠯᠳᠠᠷᠰᠢᠵᠤ᠂ ᠠᠨᠳᠠᠢ ᠤᠷᠠᠯᠢᠭᠴᠢᠳ ᠤᠨ ᠤᠯᠠ ᠮᠥᠷ ᠳᠡᠯᠡᠬᠡᠢ ᠳ᠋ᠠᠬᠢᠨ ᠳᠤ ᠲᠦᠭᠡᠵᠦ᠂ ᠤᠯᠠᠨ ᠤᠯᠤᠰ ᠤᠨ | ᠲᠠᠪᠴᠠᠩ ᠳᠡᠭᠡᠷ᠎ᠡ ᠠᠨᠳᠠᠢ ᠶᠢᠨ ᠴᠤᠭ ᠵᠢᠪᠬᠤᠭ᠎ᠠ ᠶᠢ ᠢᠯᠡᠷᠡᠭᠦᠯᠪᠡ ᠭᠡᠵᠡᠢ᠃ | | | | | | | | | | | | | | | | | | | ᠤᠷᠤᠯᠳᠤᠭᠠᠨ ᠨᠢ ᠮᠢᠩᠭᠠᠨ ᠬᠥᠮᠦᠨ ᠤ ᠠᠨᠳᠠᠶ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠲᠣᠰ | ᠤᠳᠠᠭᠠᠨ ᠤ ᠤᠷᠤᠯᠳᠤᠭᠠᠨ ᠢ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠪᠢᠶᠠᠨ᠂ ᠪᠥᠬᠦ | ᠬᠤᠰᠢᠭᠤᠨ ᠤ ᠡᠯ᠎ᠡ ᠰᠢᠶᠠᠩ ᠪᠠᠯᠭᠠᠰᠤ ᠰᠤᠮᠤ᠂ ᠨᠡᠶᠢᠭᠡᠮ ᠲᠣᠭᠤᠷᠢᠭ ᠪᠠ ᠰᠠᠯᠠᠭ᠎ᠠ ᠮᠥᠴᠢᠷ ᠨᠢᠭᠡᠴᠢ ᠶᠢᠨ 21 | ᠲᠥᠯᠥᠭᠡᠯᠡᠭᠴᠢᠳ ᠤᠨ ᠠᠩᠭᠢ ᠣᠷᠣᠯᠴᠠᠵᠠᠶ᠃ ᠤᠷᠤᠯᠳᠤᠭᠠᠨ ᠤ ᠲᠠᠯᠠᠪᠠᠢ ᠳᠤ᠂ ᠡᠯ᠎ᠡ ᠤᠷᠤᠯᠳᠤᠭᠠᠨ ᠳᠤ | ᠣᠷᠣᠯᠴᠠᠬᠤ ᠲᠥᠯᠥᠭᠡᠯᠡᠭᠴᠢᠳ ᠤᠨ ᠠᠩᠭᠢ ᠳᠡᠰ ᠳᠠᠷᠠᠭᠠᠯᠠᠨ ᠲᠠᠯᠠᠪᠠᠢ ᠳᠤ ᠭᠠᠷᠴᠤ᠂ ᠪᠠᠶᠠᠷ ᠪᠠᠶᠠᠰᠬᠤᠯᠠᠩᠲᠤ ᠬᠦᠭ | ᠠᠶᠢᠵᠠᠮ ᠢ ᠳᠠᠭᠠᠵᠤ᠂ ᠢᠳᠡᠷᠡᠭᠦᠨ ᠪᠥᠵᠢᠭ ᠤᠨ ᠠᠯᠬᠤᠭ᠎ᠠ ᠪᠠᠷ᠂ ᠠᠯᠴᠢᠭᠤᠷ ᠰᠠᠵᠢᠯᠠᠨ ᠤᠶᠠᠬᠠᠨ ᠪᠦᠵᠢᠭᠯᠡᠵᠡᠭᠡᠪᠡ᠃ | | | ᠰᠢᠶᠠᠨᠵᠢᠨ ᠰᠤᠮᠤᠨ ᠤ ᠵᠠᠰᠠᠭ ᠤᠨ ᠣᠷᠳᠣᠨ ᠤ ᠤᠷᠠᠯᠢᠭ ᠤᠨ ᠠᠩᠭᠢ ᠶᠢᠨ ᠤᠷᠤᠯᠳᠤᠭᠠᠨ ᠳᠤ ᠣᠷᠣᠯᠴᠠᠭᠰᠠᠨ | ᠭᠡᠰᠢᠭᠦᠨ ᠵᠢᠶᠠᠩ ᠶᠦᠩ ᠹᠠᠩ | ᠲᠣᠰ ᠤᠳᠠᠭᠠᠨ ᠤ ᠤᠷᠤᠯᠳᠤᠭᠠᠨ ᠳᠤ ᠮᠠᠨ ᠤ ᠰᠢᠶᠠᠨᠵᠢᠨ ᠰᠤᠮᠤᠨ ᠤ ᠵᠠᠰᠠᠭ ᠤᠨ ᠣᠷᠳᠣᠨ ᠤ ᠤᠷᠠᠯᠢᠭ ᠤᠨ | ᠠᠩᠭᠢ ᠶᠢᠨ ᠨᠡᠶᠢᠲᠡ 34 ᠬᠥᠮᠦᠨ ᠲᠣᠭᠯᠠᠯᠲᠠ ᠳᠤ ᠣᠷᠣᠯᠴᠠᠵᠤ᠂ ᠬᠠᠭᠠᠰ ᠰᠠᠷ᠎ᠠ ᠰᠢᠬᠠᠮ ᠪᠣᠯᠪᠠᠰᠤᠷᠠᠵᠠᠶ᠂ ᠡᠶᠢᠮᠦ | ᠲᠠᠪᠴᠠᠩ ᠨᠢ ᠪᠢᠳᠡᠨ ᠳᠤ ᠠᠨᠳᠠᠶ ᠪᠥᠵᠢᠭ ᠤᠨ ᠷᠢᠳᠢ ᠰᠢᠳᠢ ᠶᠢ ᠦᠵᠡᠭᠦᠯᠬᠦ ᠲᠣᠬᠢᠶᠠᠯ ᠣᠯᠭᠤᠵᠤ᠂ ᠡᠨᠡ | ᠤᠳᠠᠭᠠᠨ ᠤ ᠤᠷᠤᠯᠳᠤᠭᠠᠨ ᠪᠠᠷ ᠪᠠᠶᠠᠷᠯᠠᠭᠤᠰᠢᠲᠠᠶ ᠬᠢᠷᠢ ᠪᠦᠲᠦᠮᠵᠢ ᠤᠯᠬᠤ ᠶᠢ ᠬᠦᠰᠡᠵᠦ ᠪᠠᠶᠢᠨ᠎ᠠ ᠭᠡᠪᠡ᠃ | | | | | | | | | ᠪᠦᠲᠦᠨ ᠨᠢᠭᠡ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠬᠦᠷᠢᠶ᠎ᠡ ᠪᠠᠯᠭᠠᠰᠤᠨ ᠤ | ᠪᠠᠷᠠᠭᠤᠨ ᠭᠠᠴᠠᠭᠠᠨ ᠤ ᠤᠳᠬ᠎ᠠ ᠤᠷᠠᠯᠢᠭ ᠤᠨ ᠠᠩᠭᠢ᠂ ᠮᠠᠩᠬᠠᠨ ᠰᠤᠮᠤᠨ ᠤ ᠬᠥᠬᠡᠮᠥ᠋ᠴᠢᠷ ᠲᠥᠯᠥᠭᠡᠯᠡᠭᠴᠢᠳ ᠤᠨ | ᠠᠩᠭᠢ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠰᠢᠶᠠᠨᠵᠢᠨ ᠰᠤᠮᠤᠨ ᠤ ᠵᠡᠭᠦᠨ ᠲᠦᠩᠰᠢ ᠶᠢᠨ ᠰᠣᠯᠣᠩᠭ᠎ᠠ | ᠤᠳᠬ᠎ᠠ ᠤᠷᠠᠯᠢᠭ ᠤᠨ ᠠᠩᠭᠢ᠂ ᠡᠯᠡᠰᠦᠨ ᠪᠠᠶᠠᠨᠲᠠᠯ᠎ᠠ ᠤᠨ ᠤᠳᠬ᠎ᠠ ᠤᠷᠠᠯᠢᠭ ᠤᠨ ᠠᠩᠭᠢ᠂ ᠶᠠᠩᠰᠢᠪ ᠨᠡᠶᠢᠭᠡᠮ | ᠲᠣᠭᠤᠷᠢᠭ ᠤᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ | | ᠬᠤᠰᠢᠭᠤᠨ ᠤ ᠰᠣᠶᠣᠯ ᠤᠨ ᠣᠷᠳᠣᠨ ᠤ ᠳᠠᠷᠤᠭ᠎ᠠ ᠴᠧᠨ ᠰᠢᠶᠠᠨ ᠫᠢᠩ | ᠡᠨᠡ ᠤᠳᠠᠭᠠᠨ ᠤ ᠠᠨᠳᠠᠢ ᠪᠥᠵᠢᠭ ᠤᠨ ᠤᠷᠤᠯᠳᠤᠭᠠᠨ ᠨᠢ ᠭᠤᠣᠯᠳᠠᠭᠤ ᠠᠨᠳᠠᠢ ᠪᠥᠵᠢᠭ ᠢ ᠪᠠᠳᠠᠷᠠᠭᠤᠯᠤᠨ | ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠢ ᠪᠠᠳᠠᠷᠠᠭᠤᠯᠤᠨ | ᠳᠡᠯᠭᠡᠷᠡᠭᠦᠯᠬᠦ ᠶᠢᠨ ᠲᠥᠯᠦᠭᠡ ᠶᠤᠮ᠃ ᠡᠨᠡ ᠤᠳᠠᠭ᠎ᠠ ᠨᠡᠶᠢᠭᠡᠮ ᠤᠨ ᠪᠦᠯᠬᠦᠮ ᠤᠨ ᠤᠷᠤᠯᠳᠤᠭᠠᠨ ᠢ ᠡᠷᠬᠢᠯᠡᠵᠦ᠂ | ᠠᠷᠠᠳ ᠲᠦᠮᠡᠨ ᠤ ᠢᠳᠡᠪᠬᠢᠵᠢᠯ ᠣᠨᠴᠠᠭᠠᠢ ᠥᠨᠳᠥᠷ᠂ ᠤᠷᠤᠯᠳᠤᠭᠠᠨ ᠨᠢ ᠭᠤᠶᠢᠳᠠ ᠰᠠᠶᠢᠬᠠᠨ᠂ ᠴᠤᠭ ᠵᠢᠪᠬᠤᠭ᠎ᠠ | ᠲᠡᠭᠦᠯᠳᠡᠷ ᠪᠣᠯᠵᠠᠢ᠃ ᠲᠠᠷᠠᠭᠠᠴᠢ ᠪᠠᠷ᠂ ᠨᠠᠶᠢᠮᠠᠳᠤᠭᠠᠷ ᠰᠠᠷ᠎ᠠ ᠳᠤ ᠪᠥᠬᠦ ᠬᠤᠰᠢᠭᠤᠨ ᠤ ᠠᠭᠤᠳᠠᠮ ᠲᠠᠯᠠᠪᠠᠶ ᠶᠢᠨ | ᠪᠥᠵᠢᠭ ᠤᠨ ᠤᠷᠤᠯᠳᠤᠭᠠᠨ᠂ ᠶᠢᠰᠦᠳᠦᠭᠡᠷ ᠰᠠᠷ᠎ᠠ ᠳᠤ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠠᠨᠳᠠᠶ ᠪᠥᠵᠢᠭ ᠤᠨ ᠤᠷᠤᠯᠳᠤᠭᠠᠨ ᠢ ᠶᠠᠪᠤᠭᠳᠠᠭᠤᠯᠵᠤ᠂ ᠮᠠᠨ ᠤ ᠬᠦᠷᠢᠶ᠎ᠡ ᠬᠤᠰᠢᠭᠤᠨ ᠤ ᠠᠨᠳᠠᠶ | ᠪᠥᠵᠢᠭ ᠢ ᠬᠦᠷᠢᠶ᠎ᠡ ᠠᠴᠠ ᠭᠠᠷᠭᠠᠵᠤ᠂ ᠲᠦᠩᠯᠢᠶᠣᠤ ᠠᠴᠠ ᠭᠠᠷᠭᠠᠵᠤ᠂ ᠥᠪᠥᠷ ᠮᠣᠩᠭᠤᠯ ᠠᠴᠠ ᠭᠠᠷᠭᠠᠵᠤ᠂ ᠤᠯᠠᠮ | ᠬᠤᠯᠠ ᠳᠠᠭᠤᠷᠢᠰᠬᠠᠵᠤ ᠨᠡᠩ ᠬᠦᠭᠵᠢᠭᠦᠯᠦᠨ᠎ᠡ ᠭᠡᠵᠡᠢ᠃ |