【ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ 】 ᠰᠠᠶᠢᠨ ᠳᠤᠷ᠎ᠠ ᠶᠢᠨ ᠦᠢᠯᠡᠴᠢᠯᠡᠭᠡ ᠵᠠᠯᠠᠭᠤ ᠨᠠᠰᠤᠨ ᠳᠤ ᠬᠡᠷᠡᠯ ᠭᠢᠯᠪᠠᠭ᠎ᠠ ᠨᠡᠮᠡᠷᠢᠯᠡᠨ᠎ᠡ
ᠨᠡᠶᠢᠲᠡᠯᠡᠭᠰᠡᠨ ᠴᠠᠭ᠄
2022/8/24
    ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠪᠠᠷ ᠡᠭᠦᠷᠭᠡᠯᠡᠵᠦ᠂ ᠰᠠᠶᠢᠨ ᠳᠤᠷ᠎ᠠ ᠠᠴᠠ ᠪᠠᠨ ᠨᠤᠲᠤᠭ ᠲᠤ ᠪᠠᠨ ᠦᠢᠯᠡᠴᠢᠯᠡᠨ᠎ᠡ᠃ ᠣᠶᠢᠷ᠎ᠠ ᠶᠢᠨ ᠵᠢᠯ ᠤᠨ ᠲᠤᠷᠰᠢ᠂ ᠬᠦᠷᠢᠶ᠎ᠡ ᠬᠤᠰᠢᠭᠤᠨ ᠤ ᠵᠠᠯᠠᠭᠤ ᠰᠠᠶᠢᠨ ᠳᠤᠷᠠᠴᠤᠳ ᠬᠤᠪᠢ ᠨᠡᠮᠡᠷᠢ ᠦᠵᠡᠭᠦᠯᠬᠦ᠂ ᠨᠥᠬᠦᠷᠰᠡᠭ ᠳᠣᠲᠣᠨᠣ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ ᠰᠠᠶᠢᠨ ᠳᠤᠷ᠎ᠠ ᠶᠢᠨ  ᠦᠢᠯᠡᠴᠢᠯᠡᠭᠡᠨ ᠤ ᠵᠣᠷᠢᠭ ᠰᠠᠨᠠᠭᠠᠨ ᠤ ᠠᠭᠤᠯᠤᠭᠳᠠᠬᠤᠨ ᠢ ᠪᠠᠲᠤ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠰᠠᠭ ᠤᠨ ᠶᠠᠪᠤᠳᠠᠯ ᠤᠨ ᠦᠢᠯᠡᠳᠦᠯᠭᠡ᠂ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠰᠣᠶᠣᠯ ᠤᠨ ᠤᠬᠠᠭᠤᠯᠭ᠎ᠠ ᠵᠢᠴᠢ ᠵᠠᠯᠠᠭᠤᠴᠤᠳ ᠪᠠᠭᠠᠴᠤᠳ ᠤᠨ ᠬᠠᠪᠰᠤᠷᠤᠨ ᠰᠤᠷᠭᠠᠵᠤ ᠡᠷᠬᠡ ᠶᠢ ᠬᠠᠮᠠᠭᠠᠯᠠᠬᠤ ᠵᠡᠷᠭᠡ ᠲᠠᠯ᠎ᠠ ᠶᠢᠨ ᠲᠣᠭᠤᠷᠢᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠣᠲᠣ ᠦᠶ᠎ᠡ ᠶᠢᠨ ᠵᠠᠯᠠᠭᠤ ᠰᠠᠶᠢᠨ ᠳᠤᠷᠠᠴᠤᠳ ᠤᠨ ᠬᠠᠷᠢᠭᠤᠴᠠᠯᠭ᠎ᠠ᠂ ᠡᠭᠦᠷᠭᠡᠯᠡᠯ ᠪᠠ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠦᠢᠯᠡᠳᠦᠯᠭᠡ ᠶᠢᠨ ᠳᠤᠮᠳᠠ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠵᠠᠯᠠᠭᠤ ᠨᠠᠰᠤᠨ ᠤ ᠳᠠᠭᠤᠯᠠᠯ ᠢ ᠬᠠᠩᠭᠢᠨᠠᠭᠤᠯᠤᠭᠰᠠᠨ ᠪᠠᠶᠢᠨ᠎ᠠ᠃
   ᠬᠦᠷᠢᠶ᠎ᠡ ᠪᠠᠯᠭᠠᠰᠤᠨ ᠪᠠᠷ ᠨᠤᠲᠤᠭ ᠲᠠᠢ ᠯᠢ ᠯᠢ ᠪᠣᠯ ᠭᠤᠷᠪᠠᠳᠤᠭᠠᠷ ᠣᠨ ᠪᠣᠯᠬᠤ ᠭᠡᠵᠦ ᠪᠠᠶᠢᠭ᠎ᠠ ᠣᠶᠤᠲᠠᠨ ᠪᠣᠯᠤᠨ᠎ᠠ᠃ ᠵᠤᠨ ᠤ ᠠᠮᠠᠷᠠᠯᠲᠠ ᠡᠬᠢᠯᠡᠬᠦ ᠠᠴᠠ ᠡᠮᠦᠨ᠎ᠡ᠂ ᠲᠡᠷᠡ ᠰᠤᠷᠭᠠᠭᠤᠯᠢ ᠳᠠᠭᠠᠨ ᠪᠠᠶᠢᠬᠤ ᠳᠤ ︽ᠨᠤᠲᠤᠭ ᠲᠠᠭᠠᠨ ᠪᠤᠴᠠᠬᠤ︾ ᠰᠠᠶᠢᠨ ᠲᠤᠷᠠᠴᠤᠳ ᠤᠨ ᠠᠵᠢᠯᠯᠠᠭ᠎ᠠ ᠶᠢ ᠣᠶᠢᠯᠠᠭᠠᠵᠤ ᠮᠡᠳᠡᠭᠡᠳ᠂ ᠲᠤᠩ ᠰᠡᠳᠬᠢᠯ ᠬᠥᠳᠡᠯᠵᠦ᠂ ᠲᠦᠩᠯᠢᠶᠣᠤ ᠶᠢᠨ ᠰᠤᠷᠤᠭᠴᠢᠳ ᠤᠨ ᠰᠣᠯᠢᠯᠴᠠᠭᠠᠨ ᠤ  ᠴᠤᠭᠯᠠᠷᠠᠯ ᠳᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠣᠯᠵᠤ ᠦᠵᠡᠮᠡᠭᠴᠡ ᠨᠡᠷ᠎ᠡ ᠪᠠᠨ ᠮᠡᠳᠡᠭᠦᠯᠵᠡᠢ᠃ 7 ᠰᠠᠷ᠎ᠠ ᠶᠢᠨ ᠡᠬᠢ ᠪᠠᠷ ᠪᠣᠯᠪᠠᠰᠤᠷᠠᠯ ᠬᠦᠷᠳᠡᠭᠰᠡᠨ ᠤ ᠲᠠᠷᠠᠭ᠎ᠠ᠂ ᠬᠦᠷᠢᠶ᠎ᠡ  ᠪᠠᠯᠭᠠᠰᠤᠨ ᠤ ᠵᠠᠰᠠᠭ ᠤᠨ ᠣᠷᠳᠣᠨ ᠤ ᠲᠥᠯᠥᠪᠯᠡᠭᠡᠲᠦ ᠦᠷᠡᠵᠢᠯ ᠤᠨ ᠠᠯᠪᠠᠨ ᠭᠡᠷ ᠲᠤ ᠬᠦᠷᠴᠦ᠂ ᠰᠠᠶᠢᠨ ᠳᠤᠷ᠎ᠠ ᠠᠴᠠ ᠪᠠᠨ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠶᠢᠨ ᠬᠠᠮᠤᠭ ᠤᠨ ᠰᠢᠨ᠎ᠡ ᠪᠠᠶᠢᠳᠠᠯ ᠢ ᠲᠡᠮᠳᠡᠭᠯᠡᠵᠦ ᠣᠷᠤᠭᠤᠯᠬᠤ ᠠᠵᠢᠯ ᠢ ᠬᠠᠷᠢᠭᠤᠴᠠᠭᠰᠠᠨ ᠪᠠᠶᠢᠨ᠎ᠠ᠃ ᠴᠤ᠋ ᠰᠢᠨ᠎ᠡ ᠠᠵᠢᠯ ᠶᠢᠨ ᠥᠩᠭᠡᠷᠡᠯᠲᠡ ᠨᠢ ᠯᠢ ᠯᠢ ᠶᠢ ᠵᠠᠰᠠᠭ ᠤᠨ ᠣᠷᠳᠣᠨ ᠤ ᠠᠵᠢᠯ ᠳᠤ ᠰᠢᠨ᠎ᠡ ᠲᠠᠨᠢᠯᠲᠠ ᠲᠠᠢ ᠪᠣᠯᠭᠠᠵᠠᠶ᠃ ︽ᠬᠦᠷᠢᠶ᠎ᠡ ᠪᠠᠯᠭᠠᠰᠤᠨ ᠳᠤ ᠨᠡᠶᠢᠲᠡ 57 ᠲᠣᠰᠬᠤᠨ ᠭᠠᠴᠠᠭ᠎ᠠ ᠲᠠᠢ᠂ ᠨᠢᠭᠡᠨᠲᠡ ᠸᠠᠺᠼᠢᠨ ᠤ ᠲᠠᠷᠢᠯᠭ᠎ᠠ ᠬᠢᠯᠭᠡᠭᠰᠡᠨ ᠬᠥᠮᠦᠨ ᠢ ᠴᠠᠭ ᠲᠤᠬᠠᠶ ᠳᠤᠨᠢ ᠳᠠᠩᠰᠠᠯᠠᠬᠤ ᠶᠢ ᠪᠢ ᠬᠠᠷᠢᠭᠤᠴᠠᠳᠠᠭ᠂ ᠲᠤᠰ ᠠᠵᠢᠯ ᠨᠢ ᠬᠠᠷᠢᠴᠠᠩᠭᠤᠢ ᠪᠠᠷ ᠬᠦᠩᠭᠡᠬᠡᠨ ᠰᠢᠭ ᠪᠠᠶᠢᠳᠠᠭ᠃ ᠭᠡᠪᠡᠴᠦ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠪᠤᠴᠠ ᠳᠤ ᠪᠢ ᠪᠠᠰᠠ ᠮᠠᠰᠢ ᠣᠯᠠᠨ ᠶᠠᠭᠤᠮ᠎ᠠ ᠣᠯᠵᠤ ᠰᠣᠷᠣᠭᠰᠠᠨ ᠶᠤᠮ᠂ ︿ᠠᠷᠠᠳ ᠲᠦᠮᠡᠨ ᠳᠤ ᠦᠢᠯᠡᠴᠢᠯᠡᠬᠦ﹀ ᠭᠡᠳᠡᠭ ᠨᠢ ᠨᠣᠮ ᠪᠢᠴᠢᠭ ᠳᠡᠭᠡᠷᠡᠬᠢ ᠥᠰᠥᠭ ᠪᠢᠴᠢᠭ ᠪᠢᠰᠢ᠂ ᠬᠠᠷᠢᠨ ᠨᠠᠩ ᠯᠠᠪᠳᠠᠭᠤᠨ ᠲᠣᠭᠲᠠᠭᠤᠨ᠂ ᠬᠠᠯᠠᠰᠢᠷᠠᠯ ᠥᠬᠡᠶ᠂ ᠶᠡᠭᠡ ᠪᠠᠭ᠎ᠠ ᠶᠠᠪᠤᠳᠠᠯ ᠭᠡᠰᠡᠨ ᠥᠬᠡᠶ  ᠦᠢᠯᠡᠳᠦᠯᠭᠡ ᠮᠥᠨ ᠭᠡᠳᠡᠭ ᠢ ᠦᠨᠡᠨ ᠬᠦ ᠣᠯᠵᠤ ᠮᠡᠳᠡᠵᠡᠶ᠂ ᠡᠶᠢᠮᠦ ᠠᠵᠢᠯᠯᠠᠭ᠎ᠠ ᠪᠠᠶᠢᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠡᠨᠡ ᠪᠣᠯ ᠮᠢᠨᠦ ᠨᠢᠭᠡ ᠬᠡᠰᠡᠭ ᠡᠷᠬᠢᠮ ᠨᠠᠨᠳᠢᠨ ᠥᠩᠭᠡᠷᠡᠯᠲᠡ ᠮᠥᠨ᠃︾ ᠭᠡᠵᠦ ᠯᠢ ᠯᠢ ᠥᠪᠡᠷ ᠤᠨ ᠣᠯᠤᠯᠲᠠ ᠲᠥᠷᠦᠭᠳᠡᠯ ᠢᠶᠠᠨ ᠰᠡᠳᠭᠢᠯ ᠲᠡᠨᠢᠭᠦᠨ  ᠶᠠᠷᠢᠭᠰᠠᠨ ᠪᠠᠶᠢᠨ᠎ᠠ᠃
   ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠤᠭᠴᠢᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠰᠤᠷᠤᠭᠴᠢᠳ ᠤᠨ ᠵᠣᠨ ᠤ ᠠᠮᠠᠷᠠᠯᠲᠠ ᠶᠢᠨ ᠦᠢᠯᠡᠳᠦᠯᠭᠡᠲᠦ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠰᠤᠷᠤᠭᠴᠢᠳ ᠤᠨ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ ᠢ ᠴᠢᠩᠭᠠᠷᠠᠭᠤᠯᠤᠭᠰᠠᠨ ᠪᠠᠶᠢᠨ᠎ᠠ᠃ ᠯᠢ ᠯᠢ ᠲᠠᠢ ᠠᠳᠠᠯᠢ ᠪᠠᠷ᠂ ᠬᠦᠷᠢᠶ᠎ᠡ ᠬᠤᠰᠢᠭᠤᠨ ᠳᠤ ᠵᠣᠨ ᠤ ᠠᠮᠠᠷᠠᠯᠲᠠ ᠶᠢ ᠠᠰᠢᠭᠯᠠᠨ ︽ᠨᠤᠲᠤᠭ ᠲᠠᠭᠠᠨ ᠪᠤᠴᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠭᠰᠠᠨ ᠤᠶᠤᠲᠠᠳ ᠨᠡᠶᠢᠲᠡ 165 ᠪᠠᠶᠢᠵᠤ᠂  ᠲᠡᠳᠡᠨᠡᠷ ᠠᠭᠠᠭᠢᠮ᠎ᠠ ᠬᠠᠯᠠᠭᠤᠨ ᠢ ᠬᠠᠶᠢᠬᠤᠷᠤᠯ ᠥᠬᠡᠶ ᠵᠣᠨ ᠤ ᠠᠮᠠᠷᠠᠯᠲᠠ ᠳᠤ ᠨᠤᠲᠤᠭ ᠲᠠᠭᠠᠨ ᠪᠣᠴᠠᠭᠰᠠᠨ ᠲᠣᠬᠢᠶᠠᠯ ᠢ ᠠᠰᠢᠭᠯᠠᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠡᠮᠬᠢᠯᠡᠬᠦ᠂ ᠵᠠᠮ ᠬᠠᠷᠢᠯᠴᠠᠭᠠᠨ ᠤ ᠪᠣᠯᠪᠠᠰᠤᠨ ᠤ ᠠᠵᠢᠯ ᠤᠨ ᠪᠠᠶᠢᠷᠢ ᠵᠡᠷᠭᠡ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠲᠤᠯᠭᠠᠭᠤᠷᠢ ᠬᠦᠴᠦᠨ ᠪᠣᠯᠤᠭᠰᠠᠨ ᠪᠠᠶᠢᠨ᠎ᠠ᠃
   ᠰᠢᠶᠠᠨᠵᠢᠨ ᠰᠤᠮᠤᠨ ᠤ ᠰᠦᠮᠡᠲᠦ ᠲᠣᠰᠬᠤᠨ ᠳᠤ᠂ ᠰᠠᠶ᠋ᠢᠬᠠᠨ ᠶᠡᠭᠡ ᠰᠤᠷᠭᠠᠭᠤᠯᠢ ᠲᠡᠭᠦᠰᠦᠭᠰᠡᠨ ᠯᠢ ᠶᠢᠩ ᠰᠢᠤᠸᠠᠢ ᠪᠡᠯᠴᠢᠭᠡᠷᠯᠡᠭᠦᠯᠬᠦ ᠶᠢ ᠴᠠᠭᠠᠵᠠᠯᠠᠬᠤ ᠮᠡᠳᠡᠭᠳᠡᠯ ᠠᠪᠴᠤ ᠡᠷᠦᠬᠡ ᠳᠤ ᠣᠷᠣᠵᠤ ᠤᠬᠠᠭᠤᠯᠭ᠎ᠠ ᠬᠢᠵᠦ᠂ ᠲᠣᠰᠬᠤᠨ ᠤ ᠠᠷᠠᠳ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠪᠠ ᠬᠠᠮᠢᠶ᠎ᠠ ᠪᠥᠬᠦᠶ ᠤᠴᠢᠷ ᠶᠠᠪᠤᠳᠠᠯ ᠢ ᠪᠣᠯᠪᠠᠰᠤᠷᠠᠩᠭᠤᠶ ᠨᠠᠷᠢᠨ ᠲᠠᠶᠢᠯᠪᠤᠷᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠬᠢᠬᠦ ᠨᠢ ᠨᠢᠭᠡᠨᠲᠡ ᠲᠡᠭᠦᠨ ᠤ ᠳᠠᠳᠬᠠᠯ ᠪᠣᠯᠵᠠᠶ᠃ ᠡᠨᠡ ᠵᠢᠯ ᠤᠨ 3 ᠰᠠᠷ᠎ᠠ ᠶᠢᠨ ᠡᠬᠢ ᠪᠠᠷ᠂ ᠬᠦᠷᠢᠶ᠎ᠡ ᠬᠤᠰᠢᠭᠤᠨ ᠳᠤ ᠬᠢᠵᠢᠭ ᠤᠨ ᠪᠠᠶᠢᠳᠠᠯ ᠬᠦᠨᠳᠦ ᠨᠣᠴᠢᠲᠠᠶ ᠪᠠᠶᠢᠵᠤ᠂ ᠰᠤᠷᠭᠠᠭᠤᠯᠢ ᠡᠬᠢᠯᠡᠬᠦ ᠨᠢ ᠬᠤᠶᠢᠰᠢᠯᠠᠭᠰᠠᠨ ᠯᠢ ᠶᠢᠩ ᠰᠢᠤᠸᠠᠢ ᠰᠠᠨᠠᠭᠠᠴᠢᠯᠠᠭ᠎ᠠ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠳᠤ ᠣᠷᠣᠯᠴᠠᠵᠤ᠂ ᠡᠷᠦᠬᠡ ᠳᠤ ᠣᠷᠣᠵᠤ ᠤᠬᠠᠭᠤᠯᠭ᠎ᠠ ᠬᠢᠵᠦ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠳᠡᠩᠰᠡᠯᠡᠯᠲᠡ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠪᠤᠴᠠ ᠳᠤ᠂ ᠲᠡᠷᠡ ᠦᠨᠳᠦᠰᠦᠨ ᠱᠠᠲᠤ᠂ ᠨᠤᠲᠤᠭ ᠤᠰᠤ᠂ ᠣᠯᠠᠨ ᠲᠦᠮᠡᠨ ᠳᠤ ᠨᠠᠩ ᠭᠦᠨᠵᠡᠭᠡᠶ ᠲᠠᠨᠢᠯᠲᠠ ᠲᠠᠢ ᠪᠣᠯᠵᠣ᠂ ᠨᠤᠲᠤᠭ ᠤᠰᠤ ᠳᠠᠭᠠᠨ ᠦᠢᠯᠡᠴᠢᠯᠡᠬᠦ ᠪᠣᠳᠣᠯ ᠴᠤ ᠤᠯᠠᠮ ᠪᠠᠲᠤ ᠪᠣᠯᠤᠭᠰᠠᠨ ᠪᠠᠶᠢᠨ᠎ᠠ᠃ ᠲᠡᠭᠦᠰᠦᠭᠰᠡᠨ ᠤ ᠳᠠᠷᠠᠭ᠎ᠠ᠂ ᠯᠢ ᠶᠢᠩ ᠰᠢᠤᠸᠠᠢ ᠬᠦᠷᠢᠶ᠎ᠡ ᠬᠤᠰᠢᠭᠤᠨ ᠤ ᠨᠢᠭᠡᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠳᠠᠳᠤᠯᠭ᠎ᠠ ᠶᠢᠨ ᠬᠠᠤᠯᠢᠴᠢ ᠪᠣᠯᠪᠠ᠂ ᠭᠡᠪᠡᠴᠦ ᠠᠮᠠᠷᠠᠯᠲᠠ ᠶᠢᠨ ᠡᠳᠦᠷ ᠪᠣᠯᠬᠤ ᠪᠦᠷᠢ ᠨᠤᠲᠤᠭ ᠲᠠᠭᠠᠨ ᠪᠤᠴᠠᠵᠤ ᠦᠷᠭᠦᠯᠵᠢᠯᠡᠨ ᠰᠠᠶᠢᠨ ᠳᠤᠷ᠎ᠠ ᠶᠢᠨ ᠦᠢᠯᠡᠴᠢᠯᠡᠭᠡ ᠬᠢᠳᠡᠭ᠃ ︽ᠪᠢ ᠣᠲᠣ ᠭᠤᠤᠯᠳᠠᠭᠤ ᠤᠮᠠᠷᠠᠲᠤ ᠬᠢᠯᠢ ᠶᠢᠨ APP ᠪᠣᠯᠤᠨ ᠡᠷᠦᠬᠡ ᠳᠤ ᠣᠷᠣᠵᠤ ᠤᠬᠠᠭᠤᠯᠬᠤ ᠮᠡᠲᠦ ᠶᠢᠨ ᠶᠠᠪᠤᠳᠠᠯ ᠢ ᠬᠠᠷᠢᠭᠤᠴᠠᠵᠤ ᠪᠠᠶᠢᠨ᠎ᠠ᠂ ᠦᠨᠳᠦᠰᠦᠨ ᠱᠠᠲᠤᠨ ᠤ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠᠰᠠ ᠨᠡᠯᠢᠶᠡᠳ ᠪᠠᠭᠤᠷᠠᠶ ᠪᠠᠶᠢᠨ᠎ᠠ᠂ ᠪᠢ ᠶᠠᠭ ᠬᠠᠤᠯᠢ ᠴᠠᠭᠠᠵᠠ ᠰᠤᠷᠤᠭᠰᠠᠨ᠂ ᠮᠥᠨ ᠴᠦ ᠡᠨᠡ ᠲᠣᠰᠬᠤᠨ ᠳᠤ ᠥᠰᠦᠭᠰᠡᠨ ᠬᠦᠮᠦᠨ᠂ ᠥᠪᠡᠷ ᠤᠨ ᠰᠣᠷᠣᠭᠰᠠᠨ ᠡᠷᠳᠡᠮ ᠢᠶᠠᠷ ᠢᠶᠠᠨ ᠲᠣᠰᠬᠤᠨ ᠤ ᠬᠥᠮᠦᠰ ᠲᠤ ᠪᠠᠭ᠎ᠠ ᠰᠠᠭ᠎ᠠ ᠠᠵᠢᠯ ᠬᠢᠬᠦ ᠶᠢ ᠯᠡ ᠪᠤᠳᠤᠵᠤ ᠪᠠᠶᠢᠨ᠎ᠠ᠂ ᠡᠨᠡ ᠨᠢ ᠨᠠᠳᠠ ᠳᠤ ᠮᠠᠰᠢ ᠬᠠᠨᠤᠮᠵᠢᠲᠠᠢ ᠴᠢᠨᠠᠷᠵᠢᠭᠤᠨ ᠰᠠᠨᠠᠭᠳᠠᠵᠤ ᠪᠠᠶᠢᠨ᠎ᠠ᠂ ᠵᠠᠯᠠᠭᠤ ᠨᠠᠰᠤ ᠶᠢ ᠬᠥᠰᠡᠷᠳᠡᠭᠦᠯᠬᠦ ᠥᠬᠡᠶ ᠭᠡᠵᠦ ᠬᠡᠯᠡᠵᠦ ᠪᠣᠯᠤᠨ᠎ᠠ︾ ᠭᠡᠵᠦ ᠯᠢ ᠢᠩ ᠰᠢᠤᠸᠠᠢ ᠢᠨᠢᠶᠡᠮᠰᠦᠭᠯᠡᠨ ᠬᠡᠯᠡᠪᠡ᠃
   ᠣᠳᠣᠬᠠᠨ ᠳᠤ ᠬᠦᠷᠢᠶ᠎ᠡ ᠬᠤᠰᠢᠭᠤᠨ ᠤ ᠡᠯ᠎ᠡ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠡᠭᠡᠷ᠎ᠡ ᠴᠥᠮ ᠵᠠᠯᠠᠭᠤᠴᠤᠳ ᠤᠨ ᠪᠠᠷ᠎ᠠ ᠬᠠᠷᠠᠭᠳᠠᠵᠤ᠂ ᠲᠡᠳᠡᠨ ᠤ ᠵᠠᠷᠢᠮ ᠨᠢ ᠰᠤᠷᠭᠠᠭᠤᠯᠢ ᠠᠴᠠ ᠭᠠᠷᠤᠭ᠎ᠠ ᠥᠬᠡᠶ᠂ ᠵᠠᠷᠢᠮ ᠨᠢ ᠰᠠᠶ᠋ᠢᠬᠠᠨ ᠲᠡᠭᠦᠰᠦᠭᠡᠳ ᠠᠩᠬ᠎ᠠ ᠨᠡᠶᠢᠭᠡᠮ ᠳᠤ ᠭᠠᠷᠴᠤ ᠪᠠᠶᠢᠨ᠎ᠠ᠂ ᠭᠡᠪᠡᠴᠦ ᠲᠠᠳᠠ ᠴᠥᠮ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠬᠦᠰᠡᠯ ᠵᠡᠭᠦᠳᠦ ᠪᠠᠨ ᠤᠮᠳᠠᠯᠠᠵᠤ᠂ ᠴᠢᠷᠮᠠᠶᠢᠯᠭ᠎ᠠ ᠪᠠᠷ ᠢᠶᠠᠨ ᠵᠠᠯᠠᠭᠤ ᠨᠠᠰᠤᠨ ᠤ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠪᠣᠯᠤᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠬᠠᠷᠢᠭᠤᠴᠠᠯᠭ᠎ᠠ ᠡᠭᠦᠷᠭᠡᠯᠡᠯ ᠢ ᠦᠢᠯᠡᠳᠦᠯᠭᠡᠵᠢᠭᠦᠯᠵᠦ ᠶᠠᠪᠤᠨ᠎ᠠ᠃
 
ᠢᠷᠡᠯᠲᠡ᠄ ᠰᠠᠭᠤᠭᠳᠠᠯᠳᠦ ᠭᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号