ᠮᠠᠨ ᠤ ᠬᠤᠰᠢᠭᠤ ︽ᠰᠠᠭᠠᠭ ᠤᠨ ᠨᠣᠲᠤᠭ ᠨᠠᠮ ᠳᠠᠭᠠᠨ  ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ 2022 ᠣᠨ ᠤ ᠠᠨᠳᠠᠢ ᠪᠦᠵᠢᠭ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ
ᠨᠡᠶᠢᠲᠡᠯᠡᠭᠰᠡᠨ ᠴᠠᠭ᠄
2022/8/9
    8 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠷᠢᠶ᠎ᠡ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠦᠷᠢᠶ᠎ᠡ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠦᠷᠢᠶ᠎ᠡ ᠬᠤᠰᠢᠭᠤᠨ ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ︽ᠰᠠᠭᠠᠭ ᠤᠨ ᠨᠣᠲᠤᠭ ᠨᠠᠮ ᠳᠠᠭᠠᠨ   ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ 2022 ᠣᠨ ᠤ ᠪᠥᠬᠦ ᠬᠤᠰᠢᠭᠤᠨ ᠤ ᠠᠨᠳᠠᠶ ᠪᠥᠵᠢᠭ ᠤᠨ ᠤᠷᠤᠯᠳᠤᠭᠠᠨ ᠰᠢᠨ᠎ᠡ ᠲᠣᠭᠤᠷᠢᠭ ᠤᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠬᠦᠶ ᠯᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠶᠦᠨ ᠫᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠠᠩ ᠳ᠋ᠠ ᠫᠧᠩ ᠠᠵᠢᠯᠯᠠᠭ᠎ᠠ ᠳᠤ ᠣᠷᠣᠯᠴᠠᠪᠠ᠃
   ᠤᠷᠤᠯᠳᠤᠭᠠᠨ ᠨᠢ ᠣᠷᠭᠢᠯᠤᠮ᠎ᠠ ᠬᠠᠯᠠᠭᠤᠨ ᠰᠡᠳᠬᠢᠯᠭᠡ ᠲᠠᠢ ᠮᠢᠩᠭᠠᠨ ᠬᠥᠮᠦᠨ ᠤ ᠠᠨᠳᠠᠶ ᠪᠥᠵᠢᠭ ᠢᠶᠠᠷ ᠡᠬᠢᠯᠡᠪᠡ᠃ ᠲᠣᠰ ᠤᠳᠠᠭᠠᠨ ᠤ ᠤᠷᠤᠯᠳᠤᠭᠠᠨ ᠳᠤ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ ᠰᠤᠮᠤ ᠨᠡᠶᠢᠭᠡᠮ ᠲᠣᠭᠤᠷᠢᠭ ᠪᠣᠯᠤᠨ ᠰᠠᠯᠠᠭ᠎ᠠ ᠮᠥᠴᠢᠷ ᠨᠢᠭᠡᠴᠢ ᠶᠢᠨ 21 ᠲᠥᠯᠥᠭᠡᠯᠡᠭᠴᠢᠳ ᠤᠨ ᠠᠩᠭᠢ ᠣᠷᠣᠯᠴᠠᠵᠠᠶ᠃ ᠤᠷᠤᠯᠳᠤᠭᠠᠨ ᠤ ᠲᠠᠯᠠᠪᠠᠢ ᠳᠤ᠂ ᠡᠯ᠎ᠡ ᠤᠷᠤᠯᠳᠤᠭᠠᠨ ᠳᠤ ᠣᠷᠣᠯᠴᠠᠬᠤ ᠲᠥᠯᠥᠭᠡᠯᠡᠭᠴᠢᠳ ᠤᠨ ᠠᠩᠭᠢ ᠳᠡᠰ ᠳᠠᠷᠠᠭᠠᠯᠠᠨ ᠲᠠᠯᠠᠪᠠᠢ ᠳᠤ ᠭᠠᠷᠴᠤ᠂ ᠪᠠᠶᠠᠷ ᠪᠠᠶᠠᠰᠬᠤᠯᠠᠩᠲᠤ ᠬᠦᠭ ᠠᠶᠢᠵᠠᠮ ᠢ ᠳᠠᠭᠠᠵᠤ᠂ ᠢᠳᠡᠷᠡᠭᠦᠨ ᠪᠥᠵᠢᠭ ᠤᠨ ᠠᠯᠬᠤᠭ᠎ᠠ ᠪᠠᠷ᠂ ᠠᠯᠴᠢᠭᠤᠷ  ᠰᠠᠵᠢᠯᠠᠨ ᠤᠶᠠᠬᠠᠨ ᠪᠦᠵᠢᠭᠯᠡᠵᠡᠭᠡᠪᠡ᠃
   ᠨᠢᠭᠡ ᠦᠳᠡ ᠶᠢᠨ ᠡᠮᠦᠨᠡᠬᠢ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠲᠥᠯᠥᠭᠡᠯᠡᠭᠴᠢᠳ ᠤᠨ ᠠᠩᠭᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠥᠯᠥᠭᠡᠯᠡᠭᠴᠢᠳ ᠤᠨ ᠠᠩᠭᠢ᠂ ᠮᠠᠩᠬᠠᠨ ᠰᠤᠮᠤᠨ ᠤ ᠬᠦᠬᠡᠮᠦ᠋ᠴᠢᠷ ᠲᠥᠯᠥᠭᠡᠯᠡᠭᠴᠢᠳ ᠤᠨ ᠠᠩᠭᠢ᠂ ᠬᠦᠷᠢᠶ᠎ᠡ ᠪᠠᠯᠭᠠᠰᠤᠨ ᠤ ᠪᠠᠷᠠᠭᠤᠨ ᠭᠠᠴᠠᠭᠠᠨ ᠤ ᠲᠥᠯᠥᠭᠡᠯᠡᠭᠴᠢᠳ ᠤᠨ ᠠᠩᠭᠢ᠂ ᠰᠢᠶᠠᠨᠵᠢᠨ ᠰᠤᠮᠤ ᠶᠢᠨ ᠵᠡᠭᠦᠨ ᠲᠥᠩᠰᠢ ᠶᠢᠨ ᠲᠥᠯᠥᠭᠡᠯᠡᠭᠴᠢᠳ ᠤᠨ ᠠᠩᠭᠢ ᠵᠡᠷᠭᠡ 12 ᠲᠥᠯᠥᠭᠡᠯᠡᠭᠴᠢᠳ ᠤᠨ ᠠᠩᠭᠢ ᠰᠢᠢᠳᠪᠦᠷᠢᠲᠦ ᠤᠷᠤᠯᠳᠤᠭᠠᠨ ᠳᠤ ᠤᠷᠤᠭᠰᠢᠲᠠᠶ ᠣᠷᠣᠪᠠ᠃    ᠦᠳᠡ ᠶᠢᠨ ᠬᠤᠶᠢᠨᠠᠬᠢ 14 ᠴᠠᠭ 30 ᠮᠢᠨᠦ᠋ᠲ ᠲᠤ᠂ ᠪᠢᠳᠡ ᠬᠠᠮᠲᠤ ᠪᠠᠷ ᠰᠢᠨ᠎ᠡ ᠲᠣᠭᠤᠷᠢᠭ ᠤᠨ ᠠᠭᠤᠳᠠᠮ ᠲᠠᠯᠠᠪᠠᠢ ᠳᠠᠬᠢ ᠭᠤᠶᠢᠳᠠ ᠰᠠᠶᠢᠬᠠᠨ ᠲᠤᠭᠯᠠᠯᠲᠠ ᠶᠢ ᠬᠦᠰᠡᠨ ᠬᠦᠯᠢᠶᠡᠶ᠎ᠡ︕
 
ᠢᠷᠡᠯᠲᠡ᠄ ᠰᠠᠭᠤᠭᠳᠠᠯᠳᠦ ᠭᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号