ᠬᠦᠷᠢᠶ᠎ᠡ ᠪᠠᠯᠭᠠᠰᠤᠨ ᠳᠤ ᠰᠠᠭᠤᠭ᠎ᠠ ᠡᠯ᠎ᠡ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠳᠤ᠄ | ︽2022 ᠣᠨ ᠤ ᠪᠥᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ︿9·18﹀ | ᠰᠡᠷᠡᠮᠵᠢ ᠶᠢᠨ ᠳᠣᠬᠢᠶ᠎ᠠ ᠶᠢ ᠲᠤᠷᠰᠢᠨ ᠳᠤᠤᠭᠠᠷᠭᠠᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠤᠨ ᠮᠡᠳᠡᠭᠳᠡᠯ︾ ︵ | ᠥᠪᠥᠷ ᠠᠷᠠᠳ ᠰᠡᠷᠭᠡᠶᠢᠯᠡᠬᠦ ᠲᠠᠷᠬᠠᠭᠠᠭᠰᠠᠨ ﹇2022﹈ 49 ᠳ᠋ᠤᠭᠡᠷ ᠲᠣᠭᠠᠲᠤ︶ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ ᠦᠵᠡᠯ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠵᠡᠯ | ᠤᠬᠠᠮᠰᠠᠷ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠦᠷᠢᠶ᠎ᠡ ᠬᠤᠰᠢᠭᠤᠨ ᠤ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ | ᠂ 2022 ᠣᠨ ᠤ 9 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨᠡᠬᠢ 9 ᠴᠠᠭ 30 ᠮᠢᠨᠦ᠋ᠲ ᠠᠴᠠ 11 | ᠴᠠᠭ 30 ᠮᠢᠨᠦ᠋ᠲ ᠪᠣᠯᠲᠠᠯ᠎ᠠ᠂ ᠬᠦᠷᠢᠶ᠎ᠡ ᠪᠠᠯᠭᠠᠰᠤᠨ ᠤ ᠲᠣᠭᠤᠷᠢᠭ ᠵᠢᠴᠢ ᠰᠢᠶᠠᠨᠵᠢᠨ ᠰᠤᠮᠤ ᠶᠢᠨ ᠵᠠᠰᠠᠭ ᠤᠨ | ᠣᠷᠳᠣᠨ ᠤ ᠰᠠᠭᠤᠭ᠎ᠠ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ | ᠨᠢᠭᠡᠳᠦᠯᠲᠡᠶ ᠲᠤᠷᠰᠢᠨ ᠳᠤᠤᠭᠠᠷᠭᠠᠨ᠎ᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠪᠡ᠄ | ᠲᠤᠷᠰᠢᠨ ᠳᠤᠤᠭᠠᠷᠬᠤ ᠴᠠᠭ ᠪᠠ ᠳᠠᠷᠠᠭᠠᠯᠠᠯ | ᠨᠢᠭᠡᠳᠦᠭᠡᠷ ᠤᠳᠠᠭ᠎ᠠ᠄ | 9᠄ 30 ᠤᠷᠢᠳᠴᠢᠯᠠᠭᠰᠠᠨ ᠰᠡᠷᠡᠮᠵᠢ ᠶᠢᠨ ᠳᠣᠬᠢᠶ᠎ᠠ᠄ 36 ᠰᠧᠺᠦ᠋ᠨ᠋ᠳ᠋ ᠳᠤᠤᠭᠠᠷᠴᠦ 24 ᠰᠧᠺᠦ᠋ᠨ᠋ᠳ᠋ | ᠵᠣᠭᠰᠣᠵᠤ᠂ ᠭᠤᠷᠪᠠ ᠤᠳᠠᠭ᠎ᠠ ᠳᠠᠪᠲᠠᠬᠤ ᠪᠠᠷ ᠨᠢᠭᠡ ᠦᠶᠡᠯᠡᠯ ᠪᠣᠯᠭᠠᠨ᠎ᠠ | 9᠄ 40 ᠠᠭᠠᠷ ᠤᠨ ᠳᠠᠭᠠᠷᠢᠯᠲᠠ ᠶᠢᠨ ᠰᠡᠷᠡᠮᠵᠢ ᠶᠢᠨ ᠳᠣᠬᠢᠶ᠎ᠠ᠄ 6 ᠰᠧᠺᠦ᠋ᠨ᠋ᠳ᠋ ᠳᠤᠤᠭᠠᠷᠴᠦ 6 ᠰᠧᠺᠦ᠋ᠨ᠋ᠳ᠋ | ᠵᠣᠭᠰᠣᠵᠤ᠂ 15 ᠤᠳᠠᠭ᠎ᠠ ᠳᠠᠪᠲᠠᠬᠤ ᠪᠠᠷ ᠨᠢᠭᠡ ᠦᠶᠡᠯᠡᠯ ᠪᠣᠯᠭᠠᠨ᠎ᠠ | 9᠄ 50 ᠰᠡᠷᠡᠮᠵᠢ ᠶᠢᠨ ᠳᠣᠬᠢᠶ᠎ᠠ ᠶᠢ ᠬᠦᠴᠦᠨ ᠥᠬᠡᠶ ᠪᠣᠯᠭᠠᠨ᠎ᠠ᠄ 3 ᠮᠢᠨᠦ᠋ᠲ ᠨᠢᠭᠡ ᠣᠷᠳᠣ ᠳᠤᠤᠭᠠᠷᠭᠠᠨ᠎ᠠ᠃ | | ᠬᠤᠶᠠᠳᠤᠭᠠᠷ ᠤᠳᠠᠭ᠎ᠠ᠄ | 10᠄ 00 ᠤᠷᠢᠳᠴᠢᠯᠠᠭᠰᠠᠨ ᠰᠡᠷᠡᠮᠵᠢ ᠶᠢᠨ ᠳᠣᠬᠢᠶ᠎ᠠ᠄ 36 ᠰᠧᠺᠦ᠋ᠨ᠋ᠳ᠋ ᠳᠤᠤᠭᠠᠷᠴᠦ 24 ᠰᠧᠺᠦ᠋ᠨ᠋ᠳ᠋ | ᠵᠣᠭᠰᠣᠵᠤ᠂ ᠭᠤᠷᠪᠠ ᠤᠳᠠᠭ᠎ᠠ ᠳᠠᠪᠲᠠᠬᠤ ᠪᠠᠷ ᠨᠢᠭᠡ ᠦᠶᠡᠯᠡᠯ ᠪᠣᠯᠭᠠᠨ᠎ᠠ | 10᠄ 10 ᠠᠭᠠᠷ ᠤᠨ ᠳᠠᠭᠠᠷᠢᠯᠲᠠ ᠶᠢᠨ ᠰᠡᠷᠡᠮᠵᠢ ᠶᠢᠨ ᠳᠣᠬᠢᠶ᠎ᠠ᠄ 6 ᠰᠧᠺᠦ᠋ᠨ᠋ᠳ᠋ ᠳᠤᠤᠭᠠᠷᠴᠦ 6 ᠰᠧᠺᠦ᠋ᠨ᠋ᠳ᠋ | ᠵᠣᠭᠰᠣᠵᠤ᠂ 15 ᠤᠳᠠᠭ᠎ᠠ ᠳᠠᠪᠲᠠᠬᠤ ᠪᠠᠷ ᠨᠢᠭᠡ ᠦᠶᠡᠯᠡᠯ ᠪᠣᠯᠭᠠᠨ᠎ᠠ | 10᠄ 20 ᠰᠡᠷᠡᠮᠵᠢ ᠶᠢᠨ ᠳᠣᠬᠢᠶ᠎ᠠ ᠶᠢ ᠬᠦᠴᠦᠨ ᠥᠬᠡᠶ ᠪᠣᠯᠭᠠᠨ᠎ᠠ᠄ 3 ᠮᠢᠨᠦ᠋ᠲ ᠨᠢᠭᠡ ᠣᠷᠳᠣ | ᠳᠤᠤᠭᠠᠷᠭᠠᠨ᠎ᠠ᠃ | 10 ᠴᠠᠭ 30 ᠮᠢᠨᠦ᠋ᠲ ᠠᠴᠠ 11 ᠴᠠᠭ 30 ᠮᠢᠨᠦ᠋ᠲ ᠢ ᠣᠨᠴᠠ ᠵᠠᠷᠢᠮ ᠰᠡᠷᠡᠮᠵᠢ ᠶᠢᠨ ᠳᠣᠬᠢᠶ᠎ᠠ ᠶᠢ | ᠲᠤᠷᠰᠢᠨ ᠳᠤᠤᠭᠠᠷᠭᠠᠬᠤ ᠴᠠᠭ ᠭᠡᠵᠦ ᠬᠤᠪᠢᠶᠠᠨ᠎ᠠ᠃ | ᠲᠣᠰ ᠮᠡᠳᠡᠭᠳᠡᠯ ᠢ ᠳᠤᠰᠤᠭᠰᠠᠨ ᠤ ᠳᠠᠷᠠᠭ᠎ᠠ᠂ ᠡᠯ᠎ᠡ ᠨᠢᠭᠡᠴᠢ ᠶᠢᠨ ᠬᠢᠨ ᠮᠡᠳᠡᠭᠳᠡᠯ ᠪᠠ ᠤᠬᠠᠭᠤᠯᠭ᠎ᠠ ᠶᠢᠨ | ᠠᠵᠢᠯ ᠢ ᠤᠷᠢᠳᠴᠢᠯᠠᠨ ᠰᠠᠶᠢᠲᠤᠷ ᠬᠢᠵᠦ᠂ ᠠᠶᠢᠯ ᠡᠷᠦᠬᠡ ᠪᠦᠬᠦᠨ ᠳᠤ ᠮᠡᠳᠡᠭᠦᠯᠵᠦ᠂ ᠬᠥᠮᠦᠨ ᠪᠦᠬᠦᠨ ᠳᠤ | ᠮᠡᠳᠡᠭᠦᠯᠵᠦ᠂ ᠭᠡᠯᠮᠡᠭᠳᠡᠯ ᠪᠠ ᠰᠠᠨᠠᠭᠠᠨ ᠳᠤ ᠥᠬᠡᠶ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ | | | ᠬᠦᠷᠢᠶ᠎ᠡ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ | 2022 ᠣᠨ ᠤ 9 ᠳ᠋ᠦᠭᠡᠷ ᠰᠠᠷ᠎ᠠ ᠶᠢᠨ 9 ᠤ ᠡᠳᠦᠷ | |