ᠨᠢᠭᠡ᠂ ᠠᠬᠤᠢ ᠪᠠᠶᠢᠳᠠᠯ ᠵᠢᠴᠢ ᠦᠨᠳᠦᠰᠦᠯᠡᠯ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠮᠢᠶᠠᠷᠤᠯᠲᠠ ᠶᠢ ᠤᠯᠠᠮ | ᠨᠢᠭᠡ ᠠᠯᠬᠤᠮ ᠵᠢᠷᠤᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠵᠠᠷᠤᠳᠠᠯ ᠤᠨ | ᠳᠠᠷᠤᠭᠠᠰᠤ ᠶᠢ ᠬᠦᠩᠭᠡᠷᠡᠭᠦᠯᠦᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠠᠵᠢᠯᠲᠠᠨ ᠠᠵᠢᠯᠴᠢᠨ ᠤ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠨ ᠪᠠᠲᠤᠯᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2021︺ 14 ᠳ᠋ᠦ᠋ᠭᠡᠷ ᠲᠣᠭᠠᠲᠤ︶ | ᠪᠠ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠢ | ᠬᠠᠮᠲᠤ ᠳᠤ ᠨᠢ ᠬᠠᠷᠠᠭᠠᠯᠵᠠᠨ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ | ︵ᠥᠪᠥᠷ ᠵᠠᠰᠠᠭ ᠠᠯᠪᠠᠨ ᠲᠠᠷᠬᠠᠭᠠᠭᠰᠠᠨ ︹2021︺ 82 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ | ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ | ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ | ᠶᠢ ᠲᠣᠭᠲᠠᠭᠠᠪᠠ᠃ ︽ᠬᠠᠮᠢᠶᠠᠷᠤᠯᠲᠠ ᠶᠢᠨ ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠷᠠᠭᠠᠯᠵᠠᠯ ᠤᠨ ᠪᠠᠲᠤᠯᠠᠭ᠎ᠠ᠂ ᠭᠤᠶᠤᠴᠢᠯᠠᠨ | ᠮᠡᠳᠡᠭᠦᠯᠵᠦ ᠮᠠᠭᠠᠳᠯᠠᠨ ᠲᠣᠭᠲᠠᠭᠠᠬᠤ᠂ ᠳ᠋ᠦᠩᠨᠡᠨ ᠪᠤᠳᠤᠬᠤ ᠬᠠᠮᠢᠶᠠᠷᠤᠯᠲᠠ᠂ ᠦᠢᠯᠡᠴᠢᠯᠡᠭᠡᠨ ᠤ ᠬᠠᠮᠢᠶᠠᠷᠤᠯᠲᠠ ᠶᠢ | ᠤᠯᠠᠮ ᠨᠢᠭᠡ ᠠᠯᠬᠤᠮ ᠲᠣᠳᠣᠷᠬᠠᠶᠢᠯᠠᠭᠰᠠᠨ ᠶᠠᠪᠤᠳᠠᠯ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ | ᠡᠪᠡᠳᠴᠢᠨ ᠤ ᠬᠠᠷᠠᠭᠠᠯᠵᠠᠯ ᠭᠥᠷᠳᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ | ︵ᠨᠢᠭᠡ︶ ᠲᠣᠬᠢᠷᠠᠬᠤ ᠬᠥᠮᠥᠰ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ | ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠰ᠃ | ︵ᠬᠤᠶᠠᠷ︶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠲᠥᠷᠥᠯ ᠵᠦᠢᠯ᠃ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ | ᠡᠪᠡᠳᠴᠢᠨ ᠳᠤ ᠨᠡᠶᠢᠲᠡ 10 ᠵᠦᠢᠯ ᠤᠨ ᠡᠪᠡᠳᠴᠢᠨ ᠤ ᠲᠥᠷᠥᠯ ᠪᠣᠶ᠄ ᠰᠢᠰᠲ᠋ᠧᠮᠲᠦ ᠴᠢᠨᠠᠷᠲᠠᠢ ᠤᠯᠠᠭᠠᠨ | ᠲᠣᠯᠪᠣᠲᠤ ᠴᠢᠨ᠋ᠸ᠎ᠠ ᠶᠢᠨ ᠶᠠᠷ᠎ᠠ᠂ ᠫᠠᠷᠺᠢᠨᠰᠤᠨ ᠡᠪᠡᠳᠴᠢᠨ᠂ ᠡᠯᠢᠭᠡᠨ ᠤ ᠬᠠᠲᠠᠭᠤᠷᠠᠯ ᠤᠨ ᠡᠨᠡᠭᠰᠢᠮᠡᠯ ᠦᠭᠡᠶᠢᠳᠡᠬᠦ | ᠬᠤᠭᠤᠴᠠᠭ᠎ᠠ᠂ ᠬᠤᠣᠷᠲᠤ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ᠂ ᠴᠢᠰᠤ ᠨᠡᠪᠴᠢᠭᠦᠯᠦᠨ ᠢᠯᠭᠠᠷᠠᠭᠤᠯᠬᠤ᠂ | ᠴᠠᠭᠠᠨ ᠴᠣᠷᠣᠢ ᠪᠠᠷ ᠴᠢᠰᠤ ᠴᠡᠪᠡᠷᠯᠡᠬᠦ᠂ ᠨᠡᠬᠡᠳᠡᠰᠦ ᠡᠷᠬᠡᠲᠡᠨ ᠢ ᠰᠢᠯᠵᠢᠭᠦᠯᠦᠨ ᠰᠠᠭᠤᠯᠭᠠᠬᠤ ᠮᠡᠰᠡ ᠵᠠᠰᠠᠯ ᠤᠨ | ᠳᠠᠷᠠᠭᠠᠬᠢ ᠣᠨᠳᠣᠣᠰᠢᠯ ᠢ ᠡᠰᠡᠷᠭᠦᠴᠡᠬᠦ ᠡᠮᠴᠢᠯᠡᠭᠡ᠂ ᠸᠢᠷᠦ᠋ᠰ ᠤᠨ ᠴᠢᠨᠠᠷᠲᠠᠢ ᠡᠯᠢᠭᠡᠨ ᠦᠷᠪᠢᠰᠦᠯ᠂ ᠴᠢᠰᠤ | ᠭᠤᠭᠤᠵᠢᠮᠠᠳᠠᠭᠠᠢ ᠡᠪᠡᠳᠴᠢᠨ᠂ ᠠᠭᠤᠰᠬᠢᠨ ᠤ ᠯᠤᠭᠰᠢᠭᠤᠨ ᠰᠤᠳᠠᠯ ᠤᠨ ᠥᠨᠳᠥᠷ ᠳᠠᠷᠤᠯᠲᠠ ᠵᠡᠷᠭᠡ ᠪᠣᠯᠣᠨ᠎ᠠ᠃ | ᠳᠡᠭᠡᠷ᠎ᠡ ᠳᠤᠷᠠᠳᠤᠭᠰᠠᠨ ᠬᠡᠪᠴᠢᠶᠡᠨ ᠳᠤ ᠥᠯᠥ ᠪᠠᠭᠲᠠᠬᠤ ᠤᠤᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ | ᠣᠨᠴᠠᠭᠠᠢ ᠡᠪᠡᠳᠴᠢᠨ ᠤ ᠲᠥᠷᠥᠯ ᠢ ᠪᠦᠬᠦᠨ ᠢ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ | ᠪᠠᠲᠤᠯᠠᠭ᠎ᠠ ᠳᠤ ᠣᠷᠣᠭᠤᠯᠤᠨ᠎ᠠ᠃ | ︵ᠭᠤᠷᠪᠠ︶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠡᠬᠢᠯᠡᠵᠦ ᠲᠦᠯᠦᠬᠦ | ᠪᠠᠷᠢᠮᠵᠢᠶ᠎ᠠ᠂ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ᠂ ᠳᠥᠯᠥᠬᠦ ᠬᠠᠷᠢᠴᠠᠯ ᠪᠠ ᠳᠥᠯᠥᠬᠦ ᠨᠣᠷᠮ᠎ᠠ᠃ | ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮ | ᠡᠮᠨᠡᠯᠭᠡ ᠶᠢᠨ ᠵᠠᠷᠤᠳᠠᠯ ᠭᠠᠷᠪᠠᠯ᠂ ᠨᠢᠭᠡ ᠵᠢᠯ ᠤᠨ ᠳᠣᠲᠣᠷᠠᠬᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠤᠨ ᠡᠬᠢᠯᠡᠵᠦ ᠳᠥᠯᠥᠬᠦ ᠪᠠᠷᠢᠮᠵᠢᠶ᠎ᠠ ᠨᠢ 1000 ᠲᠥᠭᠦᠷᠢᠭ ᠪᠣᠯᠣᠨ᠎ᠠ᠃ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ | ᠪᠠ ᠶᠡᠭᠡ ᠲᠣᠭᠠᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠣᠲᠣᠷ᠎ᠠ ᠨᠡᠶᠢᠯᠡᠭᠦᠯᠦᠨ | ᠪᠤᠳᠤᠵᠤ᠂ ᠨᠢᠭᠡ ᠵᠢᠯ ᠤᠨ ᠳᠣᠲᠣᠷᠠᠬᠢ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠨᠢ 30.5 ᠲᠦᠮᠡᠨ | ᠲᠥᠭᠦᠷᠢᠭ ᠪᠣᠯᠣᠨ᠎ᠠ᠃ 1000 ᠲᠥᠭᠦᠷᠢᠭ ᠠᠴᠠ ᠳᠡᠭᠡᠭᠰᠢ 3.5 ᠲᠦᠮᠡᠨ ᠲᠥᠭᠦᠷᠢᠭ ︵3.5 ᠲᠦᠮᠡᠨ | ᠲᠥᠭᠦᠷᠢᠭ ᠢ ᠪᠠᠭᠲᠠᠭᠠᠨ᠎ᠠ︶ ᠠᠴᠠ ᠳᠣᠷᠣᠭᠰᠢᠬᠢ ᠵᠠᠷᠤᠳᠠᠯ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠠᠴᠠ | 80% ᠶᠢ ᠨᠢ ᠲᠥᠯᠥᠨ᠎ᠡ︔ 3.5 ᠲᠦᠮᠡᠨ ᠲᠥᠭᠦᠷᠢᠭ ᠠᠴᠠ ᠳᠡᠭᠡᠭᠰᠢ ᠬᠠᠮᠤᠭ ᠤᠨ ᠥᠨᠳᠥᠷ ᠳᠥᠯᠥᠬᠦ ᠬᠢᠵᠠᠭᠠᠷ | ᠲᠤᠭ᠎ᠠ ᠠᠴᠠ ᠳᠣᠷᠣᠭᠰᠢᠬᠢ ᠵᠠᠷᠤᠳᠠᠯ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠠᠴᠠ 90% ᠶᠢ ᠨᠢ | ᠲᠥᠯᠥᠨ᠎ᠡ᠃ ᠬᠤᠣᠷᠲᠤ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ᠂ ᠴᠢᠰᠤ ᠨᠡᠪᠴᠢᠭᠦᠯᠦᠨ ᠢᠯᠭᠠᠷᠠᠭᠤᠯᠬᠤ᠂ | ᠴᠠᠭᠠᠨ ᠴᠣᠷᠣᠢ ᠪᠠᠷ ᠴᠢᠰᠤ ᠴᠡᠪᠡᠷᠯᠡᠬᠦ᠂ ᠨᠡᠬᠡᠳᠡᠰᠦ ᠡᠷᠬᠡᠲᠡᠨ ᠢ ᠰᠢᠯᠵᠢᠭᠦᠯᠦᠨ ᠰᠠᠭᠤᠯᠭᠠᠬᠤ ᠮᠡᠰᠡ ᠵᠠᠰᠠᠯ ᠤᠨ | ᠳᠠᠷᠠᠭᠠᠬᠢ ᠣᠨᠳᠣᠣᠰᠢᠯ ᠢ ᠡᠰᠡᠷᠭᠦᠴᠡᠬᠦ ᠡᠮᠴᠢᠯᠡᠭᠡ᠂ ᠠᠭᠤᠰᠬᠢᠨ ᠤ ᠯᠤᠭᠰᠢᠭᠤᠨ ᠰᠤᠳᠠᠯ ᠤᠨ ᠥᠨᠳᠥᠷ ᠳᠠᠷᠤᠯᠲᠠ᠂ | ᠴᠢᠰᠤ ᠭᠤᠭᠤᠵᠢᠮᠠᠳᠠᠭᠠᠢ ᠡᠪᠡᠳᠴᠢᠨ᠂ ᠸᠢᠷᠦ᠋ᠰ ᠤᠨ ᠴᠢᠨᠠᠷᠲᠠᠢ ᠡᠯᠢᠭᠡᠨ ᠦᠷᠪᠢᠰᠦᠯ ᠢ ᠨᠢᠭᠡᠳᠦᠯᠲᠡᠢ ᠲᠥᠯᠥᠪᠯᠡᠬᠦ | ᠰᠠᠭᠤᠷᠢ ᠮᠥᠩᠭᠦ ᠪᠠ ᠶᠡᠭᠡ ᠲᠣᠭᠠᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠯᠥᠬᠦ ᠬᠡᠪᠴᠢᠶᠡᠨ ᠳᠤ | ᠨᠡᠶᠢᠯᠡᠭᠦᠯᠦᠨ ᠪᠣᠳᠣᠵᠤ᠂ ᠨᠢᠭᠡ ᠵᠢᠯ ᠤᠨ ᠲᠣᠳᠤᠷᠠᠬᠢ ᠬᠠᠮᠤᠭ ᠤᠨ ᠥᠨᠳᠥᠷ ᠲᠦᠯᠦᠬᠦ ᠬᠢᠵᠠᠭᠠᠷ ᠲᠤᠭ᠎ᠠ ᠨᠢ 30.5 | ᠲᠦᠮᠡᠨ ᠲᠥᠭᠦᠷᠢᠭ ᠪᠣᠯᠤᠨ᠎ᠠ︔ ᠡᠯᠢᠭᠡᠨ ᠤ ᠬᠠᠲᠠᠭᠤᠷᠠᠯ ᠤᠨ ᠡᠨᠡᠭᠰᠢᠮᠡᠯ ᠦᠭᠡᠶᠢᠳᠡᠬᠦ ᠬᠤᠭᠤᠴᠠᠭ᠎ᠠ᠂ ᠫᠠᠷᠺᠢᠨᠰᠤᠨ | ᠡᠪᠡᠳᠴᠢᠨ ᠤ ᠲᠥᠯᠥᠬᠦ ᠨᠣᠷᠮ᠎ᠠ ᠨᠢ 8000 ᠲᠥᠭᠦᠷᠢᠭ︔ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ | ᠴᠢᠨ᠋ᠸ᠎ᠠ ᠶᠢᠨ ᠶᠠᠷ᠎ᠠ ᠶᠢᠨ ᠳᠥᠯᠥᠬᠦ ᠨᠣᠷᠮ᠎ᠠ ᠨᠢ 6000 ᠲᠥᠭᠦᠷᠢᠭ ᠪᠣᠯᠣᠨ᠎ᠠ᠃ ᠳᠡᠭᠡᠷ᠎ᠡ ᠳᠤᠷᠠᠳᠤᠭᠰᠠᠨ | ᠡᠪᠡᠳᠴᠢᠨ ᠲᠠᠢ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ | ᠡᠪᠡᠳᠴᠢᠨ ᠤ ᠬᠠᠷᠠᠭᠠᠯᠵᠠᠯ ᠢ ᠭᠤᠶᠤᠴᠢᠯᠠᠨ ᠮᠡᠳᠡᠭᠦᠯᠵᠦ ᠪᠣᠯᠣᠨ᠎ᠠ᠂ ᠬᠤᠶᠠᠷ ᠠᠴᠠ ᠳᠡᠭᠡᠭᠰᠢ ᠵᠦᠢᠯ ᠤᠨ | ᠡᠪᠡᠳᠴᠢᠨ ᠲᠠᠢ ᠪᠣᠯ ᠬᠠᠮᠲᠤ ᠳᠤ ᠨᠢ ᠭᠤᠶᠤᠴᠢᠯᠠᠨ ᠮᠡᠳᠡᠭᠦᠯᠵᠦ᠂ ᠬᠢᠨᠠᠨ ᠵᠥᠪᠰᠢᠶᠡᠷᠡᠵᠦ ᠪᠠᠲᠤᠯᠠᠭᠰᠠᠨ ᠤ ᠳᠠᠷᠠᠭ᠎ᠠ᠂ | ᠨᠢᠭᠡ ᠯᠡ ᠡᠬᠢᠯᠡᠵᠦ ᠳᠥᠯᠥᠬᠦ ᠪᠠᠷᠢᠮᠵᠢᠶ᠎ᠠ ᠶᠢ ᠬᠡᠷᠡᠭᠵᠢᠭᠦᠯᠦᠨ᠎ᠡ᠃ | ︵ᠳᠥᠷᠪᠡ︶ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠪᠠ ᠡᠮᠴᠢᠯᠡᠭᠡᠨ ᠤ ᠲᠥᠰᠥᠯ ᠢ | ᠬᠤᠪᠢᠷᠠᠭᠤᠯᠬᠤ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ | ᠣᠨᠴᠠᠭᠠᠢ ᠡᠪᠡᠳᠴᠢᠨ ᠤ ᠬᠠᠷᠠᠭᠠᠯᠵᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠪᠠ ᠡᠮᠴᠢᠯᠡᠭᠡᠨ ᠤ | ᠲᠥᠰᠥᠯ ᠢ ᠬᠤᠪᠢᠷᠠᠭᠤᠯᠬᠤ ᠠᠵᠢᠯ ᠢ ᠪᠦᠬᠦᠨ ᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ | ᠪᠠᠶᠢᠭᠤᠯᠤᠭᠰᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠠᠭᠤᠯᠭᠠᠵᠤ ᠭᠦᠢᠴᠡᠳᠬᠡᠭᠦᠯᠦᠨ᠎ᠡ᠃ | ᠳᠠᠭᠠᠳᠬᠠᠯ ᠳᠤ ᠣᠷᠣᠯᠴᠠᠭᠰᠠᠳ ᠬᠠᠮᠢᠶ᠎ᠠ ᠪᠦᠬᠦᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠭᠤᠶᠤᠴᠢᠯᠠᠯ ᠭᠠᠷᠭᠠᠪᠠᠯ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ | ᠤᠳᠠᠭᠠᠨ ᠴᠢᠨᠠᠷᠲᠠᠢ ᠣᠨᠴᠠᠭᠠᠢ ᠡᠪᠡᠳᠴᠢᠨ ᠢ ᠬᠢᠨᠠᠨ ᠬᠠᠷᠭᠤᠭᠤᠯᠬᠤ ᠬᠠᠷᠢᠭᠤᠴᠠᠯᠭᠠᠲᠤ ᠡᠮᠴᠢ ᠠᠴᠠ ᠮᠠᠭᠠᠳᠯᠠᠨ | ᠲᠣᠭᠲᠠᠭᠠᠵᠤ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ | ᠰᠠᠯᠠᠭ᠎ᠠ ᠮᠥᠴᠢᠷ ᠠᠴᠠ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠤ ᠳᠠᠩᠰᠠᠯᠠᠬᠤ ᠶᠢ | ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠲᠥᠪ ᠠᠴᠠ ᠳᠠᠬᠢᠨ ᠬᠢᠨᠠᠵᠤ ᠪᠠᠲᠤᠯᠠᠭᠰᠠᠨ ᠤ ᠳᠠᠷᠠᠭ᠎ᠠ᠂ ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ | ᠡᠪᠡᠳᠴᠢᠨ ᠤ ᠬᠠᠷᠠᠭᠠᠯᠵᠠᠯ ᠢ ᠮᠠᠭᠠᠳᠯᠠᠨ ᠲᠣᠭᠲᠠᠭᠠᠬᠤ ᠭᠤᠶᠤᠴᠢᠯᠠᠯ ᠤᠨ ᠬᠦᠰᠦᠨᠦᠭᠲᠦ︾ ᠪᠠᠷ ᠦᠨᠳᠦᠰᠦᠯᠡᠯ | ᠪᠣᠯᠭᠠᠨ᠂ ᠴᠡᠭ ᠲᠣᠭᠲᠠᠭᠠᠭᠰᠠᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ | ᠡᠮᠴᠢᠯᠡᠭᠡᠨ ᠤ ᠪᠠᠶᠢᠭᠤᠯᠤᠮᠵᠢ ᠶᠢ ᠰᠠᠶᠢᠨ ᠳᠤᠷ᠎ᠠ ᠠᠴᠠ ᠪᠠᠨ ᠰᠣᠩᠭᠤᠵᠤ ᠡᠮᠴᠢᠯᠡᠭᠦᠯᠬᠦ ᠪᠠ ᠡᠮ ᠬᠤᠳᠠᠯᠳᠤᠨ ᠠᠪᠴᠤ | ᠪᠣᠯᠤᠨ᠎ᠠ᠃ | ᠳᠠᠭᠠᠳᠬᠠᠯ ᠳᠤ ᠣᠷᠣᠯᠴᠠᠭᠰᠠᠳ ᠡᠪᠡᠳᠴᠢᠨ ᠤ ᠪᠠᠶᠢᠳᠠᠯ ᠠᠴᠠ ᠪᠣᠯᠵᠤ ᠡᠮᠴᠢᠯᠡᠭᠡᠨ ᠤ ᠲᠥᠰᠥᠯ ᠳᠤ | ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ᠂ ᠬᠢᠨᠠᠨ ᠬᠠᠷᠭᠤᠭᠤᠯᠬᠤ ᠬᠠᠷᠢᠭᠤᠴᠠᠯᠭᠠᠲᠤ ᠡᠮᠴᠢ ᠠᠴᠠ ᠵᠣᠷ ᠪᠢᠴᠢᠨ | ᠥᠭᠴᠦ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ | ᠮᠥᠴᠢᠷ ᠠᠴᠠ ᠡᠮ ᠤᠨ ᠵᠣᠷ ᠢ ᠳᠠᠬᠢᠨ ᠬᠢᠨᠠᠬᠤ ᠶᠢᠨ ᠬᠠᠮᠲᠤ ᠠᠯᠪᠠᠨ ᠲᠠᠮᠠᠭ᠎ᠠ ᠳᠠᠷᠤᠬᠤ ᠶᠢ ᠬᠠᠷᠢᠭᠤᠴᠠᠨ᠎ᠠ᠃ | ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠷᠠᠭᠠᠯᠵᠠᠯ ᠢ ᠮᠠᠭᠠᠳᠯᠠᠨ ᠲᠣᠭᠲᠠᠭᠠᠬᠤ | ᠭᠤᠶᠤᠴᠢᠯᠠᠯ ᠤᠨ ᠬᠦᠰᠦᠨᠦᠭᠲᠦ︾ ᠪᠣᠯᠣᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠢᠴᠢᠵᠦ | ᠥᠭᠭᠦᠭᠰᠡᠨ ᠵᠣᠷ ᠢᠶᠠᠷ ᠦᠨᠳᠦᠰᠦᠯᠡᠯ ᠪᠣᠯᠭᠠᠨ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠡᠮᠴᠢᠯᠡᠭᠦᠯᠬᠦ ᠪᠠ ᠡᠮ ᠬᠤᠳᠠᠯᠳᠤᠨ ᠠᠪᠴᠤ ᠪᠣᠯᠣᠨ᠎ᠠ᠃ | ᠣᠷᠣᠨ ᠤ ᠳᠣᠲᠣᠷᠠᠬᠢ ᠣᠨᠳᠣᠣ ᠭᠠᠵᠠᠷ ᠲᠤ ᠡᠮᠴᠢᠯᠡᠭᠦᠯᠵᠦ ᠪᠠᠶᠢᠭ᠎ᠠ ᠬᠥᠮᠥᠰ ᠪᠠ ᠨᠢᠭᠡᠨᠲᠡ | ᠳᠠᠩᠰᠠᠯᠠᠭᠤᠯᠤᠭᠰᠠᠨ ᠮᠤᠵᠢ ᠠᠯᠤᠰᠯᠠᠨ ᠣᠨᠳᠣᠣ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ | ᠠᠮᠠᠷᠠᠭᠰᠠᠳ᠂ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭ᠎ᠠ ᠬᠥᠮᠥᠰ᠂ ᠣᠨᠳᠣᠣ ᠭᠠᠵᠠᠷ ᠲᠤ | ᠪᠠᠶᠢᠩᠭᠤ ᠰᠠᠭᠤᠭ᠎ᠠ ᠠᠵᠢᠯᠲᠠᠳ᠂ ᠣᠨᠳᠣᠣ ᠭᠠᠵᠠᠷ ᠲᠤ ᠰᠢᠯᠵᠢᠭᠦᠯᠦᠨ ᠡᠮᠴᠢᠯᠡᠭᠦᠯᠵᠦ ᠪᠠᠶᠢᠭ᠎ᠠ ᠬᠥᠮᠥᠰ᠂ | ᠡᠮᠴᠢᠯᠡᠭᠦᠯᠵᠦ ᠪᠠᠶᠢᠭ᠎ᠠ ᠭᠠᠵᠠᠷ ᠤᠨ ᠢᠶᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠢᠴᠢᠵᠦ | ᠥᠭᠭᠦᠭᠰᠡᠨ ᠵᠣᠷ ᠢᠶᠠᠷ ᠦᠨᠳᠦᠰᠦᠯᠡᠯ ᠪᠣᠯᠭᠠᠨ᠂ ᠣᠨᠳᠣᠣ ᠭᠠᠵᠠᠷ ᠤᠨ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠮᠴᠢᠯᠡᠭᠦᠯᠬᠦ ᠪᠠ ᠡᠮ ᠬᠤᠳᠠᠯᠳᠤᠨ ᠠᠪᠴᠤ ᠪᠣᠯᠣᠨ᠎ᠠ᠃ | ︵ᠲᠠᠪᠤ︶ ᠵᠠᠷᠤᠳᠠᠯ ᠢ ᠳ᠋ᠦᠩᠨᠡᠨ ᠪᠤᠳᠤᠬᠤ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ | ᠡᠪᠡᠳᠴᠢᠨ ᠤ ᠵᠠᠷᠤᠳᠠᠯ ᠢ ᠳ᠋ᠦᠩᠨᠡᠨ ᠪᠤᠳᠤᠬᠤ ᠳᠤ ᠤᠯᠤᠰ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ | ᠬᠦᠩᠭᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠨᠣᠰᠢᠯᠠᠨ ᠡᠮᠨᠡᠬᠦ ᠲᠥᠷᠥᠯ ᠵᠦᠢᠯ ᠵᠢᠴᠢ ᠡᠮᠴᠢᠯᠡᠭᠡᠨ ᠤ | ᠦᠢᠯᠡᠴᠢᠯᠡᠭᠡᠨ ᠤ ᠪᠡᠯᠡᠳᠬᠡᠮᠵᠢ ᠶᠢᠨ ᠬᠡᠪᠴᠢᠶ᠎ᠡ ᠪᠠ ᠲᠥᠯᠥᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠳᠡᠭᠡᠷ᠎ᠡ | ᠳᠤᠷᠠᠳᠤᠭᠰᠠᠨ ᠲᠣᠭᠲᠠᠭᠠᠯ ᠠᠴᠠ ᠳᠠᠪᠠᠭᠰᠠᠨ ᠡᠮ ᠡᠮᠨᠡᠯᠭᠡ ᠶᠢᠨ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠦᠩᠭᠦ ᠠᠴᠠ ᠲᠥᠯᠥᠵᠦ ᠥᠭᠬᠦ ᠦᠭᠡᠢ᠃ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠵᠠᠷᠤᠳᠠᠯ ᠢ ᠲᠡᠷᠡ ᠳᠠᠷᠤᠢ ᠳᠤ ᠨᠢ | ᠳ᠋ᠦᠩᠨᠡᠨ ᠪᠤᠳᠤᠬᠤ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠮᠴᠢᠯᠡᠭᠦᠯᠬᠦ ᠪᠠ ᠡᠮ ᠬᠤᠳᠠᠯᠳᠤᠨ ᠠᠪᠬᠤ ᠳᠤ ᠪᠠᠨ᠂ ᠡᠮ ᠡᠮᠨᠡᠯᠭᠡ ᠶᠢᠨ ᠳᠠᠭᠠᠳᠬᠠᠯ ᠤᠨ | ᠡᠯᠧᠺᠳ᠋ᠷᠣᠨ ᠭᠡᠷᠡᠴᠢ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠬᠦᠴᠦᠨ ᠪᠦᠬᠦᠢ ᠭᠡᠷᠡᠴᠢ | ᠪᠠᠷᠢᠮᠲᠠ ᠪᠠᠷ ᠢᠶᠠᠨ ᠰᠢᠭᠤᠳ ᠳ᠋ᠦᠩᠨᠡᠨ ᠪᠤᠳᠤᠵᠤ᠂ ᠬᠤᠪᠢ ᠬᠥᠮᠥᠨ ᠤ ᠥᠪᠡᠷ ᠢᠶᠠᠨ ᠬᠠᠷᠢᠭᠤᠴᠠᠬᠤ ᠬᠡᠰᠡᠭ ᠢ | ᠬᠤᠪᠢ ᠬᠥᠮᠥᠨ ᠤ ᠲᠠᠩᠰᠠᠨ ᠡᠷᠦᠬᠡ ᠶᠢᠨ ᠪᠡᠯᠡ ᠮᠥᠩᠭᠦ ᠪᠤᠶᠤ ᠪᠡᠯᠡᠨ ᠵᠣᠭᠤᠰ ᠢᠶᠠᠷ ᠲᠥᠯᠥᠵᠦ᠂ ᠨᠢᠭᠡᠳᠦᠯᠲᠡᠢ | ᠲᠥᠯᠥᠪᠯᠡᠬᠦ ᠰᠠᠭᠤᠷᠢ ᠮᠥᠩᠭᠦ ᠠᠴᠠ ᠳᠥᠯᠥᠬᠦ ᠬᠡᠰᠡᠭ ᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ | ᠳᠠᠩᠰᠠᠯᠠᠨ ᠲᠡᠮᠳᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠢᠯᠭᠠᠪᠤᠷᠢᠯᠠᠨ ᠲᠣᠭᠠᠴᠠᠭᠠᠯᠠᠨ᠎ᠠ᠃ ᠴᠡᠭ | ᠲᠣᠭᠲᠠᠭᠠᠭᠰᠠᠨ ᠪᠤᠰᠤ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠪᠠ ᠡᠮ ᠬᠤᠳᠠᠯᠳᠤᠨ ᠠᠪᠬᠤ ᠳᠤ | ᠵᠠᠷᠤᠴᠠᠭᠤᠯᠤᠭᠰᠠᠨ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠥᠯᠥᠵᠦ ᠥᠭᠬᠦ ᠦᠭᠡᠢ | ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠲᠥᠷᠥᠯ ᠯᠦᠭᠡ ᠬᠤᠯᠪᠣᠭᠳᠠᠬᠤ ᠡᠮ ᠤᠨ | ᠵᠦᠢᠯ᠂ ᠪᠠᠶᠢᠴᠠᠭᠠᠵᠤ ᠰᠢᠨᠵᠢᠯᠡᠨ ᠰᠢᠯᠭᠠᠬᠤ᠂ ᠡᠮᠴᠢᠯᠡᠬᠦ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠵᠠᠷᠤᠳᠠᠯ ᠢ ᠡᠪᠡᠳᠴᠢᠨ ᠤ ᠲᠥᠷᠥᠯ ᠤᠨ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠣᠲᠤᠷ᠎ᠠ ᠲᠦᠯᠦᠬᠦ | ᠬᠠᠷᠢᠴᠠᠯ ᠢᠶᠠᠷ ᠲᠥᠯᠥᠵᠦ ᠥᠭᠭᠦᠨ᠎ᠡ᠃ ᠪᠠᠶᠢᠴᠠᠭᠠᠵᠤ ᠰᠢᠨᠵᠢᠯᠡᠨ ᠰᠢᠯᠭᠠᠬᠤ ᠵᠠᠷᠤᠳᠠᠯ ᠢ ᠳᠠᠭᠠᠳᠬᠠᠯ ᠳᠤ | ᠣᠷᠣᠯᠴᠠᠭᠰᠠᠳ ᠤᠨ ᠡᠮᠴᠢᠯᠡᠭᠦᠯᠦᠭᠰᠡᠨ ᠰᠠᠭᠤᠷᠢᠨ ᠳᠡᠭᠡᠷ᠎ᠡ᠂ ᠡᠪᠡᠳᠴᠢᠨ ᠤ ᠲᠥᠷᠥᠯ ᠢ ᠮᠠᠭᠠᠳᠯᠠᠨ ᠲᠣᠭᠲᠠᠭᠠᠭᠰᠠᠨ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠠᠴᠠ ᠲᠠᠩᠰᠠ ᠴᠠᠶᠢᠷᠠᠭᠤᠯᠵᠤ ᠥᠭᠭᠦᠨ᠎ᠡ᠃ | ︵ᠵᠢᠷᠭᠤᠭ᠎ᠠ︶ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠢ ᠣᠨᠴᠠᠭᠠᠢ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠢ | ᠲᠣᠭᠲᠠᠭᠠᠵᠤ᠂ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠳᠠᠭᠠᠳᠬᠠᠯ ᠳᠤ ᠣᠷᠣᠯᠴᠠᠭᠰᠠᠳ ᠲᠤ ᠦᠨᠡᠨ | ᠬᠦ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠬᠡᠷᠡᠭᠲᠡᠢ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ | ᠡᠪᠡᠳᠴᠢᠨ ᠤ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠳᠠᠭᠠᠳᠬᠠᠯ ᠳᠤ | ᠣᠷᠣᠯᠴᠠᠭᠰᠠᠳ ᠲᠤ ᠲᠥᠷᠥᠯ ᠵᠦᠢᠯ ᠤᠨ ᠨᠡᠷᠡᠶᠢᠳᠦᠯ᠂ ᠬᠡᠪ ᠪᠠᠷᠢᠮᠵᠢᠶ᠎ᠠ᠂ ᠡᠮ ᠤᠨ ᠬᠡᠮᠵᠢᠶ᠎ᠡ᠂ ᠦᠨ᠎ᠡ ᠬᠠᠩᠰᠢ | ᠵᠡᠷᠭᠡ ᠮᠡᠳᠡᠭᠡ ᠵᠠᠩᠭᠢ ᠶᠢ ᠪᠠᠭᠲᠠᠭᠠᠭᠰᠠᠨ ᠡᠮ ᠬᠤᠳᠠᠯᠳᠤᠨ ᠠᠪᠬᠤ ᠡᠬᠡ ᠲᠠᠩᠰᠠ ᠪᠠᠶᠢᠭᠤᠯᠤᠨ ᠥᠭᠴᠦ᠂ ᠡᠮ | ᠬᠤᠳᠠᠯᠳᠤᠨ ᠠᠪᠤᠭᠰᠠᠨ ᠤ ᠳᠠᠷᠠᠭ᠎ᠠ ᠲᠣᠰ ᠬᠥᠮᠥᠨ ᠪᠤᠶᠤ ᠭᠡᠷ ᠪᠦᠯᠢ ᠶᠢᠨ ᠬᠢᠨ ᠢᠶᠠᠷ ᠨᠢ ᠭᠠᠷ ᠤᠨ ᠥᠰᠥᠭ | ᠵᠢᠷᠤᠭᠤᠯᠤᠨ ᠨᠤᠲᠠᠯᠠᠭᠤᠯᠵᠤ᠂ ᠡᠬᠡ ᠲᠠᠩᠰᠠ ᠶᠢ ᠡᠭᠦᠷᠢᠳᠡ ᠬᠠᠳᠠᠭᠠᠯᠠᠬᠤ ᠬᠡᠷᠡᠭᠲᠡᠢ᠃ ᠡᠯᠧᠺᠳ᠋ᠷᠣᠨ ᠡᠬᠡ ᠲᠡᠩᠰᠠ | ᠪᠠᠶᠢᠭᠤᠯᠬᠤ ᠶᠢᠨ ᠠᠷᠭ᠎ᠠ ᠤᠶᠢᠭᠡᠢ ᠪᠣᠯ ᠴᠠᠭᠠᠰᠤᠨ ᠡᠬᠡ ᠲᠡᠩᠰᠠ ᠪᠠᠶᠢᠭᠤᠯᠬᠤ ᠬᠡᠷᠡᠭᠲᠡᠢ᠃ ᠡᠭᠦᠳᠡᠨ ᠡᠮᠨᠡᠯᠭᠡ ᠶᠢᠨ | ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ | ᠠᠵᠢᠯᠲᠠᠳ ᠢ ᠬᠢᠨᠠᠮᠠᠭᠠᠢ ᠵᠣᠬᠢᠶᠠᠨ ᠪᠠᠶᠢᠭᠤᠯᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ | ᠡᠪᠡᠳᠴᠢᠨ ᠤ ᠲᠤᠬᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠷᠤᠯᠴᠠᠭᠤᠯᠵᠤ᠂ ᠬᠢᠨᠠᠨ ᠬᠠᠷᠭᠤᠭᠤᠯᠬᠤ | ᠬᠠᠷᠢᠭᠤᠴᠠᠯᠭᠠᠲᠤ ᠡᠮᠴᠢ ᠨᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠡᠪᠴᠢᠶ᠎ᠡ᠂ | ᠪᠠᠷᠢᠮᠵᠢᠶ᠎ᠠ ᠵᠢᠴᠢ ᠭᠦᠢᠴᠡᠳᠬᠡᠬᠦ ᠶᠠᠪᠤᠴᠠ ᠶᠢ ᠡᠵᠡᠮᠰᠢᠭᠰᠡᠨ ᠪᠠᠶᠢᠬᠤ ᠬᠡᠷᠡᠭᠲᠡᠢ᠃ ᠬᠢᠨᠠᠨ ᠬᠠᠷᠭᠤᠭᠤᠯᠬᠤ | ᠬᠠᠷᠢᠭᠤᠴᠠᠯᠭᠠᠲᠤ ᠡᠮᠴᠢ ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠬᠢᠨᠠᠮᠠᠭᠠᠢ | ᠬᠢᠨᠠᠨ ᠬᠠᠷᠭᠤᠭᠤᠯᠵᠤ᠂ ᠡᠮ ᠤᠨ ᠵᠦᠢᠯ ᠤᠨ ᠲᠣᠳᠣᠷᠬᠠᠶᠢᠯᠠᠯ ᠤᠨ ᠪᠢᠴᠢᠭ ᠪᠣᠯᠣᠨ ᠤᠯᠤᠰ ᠬᠢᠭᠡᠳ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠪᠣᠯᠣᠨ ᠬᠥᠩᠭᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ | ᠬᠢᠵᠠᠭᠠᠷᠯᠠᠨ ᠲᠣᠭᠲᠠᠭᠠᠭᠰᠠᠨ ᠬᠡᠷᠡᠭᠯᠡᠬᠦ ᠨᠥᠬᠦᠴᠡᠯ ᠢ ᠴᠢᠩᠭ᠎ᠠ ᠵᠢᠷᠤᠮᠯᠠᠨ ᠡᠮ ᠬᠡᠷᠡᠭᠯᠡᠬᠦ ᠲᠥᠰᠥᠯ ᠢ | ᠲᠣᠭᠲᠠᠭᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠣᠯᠣᠨ ᠡᠮ ᠬᠡᠷᠡᠭᠯᠡᠬᠦ ᠲᠥᠰᠥᠯ ᠳᠤ ᠪᠥᠬᠦ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ︵ᠲᠤᠯᠤᠭ᠎ᠠ︶ ᠭᠦᠢᠴᠡᠳᠬᠡᠬᠦ ᠬᠤᠭᠤᠴᠠᠭ᠎ᠠ᠃ ︽ᠬᠠᠮᠢᠶᠠᠷᠤᠯᠲᠠ ᠶᠢᠨ ᠠᠷᠭ᠎ᠠ︾ ᠶᠢ 2022 ᠣᠨ ᠤ 10 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠣᠰ ᠠᠷᠭ᠎ᠠ ᠲᠠᠢ ᠨᠡᠶᠢᠴᠡᠬᠦ ᠦᠭᠡᠢ ᠪᠦᠬᠦᠨ ᠢ | ᠲᠣᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠠᠴᠠ | ᠠᠰᠲᠠᠭᠠᠨ ᠰᠢᠨ᠎ᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ |