︽2022 ᠣᠨ ᠤ ᠬᠦᠷᠢᠶ᠎ᠡ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ | ᠡᠯᠰᠡᠬᠦ ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠪᠡᠶ᠎ᠡ ᠶᠢᠨ | ᠪᠠᠶᠢᠴᠠᠭᠠᠯᠲᠠ᠂ ᠰᠢᠨᠵᠢᠯᠡᠨ ᠪᠠᠶᠢᠴᠠᠭᠠᠬᠤ ᠶᠠᠪᠤᠳᠠᠯ ᠢ ᠳᠤᠤᠷᠠᠬᠢ ᠮᠡᠲᠦ ᠵᠠᠷᠯᠠᠪᠠ᠄ | ᠨᠢᠭᠡ᠂ ᠪᠡᠶ᠎ᠡ ᠶᠢᠨ ᠪᠠᠶᠢᠴᠠᠭᠠᠯᠲᠠ ᠶᠢᠨ ᠲᠣᠬᠢᠷᠠᠭᠤᠯᠤᠯᠲᠠ | 1 . ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ᠄ ᠠᠯᠪᠠᠲᠠᠨ ᠤ ᠪᠡᠶ᠎ᠡ ᠶᠢᠨ ᠪᠠᠶᠢᠴᠠᠭᠠᠯᠲᠠ ᠶᠢᠨ ᠨᠡᠶᠢᠳᠡᠮ | ᠬᠡᠷᠡᠭᠯᠡᠬᠦ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ ︵ᠳᠣᠲᠣᠭᠠᠳᠤ ᠶᠢ ᠬᠠᠮᠠᠭᠠᠯᠠᠬᠤ ᠠᠵᠢᠯ ᠤᠨ | ᠪᠠᠶᠢᠷᠢ ᠳᠤ ᠠᠷᠠᠳ ᠤᠨ ᠴᠠᠭᠳᠠᠭ᠎ᠠ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠪᠠ | ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ︶᠃ | 2 . ᠪᠡᠶ᠎ᠡ ᠶᠢᠨ ᠪᠠᠶᠢᠴᠠᠭᠠᠯᠲᠠ ᠶᠢᠨ ᠴᠠᠭ᠄ 2023 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ᠂ | ᠪᠡᠶ᠎ᠡ ᠶᠢᠨ ᠪᠠᠶᠢᠴᠠᠭᠠᠯᠲᠠ ᠬᠢᠬᠦ ᠠᠵᠢᠯᠲᠠᠨ ᠦᠳᠡ ᠶᠢᠨ ᠡᠮᠦᠨᠡᠬᠢ 6᠄ 00 ᠴᠠᠭ ᠲᠤ ᠡᠮᠨᠡᠯᠭᠡ ᠶᠢᠨ ᠬᠤᠷᠢᠶᠠᠨ ᠤ | ᠬᠤᠶᠠᠳᠤᠭᠠᠷ ᠳᠠᠪᠬᠤᠷᠭ᠎ᠠ ᠶᠢᠨ ᠪᠡᠶ᠎ᠡ ᠶᠢᠨ ᠪᠠᠶᠢᠴᠠᠭᠠᠯᠲᠠ ᠶᠢᠨ ᠰᠠᠯᠠᠭ᠎ᠠ ᠳᠤ ᠬᠦᠷᠴᠦ ᠪᠡᠶ᠎ᠡ ᠶᠢᠨ ᠪᠠᠶᠢᠴᠠᠭᠠᠯᠲᠠ ᠶᠢᠨ | ᠬᠠᠭᠤᠳᠠᠰᠤ ᠪᠠᠨ ᠠᠪᠴᠤ᠂ ᠪᠡᠶ᠎ᠡ ᠶᠢᠨ ᠪᠠᠶᠢᠴᠠᠭᠠᠯᠲᠠ ᠶᠢᠨ ᠬᠠᠭᠤᠳᠠᠰᠤ ᠪᠠᠨ ᠠᠪᠤᠭᠰᠠᠨ ᠤ ᠳᠠᠷᠠᠭ᠎ᠠ ᠳ᠋ᠤᠭᠠᠷᠯᠠᠵᠤ | ᠰᠦᠢᠳᠭᠡᠯ ᠲᠤᠰᠢᠶᠠᠭᠠᠷᠠᠶ᠃ | 3 . ᠪᠡᠶ᠎ᠡ ᠪᠠᠶᠢᠴᠠᠭᠠᠬᠤ ᠭᠠᠵᠠᠷ᠄ ᠬᠦᠷᠢᠶ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠃ | 4 . ᠪᠡᠶ᠎ᠡ ᠶᠢᠨ ᠪᠠᠶᠢᠴᠠᠭᠠᠯᠲᠠ ᠶᠢᠨ ᠰᠦᠢᠳᠭᠡᠯ᠄ ᠬᠥᠮᠦᠨ ᠪᠦᠷᠢ 480 ᠲᠥᠭᠦᠷᠢᠭ ︵ᠬᠡᠷᠡᠭᠰᠡᠬᠦ | ᠰᠦᠢᠳᠭᠡᠯ ᠢ ᠰᠢᠯᠭᠠᠭᠤᠯᠤᠭᠴᠢ ᠥᠪᠡᠰᠦᠪᠡᠨ ᠡᠭᠦᠷᠭᠡᠯᠡᠨ᠎ᠡ︶᠃ | ᠬᠤᠶᠠᠷ᠂ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ | 1 . ᠪᠡᠶ᠎ᠡ ᠶᠢᠨ ᠦᠨᠡᠮᠯᠡᠯ ᠢᠶᠠᠨ ᠠᠪᠴᠤ ᠬᠤᠶᠠᠳᠤᠭᠠᠷ ᠳᠠᠪᠬᠤᠷᠯᠢᠭ ᠤᠨ ᠪᠡᠶ᠎ᠡ ᠶᠢᠨ ᠪᠠᠶᠢᠴᠠᠭᠠᠯᠲᠠ ᠶᠢᠨ | ᠰᠠᠯᠠᠭᠠᠨ ᠠᠴᠠ ᠪᠡᠶ᠎ᠡ ᠶᠢᠨ ᠪᠠᠶᠢᠴᠠᠭᠠᠯᠲᠠ ᠶᠢᠨ ᠬᠠᠭᠤᠳᠠᠰᠤ ᠪᠠᠨ ᠠᠪᠤᠭᠠᠷᠠᠶ᠃ | 2 . ᠪᠡᠶ᠎ᠡ ᠶᠢᠨ ᠪᠠᠶᠢᠴᠠᠭᠠᠯᠲᠠ ᠶᠢᠨ ᠰᠠᠯᠠᠭ᠎ᠠ ᠳᠤ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ ᠶᠢ | ᠲᠠᠭᠯᠠᠬᠤ ᠶᠢᠨ ᠬᠠᠮᠲᠤ 2 ᠢᠮᠠᠬᠤ ᠶᠢᠨ ᠬᠥᠬᠡ ᠳᠡᠪᠢᠰᠬᠡᠷᠲᠦ ᠮᠠᠯᠠᠭᠠᠶ ᠥᠬᠡᠶ ᠬᠡᠷᠡᠯ ᠵᠢᠷᠤᠭ ︵︽ᠨᠡᠷ᠎ᠡ ᠮᠡᠳᠡᠭᠦᠯᠬᠦ | ᠳᠠᠩᠰᠠᠯᠠᠯ ᠤᠨ ᠬᠦᠰᠦᠨᠦᠭᠲᠦ︾ ᠳᠤ ᠬᠡᠷᠡᠭᠯᠡᠭᠰᠡᠨ ᠬᠡᠷᠡᠯ ᠵᠢᠷᠤᠭ ᠲᠠᠢ ᠨᠢᠭᠡᠳᠦᠯᠲᠡᠶ︶ ᠢ ᠨᠠᠭᠠᠵᠤ᠂ ᠪᠡᠶ᠎ᠡ ᠶᠢᠨ | ᠪᠠᠶᠢᠴᠠᠭᠠᠯᠲᠠ ᠶᠢᠨ ᠵᠢᠯᠣᠭᠤᠳᠤᠮᠵᠢ ᠬᠠᠭᠤᠳᠠᠰᠤ ᠶᠢ ᠠᠪᠤᠨ᠎ᠠ᠃ | 3 . ᠨᠢᠭᠡᠳᠦᠭᠡᠷ ᠳᠠᠪᠬᠤᠷᠭ᠎ᠠ ᠶᠢᠨ ᠵᠣᠭᠤᠰ ᠬᠤᠷᠢᠶᠠᠬᠤ ᠭᠠᠵᠠᠷ ᠰᠦᠢᠳᠭᠡᠯ ᠲᠤᠰᠢᠶᠠᠨ᠎ᠠ᠂ ᠸᠢᠴᠠᠲ ᠵᠢᠴᠢ | ᠪᠡᠯᠡᠨ ᠵᠣᠭᠤᠰ ᠢᠶᠠᠷ ᠲᠣᠭᠠᠴᠠᠭ᠎ᠠ ᠬᠢᠬᠦ ᠶᠢ ᠳᠡᠮᠵᠢᠨ᠎ᠡ᠃ | 4 . ᠪᠡᠶ᠎ᠡ ᠶᠢᠨ ᠪᠠᠶᠢᠴᠠᠭᠠᠯᠲᠠ ᠶᠢᠨ ᠵᠢᠯᠣᠭᠤᠳᠤᠮᠵᠢ ᠪᠠᠷ ᠪᠡᠶ᠎ᠡ ᠶᠢᠨ ᠪᠠᠶᠢᠴᠠᠭᠠᠯᠲᠠ ᠬᠢᠨ᠎ᠠ᠃ | 5 . ᠪᠡᠶ᠎ᠡ ᠶᠢᠨ ᠪᠠᠶᠢᠴᠠᠭᠠᠯᠲᠠ ᠶᠢᠨ ᠵᠢᠯᠣᠭᠤᠳᠤᠮᠵᠢ ᠬᠠᠭᠤᠳᠠᠰᠤ ᠪᠠᠨ ᠪᠡᠶ᠎ᠡ ᠶᠢᠨ ᠪᠠᠶᠢᠴᠠᠭᠠᠯᠲᠠ ᠶᠢᠨ | ᠰᠠᠯᠠᠭ᠎ᠠ ᠳᠤ ᠬᠦᠷᠴᠦ ᠲᠤᠰᠢᠶᠠᠵᠤ᠂ ᠪᠡᠶ᠎ᠡ ᠶᠢᠨ ᠪᠠᠶᠢᠴᠠᠭᠠᠯᠲᠠ ᠳᠠᠭᠤᠰᠤᠭᠰᠠᠨ ᠢ ᠨᠤᠲᠠᠯᠠᠭᠰᠠᠨ ᠤ ᠳᠠᠷᠠᠭ᠎ᠠ ᠰᠠᠶ᠋ᠢ | ᠰᠠᠯᠵᠤ ᠪᠣᠯᠤᠨ᠎ᠠ᠃ | ᠭᠤᠷᠪᠠ᠂ ᠪᠡᠶ᠎ᠡ ᠶᠢᠨ ᠪᠠᠶᠢᠴᠠᠭᠠᠯᠲᠠ ᠳᠤ ᠠᠩᠬᠠᠷᠬᠤ ᠵᠦᠢᠯ᠄ | 1 . ᠪᠡᠶ᠎ᠡ ᠶᠢᠨ ᠪᠠᠶᠢᠴᠠᠭᠠᠯᠲᠠ ᠠᠴᠠ ᠡᠮᠦᠨ᠎ᠡ ᠥᠭᠡᠬᠦ ᠶᠡᠬᠡᠲᠡᠶ ᠢᠳᠡᠭᠡᠨ ᠢ ᠪᠠᠭ᠎ᠠ ᠢᠳᠡᠵᠦ᠂ ᠠᠷᠢᠬᠢ ᠤᠤᠭᠤᠬᠤ | ᠥᠬᠡᠶ᠂ ᠪᠡᠶ᠎ᠡ ᠶᠢᠨ ᠪᠠᠶᠢᠴᠠᠭᠠᠯᠲᠠ ᠬᠢᠬᠦ ᠲᠣᠰ ᠡᠳᠦᠷ ᠥᠷᠯᠥᠭᠡ ᠶᠢᠨ ᠬᠤᠭᠤᠯᠠ ᠢᠳᠡᠬᠦ ᠥᠬᠡᠶ ᠪᠥᠭᠡᠳ ᠬᠤᠪᠢ | ᠬᠥᠮᠦᠨ ᠤ ᠡᠷᠡᠭᠦᠯ ᠬᠠᠮᠠᠭᠠᠯᠠᠯ ᠢᠶᠠᠨ ᠰᠠᠶᠢᠲᠤᠷ ᠬᠢᠬᠦ ᠬᠡᠷᠡᠭᠲᠡᠶ᠃ | 2 . ᠪᠡᠶ᠎ᠡ ᠶᠢᠨ ᠪᠠᠶᠢᠴᠠᠭᠠᠯᠲᠠ ᠬᠢᠬᠦ ᠦᠶ᠎ᠡ ᠳᠤ ᠡᠮᠡᠭᠲᠡᠢ ᠬᠥᠮᠦᠨ ᠬᠡᠷᠪᠡ ᠰᠠᠷ᠎ᠠ ᠶᠢᠨ ᠭᠬᠢᠷ ᠤᠨ ᠬᠤᠭᠤᠴᠠᠭ᠎ᠠ | ᠪᠤᠶᠤ ᠵᠢᠷᠮᠦᠰᠦᠨ ᠪᠠᠶᠢᠪᠠᠯ ᠡᠮᠨᠡᠯᠭᠡ ᠳᠤ ᠮᠡᠳᠡᠭᠦᠯᠬᠦ ᠬᠡᠷᠡᠭᠲᠡᠢ᠃ | 3 . ᠬᠡᠷᠪᠡ ᠲᠦᠷᠭᠡᠨ ᠡᠮᠴᠢᠯᠡᠭᠡ ᠶᠢᠨ ᠡᠪᠡᠳᠴᠢᠲᠡᠨ ᠪᠠᠶᠢᠴᠠᠭᠠᠪᠠᠯ᠂ ᠣᠯᠠᠨ ᠢᠶᠠᠷ ᠢᠶᠠᠨ ᠲᠡᠰᠪᠦᠷᠢᠲᠡᠶ | ᠬᠦᠯᠢᠶᠡᠭᠡᠷᠡᠶ᠃ | 4 . ᠬᠡᠷᠪᠡ ᠪᠡᠶ᠎ᠡ ᠶᠢᠨ ᠪᠠᠶᠢᠴᠠᠭᠠᠯᠲᠠ ᠶᠢᠨ ᠶᠠᠮᠠᠷ ᠨᠢᠭᠡᠨ ᠲᠥᠷᠥᠯ ᠵᠦᠢᠯ ᠨᠢ ᠲᠦᠷ ᠬᠢᠷᠢ ᠲᠡᠩᠴᠡᠭᠰᠡᠨ ᠦᠭᠡᠶ᠂ | ᠲᠡᠭᠦᠨ ᠳᠤ ᠲᠤᠰ ᠲᠥᠷᠥᠯ ᠵᠦᠢᠯ ᠢ ᠳᠠᠬᠢᠨ ᠪᠠᠶᠢᠴᠠᠭᠠᠯᠭᠠᠬᠤ ᠪᠤᠶᠤ ᠤᠯᠠᠮ ᠨᠢᠭᠡ ᠠᠯᠬᠤᠮ ᠪᠠᠶᠢᠴᠠᠭᠠᠯᠭᠠᠬᠤ ᠶᠢ | ᠮᠡᠳᠡᠭᠳᠡᠬᠦ ᠪᠠᠷ ᠪᠠᠶᠢᠪᠠᠯ᠂ ᠦᠯᠡᠳᠡᠭᠰᠡᠨ ᠤᠲᠠᠰᠤ ᠪᠠᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ | 5 . ᠪᠡᠶ᠎ᠡ ᠶᠢᠨ ᠪᠠᠶᠢᠴᠠᠭᠠᠯᠲᠠ ᠳᠤ ᠴᠠᠭ ᠲᠤᠬᠠᠶ ᠳᠤᠨᠢ ᠣᠷᠣᠯᠴᠠᠭᠰᠠᠨ ᠦᠭᠡᠶ᠂ ᠪᠡᠶ᠎ᠡ ᠶᠢᠨ ᠪᠠᠶᠢᠴᠠᠭᠠᠯᠲᠠ ᠳᠤ | ᠬᠢᠷᠢ ᠲᠡᠩᠴᠡᠭᠰᠡᠨ ᠦᠭᠡᠶ ᠵᠢᠴᠢ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ | ᠵᠣᠬᠢᠶᠠᠭᠰᠠᠨ ᠪᠤᠶᠤ ᠦᠨᠡᠨ ᠪᠠᠶᠢᠳᠠᠯ ᠢ ᠨᠢᠭᠤᠭᠰᠠᠨ ᠠᠴᠠ ᠪᠣᠯᠵᠤ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠥᠩ ᠨᠢ | ᠦᠨᠡᠨ ᠪᠠᠶᠢᠳᠠᠯ ᠢᠶᠠᠨ ᠠᠯᠳᠠᠭᠰᠠᠨ ᠪᠠᠶᠢᠪᠠᠯ᠂ ᠤᠷᠢᠨ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠶ ᠪᠣᠯᠭᠠᠨ᠎ᠠ᠃ | ᠡᠭᠦᠨ ᠠᠴᠠ ᠪᠣᠯᠵᠣ ᠳᠤᠲᠠᠭᠳᠠᠭᠰᠠᠨ ᠣᠷᠣᠨ ᠲᠤᠭ᠎ᠠ ᠶᠢ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠪᠠᠷ ᠲᠠᠰ | ᠳᠠᠷᠠᠭᠠᠯᠠᠨ ᠲᠡᠩᠴᠡᠭᠦᠯᠦᠨ ᠨᠥᠬᠦᠪᠥᠷᠢᠯᠡᠵᠦ᠂ ᠤᠷᠢᠭᠳᠠᠭᠰᠠᠨ ᠬᠥᠮᠦᠰ ᠨᠢ ᠮᠡᠳᠡᠭᠡ ᠬᠤᠯᠪᠣᠭ᠎ᠠ ᠶᠢᠨ ᠰᠠᠭᠠᠳ ᠥᠬᠡᠶ | ᠨᠡᠪᠲᠡᠷᠡᠬᠦ ᠶᠢ ᠪᠠᠲᠤᠯᠠᠬᠤ ᠬᠡᠷᠡᠭᠲᠡᠶ᠃ | ᠳᠥᠷᠪᠡ᠂ ᠰᠢᠯᠭᠠᠨ ᠪᠠᠶᠢᠴᠠᠭᠠᠬᠤ ᠶᠢ ᠲᠣᠬᠢᠷᠠᠭᠤᠯᠬᠤ | 1 . ᠰᠢᠯᠭᠠᠨ ᠪᠠᠶᠢᠴᠠᠭᠠᠬᠤ ᠠᠵᠢᠯ ᠢ ᠤᠷᠢᠨ ᠬᠡᠷᠡᠭᠯᠡᠬᠦ ᠨᠢᠭᠡᠴᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠣᠳᠠᠲᠠᠶ ᠰᠢᠯᠭᠠᠨ ᠪᠠᠶᠢᠴᠠᠭᠠᠬᠤ ᠴᠠᠭ᠂ | ᠠᠷᠭ᠎ᠠ ᠮᠠᠶ᠋ᠢᠭ ᠵᠡᠷᠭᠡ ᠶᠢ ᠤᠷᠢᠨ ᠬᠡᠷᠡᠭᠯᠡᠬᠦ ᠨᠢᠭᠡᠴᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠣᠭᠲᠠᠭᠠᠨ᠎ᠠ᠃ | ᠭᠤᠣᠯᠳᠠᠭᠤ ᠤᠷᠢᠭᠳᠠᠬᠤ ᠬᠥᠮᠦᠰ ᠢ ᠨᠠᠷᠢᠨ ᠬᠢᠨᠠᠮᠠᠭᠠᠢ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠰᠢᠯᠭᠠᠨ | ᠪᠠᠶᠢᠴᠠᠭᠠᠬᠤ ᠠᠭᠤᠯᠭ᠎ᠠ ᠳᠤ ᠭᠤᠣᠯᠳᠠᠭᠤ ᠤᠷᠢᠭᠳᠠᠬᠤ ᠬᠥᠮᠦᠰ ᠤᠨ ᠦᠵᠡᠯ ᠰᠠᠨᠠᠭ᠎ᠠ ᠤᠯᠤᠰ ᠲᠦᠷᠦ ᠶᠢᠨ ᠢᠯᠡᠷᠡᠯ᠂ | ᠶᠣᠰᠣ ᠰᠤᠷᠲᠠᠬᠤᠨ ᠵᠠᠩ ᠰᠤᠷᠲᠠᠯ᠂ ᠴᠢᠳᠠᠪᠤᠷᠢ ᠶᠢᠨ ᠬᠡᠪ ᠪᠣᠯᠪᠠᠰᠤᠷᠠᠯ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ | ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠴᠢ ᠵᠠᠶᠢᠯᠠᠬᠤ | ᠴᠢᠬᠤᠯᠠᠲᠠᠢ ᠡᠰᠡᠬᠦ ᠵᠡᠷᠭᠡ ᠲᠠᠯ᠎ᠠ ᠶᠢᠨ ᠪᠠᠶᠢᠳᠠᠯ ᠪᠠᠭᠲᠠᠨ᠎ᠠ᠃ | ᠰᠢᠯᠭᠠᠨ ᠪᠠᠶᠢᠴᠠᠭᠠᠬᠤ ᠠᠵᠢᠯ ᠳᠤ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠪᠠ᠃ ᠤᠷᠢᠭᠳᠠᠬᠤ | ᠬᠥᠮᠦᠰ ᠤᠨ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ︽ᠭᠤᠷᠪᠠᠨ ᠰᠠᠯᠵᠤ ᠴᠢᠳᠠᠬᠤ ᠥᠬᠡᠶ︾ ᠶᠢ ᠪᠠᠲᠤ ᠴᠡᠭᠡᠵᠢᠯᠡᠬᠦ᠂ ︽ | ᠲᠠᠪᠤ ᠶᠢ ᠮᠡᠳᠡᠷᠡᠬᠦ︾ ᠶᠢ ᠦᠨᠡᠨ ᠬᠦ ᠴᠢᠩᠭᠠᠳᠬᠠᠬᠤ ᠵᠡᠷᠭᠡ ᠤᠯᠤᠰ ᠲᠥᠷᠥ ᠶᠢᠨ ᠱᠠᠭᠠᠷᠳᠠᠯᠭ᠎ᠠ ᠳᠤ ᠨᠡᠶᠢᠴᠡᠬᠦ | ᠡᠰᠡᠬᠦ ᠶᠢ ᠭᠤᠤᠯᠳᠠᠯᠭ᠎ᠠ ᠲᠠᠢ ᠰᠢᠯᠭᠠᠨ ᠪᠠᠶᠢᠴᠠᠭᠠᠵᠤ᠂ ᠤᠯᠤᠰ ᠲᠥᠷᠥ ᠶᠢᠨ ᠲᠠᠯ᠎ᠠ ᠪᠠᠷ ᠬᠢᠷᠢ ᠲᠡᠩᠴᠡᠭᠦ ᠥᠬᠡᠶ | ᠪᠠᠶᠢᠪᠠᠯ᠂ ︽ᠨᠢᠭᠡ ᠪᠢᠯᠧᠲ ᠢᠶᠠᠷ ᠦᠭᠡᠶᠢᠰᠬᠡᠬᠦ︾ ᠶᠢ ᠡᠷᠡᠰ ᠪᠠᠷᠢᠮᠲᠠᠯᠠᠨ᠎ᠠ᠃ ᠰᠢᠯᠭᠠᠨ ᠪᠠᠶᠢᠴᠠᠭᠠᠬᠤ ᠳᠠᠭᠠᠨ | ᠣᠨᠴᠠ ᠵᠠᠷᠢᠮ ᠬᠥᠮᠦᠨ ᠲᠠᠢ ᠶᠠᠷᠢᠯᠴᠠᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠠᠵᠢᠯᠲᠠᠨ ᠤ | ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ | ᠯᠠᠪᠯᠠᠬᠤ᠂ ᠰᠢᠨᠵᠢᠯᠡᠨ ᠪᠠᠶᠢᠴᠠᠭᠠᠭᠳᠠᠵᠤ ᠪᠠᠶᠢᠭ᠎ᠠ ᠬᠥᠮᠦᠰ ᠲᠠᠢ ᠨᠢᠭᠤᠷᠳᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ | ᠶᠠᠪᠤᠭᠳᠠᠭᠤᠯᠬᠤ ᠶᠢᠨ ᠬᠠᠮᠲᠤ ᠦᠨᠡᠨ ᠪᠣᠳᠠᠲᠠᠶ ᠪᠠᠷ ᠰᠢᠯᠭᠠᠨ ᠪᠠᠶᠢᠴᠠᠭᠠᠭᠰᠠᠨ ᠮᠠᠲ᠋ᠧᠷᠢᠶᠠᠯ ᠢ ᠪᠢᠴᠢᠵᠦ᠂ 2022 | ᠣᠨ ᠤ ᠬᠦᠷᠢᠶ᠎ᠡ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠤᠷᠢᠨ ᠬᠡᠷᠡᠭᠯᠡᠬᠦ | ᠬᠥᠮᠦᠰ ᠤᠨ ᠤᠴᠢᠷ ᠶᠠᠪᠤᠳᠠᠯ ᠢ ᠰᠤᠳᠤᠯᠤᠨ ᠲᠣᠭᠲᠠᠭᠠᠨ᠎ᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ ᠰᠢᠯᠭᠠᠭᠤᠯᠤᠭᠰᠠᠨ | ᠬᠥᠮᠦᠰ ᠢ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠷᠠᠳ ᠤᠨ ᠴᠠᠭᠳᠠᠭ᠎ᠠ ᠶᠢ ᠡᠯᠰᠡᠨ ᠬᠡᠷᠡᠭᠯᠡᠬᠦ ᠤᠯᠤᠰ | ᠲᠥᠷᠥ ᠶᠢᠨ ᠰᠢᠯᠭᠠᠨ ᠪᠠᠶᠢᠴᠠᠭᠠᠯᠲᠠ ᠶᠢᠨ ᠠᠵᠢᠯ ᠤᠨ ᠠᠷᠭ᠎ᠠ︾ ᠪᠠᠷ ᠯᠠᠪᠯᠠᠯᠲᠠ ᠪᠣᠯᠭᠠᠵᠤ ᠰᠢᠯᠭᠠᠨ ᠪᠠᠶᠢᠴᠠᠭᠠᠨ᠎ᠠ᠃ | | ᠤᠷᠢᠭᠳᠠᠭᠰᠠᠳ ᠲᠣᠭᠲᠠᠭᠰᠠᠨ ᠴᠠᠭ ᠲᠤ ᠰᠢᠯᠭᠠᠨ ᠪᠠᠶᠢᠴᠠᠭᠠᠬᠤ ᠠᠵᠢᠯ ᠳᠤ ᠬᠡᠷᠡᠭᠰᠡᠬᠦ ᠬᠠᠮᠢᠶ᠎ᠠ ᠪᠥᠬᠦᠶ | ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠂ ᠡᠰᠡ ᠲᠡᠭᠡᠪᠡᠯ ᠠᠶᠠᠨᠳᠠᠭᠠᠨ ᠲᠠᠶᠠᠭᠳᠠᠭᠰᠠᠨ ᠢᠶᠠᠷ ᠦᠵᠡᠨ᠎ᠡ᠃ | ᠪᠡᠶ᠎ᠡ ᠶᠢᠨ ᠪᠠᠶᠢᠴᠠᠭᠠᠯᠲᠠ᠂ ᠰᠢᠯᠭᠠᠨ ᠪᠠᠶᠢᠴᠠᠭᠠᠬᠤ ᠭᠤᠭᠴᠣᠭᠠᠨ ᠳᠤ ᠬᠤᠪᠢ ᠬᠥᠮᠦᠨ ᠤ ᠰᠢᠯᠲᠠᠭᠠᠨ ᠠᠴᠠ | ᠪᠣᠯᠵᠣ ᠬᠠᠶᠠᠬᠤ ᠪᠤᠶᠤ ᠪᠡᠶ᠎ᠡ ᠶᠢᠨ ᠪᠠᠶᠢᠴᠠᠭᠠᠯᠲᠠ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠠᠴᠠ | ᠪᠣᠯᠵᠣ ᠠᠵᠢᠯ ᠤᠨ ᠪᠠᠶᠢᠷᠢ ᠶᠢᠨ ᠬᠤᠭᠤᠰᠣᠨ ᠣᠷᠣᠨ ᠲᠤᠭ᠎ᠠ ᠭᠠᠷᠤᠭᠰᠠᠨ ᠪᠠᠶᠢᠪᠠᠯ᠂ ᠰᠢᠯᠭᠠᠯᠲᠠ ᠶᠢᠨ ᠶᠡᠷᠦᠩᠬᠡᠶ | ᠬᠢᠷᠢ ᠪᠦᠲᠦᠮᠵᠢ ᠶᠢᠨ ᠥᠨᠳᠥᠷ ᠠᠴᠠ ᠳᠤᠤᠷ᠎ᠠ ᠳᠠᠰᠢ ᠲᠠᠰ ᠳᠠᠷᠠᠭᠠᠯᠠᠨ ᠲᠡᠩᠴᠡᠭᠦᠦ ᠲᠤᠭ᠎ᠠ ᠪᠠᠷ ᠳᠠᠷᠠᠭᠠᠯᠠᠨ | ᠨᠥᠬᠦᠪᠥᠷᠢᠯᠡᠵᠦ᠂ ᠭᠤᠭᠴᠤᠭ᠎ᠠ ᠪᠦᠷᠢ ᠳᠤ ᠨᠢᠭᠡ ᠤᠳᠠᠭ᠎ᠠ ᠳᠠᠷᠠᠭᠠᠯᠠᠨ ᠨᠥᠬᠦᠪᠥᠷᠢᠯᠡᠨ᠎ᠡ᠃ | 2 . ᠬᠠᠩᠭᠠᠬᠤ ᠶᠣᠰᠣᠲᠠᠢ ᠮᠠᠲ᠋ᠧᠷᠢᠶᠠᠯ | ︵1︶ ᠠᠵᠢᠯᠯᠠᠵᠤ ᠪᠠᠶᠢᠭ᠎ᠠ ᠬᠥᠮᠦᠰ ︽ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ︾ ᠤᠨ ᠤᠭ | ᠮᠠᠲ᠋ᠧᠷᠢᠶᠠᠯ ᠢ ᠬᠠᠩᠭᠠᠵᠤ᠂ ᠠᠵᠢᠯ ᠦᠭᠡᠢ ᠬᠥᠮᠦᠰ ︽ᠰᠤᠷᠭᠠᠭᠤᠯᠢ ᠶᠢᠨ ᠬᠠᠷᠢᠶ᠎ᠠ ᠶᠢᠨ ᠳᠠᠩᠰᠠ ᠡᠪᠬᠡᠮᠡᠯ︾ ᠤᠨ | ᠤᠭ ᠮᠠᠲ᠋ᠧᠷᠢᠶᠠᠯ ᠢ ᠬᠠᠩᠭᠠᠨ᠎ᠠ᠃ | ︵2︶ ᠨᠡᠷ᠎ᠡ ᠮᠡᠳᠡᠭᠦᠯᠬᠦ ᠦᠨᠡᠮᠯᠡᠯ ︵ᠪᠤᠶᠤ ᠲᠣᠮᠢᠯᠠᠬᠤ ᠦᠨᠡᠮᠯᠡᠯ︶᠃ | ︵3︶ ᠰᠠᠭᠤᠭ᠎ᠠ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ ︵ᠭᠠᠴᠠᠭᠠᠨ ᠤ ᠵᠥᠪᠯᠡᠯ︶᠂ ᠡᠷᠦᠬᠡ ᠠᠮᠠ ᠶᠢᠨ | ᠳᠠᠩᠰᠠ ᠪᠠᠶᠢᠭ᠎ᠠ ᠭᠠᠵᠠᠷ ᠪᠤᠶᠤ ᠰᠠᠭᠤᠭ᠎ᠠ ᠭᠠᠵᠠᠷ ᠤᠨ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ ᠠᠴᠠ | ᠭᠠᠷᠭᠠᠭᠰᠠᠨ ᠬᠠᠤᠯᠢ ᠰᠠᠬᠢᠯᠭ᠎ᠠ ᠶᠢ ᠵᠥᠷᠢᠴᠡᠭᠰᠡᠨ ᠦᠭᠡᠢ ᠭᠡᠷᠡᠴᠢ ᠮᠠᠲ᠋ᠧᠷᠢᠶᠠᠯ᠂ ᠭᠠᠷᠭᠠᠭᠰᠠᠨ ᠰᠠᠯᠠᠭ᠎ᠠ | ᠮᠥᠴᠢᠷ ᠠᠴᠠ ᠰᠠᠨᠠᠯ ᠢᠶᠠᠨ ᠲᠠᠭᠯᠠᠨ ᠪᠢᠴᠢᠬᠦ ᠶᠢᠨ ᠬᠠᠮᠲᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠨ᠎ᠠ᠃ | ᠲᠠᠪᠤ᠂ ᠪᠤᠰᠤᠳ ᠱᠠᠭᠠᠷᠳᠠᠯᠭ᠎ᠠ | 1 . ᠰᠢᠯᠭᠠᠨ ᠪᠠᠶᠢᠴᠠᠭᠠᠬᠤ ᠠᠵᠢᠯ ᠢ ᠲᠤᠰ ᠬᠥᠮᠦᠨ ᠨᠢ ᠡᠷᠬᠡᠪᠰᠢ ᠬᠤᠯᠪᠣᠭᠳᠠᠯ ᠪᠦᠬᠦᠢ ᠮᠠᠲ᠋ᠧᠷᠢᠶᠠᠯ ᠢᠶᠠᠨ | ᠠᠪᠴᠤ ᠰᠢᠯᠭᠠᠨ ᠪᠠᠶᠢᠴᠠᠭᠠᠬᠤ ᠭᠠᠵᠠᠷ ᠤᠨ ᠲᠤᠬᠠᠢ ᠶᠢᠨ ᠲᠠᠯᠠᠪᠤᠷ ᠲᠤ ᠬᠦᠷᠴᠦ ᠬᠢᠬᠦ ᠬᠡᠷᠡᠭᠲᠡᠢ᠂ ᠲᠣᠭᠲᠠᠭᠰᠠᠨ | ᠡᠳᠦᠷ ᠬᠤᠭᠤᠴᠠᠭᠠᠨ ᠳᠤ ᠰᠢᠯᠭᠠᠨ ᠪᠠᠶᠢᠴᠠᠭᠠᠬᠤ ᠮᠠᠲ᠋ᠧᠷᠢᠶᠠᠯ ᠢᠶᠠᠨ ᠲᠤᠰᠢᠶᠠᠭᠰᠠᠨ ᠦᠭᠡᠢ ᠪᠠᠶᠢᠪᠠᠯ᠂ ᠡᠯᠰᠡᠨ | ᠬᠡᠷᠡᠭᠯᠡᠬᠦ ᠪᠠᠨ ᠠᠶᠠᠨᠳᠠᠭᠠᠨ ᠲᠠᠶᠠᠭᠳᠠᠭᠰᠠᠨ ᠢᠶᠠᠷ ᠦᠵᠡᠨ᠎ᠡ᠃ | 2 . ᠰᠢᠯᠭᠠᠨ ᠪᠠᠶᠢᠴᠠᠭᠠᠬᠤ ᠳᠠᠭᠠᠨ ᠲᠠᠩᠰᠠ ᠡᠪᠬᠡᠮᠡᠯ ᠭᠠᠷᠭᠠᠨ ᠠᠪᠬᠤ ᠴᠢᠬᠤᠯᠠᠲᠠᠶ ᠬᠥᠮᠦᠰ ᠲᠠᠩᠰᠠ ᠡᠪᠬᠡᠮᠡᠯ | ᠬᠠᠳᠠᠭᠠᠯᠠᠬᠤ ᠰᠠᠯᠠᠭ᠎ᠠ ᠮᠥᠴᠢᠷ ᠲᠤ ᠵᠠᠬᠢᠳᠠᠯ ᠶᠠᠪᠤᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ | ᠨᠢᠭᠡᠴᠡ ᠠᠴᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 307 | ᠲᠠᠰᠤᠭ ᠲᠤ ᠨᠢᠭᠡᠳᠦᠯᠲᠡᠶ ᠬᠦᠷᠴᠦ ᠲᠠᠩᠰᠠ ᠡᠪᠬᠡᠮᠡᠯ ᠭᠠᠷᠭᠠᠨ ᠠᠪᠴᠤ᠂ ᠨᠠᠮ ᠪᠠ ᠣᠯᠠᠨ ᠲᠦᠮᠡᠨ ᠤ ᠰᠠᠯᠠᠭ᠎ᠠ | ᠮᠥᠴᠢᠷ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠡ ᠵᠠᠩᠭᠢ ᠶᠢᠨ | ᠳᠤᠭᠤᠶᠢᠯᠠᠩ ︵ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠤᠨ 5 ᠳ᠋ᠤᠭᠠᠷ ᠳᠠᠪᠬᠤᠷᠭ᠎ᠠ︶ | ᠤᠨ 515 ᠲᠠᠰᠤᠭ ᠲᠤ ᠬᠦᠷᠴᠦ ᠲᠠᠩᠰᠠ ᠡᠪᠬᠡᠮᠡᠯ ᠭᠠᠷᠭᠠᠨ ᠠᠪᠤᠨ᠎ᠠ᠃ | 3 . ᠬᠡᠷᠪᠡ ᠪᠡᠶ᠎ᠡ ᠶᠢᠨ ᠪᠠᠶᠢᠴᠠᠭᠠᠯᠲᠠ ᠬᠢᠬᠦ᠂ ᠰᠢᠯᠭᠠᠨ ᠪᠠᠶᠢᠴᠠᠭᠠᠬᠤ ᠬᠢᠷᠢ ᠬᠡᠮ ᠢᠶᠠᠨ ᠲᠠᠶᠠᠭᠳᠠᠬᠤ ᠳᠤ | ᠭᠦᠷᠪᠡᠯ᠂ ᠰᠢᠯᠭᠠᠭᠤᠯᠤᠭᠴᠢ ᠲᠣᠰ ᠬᠥᠮᠦᠨ ᠨᠢ ᠪᠢᠴᠢᠭ ᠤᠨ ᠲᠣᠳᠣᠷᠬᠠᠶᠢᠯᠠᠯᠲᠠ ᠬᠢᠬᠦ ᠶᠢᠨ ᠬᠠᠮᠲᠤ ᠭᠠᠷ ᠤᠨ | ᠥᠰᠥᠭ ᠵᠢᠷᠤᠵᠤ ᠬᠤᠷᠤᠭᠤ ᠪᠠᠨ ᠳᠠᠷᠤᠵᠤ᠂ 2023 ᠣᠨ ᠤ 1 ᠰᠠᠷ᠎ᠠ ᠶᠢᠨ 16 ᠤ ᠡᠳᠦᠷ ᠠᠴᠠ ᠡᠮᠦᠨ᠎ᠡ | ᠰᠢᠷᠪᠢᠭᠰᠡᠨ ᠮᠠᠲ᠋ᠧᠷᠢᠶᠠᠯ ︵ᠪᠤᠶᠤ ᠬᠡᠷᠡᠯ ᠵᠢᠷᠤᠭ︶ ᠢᠶᠠᠨ klqsydwgkzp @ 163 ᠰᠢᠤᠳᠠᠨ | ᠬᠠᠶᠢᠷᠴᠠᠭ ᠲᠤ ᠶᠠᠪᠤᠭᠤᠯᠬᠤ ᠶᠢᠨ ᠬᠠᠮᠲᠤ᠂ ᠤᠲᠠᠰᠤ ᠪᠠᠷ ᠬᠦᠷᠢᠶ᠎ᠡ ᠬᠤᠰᠢᠭᠤᠨ ᠤ ᠠᠵᠢᠯ ᠦᠢᠯᠡᠰ ᠤᠨ | ᠨᠢᠭᠡᠴᠡ ᠶᠢᠨ ᠢᠯᠡ ᠪᠠᠷ ᠤᠷᠢᠵᠤ ᠡᠯᠰᠡᠬᠦ ᠤᠳᠤᠷᠢᠳᠬᠤ ᠳᠤᠭᠤᠶᠢᠯᠠᠩ ᠤᠨ ᠠᠵᠢᠯᠲᠠᠨ ᠳᠤ ᠮᠡᠳᠡᠭᠳᠡᠨ | ᠳᠠᠩᠰᠠᠯᠠᠭᠤᠯᠵᠦ ︵0475 - 4777564︶᠂ ᠪᠡᠶ᠎ᠡ ᠶᠢᠨ ᠪᠠᠶᠢᠴᠠᠭᠠᠯᠲᠠ᠂ ᠰᠢᠯᠭᠠᠨ ᠪᠠᠶᠢᠴᠠᠭᠠᠯᠲᠠ ᠶᠢᠨ | ᠲᠣᠬᠢᠷᠠᠭᠤᠯᠤᠯᠲᠠ ᠶᠢ ᠴᠠᠭ ᠲᠤᠬᠠᠶ ᠳᠤᠨᠢ ᠬᠦᠴᠦᠨ ᠥᠬᠡᠶ ᠪᠣᠯᠭᠠᠬᠤ ᠬᠡᠷᠡᠭᠲᠡᠶ᠃ ᠪᠡᠶ᠎ᠡ ᠶᠢᠨ ᠪᠠᠶᠢᠴᠠᠭᠠᠯᠲᠠ᠂ | ᠰᠢᠯᠭᠠᠨ ᠪᠠᠶᠢᠴᠠᠭᠠᠯᠲᠠ ᠵᠢᠴᠢ ᠳᠠᠷᠠᠭᠠᠬᠢ ᠭᠤᠭᠴᠤᠭ᠎ᠠ ᠳᠤ ᠲᠠᠶᠠᠭᠳᠠᠭᠰᠠᠨ ᠪᠠᠶᠢᠪᠠᠯ᠂ ᠰᠢᠯᠭᠠᠭᠤᠯᠤᠭᠴᠢ ᠶᠢᠨ | ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠶᠢᠨ ᠬᠠᠮᠲᠤ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠵᠡᠵᠦ ᠪᠠᠶᠢᠭᠠᠳ ᠢᠲᠡᠭᠡᠮᠵᠢ ᠶᠢᠨ ᠲᠠᠩᠰᠠ | ᠡᠪᠬᠡᠮᠡᠯ ᠳᠤ ᠲᠡᠮᠳᠡᠭᠯᠡᠨ ᠣᠷᠣᠭᠤᠯᠤᠭᠰᠠᠨ ᠬᠥᠮᠦᠰ ᠲᠤ ᠬᠠᠮᠢᠶ᠎ᠠ ᠪᠥᠬᠦᠶ ᠰᠢᠢᠳᠪᠦᠷᠢᠯᠡᠯᠲᠡ ᠥᠭᠭᠦᠨ᠎ᠡ᠃ | ᠵᠢᠷᠭᠤᠭ᠎ᠠ᠄ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠤᠲᠠᠰᠤ | ᠬᠦᠷᠢᠶ᠎ᠡ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠄ 0475 - 4777519 | ᠬᠦᠷᠢᠶ᠎ᠡ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠄ 0475477564 | ᠬᠦᠷᠢᠶ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠄ 0475 - 6378615 | | 2022 ᠣᠨ ᠤ ᠬᠦᠷᠢᠶ᠎ᠡ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ | ᠢᠯᠡ ᠪᠠᠷ ᠠᠵᠢᠯᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ | 2023 ᠣᠨ ᠤ 1 ᠰᠠᠷ᠎ᠠ ᠶᠢᠨ 16 ᠤ ᠡᠳᠦᠷ |