ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ ᠨᠢᠭᠡ ︶ | | ᠵᠠᠰᠠᠭ ᠤᠨ ᠣᠷᠳᠣᠨ ᠤ ᠠᠵᠢᠯ ᠤᠨ ᠢᠯᠡᠳᠬᠡᠯ | | | — — 2023 ᠣᠨ ᠤ 1 ᠰᠠᠷ᠎ᠠ ᠶᠢᠨ 8 ᠤ ᠡᠳᠦᠷ ᠬᠦᠷᠢᠶ᠎ᠡ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠳᠡᠭᠡᠷ᠎ᠡ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠲᠠᠷᠤᠭ᠎ᠠ ᠸᠠᠩ ᠸᠧᠢ | | | ᠲᠥᠯᠥᠭᠡᠯᠡᠭᠴᠢᠳ ᠡ᠄ | ᠣᠲᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠲᠦᠢᠯ ᠤᠨ ᠶᠡᠷᠦ ᠪᠤᠰᠤ ᠪᠥᠭᠡᠳ ᠲᠦᠢᠯ ᠤᠨ ᠴᠢᠬᠤᠯᠠ ᠨᠢᠭᠡ ᠵᠢᠯ ᠪᠣᠯᠤᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠤᠭ᠎ᠠ ᠲᠥᠰᠦᠪ ᠢ ᠵᠢᠷᠤᠭᠯᠠᠪᠠ᠃ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠤᠯᠭᠠᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ | ᠶᠡᠭᠡ ᠡᠭᠦᠷᠭᠡ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠦ᠂ ︽ᠬᠢᠵᠢᠭ ᠢ ᠰᠡᠷᠭᠡᠶᠢᠯᠡᠬᠦ ᠬᠡᠷᠡᠭᠲᠡᠶ᠂ ᠠᠵᠤ | ᠠᠬᠤᠶ ᠶᠢ ᠲᠣᠭᠲᠠᠭᠤᠨ ᠪᠠᠶᠢᠯᠭᠠᠬᠤ ᠬᠡᠷᠡᠭᠲᠡᠶ᠂ ᠬᠥᠭᠵᠢᠭᠦᠯᠬᠦ ᠳᠤ ᠠᠮᠤᠷ ᠲᠦᠪᠰᠢᠨ ᠪᠠᠶᠢᠬᠤ ᠬᠡᠷᠡᠭᠲᠡᠢ︾ ᠭᠡᠬᠦ | ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ︽ᠠᠮᠢ | ᠠᠬᠤᠶ ᠶᠢᠨ ᠵᠠᠮ ᠢᠶᠠᠷ ᠵᠠᠮᠨᠠᠬᠤ ᠂ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ᠂ ᠰᠣᠶᠣᠯ ᠵᠢᠭᠤᠯᠴᠢᠯᠠᠯ ᠤᠨ | ᠫᠠᠶᠢᠰᠠ ᠡᠷᠭᠦᠬᠦ︾ ᠬᠥᠭᠵᠢᠯᠲᠡ ᠶᠢᠨ ᠰᠡᠳᠬᠢᠴᠡ ᠪᠠᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ᠪᠥᠬᠦ ᠬᠤᠰᠢᠭᠤᠨ ᠤ ᠡᠯ᠎ᠡ | ᠦᠨᠳᠦᠰᠦᠲᠡᠨ ᠤ ᠠᠷᠠᠳ ᠲᠦᠮᠡᠨ ᠨᠢᠭᠲᠠᠷᠠᠨ ᠪᠦᠯᠬᠦᠮᠳᠡᠵᠦ᠂ ᠲᠣᠭᠲᠠᠭᠠᠭᠰᠠᠨ ᠬᠠᠷᠠᠯᠲᠠ ᠪᠠᠷ ᠪᠣᠳᠠᠲᠠᠶ ᠠᠵᠢᠯᠯᠠᠵᠤ | ᠡᠷᠡᠯᠬᠡᠭᠯᠡᠨ ᠤᠷᠤᠭᠰᠢᠯᠠᠵᠤ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ | ᠨᠡᠯᠢᠶᠡᠳ ᠰᠠᠶᠢᠨ ᠪᠡᠶᠡᠯᠡᠭᠦᠯᠦᠨ ᠪᠡᠶᠡᠯᠡᠭᠦᠯᠵᠦ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ | ᠠᠬᠢᠭᠤᠯᠪᠠ᠃ | ᠬᠢᠵᠢᠭ ᠤᠨ ᠪᠠᠶᠢᠳᠠᠯ ᠢ ᠰᠡᠷᠭᠡᠶᠢᠯᠡᠬᠦ ᠪᠠ ᠠᠵᠤ ᠠᠬᠤᠢ ᠶᠢ ᠲᠣᠭᠲᠠᠪᠤᠷᠢᠵᠢᠭᠤᠯᠬᠤ ᠶᠢ ᠨᠢᠭᠡᠳᠦᠯᠲᠡᠢ | ᠲᠥᠯᠥᠪᠵᠢᠭᠦᠯᠬᠦ ᠶᠢ ᠪᠠᠷᠢᠮᠲᠠᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠤ ᠠᠬᠤᠢ ᠶᠢᠨ | ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠪᠠ᠃ ᠴᠠᠭ ᠪᠠ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ ᠲᠣᠬᠢᠷᠠᠭᠤᠯᠵᠤ᠂ ᠬᠢᠵᠢᠭ ᠤᠨ ᠪᠠᠶᠢᠳᠠᠯ ᠤᠨ ᠳᠠᠭᠠᠷᠢᠯᠲᠠ ᠶᠢ ᠪᠦᠲᠦᠮᠵᠢᠲᠡᠶ | ᠠᠷᠭᠠᠴᠠᠭᠠᠨ ᠰᠢᠢᠳᠪᠦᠷᠢᠯᠡᠵᠦ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ | ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠠᠵᠤ ᠠᠬᠤᠶ ᠶᠢ | ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠠᠬᠢᠭᠤᠯᠵᠤ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠷᠤᠭᠠᠰᠤ ᠶᠢ 4160 ᠲᠦᠮᠡᠨ ᠲᠥᠭᠦᠷᠢᠭ ᠬᠥᠩᠭᠡᠷᠡᠭᠦᠯᠵᠦ᠂ | ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ 8 . 7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠠᠵᠤ | ᠠᠬᠤᠶ ᠠᠯᠬᠤᠮ ᠠᠯᠬᠤᠮ ᠢᠶᠠᠷ ᠰᠠᠶᠢᠵᠢᠷᠠᠬᠤ ᠶᠢ ᠪᠠᠲᠤᠯᠠᠪᠠ᠃ ᠵᠢᠱᠢᠯᠲᠡ ᠪᠠᠷ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ 58 . 4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1 . | 7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6 % ᠪᠠᠷ ᠨᠡᠮᠡᠭᠳᠡᠪᠡ︔ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 15 . 2 % ᠢᠶᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 11 . 7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5 . 5 % ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 33260 ᠲᠥᠭᠦᠷᠢᠭ ᠪᠠ | 16385 ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 8 % ᠪᠠ 10 % ᠪᠠᠷ | ᠨᠡᠮᠡᠭᠳᠡᠪᠡ᠃ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠤᠰ | ᠬᠥᠳᠡᠯᠭᠡᠭᠦᠷ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠬᠦᠴᠦᠷᠬᠡᠭ ᠶᠡᠭᠡ ᠬᠥᠳᠡᠯᠭᠡᠬᠦ ᠬᠦᠴᠦᠨ ᠢ | ᠬᠥᠭᠵᠢᠭᠡᠪᠡ᠃ ᠪᠥᠬᠦ ᠣᠷᠣᠨ ᠪᠦᠰᠡ ᠶᠢᠨ ᠪᠥᠬᠦ ᠤᠯᠠᠷᠢᠯ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ 85 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠰᠢᠩ ᠳ᠋ᠢᠩ ᠳ᠋ᠦᠩ ᠹᠠᠩ ᠲᠠᠯᠠᠰᠲᠤ ᠴᠠᠬᠢᠭᠤᠷ ᠤᠨ ᠰᠢᠨ᠎ᠡ | ᠮᠠᠲ᠋ᠧᠷᠢᠶᠠᠯ᠂ 3 . 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠯᠸᠢ ᠧᠨ ᠰᠢᠨ᠎ᠡ ᠡᠨᠧᠷᠭᠢ ᠵᠡᠷᠭᠡ | 42 ᠲᠥᠷᠥᠯ ᠵᠦᠢᠯ ᠠᠮᠵᠢᠯᠲᠠ ᠲᠠᠢ ᠪᠠᠷ ᠭᠡᠷ᠎ᠡ ᠲᠣᠭᠲᠠᠵᠤ᠂ 5000 ᠲᠦᠮᠡᠨ ᠲᠥᠭᠦᠷᠢᠭ ᠤᠨ ᠪᠠᠯᠠ | ᠣᠷᠣᠭᠤᠯᠤᠭᠰᠠᠨ ᠮᠤᠩ ᠹᠦ᠋ ᠮᠢᠬᠠᠨ ᠤ ᠦᠬᠡᠷ ᠨᠢᠲᠤᠯᠵᠤ ᠡᠳ᠋ᠰᠢᠭᠦᠯᠬᠦ ᠲᠥᠷᠥᠯ ᠵᠦᠢᠯ ᠢ ᠲᠤᠬᠠᠶ ᠶᠢᠨ ᠵᠢᠯ ᠳᠤ | ᠣᠷᠣᠭᠤᠯᠤᠨ ᠠᠪᠴᠢᠷᠠᠵᠤ᠂ ᠲᠤᠬᠠᠶ ᠶᠢᠨ ᠵᠢᠯ ᠳᠤ ᠪᠠᠶᠢᠭᠤᠯᠤᠨ ᠳᠠᠭᠤᠰᠬᠠᠵᠤ᠂ ᠲᠤᠬᠠᠶ ᠶᠢᠨ ᠵᠢᠯ ᠳᠤ | ᠠᠰᠢᠭᠯᠠᠯᠲᠠ ᠳᠤ ᠣᠷᠣᠭᠤᠯᠪᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠯᠠ ᠮᠥᠩᠭᠦ ᠠᠳᠠᠯᠢ | ᠬᠤᠭᠤᠴᠠᠭᠠᠨ ᠤ ᠬᠢ ᠠᠴᠠ 24 % ᠨᠡᠮᠡᠭᠳᠡᠪᠡ᠃ ᠲᠥᠷᠦᠯ ᠵᠦᠢᠯ ᠢ ᠲᠥᠰᠦᠪᠯᠡᠨ ᠣᠯᠬᠤ᠂ ᠭᠠᠷ ᠭᠦᠢᠴᠡᠳᠬᠡᠯ | ᠭᠦᠢᠴᠡᠳᠬᠡᠬᠦ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠵᠡᠷᠭᠡ ᠡᠯ᠎ᠡ ᠭᠤᠭᠴᠤᠭ᠎ᠠ ᠶᠢ ᠪᠣᠳᠠᠲᠠᠢ ᠠᠳᠬᠤᠵᠤ᠂ | 43 ᠭᠤᠣᠯᠳᠠᠯᠭ᠎ᠠ ᠲᠠᠢ ᠲᠥᠷᠦᠯ ᠵᠦᠢᠯ ᠢ ᠪᠦᠬᠦᠨ ᠢ ᠠᠵᠢᠯ ᠡᠬᠢᠯᠡᠭᠦᠯᠦᠨ ᠰᠡᠷᠭᠦᠭᠡᠵᠦ᠂ ᠭᠠᠯ ᠳᠠᠭᠠᠭᠠᠮᠠᠭᠠᠢ | ᠮᠠᠲ᠋ᠧᠷᠢᠶᠠᠯ ᠵᠡᠷᠭᠡ 27 ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠥᠷᠦᠯ ᠵᠦᠢᠯ | ᠲᠣᠭᠲᠠᠭᠠᠨ ᠪᠡᠯᠡ ᠮᠥᠩᠭᠦ ᠭᠤᠶᠤᠴᠢᠯᠠᠬᠤ ᠪᠡᠯᠡ ᠮᠥᠩᠭᠦ ᠠᠳᠠᠯᠢ ᠬᠤᠭᠤᠴᠠᠭᠠᠨ ᠤ ᠬᠢ ᠠᠴᠠ 41 % ᠨᠡᠮᠡᠭᠳᠡᠵᠦ᠂ | ᠪᠦᠬᠦ ᠬᠤᠲᠠ ᠳᠤ ᠬᠤᠶᠠᠳᠤᠭᠠᠷ ᠲᠤ ᠣᠷᠣᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠪᠣᠭᠤᠮᠲᠠ ᠰᠢᠪᠲᠤᠯᠬᠤ ᠣᠨ ᠤ ᠠᠵᠢᠯᠯᠠᠭ᠎ᠠ ᠶᠢ ᠥᠷᠨᠢᠭᠦᠯᠵᠦ᠂ 657 ᠥᠨᠳᠥᠷ ᠳᠠᠪᠲᠠᠮᠵᠢᠲᠤ ᠠᠷᠠᠳ ᠤᠨ | ᠠᠮᠢᠳᠤᠷᠠᠯ ᠤᠨ ᠵᠦᠢᠯᠡᠰ ᠤᠨ ︽ᠬᠤᠷᠤᠭᠤᠨ ᠦᠵᠦᠭᠦᠷ ᠤᠨ ᠭᠦᠢᠴᠡᠳᠬᠡᠯ︾᠂ 1345 ᠵᠦᠢᠯᠡᠰ ᠤᠨ ︽ᠨᠢᠭᠡ | ᠰᠦᠯᠵᠢᠶ᠎ᠡ ᠪᠠᠷ ᠰᠢᠭᠤᠳ ᠭᠦᠢᠴᠡᠳᠬᠡᠭᠦ︾᠂ ᠠᠵᠤ ᠠᠬᠤᠶᠢᠯᠠᠯ ᠨᠡᠭᠡᠭᠡᠨ ᠡᠷᠭᠢᠯᠡᠬᠦ ᠴᠠᠭ ᠤᠨ ᠬᠢᠵᠠᠭᠠᠷ ᠢ 2 ᠴᠠᠭ | ᠪᠣᠯᠭᠠᠨ ᠪᠣᠭᠤᠨᠢᠰᠬᠠᠪᠠ᠃ 1 . 65 ᠳ᠋ᠦᠩᠰᠢᠭᠤᠷ ᠲᠥᠭᠦᠷᠢᠭ ᠤᠨ ᠳᠤᠮᠳᠠ ᠵᠢᠵᠢᠭ ᠠᠵᠤ ᠠᠬᠤᠶᠢᠯᠠᠯ ᠤᠨ | ᠲᠠᠩᠰᠠᠨ ᠳᠠᠬᠢ ᠵᠣᠭᠤᠰ ᠢ ᠢᠯᠭᠠᠷᠠᠭᠤᠯᠤᠨ ᠲᠦᠯᠦᠪᠡ᠃ | ᠠᠵᠤ ᠦᠢᠯᠡᠰ ᠤᠨ ᠬᠥᠭᠵᠢᠯᠲᠡ ᠬᠢᠭᠡᠳ ᠠᠵᠤ ᠦᠢᠯᠡᠰ ᠤᠨ ᠪᠤᠶᠢᠵᠢᠭᠤᠯᠤᠯᠲᠠ ᠶᠢᠨ ᠬᠤᠤᠰ ᠲᠥᠪᠯᠡᠷᠡᠯ ᠢ | ᠪᠠᠷᠢᠮᠲᠠᠯᠠᠵᠤ᠂ ᠠᠵᠤ ᠦᠢᠯᠡᠰ ᠤᠨ ᠲᠠᠰ ᠳᠡᠪᠰᠢᠬᠦ ᠳᠤᠮᠳᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ | ᠠᠬᠢᠭᠤᠯᠵᠦ᠂ 2 . 5 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 6 . 9 | ᠲᠦᠮᠡᠨ ᠮᠤ᠋ ᠰᠢᠷ᠎ᠠ ᠪᠤᠷᠴᠠᠭ᠂ 210 ᠲᠦᠮᠡᠨ ᠮᠤ᠋ ᠲᠠᠷᠢᠮᠠᠯ ᠤᠨ ᠲᠠᠯᠠᠪᠠᠢ ᠶᠢ ᠥᠷᠭᠡᠳᠬᠡᠨ ᠲᠠᠷᠢᠵᠤ᠂ ᠠᠮᠤ | ᠪᠤᠳᠠᠭᠠᠨ ᠤ ᠤᠨᠠᠯᠲᠠ ᠠᠷᠪᠠ ᠶᠢᠰᠦᠨ ᠵᠢᠯ ᠳᠠᠷᠠᠭᠠᠯᠠᠨ ᠨᠡᠮᠡᠭᠳᠡᠪᠡ᠃ ᠮᠠᠯ ᠤᠨ ᠲᠤᠭ᠎ᠠ ᠲᠣᠯᠣᠭᠠᠢ 89 . 6 | ᠲᠦᠮᠡ ᠳᠤ ᠬᠦᠷᠴᠦ᠂ ᠡᠭᠦᠨ ᠳᠤ ᠮᠢᠬᠠᠨ ᠤ ᠦᠬᠡᠷ 41 . 3 ᠲᠦᠮᠡ ᠳᠤ ᠬᠦᠷᠴᠡᠢ᠃ ︽ᠬᠦᠷᠢᠶ᠎ᠡ ᠶᠢᠨ | ᠰᠠᠭᠠᠭ ᠤᠨ ᠡᠷᠡᠭᠦᠯ ᠮᠡᠨᠳᠦ︾ ᠭᠡᠬᠦ ᠨᠠᠷᠠᠲᠤ ᠲᠡᠮᠳᠡᠭ ᠤᠨ ᠳᠦᠷᠢ ᠲᠥᠷᠬᠦ ᠶᠢ ᠢᠯᠡᠷᠡᠭᠦᠯᠵᠦ᠂ ᠬᠦᠷᠢᠶ᠎ᠡ ᠶᠢᠨ | ᠰᠠᠭᠠᠭ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠥᠷᠲᠡᠭ 20 ᠳ᠋ᠦᠩᠰᠢᠭᠤᠷ | ᠲᠥᠭᠦᠷᠢᠭ ᠢ ᠳᠠᠪᠠᠪᠠ᠃ ᠲᠦᠩᠯᠢᠶᠣᠤ ᠬᠤᠲᠠ ᠶᠢᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠪᠣᠬᠢᠷᠲᠤᠯ ᠦᠭᠡᠢ ᠢᠳᠡᠭᠡᠨ ᠤ ᠭᠡᠷᠡᠴᠢᠯᠡᠯ ᠤᠨ | ᠪᠦᠲᠦᠭᠡᠭᠳᠡᠬᠦᠨ ᠢ 39 ᠳᠤ ᠭᠦᠷᠦᠭᠦᠯᠪᠡ᠃ ᠠᠵᠤ ᠦᠢᠯᠡᠳᠪᠦᠷᠢ ᠶᠢᠨ ᠠᠵᠤ ᠠᠬᠤᠶ ᠰᠡᠷᠭᠦᠨ ᠰᠠᠶᠢᠵᠢᠷᠠᠪᠠ᠃ | ᠬᠦᠷᠢᠶᠡᠯᠡᠩ ᠲᠣᠭᠤᠷᠢᠭ ᠤᠨ ᠰᠠᠭᠤᠷᠢ ᠲᠦᠭᠦᠬᠡᠷᠦᠮᠵᠢ ᠲᠠᠰᠤᠷᠠᠯᠲᠠ ᠥᠬᠡᠶ ᠲᠡᠭᠦᠯᠳᠡᠷᠵᠢᠵᠦ᠂ 1 . 6 ᠲᠦᠮᠡᠨ | ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ | ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠠᠰᠢᠭᠯᠠᠯᠲᠠ ᠳᠤ ᠣᠷᠣᠭᠤᠯᠪᠠ᠃ ᠴᠠᠬᠢᠭᠤᠷᠲᠤ | ᠡᠯᠡᠰᠦᠨ ᠤ ᠠᠵᠤ ᠦᠢᠯᠡᠰ ᠤᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠴᠣᠬᠤᠢ ᠶᠢ ᠨᠠᠷᠢᠯᠢᠭ ᠡᠳ᠋ᠰᠢᠭᠦᠯᠬᠦ ᠠᠵᠤ | ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠪᠡᠶᠡᠯᠡᠭᠦᠯᠵᠦ᠂ ᠺᠠᠩ ᠶᠤᠸᠠᠨ ᠲᠡᠵᠢᠭᠡᠯ ᠪᠣᠷᠳᠤᠭ᠎ᠠ᠂ ᠯᠢ ᠱᠧᠩ ᠤᠨ | ᠭᠠᠯ ᠳᠠᠭᠠᠭᠠᠮᠠᠭᠠᠢ ᠮᠠᠲ᠋ᠧᠷᠢᠶᠠᠯ ᠵᠡᠷᠭᠡ 5 ᠠᠵᠤ ᠠᠬᠤᠶᠢᠯᠠᠯ ᠤᠨ ᠳᠦᠷᠢᠮ ᠢ ᠳᠡᠭᠡᠭᠰᠢᠯᠡᠭᠦᠯᠦᠨ ᠨᠢᠭᠡᠳᠦᠯᠲᠡᠢ ᠳᠤ | ᠣᠷᠣᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠢᠱᠢᠯᠲᠡ ᠪᠠᠷ 2 . | 1 ᠳ᠋ᠦᠩᠰᠢᠭᠤᠷ ᠲᠥᠭᠦᠷᠢᠭ ᠲᠤ ᠭᠦᠷᠬᠡᠪᠡ᠃ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ | ᠪᠠᠳᠠᠷᠠᠪᠠ᠃ ᠮᠦᠩᠭᠦᠨ ᠡᠯᠡᠰᠦᠨ ᠲᠤᠬᠤᠢ ᠦᠵᠡᠮᠵᠢ ᠶᠢᠨ ᠣᠷᠣᠨ ᠤ ᠡᠵᠡᠩᠨᠡᠯᠲᠡ ᠶᠢᠨ ᠪᠠᠢᠭᠤᠯᠤᠮᠵᠢ ᠶᠢ | ᠰᠢᠯᠤᠭᠤᠳᠬᠠᠵᠤ᠂ ︽ᠭᠠᠷᠠᠭ ᠤᠨ ᠰᠡᠭᠦᠯᠴᠢ ᠶᠢᠨ ᠬᠦᠷᠢᠶ᠎ᠡ︾ ᠰᠢᠷᠢᠰ ᠠᠵᠢᠯᠯᠠᠭ᠎ᠠ ᠶᠢ ᠡᠷᠬᠢᠯᠡᠵᠦ᠂ | ᠵᠤᠭᠠᠴᠠᠭᠰᠠᠳ ᠢ 9 ᠲᠦᠮᠡᠨ ᠬᠥᠮᠦᠨ ᠤᠳᠠᠭ᠎ᠠ ᠬᠦᠯᠢᠶᠡᠨ ᠵᠣᠴᠢᠯᠠᠵᠤ᠂ 2576 ᠲᠦᠮᠡᠨ ᠲᠥᠭᠦᠷᠢᠭ ᠤᠨ | ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ ᠪᠡᠶᠡᠯᠡᠭᠦᠯᠪᠡ᠃ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠵᠦᠢᠯᠡᠰ ᠢ | ᠰᠢᠯᠭᠠᠨ ᠠᠪᠬᠤ ᠳᠤ ᠬᠢᠷᠢ ᠲᠡᠩᠴᠡᠵᠦ᠂ ᠭᠠᠳᠠᠭᠠᠳᠤ ᠠᠵᠤ ᠠᠬᠤᠶ ᠠᠷᠠᠯᠵᠢᠶᠠᠨ ᠤ ᠭᠠᠳᠠᠭᠠᠳᠤ ᠭᠠᠷᠭᠠᠯᠲᠠ ᠨᠢ | ᠲᠢᠭ ᠢ ᠰᠢᠪᠳᠤᠯᠪᠠ᠃ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠰᠪᠣᠷᠢ 14 . 9 % ᠪᠠ 16 . 2 % | ᠨᠡᠮᠡᠭᠳᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ 4353 ᠡᠷᠦᠬᠡ ᠨᠡᠮᠡᠭᠳᠡᠪᠡ᠃ | ᠬᠤᠲᠠ ᠶᠢᠨ ᠰᠢᠨᠡᠴᠢᠯᠡᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠤᠰ ᠴᠢᠳᠠᠪᠤᠷᠢ ᠶᠢ | ᠪᠠᠷᠢᠮᠲᠠᠯᠠᠵᠤ᠂ ᠬᠤᠲᠠ ᠬᠥᠳᠡᠭᠡ ᠶᠢᠨ ᠠᠭᠤᠰᠤᠯᠴᠠᠯ ᠳᠤᠮᠳᠠ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠪᠡ᠃ | ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ᠃ ᠥᠪᠡᠷᠲᠡᠭᠡᠨ ᠵᠠᠰᠠᠬᠤ | ᠣᠷᠣᠨ ᠤ ᠲᠡᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ | ᠢᠳᠡᠪᠬᠢᠲᠡᠢ ᠡᠭᠦᠳᠦᠨ ᠪᠠᠶᠢᠭᠤᠯᠵᠤ᠂ 468 ᠰᠢᠶᠠᠨ ᠤ ᠵᠠᠮ᠂ ᠱᠦᠢ ᠴᠢᠤᠸᠠᠨ ᠠᠴᠠ ᠫᠢᠩ ᠲᠠᠢ ᠽᠢ ᠬᠦᠷᠬᠦ | ᠬᠤᠣᠰ ᠲᠡᠷᠭᠡᠨ ᠵᠠᠮ ᠵᠡᠷᠭᠡ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠪᠡ᠃ | ᠵᠠᠮ ᠬᠠᠮᠠᠭᠠᠯᠠᠬᠤ᠂ ᠤᠰᠤᠨ ᠲᠣᠣᠷ ᠢ ᠥᠭᠡᠷᠡᠴᠢᠯᠡᠬᠦ᠂ ᠢᠯᠴᠢ ᠬᠠᠩᠭᠠᠬᠤ ᠲᠣᠣᠷ ᠢ ᠰᠡᠯᠪᠢᠨ ᠵᠠᠰᠠᠬᠤ ᠵᠡᠷᠭᠡ 10 | ᠭᠠᠷᠤᠢ ᠲᠥᠷᠥᠯ ᠤᠨ ᠬᠤᠲᠠ ᠶᠢᠨ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠵᠦ᠂ 8 ᠲᠦᠮᠡᠨ ᠲᠡᠭᠰᠢ | ᠳᠥᠷᠪᠡᠯᠵᠢᠨ ᠮᠧᠲᠷ ᠤᠨ ᠵᠠᠮ ᠢ ᠨᠣᠭᠤᠭᠠᠷᠠᠭᠤᠯᠬᠤ᠂ ᠭᠡᠷᠡᠯᠲᠦᠭᠦᠯᠬᠦ᠂ ᠬᠠᠲᠠᠭᠤᠷᠠᠭᠤᠯᠬᠤ ᠶᠢ ᠪᠡᠶᠡᠯᠡᠭᠦᠯᠵᠦ᠂ ᠢᠯᠴᠢ | ᠬᠠᠩᠭᠠᠬᠤ ᠲᠠᠯᠠᠪᠠᠢ ᠶᠢ 10 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ 9 ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠴᠧᠩ ᠭᠤᠸᠠᠨ ᠪᠠᠯᠭᠠᠰᠤᠨ ᠤ ᠠᠳᠠᠯ ᠠᠬᠤᠢ ᠶᠢᠨ | ᠲᠣᠭᠤᠷᠢᠭ ᠢ ᠪᠦᠬᠦᠨ ᠢ ᠬᠠᠮᠤᠷᠪᠠ᠃ ᠾᠧᠦ ᠹᠦ᠋ ᠵᠡᠭᠡᠯᠢ ᠶᠢ ᠤᠷᠲᠤᠳᠬᠠᠬᠤ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ ᠲᠡᠷᠭᠡ ᠨᠡᠪᠲᠡᠷᠡᠭᠦᠯᠵᠦ᠂ ᠭᠤᠣᠯ ᠵᠡᠭᠡᠯᠢ ᠶᠢᠨ ᠭᠤᠣᠯ ᠰᠤᠪᠠᠭ᠂ ᠬᠠᠳᠠᠲᠠᠢ ᠤᠷᠭᠤᠮᠠᠯ ᠤᠨ | ᠬᠦᠷᠢᠶᠡᠯᠡᠩ᠂ ᠠᠨᠳᠠᠢ ᠠᠭᠤᠳᠠᠮ ᠲᠠᠯᠠᠪᠠᠢ ᠶᠢ ᠰᠢᠨᠡᠳᠬᠡᠨ ᠵᠠᠰᠠᠪᠠ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ 3 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ 63 ᠲᠥᠷᠥᠯ ᠵᠦᠢᠯ ᠢ ᠬᠡᠷᠡᠭᠵᠢᠭᠦᠯᠦᠨ᠂ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ᠂ ᠲᠠᠷᠢᠶᠠᠯᠠᠩ ᠢ ᠲᠤᠰᠠᠯᠠᠬᠤ ᠵᠢᠭᠡᠯᠡᠯᠭᠡ ᠵᠡᠷᠭᠡ ᠵᠢᠭᠡᠯᠡᠯᠭᠡ ᠶᠢ 1 ᠳ᠋ᠦᠩᠰᠢᠭᠤᠷ | ᠲᠥᠭᠦᠷᠢᠭ ᠲᠠᠷᠬᠠᠭᠠᠵᠤ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ | ᠰᠠᠬᠢᠪᠠ᠃ ᠤᠮᠠᠷᠠᠲᠤ ᠬᠡᠰᠡᠭ ᠤᠨ ᠡᠯᠡᠰᠦᠷᠬᠡᠭ ᠣᠷᠣᠨ ᠤ ᠤᠰᠤᠲᠤᠯ ᠢ ᠵᠠᠯᠠᠬᠤ ᠢᠨᠵᠧᠨᠧᠷᠢᠩ ᠢ ᠡᠬᠢᠯᠡᠭᠦᠯᠵᠦ᠂ | ᠤᠰᠤ ᠵᠠᠯᠠᠬᠤ ᠰᠤᠪᠠᠭ ᠢ 120 ᠺᠢᠯᠣᠮᠧᠲᠷ ᠵᠠᠰᠠᠨ ᠪᠠᠶᠢᠭᠤᠯᠪᠠ᠃ ᠤᠰᠤ ᠬᠠᠩᠭᠠᠬᠤ ᠪᠠᠲᠤᠯᠠᠭ᠎ᠠ ᠶᠢᠨ ᠲᠥᠷᠥᠯ | ᠵᠦᠢᠯ 4 ᠭᠠᠵᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠣᠣᠷᠵᠢᠯ ᠢ 225 ᠺᠢᠯᠤᠮᠧᠲᠷ | ᠥᠭᠡᠷᠡᠴᠢᠯᠡᠨ ᠵᠠᠰᠠᠵᠤ᠂ 296 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ | 1492 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ 2 ᠲᠣᠰᠬᠤᠨ ᠤ ᠲᠡᠰ ᠤᠨ ᠪᠣᠬᠢᠷ ᠤᠰᠤ | ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠤᠨ᠂ 5 G ᠰᠠᠭᠤᠷᠢ ᠥᠷᠲᠡᠭᠡ ᠢ 108 ᠰᠠᠭᠤᠷᠢ ᠰᠢᠨ᠎ᠡ ᠪᠠᠷ | ᠪᠠᠶᠢᠭᠤᠯᠪᠠ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠨᠢ ᠲᠣᠰᠬᠤᠨ ᠪᠠᠯᠭᠠᠰᠤ ᠶᠢᠨ | ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠮᠴᠢᠯᠡᠭᠡᠨ ᠤ ᠮᠡᠷᠭᠡᠵᠢᠯ᠂ ᠠᠵᠤ | ᠦᠢᠯᠡᠰ ᠤᠨ ᠵᠢᠱᠢᠶ᠎ᠡ ᠦᠵᠡᠭᠦᠯᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠢᠯᠡᠳᠲᠡ ᠦᠷ᠎ᠡ | ᠪᠦᠲᠦᠮᠵᠢ ᠤᠯᠪᠠ᠃ ᠮᠣᠩᠭᠤᠯ ᠡᠮ ᠡᠮᠨᠡᠯᠭᠡ ᠶᠢᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠠᠭᠪᠤᠷ | ᠭᠤᠷᠪᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠬᠠᠮᠤᠭ ᠤᠨ ᠰᠠᠶᠢᠨ ᠶᠠᠳᠠᠭᠤ ᠬᠦᠴᠢᠷᠳᠡᠯᠲᠡᠶ ᠬᠥᠮᠦᠨ | ᠠᠮᠠ ᠶᠢ ᠪᠠᠭᠠᠰᠬᠠᠭᠰᠠᠨ ᠬᠡᠷᠡᠭ ᠤᠨ ᠵᠢᠱᠢᠶ᠎ᠡ ᠳᠤ ᠰᠣᠩᠭᠤᠭᠳᠠᠵᠤ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠨᠠᠩ | ᠪᠠᠬᠢᠵᠢᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠨᠠᠩ ᠦᠷᠭᠦᠯᠵᠢᠯᠡᠬᠦ᠋ᠢᠴᠡ ᠪᠣᠯᠪᠠ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠣᠰ | ᠳᠡᠭᠡᠭᠰᠢᠯᠡᠯᠲᠡ ᠶᠢ ᠪᠠᠷᠢᠮᠲᠠᠯᠠᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠳᠤᠮᠳᠠ ᠪᠣᠬᠢᠷᠲᠤᠯ ᠦᠭᠡᠢ | ᠬᠥᠭᠵᠢᠯᠲᠡ ᠶᠢ ᠪᠡᠶᠡᠯᠡᠭᠦᠯᠪᠡ᠃ ︽ᠭᠤᠷᠪᠠᠨ ᠣᠷᠣᠨ ᠭᠤᠷᠪᠠᠨ ᠱᠤᠭᠤᠮ︾ ᠤᠨ ᠢᠯᠭᠠᠨ ᠲᠣᠭᠲᠠᠭᠠᠭᠰᠠᠨ ᠦᠷ᠎ᠡ | ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠵᠦ᠂ ᠰᠢᠭᠤᠢ ᠪᠠ ᠲᠠᠯ᠎ᠠ ᠨᠤᠲᠤᠭ ᠤᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ 29 ᠲᠦᠮᠡᠨ ᠮᠦ᠂ ᠱᠢ ᠪᠸᠢ ᠭᠤᠣᠯ ᠵᠡᠷᠭᠡ 3 ᠭᠤᠣᠯ ᠮᠥᠷᠡᠨ ᠤ ᠠᠮᠢ ᠠᠬᠤᠢ ᠶᠢᠨ ᠰᠡᠷᠭᠦᠭᠡᠯᠲᠡ | 1200 ᠮᠦ᠂ ᠠᠭᠤᠷᠬᠠᠢ ᠶᠢᠨ ᠵᠠᠰᠠᠯᠲᠠ 350 ᠮᠦ ᠶᠢ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠤ᠂ ︽ᠲᠦᠮᠡᠨ ᠬᠥᠮᠦᠨ | ᠮᠢᠩᠭᠠᠨ ᠲᠣᠨ︾ ᠲᠥᠪᠯᠡᠷᠡᠩᠭᠦᠢ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ | ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠢ ᠤᠷᠤᠭᠰᠢᠲᠠᠢ ᠪᠡᠶᠡᠯᠡᠭᠦᠯᠵᠦ᠂ ᠬᠤᠲᠠ ᠪᠠᠯᠭᠠᠰᠤᠨ ᠤ | ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠪᠠᠶᠢᠬᠤ ᠨᠣᠷᠮ᠎ᠠ 95 % ᠳᠤ ᠬᠦᠷᠪᠡ᠃ᠨᠡᠩ ᠴᠤ ᠣᠶ ᠶᠢᠨ | ᠳᠠᠷᠤᠭ᠎ᠠ ᠶᠢᠨ ᠲᠦᠷᠢᠮ᠂ ᠭᠤᠤᠯ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠤᠨ᠂ ᠭᠤᠤᠯ ᠮᠥᠷᠡᠨ | ᠰᠢᠯᠤᠭᠤᠨ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠣ ᠠᠮᠢ ᠠᠬᠤᠶ ᠶᠢᠨ ᠣᠷᠴᠢᠨ | ᠲᠣᠭᠤᠷᠢᠨ ᠢ ᠪᠣᠶ ᠪᠣᠯᠭᠠᠪᠠ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ | ᠡᠭᠡᠯᠵᠢ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ ︽ᠲᠠᠪᠤ ᠶᠢ ᠦᠨᠳᠦᠰᠦᠨ ᠠᠴᠠ ᠨᠢ ᠰᠢᠢᠳᠪᠦᠷᠢᠯᠡᠬᠦ︾ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ 106 ᠲᠥᠷᠥᠯ ᠵᠦᠢᠯ ᠢ ᠰᠢᠢᠳᠪᠦᠷᠢᠯᠡᠵᠦ᠂ 1089 ᠮᠥ | ᠭᠠᠵᠠᠷ ᠰᠢᠷᠣᠶ ᠶᠢ ᠠᠮᠢᠯᠠᠭᠤᠯᠵᠤ᠂ 119 ᠲᠦᠮᠡᠨ ᠲᠥᠭᠦᠷᠢᠭ ᠤᠨ ᠨᠥᠭᠡᠴᠡ ᠪᠠᠯᠠ ᠮᠥᠩᠭᠦ ᠶᠢ ᠴᠡᠪᠡᠷᠯᠡᠨ | ᠲᠤᠰᠢᠶᠠᠪᠠ᠃ | ᠠᠷᠠᠳ ᠤᠨ ᠠᠮᠢᠳᠤᠷᠠᠯ ᠢ ᠪᠠᠲᠤᠯᠠᠬᠤ ᠪᠠ ᠠᠷᠠᠳ ᠤᠨ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠤᠶᠠᠷ | ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠠᠵᠠ ᠵᠢᠷᠭᠠᠯ ᠢ ᠨᠡᠮᠡᠭᠳᠡᠭᠦᠯᠬᠦ ᠳᠤᠮᠳᠠ ᠬᠦᠷᠢᠶᠡᠨ ᠤ ᠲᠤᠯᠠᠭᠠᠴᠠ ᠶᠢ | ᠢᠯᠡᠷᠡᠭᠦᠯᠪᠡ᠃ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ ᠵᠠᠮ ᠢ ᠪᠠᠲᠤ ᠰᠠᠬᠢᠵᠤ᠂ ᠡᠳ᠋ ᠤᠨ ᠵᠠᠰᠠᠭ ᠤᠨ | ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ ᠢ 82 % ᠲᠤ ᠭᠦᠷᠬᠡᠪᠡ᠃ 2 . 1 ᠲᠦᠮᠡᠨ | ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠭᠰᠠᠳ ᠤᠨ ᠨᠣᠷᠮ᠎ᠠ ᠶᠢ 4 . 3 % ᠶᠢᠨ ᠳᠣᠲᠣᠷ᠎ᠠ ᠬᠢᠵᠠᠭᠠᠷᠯᠠᠪᠠ᠃ ᠰᠤᠷᠭᠠᠨ ᠬᠥᠮᠦᠵᠢᠯ ᠤᠨ ᠶᠠᠰᠤ ᠴᠢᠨᠠᠷ | ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠠᠬᠢᠭᠤᠯᠵᠤ᠂ 129 ᠨᠡᠷ᠎ᠡ ᠪᠠᠭᠰᠢ ᠶᠢ | ᠨᠥᠬᠦᠪᠥᠷᠢᠯᠡᠵᠦ᠂ ᠬᠦᠷᠢᠶ᠎ᠡ ᠬᠤᠰᠢᠭᠤᠨ ᠤ ᠬᠤᠶᠠᠳᠤᠭᠠᠷ ᠬᠡᠤᠬᠡᠳ ᠤᠨᠰᠤᠷᠭᠠᠭᠤᠯᠢ᠂ ᠰᠤᠷᠬᠤ ᠨᠠᠰᠤᠨ ᠠᠴᠠ | ᠡᠮᠦᠨᠡᠬᠢ ᠭᠤᠷᠪᠠᠳᠤᠭᠠᠷ ᠬᠤᠭᠤᠴᠠᠭ᠎ᠠ ᠵᠡᠷᠭᠡ 15 ᠲᠥᠷᠥᠯ ᠵᠦᠢᠯ ᠢ ᠬᠡᠷᠡᠭᠵᠢᠭᠦᠯᠪᠡ᠃ ᠬᠦᠷᠢᠶ᠎ᠡ ᠶᠢᠨ ᠬᠤᠶᠠᠳᠤᠭᠠᠷ | ᠳᠤᠮᠳᠠᠳᠤ ᠰᠤᠷᠭᠠᠭᠤᠯᠢ ᠬᠤᠲᠠ ᠶᠢᠨ ᠲᠡᠰ ᠤᠨ ᠴᠢᠨᠠᠷ ᠰᠠᠶᠢᠲᠠᠢ ᠥᠨᠳᠥᠷ ᠳᠤᠮᠳᠠᠳᠤ ᠰᠤᠷᠭᠠᠭᠤᠯᠢ ᠪᠣᠯᠪᠠ᠃ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ ᠰᠦᠯᠵᠢᠶᠡᠨ ᠳᠤ ᠭᠠᠷᠬᠤ | ᠨᠣᠷᠮ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠢᠷᠡᠯᠲᠡ ᠶᠢᠨ ᠶᠠᠰᠤ ᠴᠢᠨᠠᠷ ᠤᠨ | ᠬᠤᠤᠰ ᠳᠡᠭᠡᠭᠰᠢᠯᠡᠯᠲᠡ ᠶᠢ ᠪᠡᠶᠡᠯᠡᠭᠦᠯᠪᠡ᠃ ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ | ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠡᠷᠡᠭᠦᠯ ᠡᠩᠬᠡ ᠬᠦᠷᠢᠶᠡᠨ ᠤ ᠠᠵᠢᠯᠯᠠᠭ᠎ᠠ ᠪᠠ | ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠬᠦᠷᠢᠶ᠎ᠡ ᠬᠤᠰᠢᠭᠤᠨ ᠤ ᠶᠡᠷᠦᠩᠬᠡᠶ ᠡᠮᠨᠡᠯᠭᠡ ᠶᠢᠨ ᠬᠤᠷᠢᠶ᠎ᠠ᠂ ᠬᠤᠰᠢᠭᠤᠨ ᠤ ᠡᠮᠨᠡᠯᠭᠡ ᠶᠢᠨ | ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ᠂ ᠬᠢᠲᠠᠳ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ | ᠡᠪᠡᠳᠴᠢᠲᠡᠨ ᠤ ᠥᠷᠥᠭᠡ ᠶᠢᠨ ᠶᠡᠷᠦᠩᠬᠡᠶᠢᠯᠡᠭᠰᠡᠨ ᠠᠰᠠᠷ ᠵᠡᠷᠭᠡ ᠲᠥᠷᠥᠯ ᠵᠦᠢᠯ ᠢ ᠤᠷᠤᠭᠰᠢᠲᠠᠶ ᠪᠠᠶᠢᠭᠤᠯᠪᠠ᠃ | ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠦᠭᠦᠷᠰᠡᠭ ᠬᠡᠯᠪᠡᠷᠢ ᠶᠢᠨ ᠨᠡᠶᠢᠭᠡᠮ | ᠲᠣᠭᠤᠷᠢᠭ 1 ᠶᠢ ᠡᠭᠦᠳᠦᠨ ᠪᠠᠶᠢᠭᠤᠯᠵᠤ᠂ 7 ᠰᠠᠭᠤᠷᠢ ᠣᠷᠣᠨ ᠰᠠᠭᠤᠴᠠ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠬᠡᠨ ᠤ ᠥᠷᠲᠡᠭᠡ ︵ᠲᠥᠪ︶ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠨᠡᠶᠢᠭᠡᠮ ᠤᠨ | ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ ᠬᠤᠲᠠ ᠪᠠᠯᠭᠠᠰᠤᠨ ᠤ ᠬᠦᠴᠢᠷᠳᠡᠯᠲᠡᠢ | ᠣᠯᠠᠨ ᠲᠦᠮᠡᠨ ᠢ ᠬᠠᠪᠰᠤᠷᠤᠨ ᠲᠡᠳᠬᠦᠬᠦ ᠳᠤᠯᠠᠭᠠᠯᠠᠭ᠎ᠠ ᠶᠢᠨ ᠢᠨᠵᠧᠨᠧᠷᠢᠩ ᠢ ᠥᠷᠨᠢᠭᠦᠯᠵᠦ᠂ 1 . 6 ᠲᠦᠮᠡᠨ | ᠡᠷᠦᠬᠡ ᠮᠠᠯᠴᠢᠨ ᠲᠠᠷᠢᠶᠠᠴᠢᠨ ᠳᠤ ᠳᠤᠯᠠᠭᠠᠯᠠᠭ᠎ᠠ ᠶᠢᠨ ᠨᠡᠭᠦᠷᠡᠰᠦ ᠲᠠᠷᠬᠠᠭᠠᠪᠠ᠃ ᠠᠨᠠᠷ ᠤᠨ ᠦᠷ᠎ᠡ ᠶᠢᠨ ᠠᠭᠤᠳᠠᠮ | ᠲᠠᠯᠠᠪᠠᠢ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠶᠡᠭᠡ ᠲᠠᠯ᠎ᠠ ᠶᠢ ᠦᠷᠭᠦᠯᠵᠢᠯᠡᠨ | ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠳᠣᠯᠣᠭᠠᠨ ᠵᠢᠯ | ᠳᠠᠷᠠᠭᠠᠯᠠᠨ ᠲᠡᠷᠢᠭᠦᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ | ᠲᠣᠭᠲᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠪᠡᠶᠡᠯᠡᠭᠦᠯᠪᠡ᠃ | ᠦᠨᠡᠠᠭᠦ ᠠᠳᠬᠤᠨ ᠪᠣᠳᠠᠲᠠᠢ ᠠᠵᠢᠯᠯᠠᠬᠤ ᠪᠠ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ ᠠᠳᠬᠤᠬᠤ | ᠬᠤᠶᠠᠷ ᠢ ᠤᠶᠠᠯᠳᠤᠭᠤᠯᠬᠤ ᠶᠢ ᠪᠠᠷᠢᠮᠲᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠴᠣ᠋ ᠰᠢᠨ᠎ᠡ | ᠡᠭᠦᠷᠭᠡᠯᠡᠯ ᠢᠶᠠᠨ ᠢᠯᠡᠷᠡᠭᠦᠯᠪᠡ᠃ ᠨᠠᠮ ᠤᠨ ᠤᠳᠤᠷᠢᠳᠤᠭᠠ ᠶᠢ ᠬᠡᠵᠢᠶᠡᠳᠡ ᠰᠣᠨᠣᠰᠴᠤ᠂ ᠤᠯᠤᠰ ᠲᠥᠷᠥ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠨ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ ᠨᠠᠢᠮᠠᠳᠤᠭᠠᠷ ᠲᠠᠪᠤᠨ ᠵᠢᠯ ᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠦᠷᠨᠢᠭᠦᠯᠡᠵᠡᠢ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠦ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ 110 ᠬᠤᠪᠢ ᠭᠦᠢᠴᠡᠳᠬᠡᠪᠡ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠳᠤ ᠬᠤᠯᠪᠣᠭᠳᠠᠯ ᠪᠦᠬᠦᠢ ᠠᠵᠢᠯ ᠢ 27 ᠤᠳᠠᠭ᠎ᠠ ᠮᠡᠳᠡᠭᠳᠡᠪᠡ᠃ ᠬᠢᠨᠠᠨ ᠪᠣᠳᠣᠯᠲᠠ ᠪᠠᠷ | ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠦᠷᠢᠮ ᠠᠴᠠ ᠵᠥᠷᠢᠴᠡᠭᠰᠡᠨ ᠵᠢᠴᠢ ᠬᠠᠮᠢᠶᠠᠷᠤᠯᠲᠠ ᠨᠢ ᠵᠢᠷᠤᠮᠵᠢᠯ ᠦᠭᠡᠢ | 49 ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ 500 ᠭᠠᠷᠤᠢ ᠲᠦᠮᠡᠨ ᠲᠥᠭᠦᠷᠢᠭ ᠤᠨ ᠵᠠᠷᠤᠯᠭ᠎ᠠ ᠶᠢ | ᠨᠡᠮᠡᠭᠳᠡᠭᠦᠯᠪᠡ᠃ ᠲᠥᠪ ᠤᠨ ᠨᠡᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ︽ᠪᠠᠶᠢᠳᠠᠯ ᠢ ᠬᠥᠭᠵᠢᠭᠡᠬᠦ᠂ ᠪᠣᠳᠠᠲᠠᠶ | ᠠᠵᠢᠯᠯᠠᠨ ᠡᠷᠡᠯᠬᠡᠭᠯᠡᠨ ᠤᠷᠤᠭᠰᠢᠯᠠᠬᠤ︾ ᠪᠠ ᠲᠠᠪᠤᠨ ᠵᠦᠢᠯ ᠤᠨ ᠭᠤᠤᠯᠳᠠᠯᠭ᠎ᠠ ᠲᠠᠢ ᠠᠵᠢᠯ ᠤᠨ ︽ᠵᠠᠭᠤᠨ | ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ | ᠨᠠᠶᠢᠳᠠᠪᠤᠷᠢᠵᠢᠭᠤᠯᠤᠯᠲᠠ ᠶᠢ ᠠᠳᠬᠤᠬᠤ ᠲᠣᠭᠲᠠᠴᠠ ᠶᠢ ᠪᠠᠶᠢᠭᠤᠯᠵᠤ᠂ ᠰᠢᠢᠳᠪᠦᠷᠢᠳᠦ ᠪᠣᠳᠣᠯᠭ᠎ᠠ ᠶᠢ | ᠨᠠᠶᠢᠳᠠᠪᠤᠷᠢᠵᠢᠭᠤᠯᠬᠤ ᠪᠠ ᠬᠢᠨᠠᠯᠲᠠ ᠳᠡᠯᠪᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠰᠤᠷᠲᠠᠯ ᠤᠨ ᠪᠠᠶᠢᠭᠤᠯᠤᠯᠲᠠ᠂ ᠬᠡᠷᠡᠭ ᠢᠶᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠵᠡᠷᠭᠡ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠴᠡᠷᠢᠭ ᠠᠴᠠ ᠬᠠᠯᠠᠭᠳᠠᠭᠰᠠᠨ᠂ ᠭᠠᠳᠠᠭᠠᠳᠤ ᠶᠠᠪᠤᠳᠠᠯ ᠬᠠᠷᠢᠶᠠᠲᠤ᠂ ᠤᠯᠤᠰ ᠤᠨ ᠪᠠᠳᠤᠯᠠᠨ ᠬᠠᠮᠠᠭᠠᠯᠠᠯᠲᠠ ᠶᠢᠨ | ᠲᠠᠶᠢᠴᠢᠯᠠᠯᠲᠠ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠡᠦᠬᠡ ᠣᠶᠢᠯᠠᠯᠭ᠎ᠠ ᠶᠢᠨ ᠳᠠᠩᠰᠠ | ᠡᠪᠬᠡᠮᠡᠯ᠂ ᠬᠠᠩᠭᠠᠨ ᠪᠤᠷᠤᠯᠤᠭᠤᠯᠲᠠ᠂ ᠴᠠᠭ ᠠᠭᠤᠷ ᠵᠡᠷᠭᠡ ᠠᠵᠢᠯ ᠰᠢᠨ᠎ᠡ ᠳᠠᠪᠰᠢᠯᠲᠠ ᠲᠠᠢ ᠪᠣᠯᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ | ᠨᠠᠰᠤᠲᠠᠶᠢᠴᠤᠳ᠂ ᠵᠡᠮᠳᠡᠭᠴᠦᠳ᠂ ᠨᠢᠭᠦᠯᠡᠰᠦᠩᠭᠦᠢ᠂ ᠤᠯᠠᠭᠠᠨ ᠵᠠᠭᠠᠯᠮᠠᠢᠲᠠᠨ᠂ ᠰᠠᠶᠢᠨ ᠳᠤᠷ᠎ᠠ ᠶᠢᠨ ᠦᠢᠯᠡᠴᠢᠯᠡᠭᠡ᠂ | ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠦᠢᠯᠡᠰ ᠰᠢᠨ᠎ᠡ ᠠᠬᠢᠴᠠ ᠲᠠᠢ ᠪᠣᠯᠪᠠ᠃ ᠥᠨᠥᠳᠦᠷ ᠤᠨ | ᠬᠦᠷᠢᠶᠡᠨ ᠳᠤ᠂ ᠬᠥᠭᠵᠢᠯᠲᠡ ᠶᠢᠨ ᠬᠠᠨᠳᠤᠰᠢ ᠤᠯᠠᠮ ᠴᠢᠩᠭᠠᠷᠠᠵᠤ᠂ ᠠᠷᠠᠳ ᠤᠯᠠᠨ ᠤ ᠠᠮᠢᠳᠤᠷᠠᠯ ᠤᠯᠠᠮ ᠰᠠᠨᠠᠭ᠎ᠠ | ᠠᠮᠤᠷ ᠲᠠᠭᠠᠯᠠᠮᠵᠢᠲᠠᠢ ᠪᠤᠯᠵᠤ᠂ ᠨᠡᠶᠢᠭᠡᠮ ᠤᠨ ᠣᠷᠴᠢᠨ ᠲᠣᠭᠤᠷᠢᠨ ᠤᠯᠠᠮ ᠠᠮᠤᠷ ᠲᠣᠭᠲᠠᠭᠤᠨ ᠡᠮᠬᠢ ᠳᠢᠭᠯᠢᠮ ᠲᠠᠢ | ᠪᠣᠯᠵᠠᠢ᠃ | ᠲᠥᠯᠥᠭᠡᠯᠡᠭᠴᠢᠳ ᠡ᠄ ᠠᠮᠵᠢᠯᠲᠠ ᠪᠦᠲᠦᠮᠵᠢ ᠣᠯᠬᠤ ᠨᠢ ᠠᠮᠤᠷ ᠦᠭᠡᠢ᠂ ᠴᠢᠷᠮᠠᠶᠢᠨ ᠲᠡᠮᠡᠴᠡᠬᠦ ᠳᠤ ᠵᠠᠪᠠᠯ | ᠪᠠᠲᠤ ᠪᠠᠬᠢ ᠪᠠᠶᠢᠬᠤ ᠬᠡᠷᠡᠭᠲᠡᠢ᠃ 2022 ᠣᠨ ᠳᠤ᠂ ᠪᠦᠬᠦ ᠬᠤᠰᠢᠭᠤ ᠪᠠᠷ ᠢᠶᠠᠨ ᠪᠦᠯᠬᠦᠮᠳᠡᠨ ᠨᠢᠭᠡᠳᠴᠦ᠂ | ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠪᠡᠶ᠎ᠡ ᠳᠡᠭᠡᠨ ᠳᠠᠷᠤᠯᠲᠠ ᠥᠭᠴᠦ ᠳᠤᠮᠳᠠ ᠲᠡᠷᠢᠭᠦᠨ ᠤ ᠬᠢ | ᠪᠣᠯᠬᠤ ᠪᠠᠷ ᠴᠢᠷᠮᠠᠶᠢᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠳᠤᠮᠳᠠ ᠵᠣᠷᠢᠭᠲᠠᠢ ᠪᠠᠷ ᠰᠢᠨ᠎ᠡ | ᠪᠠᠶᠢᠳᠠᠯ ᠢ ᠡᠭᠦᠳᠴᠦ᠂ ᠬᠦᠷᠢᠶᠡᠨ ᠤ ᠠᠷᠠᠳ ᠲᠦᠮᠡᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠠᠬᠢᠴᠠ ᠳᠤ ᠬᠤᠴᠣᠷᠬᠤ ᠦᠭᠡᠢ ᠰᠥᠰᠥ ᠵᠣᠷᠢᠭ ᠢ ᠢᠯᠡᠷᠡᠭᠦᠯᠪᠡ︕ ᠪᠢᠳᠡ ᠠᠷᠠᠳ ᠤᠨ ᠲᠥᠯᠥᠭᠡ ᠭᠡᠬᠦ ᠤᠭ | ᠰᠠᠨᠠᠭ᠎ᠠ ᠪᠠᠨ ᠪᠠᠲᠤ ᠰᠠᠬᠢᠵᠤ᠂ ᠣᠯᠠᠨ ᠲᠦᠮᠡᠨ ᠲᠠᠢ ᠬᠠᠮᠲᠤ ᠪᠣᠳᠣᠯᠬᠢᠯᠠᠵᠤ᠂ ᠬᠠᠮᠲᠤ ᠵᠣᠭᠰᠣᠵᠤ᠂ ᠬᠠᠮᠲᠤ | ᠠᠵᠢᠯᠯᠠᠵᠤ᠂ ᠺᠠᠳ᠋ᠷ ᠣᠯᠠᠨ ᠲᠦᠮᠡᠨ ᠰᠡᠳᠬᠢᠯ ᠨᠢᠭᠡᠳᠦᠨ᠂ ᠰᠠᠯᠬᠢ ᠪᠣᠷᠣᠭᠠᠨ ᠢ ᠬᠠᠮᠲᠤ ᠪᠠᠷ ᠲᠤᠭᠤᠯᠬᠤ | ᠬᠦᠷᠢᠶᠡᠨ ᠤ ᠬᠥᠭᠵᠢᠯᠲᠡ ᠶᠢᠨ ᠰᠢᠨ᠎ᠡ ᠠᠶᠠᠨ ᠵᠠᠮ ᠢᠶᠠᠷ ᠵᠠᠮᠨᠠᠪᠠ︕ ᠪᠢᠳᠡ ᠵᠠᠪᠠᠯ ᠢᠯᠠᠬᠤ ᠢᠲᠡᠭᠡᠯ ᠵᠣᠷᠢᠭ ᠢᠶᠠᠨ | ᠪᠠᠲᠤᠳᠬᠠᠵᠤ᠂ ︽ᠤᠷᠤᠭᠰᠢᠯᠠᠬᠤ ᠦᠭᠡᠢ ᠪᠣᠯ ᠤᠬᠤᠷᠢᠬᠤ︾ ᠰᠡᠷᠡᠮᠵᠢ ᠲᠠᠢ ᠪᠠᠶᠢᠵᠤ᠂ ᠰᠥᠷᠭᠡᠦ ᠣᠷᠴᠢᠨ ᠳᠤ | ᠡᠷᠭᠢᠯᠲᠡ ᠭᠠᠷᠭᠠᠵᠤ᠂ ᠬᠦᠴᠢᠷᠳᠡᠯ ᠤᠨ ᠳᠤᠮᠳᠠ ᠪᠦᠰᠡᠯᠡᠯᠲᠡ ᠶᠢ ᠰᠢᠪᠲᠤᠯᠵᠤ᠂ ᠳᠠᠪᠠᠭ᠎ᠠ ᠳᠠᠪᠠᠵᠤ᠂ ᠬᠤᠳᠠ ᠶᠢ | ᠲᠠᠭᠠᠷᠢᠨ ᠴᠠᠶᠢᠵᠠ ᠶᠢ ᠡᠵᠡᠯᠡᠬᠦ ᠬᠦᠷᠢᠶᠡᠨ ᠤ ᠡᠷᠡᠮᠡᠬᠡᠶᠢᠯᠡᠨ ᠤᠷᠤᠭᠰᠢᠯᠠᠬᠤ ᠰᠢᠨ᠎ᠡ ᠳᠦᠷᠰᠦ ᠪᠠᠶᠢᠳᠠᠯ ᠢ ᠡᠭᠦᠳᠪᠡ︕ | ᠪᠢᠳᠡ ᠣᠷᠭᠢᠯᠤᠮ᠎ᠠ ᠰᠡᠳᠬᠢᠯᠭᠡ ᠪᠠᠷ ᠠᠮᠠᠯᠠᠯᠲᠠ ᠪᠠᠨ ᠦᠢᠯᠡᠳᠦᠯᠬᠡᠵᠢᠭᠦᠯᠵᠦ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠨ᠂ ᠰᠡᠳᠬᠢᠯ ᠳᠡᠯᠪᠢᠨ ᠠᠵᠢᠯ ᠶᠠᠪᠤᠳᠠᠯ ᠰᠦᠪᠡᠭᠴᠢᠯᠡᠵᠦ᠂ ᠣᠷᠭᠢᠯᠤᠮ᠎ᠠ ᠰᠡᠳᠬᠢᠯᠭᠡ ᠪᠠᠷ ᠠᠵᠢᠯ | ᠶᠠᠪᠤᠳᠠᠯ ᠬᠢᠵᠦ᠂ ᠪᠠᠷᠲᠠᠭᠠᠲᠤ ᠭᠠᠵᠠᠷ ᠢ ᠳᠤᠭᠤᠯᠬᠤ᠂ ᠪᠤᠭᠤᠮᠲᠠ ᠶᠢ ᠰᠢᠪᠳᠤᠯᠵᠤ ᠪᠡᠷᠬᠡᠰᠢᠶᠡᠯ ᠢ ᠢᠯᠡᠨ ᠳᠠᠪᠠᠵᠤ᠂ | ᠬᠦᠴᠢᠷ ᠪᠡᠷᠬᠡ ᠶᠢ ᠢᠯᠡᠨ ᠳᠠᠪᠠᠵᠤ᠂ ᠰᠦᠷ ᠵᠢᠪᠬᠤᠯᠠᠩᠲᠤ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠪᠢᠴᠢᠭᠯᠡᠪᠡ︕ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ | ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ ᠠᠵᠢᠯ ᠠᠴᠠ ᠪᠠᠨ ᠠᠮᠠᠷᠠᠭᠰᠠᠨ | ᠠᠬᠠᠮᠠᠳ ᠨᠥᠬᠦᠳ᠂ ᠭᠦᠷᠢᠶᠠᠨ ᠳᠤ ᠰᠠᠭᠤᠭ᠎ᠠ ᠳᠠᠷᠤᠭ᠎ᠠ ᠪᠠᠶᠢᠯᠳᠤᠭᠴᠢᠳ᠂ ᠤᠯᠤᠰ ᠲᠥᠷᠥ ᠬᠠᠤᠯᠢ ᠴᠠᠭᠠᠵᠠ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ᠂ ᠬᠠᠪᠰᠤᠷᠤᠨ ᠲᠡᠳᠬᠦᠬᠦ ᠪᠠᠶᠢᠭᠤᠯᠭ᠎ᠠ ᠪᠣᠯᠬᠤ ᠮᠢ ᠶᠦᠨ | ᠲᠣᠭᠤᠷᠢᠭ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠠ ᠲᠣᠭᠤᠷᠢᠭ᠂ ᠬᠤᠲᠠ ᠶᠢᠨ ᠬᠤᠶᠠᠷ | ᠱᠠᠲᠤᠨ ᠤ ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ᠂ ᠬᠦᠷᠢᠶ᠎ᠡ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ | ᠱᠠᠲᠤᠨ ᠤ ᠤᠳᠤᠷᠢᠳᠤᠯᠭ᠎ᠠ᠂ ᠡᠯ᠎ᠡ ᠡᠲᠡᠭᠡᠳ ᠤᠨ ᠬᠥᠮᠦᠰ ᠲᠤ ᠡᠷᠬᠢᠮ ᠲᠡᠬᠡᠳᠦ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠄ ᠥᠩᠭᠡᠷᠡᠭᠰᠡᠨ ᠢᠶᠠᠨ ᠡᠷᠭᠢᠴᠡᠭᠦᠯᠪᠡᠯ ᠰᠠᠶ᠋ᠢ ᠢᠷᠡᠭᠡᠳᠦᠶ ᠪᠠᠨ ᠪᠠᠷᠠᠯᠠᠵᠤ ᠴᠢᠳᠠᠨ᠎ᠠ︔ | ᠲᠤᠷᠰᠢᠯᠭ᠎ᠠ ᠪᠠᠨ ᠳ᠋ᠦᠩᠨᠡᠪᠡᠯ ᠰᠠᠶ᠋ᠢ ᠵᠠᠮ ᠨᠡᠭᠡᠭᠡᠨ ᠤᠷᠤᠭᠰᠢᠯᠠᠵᠤ ᠴᠢᠳᠠᠨ᠎ᠠ᠃ ᠥᠩᠭᠡᠷᠡᠭᠰᠡᠨ ᠨᠢᠭᠡ ᠵᠢᠯ ᠳᠤ᠂ ᠮᠠᠰᠢ | ᠬᠠᠲᠠᠭᠤᠵᠢᠯᠲᠠᠶ ᠬᠢᠭᠰᠡᠨ ᠪᠣᠯᠪᠠᠴᠤ ᠮᠠᠰᠢ ᠪᠦᠷᠢᠨ ᠲᠡᠭᠦᠯᠳᠡᠷ᠂ ᠮᠠᠰᠢ ᠬᠦᠴᠢᠷ ᠪᠡᠷᠬᠡᠰᠢᠶᠡᠯ ᠲᠠᠢ ᠶᠠᠪᠤᠭᠰᠠᠨ | ᠪᠣᠯᠪᠠᠴᠤ ᠮᠠᠰᠢ ᠡᠷᠡᠰ ᠪᠠᠲᠤ᠃ ᠪᠠᠶᠢᠳᠠᠯ ᠪᠤᠳᠤᠯᠢᠶᠠᠨᠲᠠᠢ ᠪᠣᠯᠬᠤ ᠲᠤᠲᠤᠮ ᠢᠲᠡᠭᠡᠯ ᠪᠢᠰᠢᠷᠡᠯ ᠢᠶᠠᠨ ᠤᠯᠠᠮ | ᠪᠠᠲᠤᠳᠬᠠᠵᠤ᠂ ᠨᠠᠮ ᠤᠨ ᠲᠥᠪ ᠬᠤᠷᠢᠶᠠᠨ ᠤ ᠵᠠᠷᠯᠢᠭ ᠵᠢᠭᠠᠪᠤᠷᠢ ᠶᠢ ᠡᠷᠡᠰ ᠳᠠᠭᠠᠵᠤ᠂ ᠲᠡᠬᠡᠳᠦ ᠱᠠᠲᠤ ᠪᠠ | ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ | ᠪᠣᠳᠠᠲᠠᠢ ᠳᠤ ᠨᠠᠶᠢᠳᠠᠪᠤᠷᠢᠵᠢᠭᠤᠯᠬᠤ᠂ ᠶᠠᠮᠠᠷᠪᠠ ᠦᠶ᠎ᠡ ᠳᠤ ᠴᠤ ᠭᠤᠶᠢᠪᠠᠯᠵᠠᠵᠦ ᠪᠣᠯᠬᠤ ᠦᠭᠡᠢ︕ ᠴᠠᠭ | ᠦᠶ᠎ᠡ ᠶᠢᠨ ᠬᠤᠪᠢᠷᠠᠯᠲᠠ ᠬᠡᠳᠦᠢ ᠶᠡᠭᠡ ᠪᠣᠯᠬᠤ ᠳᠤᠳᠤᠮ ᠬᠠᠷᠠᠴᠠ ᠲᠡᠳᠦᠢ ᠬᠤᠷᠴᠠ ᠪᠠᠶᠢᠵᠤ᠂ ᠲᠡᠦᠬᠡ ᠶᠢᠨ | ᠬᠠᠷᠠᠴᠠ ᠪᠣᠯᠤᠨ ᠪᠠᠶᠢᠯᠳᠤᠬᠤ ᠪᠤᠳᠤᠯᠭ᠎ᠠ ᠶᠢᠨ ᠰᠡᠳᠬᠢᠬᠦᠢ ᠶᠢ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ | ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠡᠷᠢᠯᠬᠢᠯᠡᠵᠦ᠂ ᠶᠠᠮᠠᠷᠪᠠ ᠦᠶ᠎ᠡ ᠳᠤ ᠴᠦ ᠡᠷᠡᠭᠡᠯᠵᠡᠵᠦ ᠪᠣᠯᠬᠤ ᠦᠭᠡᠢ︕ | ᠡᠭᠦᠷᠭᠡ ᠬᠡᠳᠦᠢ ᠳᠠᠪᠬᠤᠴᠠᠬᠤ ᠲᠤᠳᠤᠮ ᠠᠵᠢᠯᠯᠠᠭ᠎ᠠ ᠲᠡᠳᠦᠢ ᠰᠠᠶᠢᠨ ᠪᠠᠶᠢᠵᠦ᠂ ︽ᠥᠨᠥᠳᠦᠷ ᠬᠡᠳᠦᠢ ᠤᠷᠤᠢ | ᠪᠠᠶᠢᠭᠰᠠᠨ ᠴᠤ ᠡᠷᠲᠡ᠂ ᠮᠠᠷᠭᠠᠰᠢ ᠬᠡᠳᠦᠢ ᠡᠷᠲᠡ ᠪᠠᠶᠢᠭᠰᠠᠨ ᠴᠤ ᠤᠷᠤᠢ︾ ᠭᠡᠬᠦ ᠦᠷ᠎ᠡ ᠪᠦᠲᠦᠮᠵᠢ ᠶᠢᠨ | ᠤᠬᠠᠮᠰᠠᠷ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ ᠳᠤ ᠬᠤᠷᠳᠤᠴᠠ ᠶᠢ ᠡᠷᠬᠢᠯᠡᠨ᠂ ᠠᠬᠢᠴᠠ ᠶᠢ ᠠᠳᠬᠤᠵᠤ᠂ | ᠡᠷᠴᠢᠮ ᠢᠶᠠᠨ ᠴᠢᠩᠭᠠᠷᠠᠭᠤᠯᠵᠤ᠂ ᠶᠠᠮᠠᠷᠪᠠ ᠦᠶ᠎ᠡ ᠳᠤ ᠴᠦ ᠴᠠᠯᠠᠭᠠᠶᠢᠷᠠᠵᠤ ᠪᠣᠯᠬᠤ ᠦᠭᠡᠢ︕ ᠬᠡᠳᠦᠶ ᠬᠦᠴᠢᠷ | ᠪᠡᠷᠬᠡᠰᠢᠶᠡᠯ ᠰᠣᠯᠪᠢᠴᠠᠬᠤ ᠲᠤᠲᠤᠮ ᠲᠡᠳᠦᠶ ᠪᠠᠲᠤ ᠴᠢᠩᠭ᠎ᠠ ᠡᠭᠦᠷᠭᠡᠯᠡᠯ ᠲᠠᠢ ᠪᠠᠶᠢᠵᠤ᠂ ᠲᠡᠮᠡᠴᠡᠯ ᠤᠨ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠨᠢᠷᠤᠭᠤ | ᠲᠤᠯᠭᠠᠭᠤᠷᠢ᠂ ᠲᠡᠮᠦᠷ ᠮᠥᠷᠥ᠂ ᠵᠢᠩᠬᠢᠨᠢ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠶᠠᠮᠠᠷᠪᠠ ᠦᠶ᠎ᠡ ᠳᠤ ᠴᠦ | ᠤᠬᠤᠷᠢᠵᠤ ᠪᠣᠯᠬᠤ ᠥᠬᠡᠶ︕ | ᠲᠥᠯᠥᠭᠡᠯᠡᠭᠴᠢᠳ ᠡ᠄ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠦᠪᠰᠢᠨ ᠠᠮᠢᠳᠤᠷᠠᠵᠤ᠂ | ᠵᠣᠪᠠᠭᠤᠷᠢ ᠵᠦᠳᠡᠭᠦᠷᠢ ᠶᠢ ᠮᠡᠳᠡᠪᠡᠯ ᠰᠠᠶ᠋ᠢ ᠬᠦᠴᠢᠷ ᠪᠡᠷᠬᠡᠰᠢᠶᠡᠯ ᠢ ᠢᠯᠠᠨ ᠳᠠᠪᠠᠵᠤ ᠴᠢᠳᠠᠨ᠎ᠠ︕ ᠪᠢᠳᠠ | ᠰᠡᠷᠭᠡᠭ ᠢᠶᠠᠷ ᠲᠠᠨᠢᠵᠤ ᠣᠯᠤᠭᠰᠠᠨ ᠨᠢ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠬᠠᠷᠠᠬᠠᠨ ᠦᠨᠳᠦᠰᠦᠨ ᠠᠴᠠ ᠪᠠᠨ ᠰᠢᠢᠳᠪᠦᠷᠢᠯᠡᠭᠳᠡᠭᠡᠳᠦᠢ | ᠪᠠᠶᠢᠭᠰᠠᠭᠠᠷ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ᠂ ᠡᠳ᠋ ᠤᠨ ᠵᠠᠰᠠᠭ ᠤᠨ ᠣᠷᠣᠯᠭ᠎ᠠ ᠵᠡᠷᠭᠡ ᠤᠷᠲᠤ ᠬᠤᠭᠤᠴᠠᠭ᠎ᠠ ᠪᠠᠷ ᠳᠣᠣᠷ᠎ᠠ ᠪᠠᠶᠢᠷᠢᠨ ᠳᠤ ᠪᠠᠶᠢᠵᠤ᠂ | ᠲᠥᠷᠥᠯᠬᠢ ᠬᠦᠷᠦᠯᠴᠡᠬᠦ ᠦᠭᠡᠢ ᠲᠠᠯ᠎ᠠ ᠪᠠᠨ ᠬᠡᠷᠬᠢᠨ ᠨᠥᠬᠦᠪᠥᠷᠢᠯᠡᠬᠦ᠂ ᠬᠥᠭᠵᠢᠯᠲᠡ ᠶᠢᠨ ᠳᠠᠯᠳᠠ ᠬᠦᠴᠦᠨ ᠢ ᠬᠡᠷᠬᠢᠨ | ᠪᠠᠳᠠᠷᠠᠭᠤᠯᠬᠤ ᠲᠤᠬᠠᠢ ᠪᠠᠰᠠ ᠭᠦᠨᠵᠡᠭᠡᠢ ᠰᠢᠰᠲ᠋ᠧᠮ ᠲᠠᠢ ᠰᠦᠪᠡᠭᠴᠢᠯᠡᠬᠦ ᠴᠢᠬᠤᠯᠠᠲᠠᠢ︔ ᠠᠵᠤ ᠦᠢᠯᠡᠰ ᠤᠨ ᠲᠠᠰ | ᠳᠠᠪᠬᠤᠷᠭ᠎ᠠ ᠳᠤᠤᠷ᠎ᠠ ᠪᠠᠶᠢᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠤᠷᠤᠰᠬᠠᠯ ᠳᠤ ᠣᠷᠳᠣ | ᠬᠤᠭᠤᠴᠠᠭ᠎ᠠ ᠪᠠᠷ ᠡᠷᠭᠢᠴᠡᠵᠦ᠂ ᠥᠷᠲᠡᠭ ᠤᠨ ᠬᠡᠯᠬᠢᠶ᠎ᠡ ᠶᠢᠨ ᠳᠤᠤᠷᠠᠳᠤ ᠦᠵᠦᠭᠦᠷ᠂ ᠲᠠᠷᠢᠶᠠᠯᠠᠩ ᠮᠠᠯ ᠠᠵᠤ | ᠠᠬᠤᠶ ᠶᠢᠨ ᠣᠳᠣᠬᠢᠴᠢᠯᠠᠯᠲᠠ ᠶᠢᠨ ᠲᠠᠰ ᠳᠠᠪᠬᠤᠷᠭ᠎ᠠ ᠥᠨᠳᠥᠷ ᠪᠢᠰᠢ᠂ ᠠᠵᠤ ᠦᠢᠯᠡᠳᠪᠦᠷᠢᠵᠢᠯᠳᠠ ᠶᠢᠨ ᠠᠬᠢᠴᠠ | ᠬᠤᠴᠣᠷᠤᠩᠭᠤᠶ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ | ᠪᠣᠯᠭᠠᠨ ᠬᠤᠪᠢᠷᠠᠭᠤᠯᠵᠤ ᠴᠢᠳᠠᠭᠠᠳᠤᠶ ᠪᠠᠶᠢᠭᠰᠠᠭᠠᠷ᠂ ᠠᠵᠤ ᠦᠢᠯᠡᠰ ᠤᠨ ᠬᠡᠯᠬᠢᠶ᠎ᠡ ᠶᠢ ᠬᠡᠷᠬᠢᠨ ᠤᠷᠲᠤᠳᠬᠠᠬᠤ᠂ | ᠬᠥᠭᠵᠢᠯᠲᠡ ᠶᠢᠨ ᠳᠠᠪᠠᠭᠤᠯᠢᠭ ᠢ ᠬᠡᠷᠬᠢᠨ ᠬᠥᠭᠵᠢᠭᠡᠬᠦ ᠲᠠᠯ᠎ᠠ ᠪᠠᠷ ᠮᠥᠨ ᠬᠦ ᠶᠡᠭᠡ ᠠᠵᠢᠯ ᠬᠢᠵᠦ ᠪᠣᠶ︔ | ᠨᠡᠮᠡᠭᠳᠡᠯ ᠤᠨ ᠬᠥᠳᠡᠯᠭᠡᠬᠦ ᠡᠨᠧᠷᠭᠢ ᠪᠠᠭᠤᠷᠠᠢ︾᠂ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ | ᠣᠷᠣᠭᠤᠯᠤᠨ ᠠᠪᠴᠢᠷᠠᠬᠤ ᠳᠤ ᠬᠦᠴᠢᠷ᠂ ᠭᠤᠣᠯᠯᠠᠬᠤ ᠠᠵᠤ ᠦᠢᠯᠡᠰ ᠤᠨ ᠪᠤᠶᠢᠵᠢᠯᠲᠠ ᠤᠳᠠᠭᠠᠨ᠂ ᠰᠢᠨ᠎ᠡ ᠠᠵᠤ | ᠠᠬᠤᠢ ᠶᠢᠨ ᠨᠡᠮᠡᠭᠳᠡᠯ ᠤᠨ ᠴᠡᠭ ᠬᠠᠷᠠᠬᠠᠨ ᠪᠦᠷᠢᠯᠳᠦᠭᠡᠳᠦᠢ᠂ ᠲᠦᠷᠦᠯ ᠵᠦᠢᠯ ᠢ ᠬᠡᠷᠬᠢᠨ ᠣᠷᠣᠭᠤᠯᠤᠨ | ᠠᠪᠴᠢᠷᠠᠬᠤ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠡᠷᠬᠢᠨ ᠬᠤᠷᠠᠮᠳᠤᠭᠤᠯᠬᠤ ᠳᠤ ᠪᠠᠰᠠ ᠤᠳᠠᠭᠠᠨ | ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠴᠢᠬᠤᠯᠠᠲᠠᠢ︔ ᠠᠷᠠᠳ ᠤᠨ ᠠᠮᠢᠳᠤᠷᠠᠯ ᠤᠨ ᠥᠷᠢ ᠰᠢᠷᠢ ᠤᠯᠠᠨ ᠂ | ᠬᠤᠳᠠ ᠪᠠᠯᠭᠠᠰᠤᠵᠢᠯᠳᠠ ᠶᠢᠨ ᠲᠦᠪᠰᠢᠨ ᠥᠨᠳᠥᠷ ᠪᠢᠰᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠡᠭᠦᠷᠭᠡ ᠬᠦᠨᠳᠦ ᠵᠠᠮ ᠬᠤᠯᠠ ᠪᠠᠶᠢᠨ᠎ᠠ᠂ ᠴᠢᠨᠠᠷ ᠰᠠᠶᠢᠲᠠᠢ ᠰᠤᠷᠭᠠᠨ ᠬᠥᠮᠦᠵᠢᠯ᠂ ᠡᠮ ᠡᠮᠨᠡᠯᠭᠡ ᠶᠢᠨ ᠬᠠᠩᠭᠠᠯᠭ᠎ᠠ | ᠬᠦᠷᠦᠯᠴᠡᠬᠦ ᠦᠭᠡᠢ᠂ ᠨᠡᠶᠢᠭᠡᠮ ᠤᠨ ᠵᠠᠰᠠᠯᠲᠠ ᠳᠤ ᠪᠠᠰᠠ ᠪᠠᠭᠤᠷᠠᠢ ᠲᠠᠯ᠎ᠠ ᠪᠠᠶᠢᠨ᠎ᠠ᠂ ᠬᠡᠷᠬᠢᠨ ᠨᠢᠭᠡᠳᠦᠯᠲᠡᠢ | ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠠᠷᠠᠳ ᠤᠨ ᠠᠮᠢᠳᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠲᠤᠯᠠᠬᠤ ᠪᠣᠯ ᠮᠠᠨ ᠤ ᠵᠠᠰᠠᠭ ᠵᠠᠬᠢᠷᠭᠠᠨ ᠤ ᠴᠢᠳᠠᠪᠤᠷᠢ ᠶᠢᠨ ᠬᠠᠲᠠᠭᠤ ᠰᠢᠯᠭᠠᠯᠲᠠ ᠪᠣᠯᠤᠨ᠎ᠠ︔ ᠤᠶᠤᠨ ᠰᠠᠨᠠᠭᠠᠨ ᠤ | ᠪᠠᠶᠢᠳᠠᠯ ᠰᠤᠯᠠᠷᠠᠬᠤ᠂ ᠬᠡᠰᠡᠭ ᠺᠠᠳ᠋ᠷ ᠤᠨ ᠦᠵᠡᠯ ᠰᠠᠨᠠᠭ᠎ᠠ ᠨᠢ ᠬᠠᠭᠤᠴᠢᠷᠠᠵᠤ ᠬᠥᠰᠢᠭᠦᠷᠡᠵᠦ᠂ ᠴᠢᠳᠠᠪᠤᠷᠢ ᠴᠢᠳᠠᠯ ᠨᠢ | ᠠᠶᠤᠨ ᠭᠡᠯᠮᠡᠭᠳᠡᠬᠦ᠂ ᠠᠵᠢᠯ ᠬᠢᠵᠦ ᠦᠢᠯᠡᠰ ᠪᠤᠰᠬᠠᠬᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠦᠷ᠎ᠡ | ᠪᠦᠲᠦᠮᠵᠢ ᠪᠣᠯᠤᠨ ᠲᠦᠪᠰᠢᠨ ᠨᠢ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠱᠠᠭᠠᠷᠳᠠᠯᠭ᠎ᠠ ᠳᠤ ᠮᠠᠰᠢ | ᠰᠠᠶᠢᠨ ᠵᠣᠬᠢᠴᠠᠵᠤ ᠴᠢᠳᠠᠬᠤ ᠦᠭᠡᠢ ᠪᠠᠶᠢᠬᠤ ᠵᠡᠷᠭᠡ ᠪᠣᠯᠤᠨ᠎ᠠ᠃ ᠪᠢᠳᠡ ᠵᠠᠪᠠᠯ ᠬᠠᠷᠠᠯᠲᠠ ᠲᠠᠢ ᠪᠠᠷ ᠬᠦᠴᠦᠯᠡᠵᠦ᠂ | ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠠᠵᠢᠯ ᠢᠶᠠᠨ ᠪᠦᠬᠦ ᠬᠦᠴᠦᠨ ᠢᠶᠠᠷ | ᠰᠠᠶᠢᠵᠢᠷᠠᠭᠤᠯᠵᠤ᠂ ᠬᠡᠷᠬᠡᠪᠡᠴᠦ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ | ᠦᠭᠡᠢ︕ |