ᠵᠠᠰᠠᠭ  ᠤᠨ  ᠣᠷᠳᠣᠨ  ᠤ  ᠠᠵᠢᠯ  ᠤᠨ  ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2023/1/15
ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ ᠨᠢᠭᠡ  ︶                              ᠵᠠᠰᠠᠭ  ᠤᠨ  ᠣᠷᠳᠣᠨ  ᠤ  ᠠᠵᠢᠯ  ᠤᠨ  ᠢᠯᠡᠳᠬᠡᠯ                   — —   2023 ᠣᠨ ᠤ 1 ᠰᠠᠷ᠎ᠠ ᠶᠢᠨ 8 ᠤ ᠡᠳᠦᠷ ᠬᠦᠷᠢᠶ᠎ᠡ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ  ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠲᠠᠷᠤᠭ᠎ᠠ   ᠸᠠᠩ  ᠸᠧᠢ         ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ     ᠲᠥᠯᠥᠭᠡᠯᠡᠭᠴᠢᠳ ᠡ᠂ ᠰᠢᠨ᠎ᠡ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠰᠢᠨ᠎ᠡ ᠠᠶᠠᠨ ᠵᠠᠮ ᠢᠶᠠᠨ ᠨᠢᠭᠡᠨᠲᠡ ᠡᠬᠢᠯᠡᠭᠦᠯᠪᠡ᠃ ᠰᠢᠨ᠎ᠡ ᠡᠭᠦᠷᠭᠡ ᠶᠢᠨ ᠡᠮᠦᠨ᠎ᠡ᠂ ᠪᠢᠳᠡ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠨ᠂ ᠵᠣᠷᠢᠭᠲᠠᠶ ᠪᠠᠷ ᠤᠷᠤᠭᠰᠢᠯᠠᠵᠤ᠂  ᠥᠨᠳᠥᠷ ᠣᠷᠭᠢᠯ ᠳᠤ ᠡᠷᠡᠯᠬᠡᠭ ᠢᠶᠠᠷ ᠠᠪᠢᠷᠠᠵᠤ᠂ ᠭᠤᠤᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠰᠢᠨ᠎ᠡ ᠶᠢ ᠡᠭᠦᠳᠬᠦ ᠴᠡᠭ ᠢ ᠪᠣᠶ ᠪᠣᠯᠭᠠᠵᠤ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠦᠨᠡᠠᠭᠦ ᠳᠡᠭᠡᠭᠰᠢᠯᠡᠭᠦᠯᠦᠨ᠎ᠡ᠃     ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠡᠷᠡᠰ ᠪᠡᠶᠡᠯᠡᠭᠦᠯᠦᠨ᠎ᠡ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ ᠬᠡᠷᠡᠭᠲᠡᠶ᠃ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠡᠷᠡᠰ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠬᠡᠪ ᠴᠢᠨᠠᠷ ᠪᠣᠯᠭᠠᠨ᠎ᠠ᠃     ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠷᠡᠰ ᠪᠡᠶᠡᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠥᠲᠥᠯᠪᠦᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠠᠵᠢᠯ ᠢᠶᠠᠨ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠶᠢ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠶᠢᠨ ᠠᠵᠢᠯᠯᠠᠭᠠᠨ ᠤ ᠤᠬᠠᠮᠰᠠᠷ ᠪᠣᠯᠭᠠᠵᠤ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠬᠢᠨᠠᠯᠲᠠ᠂ ᠬᠠᠤᠯᠢ ᠪᠠᠷᠢᠬᠤ ᠬᠢᠨᠠᠯᠲᠠ᠂ ᠬᠢᠨᠠᠨ ᠪᠤᠳᠤᠬᠤ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢᠨ ᠢᠮᠠᠭᠲᠠ ᠢᠯᠡ ᠪᠠᠷ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠢᠯᠡ ᠲᠣᠳᠣ ᠢᠯᠡᠳᠬᠡᠮᠵᠢ ᠲᠡᠮᠳᠡᠭ ᠪᠣᠯᠭᠠᠨ᠎ᠠ᠃     ᠪᠣᠳᠠᠲᠠᠢ ᠠᠵᠢᠯᠯᠠᠵᠤ ᠵᠠᠰᠠᠭ ᠶᠠᠪᠤᠭᠤᠯᠬᠤ ᠶᠢ ᠡᠷᠡᠰ ᠪᠡᠶᠡᠯᠡᠭᠦᠯᠦᠨ᠎ᠡ᠃ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠶᠢᠨ ᠢᠯᠡ ᠲᠣᠳᠣ ᠤᠳᠤᠷᠢᠳᠤᠮᠵᠢ ᠶᠢ ᠴᠢᠩᠭᠠᠳᠬᠠᠵᠤ᠂ ᠳᠠᠪᠠᠯᠲᠠ ᠲᠠᠢ ᠬᠥᠭᠡᠭᠡᠵᠦ ᠭᠦᠢᠴᠡᠭᠦ ᠡᠭᠦᠷᠭᠡ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠷᠠᠳ ᠢᠶᠠᠨ ᠪᠠᠶᠠᠵᠢᠭᠤᠯᠵᠤ ᠬᠤᠰᠢᠭᠤ ᠪᠠᠨ ᠬᠦᠴᠦᠷᠬᠡᠭᠵᠢᠭᠦᠯᠬᠦ ᠡᠭᠦᠷᠭᠡ ᠪᠠᠨ ᠰᠠᠶᠢᠲᠤᠷ ᠡᠭᠦᠷᠭᠡᠯᠡᠵᠦ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠣᠳᠠᠲᠠᠶ ᠠᠵᠢᠯᠯᠠᠨ ᠡᠷᠡᠯᠬᠡᠭᠯᠡᠨ ᠤᠷᠤᠭᠰᠢᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ  ᠭᠦᠢᠴᠡᠳᠬᠡᠬᠦ ᠬᠦᠴᠦᠨ ᠪᠠ ᠨᠠᠶᠢᠳᠠᠪᠤᠷᠢᠵᠢᠭᠤᠯᠬᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠲᠤᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂  ᠪᠣᠯᠣᠯᠴᠠᠭ᠎ᠠ ᠦᠭᠡᠢ ᠵᠦᠢᠯ ᠢ ᠦᠢᠰᠦᠯᠳᠦᠨ᠂ ᠶᠠᠪᠤᠳᠠᠯ ᠪᠦᠬᠦᠨ ᠳᠤ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠬᠠᠮᠤᠭ ᠤᠨ ᠰᠠᠶᠢᠨ ᠦᠷ᠎ᠡ ᠳ᠋ᠦᠩ ᠤᠯᠬᠤ ᠪᠠᠷ ᠴᠢᠷᠮᠠᠶᠢᠨ᠎ᠠ᠃ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠪᠠᠶᠢᠳᠠᠯ ᠢ ᠪᠠᠲᠤᠯᠠᠵᠤ᠂ ᠪᠥᠬᠦ ᠲᠠᠯ᠎ᠠ ᠠᠴᠠ ᠨᠢᠭᠡ ᠣᠷᠣᠨ ᠪᠦᠰᠡ ᠶᠢ ᠲᠥᠯᠥᠪᠵᠢᠭᠦᠯᠬᠦ᠂ ᠨᠢᠭᠡ ᠣᠷᠣᠨ ᠪᠦᠰᠡ ᠪᠠᠷ ᠪᠥᠬᠦ ᠲᠠᠯ᠎ᠠ ᠳᠤ ᠦᠢᠯᠡᠴᠢᠯᠡᠭᠦ᠂ ᠨᠢᠭᠡ ᠶᠢ ᠲᠣᠭᠲᠠᠭᠠᠬᠤ᠂ ᠨᠢᠭᠡ ᠶᠢ ᠬᠢᠬᠦ᠂ ᠨᠢᠭᠡ ᠶᠢ ᠪᠦᠲᠦᠭᠡᠬᠦ ᠶᠢ ᠪᠠᠷᠢᠮᠲᠠᠯᠠᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠵᠠᠰᠠᠭ ᠤᠨ ᠣᠷᠳᠣᠨ ᠤ ᠢᠯᠡ ᠲᠣᠳᠣ ᠰᠠᠭᠤᠷᠢ ᠥᠩᠭᠡ ᠪᠤᠯᠭᠠᠨ᠎ᠠ᠃     ᠥᠨᠳᠥᠷ ᠪᠦᠲᠦᠮᠵᠢᠲᠡᠶ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠶᠢ ᠡᠷᠡᠰ ᠪᠡᠶᠡᠯᠡᠭᠦᠯᠦᠨ᠎ᠡ᠃ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠬᠠᠷᠠᠯᠲᠠ ᠲᠠᠢ ᠨᠢᠭᠲᠠ ᠤᠶᠠᠯᠳᠤᠭᠤᠯᠤᠨ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠦᠨᠡᠨ ᠪᠣᠳᠠᠲᠠᠶ ᠪᠠᠷ ᠰᠢᠢᠳᠪᠦᠷᠢᠯᠡᠵᠦ᠂ ᠲᠥᠷᠥᠯ  ᠵᠦᠢᠯᠵᠢᠭᠦᠯᠦᠨ ᠠᠬᠢᠭᠤᠯᠬᠤ᠂ ᠨᠠᠷᠢᠯᠢᠬᠵᠢᠭᠤᠯᠤᠨ ᠠᠵᠢᠯᠯᠠᠬᠤ᠂ ᠨᠠᠷᠢᠨ ᠲᠠᠩᠰᠠ ᠲᠠᠢ ᠬᠠᠮᠢᠶᠠᠷᠬᠤ ᠶᠢ ᠴᠢᠬᠤᠯᠠᠴᠢᠯᠠᠨ᠂ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠭᠤᠤᠯ ᠬᠥᠭ ᠠᠶᠠᠰ ᠪᠣᠯᠭᠠᠨ᠎ᠠ᠃ ᠲᠥᠰᠦᠯ ᠠᠪᠬᠤ᠂ ᠪᠣᠳᠠᠲᠠᠢ ᠠᠵᠢᠯ ᠢ ᠠᠳᠬᠤᠬᠤ᠂ ᠳᠠᠩᠰᠠ ᠬᠠᠷ᠎ᠠ ᠪᠠᠨ ᠰᠠᠶᠢᠲᠤᠷ ᠲᠤᠰᠢᠶᠠᠬᠤ ᠵᠡᠷᠭᠡ ᠭᠤᠷᠪᠠᠨ ᠠᠵᠢᠯ ᠢ ᠰᠠᠶᠢᠲᠤᠷ ᠬᠢᠵᠦ᠂ ᠬᠠᠷᠠᠯᠲᠠ ᠲᠣᠭᠲᠠᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠳᠤᠷᠢᠳᠬᠤ ᠺᠠᠳ᠋ᠷ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠴᠦᠨ ᠢᠶᠠᠨ ᠳᠡᠭᠡᠭᠰᠢᠯᠡᠭᠦᠯᠬᠦ᠂ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠢᠷᠢ ᠲᠡᠩᠴᠡᠭᠰᠡᠨ ᠪᠠᠶᠢᠳᠠᠯ ᠢᠶᠠᠷ ᠠᠵᠢᠯ ᠬᠢᠵᠦ ᠦᠢᠯᠡᠰ ᠪᠤᠰᠬᠠᠬᠤ ᠬᠤᠷᠳᠤᠴᠠ ᠶᠢ ᠲᠦᠷᠭᠡᠳᠬᠡᠵᠦ᠂ ᠥᠨᠳᠥᠷ ᠪᠦᠲᠦᠮᠵᠢᠲᠡᠢ ᠪᠠᠷ ᠭᠦᠢᠴᠡᠳᠬᠡᠬᠦ ᠶᠢ ᠵᠠᠰᠠᠭ ᠤᠨ ᠣᠷᠳᠣᠨ ᠤ ᠢᠯᠡ ᠲᠣᠳᠣ ᠣᠨᠴᠠᠯᠢᠭ ᠰᠢᠨᠵᠢ ᠪᠤᠯᠭᠠᠨ᠎ᠠ᠃     ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠡᠷᠡᠰ ᠪᠡᠶᠡᠯᠡᠭᠦᠯᠦᠨ᠎ᠡ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠡᠷᠡᠰ ᠨᠠᠶᠢᠳᠠᠪᠤᠷᠢᠵᠢᠭᠤᠯᠵᠤ᠂ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠪᠳᠡᠬᠦ ᠠᠵᠢᠯᠯᠠᠭ᠎ᠠ ᠶᠢ ᠬᠠᠷᠠᠯᠲᠠ ᠲᠠᠢ ᠪᠠᠷ ᠴᠡᠭᠴᠡᠯᠡᠨ ᠵᠠᠰᠠᠨ᠎ᠠ︔ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠨᠢᠭᠡ ᠮᠥᠩᠭᠦ ᠶᠢ ᠴᠦ ᠵᠠᠩᠭᠢᠯᠠᠭ᠎ᠠ ᠶᠢᠨ ᠭᠠᠵᠠᠷ ᠲᠤᠨᠢ ᠵᠠᠷᠤᠴᠠᠭᠤᠯᠤᠨ᠎ᠠ᠃ ᠬᠠᠲᠠᠭᠤ ᠵᠥᠭᠡᠯᠡᠨ ᠢ ᠬᠤᠣᠰᠯᠠᠭᠤᠯᠬᠤ᠂ ᠠᠭᠤᠴᠢᠯᠠᠨ ᠰᠢᠳᠬᠡᠭᠦ ᠪᠠ ᠴᠢᠩᠭ᠎ᠠ ᠰᠢᠳᠬᠡᠬᠦ ᠶᠢ ᠬᠤᠣᠰᠯᠠᠭᠤᠯᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠪᠠᠭᠲᠠᠭᠠᠵᠤ᠂ ᠠᠯᠢ ᠴᠢᠳᠠᠬᠤ ᠪᠠᠷ ᠪᠠᠭᠲᠠᠭᠠᠵᠤ᠂ ᠵᠣᠷᠢᠭᠲᠠᠶ ᠬᠢᠬᠦ᠂ ᠵᠣᠷᠢᠭᠲᠠᠶ ᠪᠠᠷ ᠬᠢᠬᠦ ᠶᠢ ᠠᠬᠢᠭᠤᠯᠵᠤ᠂ ᠴᠢᠩᠭ᠎ᠠ ᠬᠠᠮᠢᠶᠠᠷᠴᠤ ᠭᠦᠨ ᠬᠠᠯᠠᠮᠵᠢᠯᠠᠬᠤ ᠶᠢ ᠵᠠᠰᠠᠭ ᠤᠨ ᠣᠷᠳᠣᠨ ᠤ ᠢᠯᠡ ᠲᠣᠳᠣ ᠣᠪᠣᠷ ᠪᠤᠯᠭᠠᠨ᠎ᠠ᠃     ᠬᠦᠰᠡᠯ ᠤᠨ ᠬᠠᠨᠳᠤᠰᠢ ᠬᠢᠵᠠᠭᠠᠷ ᠲᠠᠢ᠂ ᠵᠡᠭᠦᠳᠦᠨ ᠤ ᠵᠠᠮ ᠢᠶᠠᠷ ᠵᠠᠮᠨᠠᠪᠠᠰᠤ ᠬᠤᠯᠠ ᠪᠣᠯᠪᠠᠴᠤ ᠬᠥᠷᠥᠨ᠎ᠡ᠃ ᠠᠶᠠᠨ ᠳᠠᠭᠠᠨ ᠲᠠᠬᠢᠨ ᠮᠣᠷᠳᠠᠬᠤ ᠳᠤ᠂ ᠵᠣᠷᠢᠭ ᠢᠶᠠᠨ ᠬᠤᠪᠢᠷᠠᠭᠤᠯᠬᠤ ᠦᠭᠡᠢ᠂ ᠵᠠᠮ ᠢᠶᠠᠨ ᠬᠤᠪᠢᠷᠠᠭᠤᠯᠬᠤ ᠦᠭᠡᠢ ᠡᠷᠡᠰ ᠪᠠᠲᠤ ᠵᠣᠷᠢᠭ ᠪᠠᠶᠢᠬᠤ ᠪᠠᠷ ᠪᠠᠷᠠᠬᠤ ᠦᠭᠡᠢ᠂ ᠨᠡᠩ ᠴᠤ ᠴᠤᠴᠠᠯᠲᠠ ᠦᠭᠡᠢ ᠤᠷᠤᠭᠰᠢᠯᠠᠬᠤ᠂ ᠰᠠᠯᠬᠢ ᠪᠣᠷᠣᠭᠠᠨ ᠳᠤ ᠰᠠᠭᠠᠲᠠᠯ ᠦᠭᠡᠢ ᠤᠷᠤᠭᠰᠢᠯᠠᠬᠤ ᠰᠥᠰᠥ ᠵᠣᠷᠢᠭ ᠲᠠᠢ ᠪᠠᠶᠢᠳᠠᠭ᠃ ᠪᠢᠳᠠ  ᠬᠤᠰᠢᠭᠤᠨ ᠤ ᠨᠠᠮ ᠤᠨ  ᠬᠤᠷᠢᠶᠠᠨ ᠤ  ᠪᠠᠲᠤ  ᠴᠢᠩᠭ᠎ᠠ  ᠤᠳᠤᠷᠢᠳᠤᠯᠭ᠎ᠠ  ᠳᠣᠣᠷ᠎ᠠ᠂ ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠵᠣᠷᠢᠭ᠂ ᠲᠤᠰᠤᠯ ᠤᠰᠤ ᠴᠢᠯᠠᠭᠤ ᠶᠢ ᠴᠤᠭᠤᠯᠬᠤ ᠰᠥᠰᠥ ᠵᠣᠷᠢᠭ ᠢᠶᠠᠷ᠂ ᠴᠤᠴᠠᠯᠲᠠ ᠦᠭᠡᠢ ᠤᠷᠤᠭᠰᠢᠯᠠᠨ ᠬᠥᠭᠵᠢᠯᠲᠡ ᠶᠢ ᠠᠳᠬᠤᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠦᠲᠦᠭᠡᠨ ᠪᠠᠶᠢᠭᠤᠯᠤᠯᠲᠠ ᠬᠢᠵᠦ᠂ ᠨᠢᠭᠡ ᠰᠡᠳᠬᠢᠯ ᠢᠶᠠᠷ ᠠᠷᠠᠳ ᠲᠦᠮᠡᠨ ᠳᠤ ᠪᠤᠶᠠᠨ ᠦᠢᠯᠡᠳᠴᠦ᠂  ᠣᠳᠣᠬᠢᠴᠢᠯᠠᠭᠰᠠᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠢᠷᠠᠭᠤ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号