ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠰᠤᠷᠪᠤᠯᠵᠢᠯᠠᠭ᠎ᠠ᠄ ᠵᠡᠭᠡᠯᠢ ᠭᠤᠳᠤᠮᠵᠢ ᠪᠠᠷ ᠴᠠᠭᠠᠨ ᠰᠠᠷ᠎ᠠ ᠶᠢᠨ ᠠᠭᠤᠷ ᠠᠮᠢᠰᠬᠤᠯ ᠪᠢᠯᠬᠠᠨ᠎ᠠ
ᠨᠡᠶᠢᠲᠡᠯᠡᠭᠰᠡᠨ ᠴᠠᠭ᠄
2023/1/16
  ᠴᠠᠭᠠᠨ ᠰᠠᠷ᠎ᠠ ᠪᠣᠯ ᠳᠤᠮᠳᠠᠳᠤ ᠶᠢᠨ ᠬᠥᠮᠦᠨ ᠤ ᠨᠢᠭᠡ ᠵᠢᠯ ᠤᠨ ᠳᠣᠲᠣᠷᠠᠬᠢ ᠬᠠᠮᠤᠭ ᠤᠨ ᠴᠢᠬᠤᠯᠠ ᠤᠯᠠᠮᠵᠢᠯᠠᠯᠲᠤ ᠪᠠᠶᠠᠷ ᠤᠨ ᠡᠳᠦᠷ ᠪᠣᠯᠤᠨ᠎ᠠ᠂ ᠪᠠᠶᠠᠷ ᠤᠨ ᠡᠳᠦᠷ ᠠᠴᠠ ᠡᠮᠦᠨ᠎ᠡ ᠭᠦᠢᠴᠡᠳ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠬᠤ ᠨᠢ ᠳᠠᠷᠤᠶ ᠬᠥᠮᠦᠰ ᠤᠨ ᠬᠡᠯᠡᠳᠡᠭ ᠵᠢᠯ ᠤᠨ ᠪᠠᠷᠠᠭ᠎ᠠ ᠪᠣᠯᠤᠨ᠎ᠠ᠃
  ᠲᠠᠤᠯᠠᠢ ᠵᠢᠯ ᠤᠨ ᠪᠢᠲᠡᠭᠦᠨ ᠣᠶᠢᠷᠠᠲᠤᠵᠤ ᠢᠷᠡᠬᠦ ᠳᠤ᠂ ᠬᠤᠰᠢᠭᠤᠨ ᠳᠣᠲᠣᠷᠠᠬᠢ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠶ ᠳᠡᠭᠡᠷ᠎ᠡ᠂ ᠠᠶᠢᠯ ᠡᠷᠦᠬᠡ  ᠪᠦᠷᠢ ᠶᠢᠨ ᠪᠡᠯᠡᠳᠭᠡᠬᠦ ᠴᠠᠭᠠᠨ ᠰᠠᠷ᠎ᠠ ᠶᠢᠨ ᠪᠠᠷᠠᠭ᠎ᠠ ᠠᠯᠢᠪᠠ ᠪᠦᠬᠦᠨ ᠪᠦᠷᠢᠨ᠂ ᠦᠨ᠎ᠡ ᠬᠠᠩᠰᠢ ᠲᠣᠭᠲᠠᠭᠤᠨ ᠪᠠᠶᠢᠨ᠎ᠠ᠃
  ᠴᠠᠭᠠᠨ ᠰᠠᠷ᠎ᠠ ᠶᠢᠨ ᠡᠳ᠋ ᠪᠠᠷᠠᠭ᠎ᠠ ᠪᠡᠯᠡᠳᠬᠡᠵᠦ᠂ ᠴᠠᠭᠠᠨ ᠰᠠᠷ᠎ᠠ ᠶᠢᠨ ᠦᠨᠦᠷ ᠠᠮᠲᠠ ᠶᠢ ᠠᠮᠲᠠᠯᠠᠨ᠂ ᠬᠥᠮᠦᠨ ᠤ ᠶᠢᠷᠲᠢᠨᠴᠦ ᠶᠢᠨ ᠠᠮᠢᠳᠤᠷᠠᠯ ᠤᠨ ᠳᠤᠮᠳᠠ ᠴᠠᠭᠠᠨ ᠰᠠᠷ᠎ᠠ ᠳᠤ ᠯᠡ ᠪᠠᠶᠢᠳᠠᠭ  ︽ᠶᠤᠰᠤᠯᠠᠯᠲᠤ ᠰᠡᠳᠭᠢᠯᠭᠡ︾᠂ ᠬᠦᠭᠵᠢᠯ ᠪᠠᠳᠠᠷᠠᠯ᠂ ᠪᠠᠶᠠᠷ ᠪᠠᠶᠠᠰᠬᠤᠯᠠᠩ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ᠂ ᠬᠥᠮᠦᠰ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠠᠭᠤᠯᠵᠤ ᠪᠠᠶᠢᠳᠠᠭ᠃
 
ᠢᠷᠡᠯᠲᠡ᠄ ᠰᠠᠭᠤᠭᠳᠠᠯᠲᠤ ᠬᠦᠷᠢᠶ᠎ᠡ ᠬᠢᠲᠠᠳ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号