ᠮᠠᠩᠬᠠᠨ ᠰᠤᠮᠤ᠄ ᠠᠯᠠᠰᠢᠨ ᠦᠬᠡᠷ ᠤᠨ ᠠᠵᠤ ᠦᠢᠯᠡᠰ ᠤᠨ ︽ᠬᠠᠮ ᠠᠷᠭ᠎ᠠ︾ ᠶᠢ ᠰᠠᠶᠢᠲᠤᠷ ᠬᠡᠷᠡᠭᠯᠡᠵᠦ ᠬᠥᠳᠡᠭᠡ ᠲᠣᠰᠬᠤᠨ ᠤ ︽ᠮᠠᠯ︾ ᠤᠨ ᠦᠢᠯᠡᠰ ᠢ ᠬᠥᠭᠵᠢᠭᠦᠯᠬᠦ ᠪᠣᠶ
ᠨᠡᠶᠢᠲᠡᠯᠡᠭᠰᠡᠨ ᠴᠠᠭ᠄
2023/1/16
    ᠣᠶᠢᠷ᠎ᠠ ᠶᠢᠨ ᠵᠢᠯ ᠠᠴᠠ ᠨᠠᠭᠠᠰᠢ᠂ ᠮᠠᠩᠬᠠᠨ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠦᠷᠢᠶ᠎ᠡ ᠬᠤᠰᠢᠭᠤᠨ ᠤ ︽ᠠᠮᠢ ᠠᠬᠤᠶ ᠶᠢᠨ ᠵᠠᠮ ᠢᠶᠠᠷ ᠵᠠᠮᠨᠠᠵᠤ᠂ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠦᠨ᠂ ᠰᠣᠶᠣᠯ ᠵᠢᠭᠤᠯᠴᠢᠯᠠᠯ ᠤᠨ ᠲᠥᠷᠦᠯ ᠲᠡᠮᠳᠡᠭ ᠢ ᠡᠭᠦᠳᠬᠦ︾ ᠠᠵᠢᠯ ᠤᠨ ᠰᠡᠳᠬᠢᠮᠵᠢ ᠶᠢᠨ ᠲᠣᠭᠤᠷᠢᠨ ᠳᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠵᠠᠮ ᠢ ᠢᠳᠡᠪᠬᠢᠲᠡᠶ ᠰᠦᠪᠡᠭᠴᠢᠯᠡᠵᠦ᠂ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠰᠢᠨᠵᠢᠯᠡᠬᠦ ᠤᠬᠠᠭᠠᠨᠴᠢ ᠪᠠᠷ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠠᠭᠪᠤᠷ ᠢ ᠶᠡᠭᠡ ᠪᠠᠷ ᠳᠡᠮᠵᠢᠵᠦ᠂ ᠬᠦᠴᠦᠨ ᠢᠶᠠᠨ ᠲᠥᠪᠯᠡᠷᠡᠭᠦᠯᠦᠨ ᠬᠤᠷᠴᠢᠨ ᠤ ᠰᠢᠷ᠎ᠠ ᠦᠬᠡᠷ ᠪᠠ ᠰᠢᠮᠧᠨ᠋ᠲ᠋ᠠᠷ ᠢᠶᠠᠷ ᠭᠤᠤᠯ ᠪᠣᠯᠭᠠᠭᠰᠠᠨ ᠴᠢᠨᠠᠷ ᠰᠠᠶᠢᠲᠠᠶ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠵᠦ᠂ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠠᠯᠠᠰᠢᠨ ᠦᠬᠡᠷ ᠤᠨ ᠠᠵᠤ ᠦᠢᠯᠡᠰ ᠢ ᠦᠨᠡᠨ ᠬᠦ ᠲᠠᠷᠢᠶᠠᠯᠠᠩ ᠬᠥᠳᠡᠭᠡ ᠲᠣᠰᠬᠤᠨ ᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠭᠠᠨ ᠪᠤᠶᠢᠵᠢᠭᠤᠯᠪᠠ᠃ ᠣᠳᠣᠬᠠᠨ ᠳᠤ᠂ ᠪᠦᠬᠦ ᠰᠤᠮᠤᠨ ᠤ ᠮᠠᠯ ᠤᠨ ᠲᠤᠭ᠎ᠠ ᠲᠣᠯᠣᠭᠠᠢ ᠨᠡᠮᠡᠭᠳᠡᠭᠡᠳ 6 . 9 ᠲᠦᠮᠡ ᠳᠤ ᠬᠦᠷᠴᠦ᠂ ᠡᠭᠦᠨ ᠳᠤ ᠰᠢᠷ᠎ᠠ ᠦᠬᠡᠷ ᠤᠨ ᠲᠤᠭ᠎ᠠ ᠲᠣᠯᠣᠭᠠᠢ 5 . 86 ᠲᠦᠮᠡ ᠳᠤ ᠬᠦᠷᠴᠦ᠂ 84 . 92 % ᠢ ᠡᠵᠡᠯᠡᠨ᠂ ᠬᠥᠮᠦᠨ ᠪᠦᠷᠢ ᠳᠤ ᠳᠤᠮᠳᠠᠴᠢ ᠪᠠᠷ 6 ᠦᠬᠡᠷ ᠨᠣᠭᠳᠠᠬᠤ ᠶᠢ ᠪᠡᠶᠡᠯᠡᠭᠦᠯᠪᠡ᠃ ᠵᠢᠯ ᠳᠤ 9000 ᠦᠬᠡᠷ ᠢ ᠪᠣᠷᠳᠣᠨ   ᠬᠤᠳᠠᠯᠳᠤᠵᠤ᠂ ᠬᠥᠮᠦᠨ ᠪᠦᠷᠢ ᠶᠢᠨ ᠳᠤᠮᠳᠠᠴᠢ ᠲᠣᠬᠢᠷᠠᠭᠤᠯᠵᠤ ᠪᠣᠯᠬᠤᠶᠢᠴᠠ ᠣᠷᠣᠯᠭ᠎ᠠ ᠶᠢ 12000 ᠲᠥᠭᠦᠷᠢᠭ ᠲᠤ ᠬᠦᠷᠭᠡᠪᠡ᠃
   ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠤ ᠪᠠᠶᠢᠬᠤ  ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠮᠥᠩᠭᠦᠨ  ᠭᠦᠢᠯᠭᠡᠭᠡᠨ ᠤ ᠳᠡᠮᠵᠢᠯᠭᠡ᠂ ᠰᠠᠭᠤᠷᠢ ᠡᠬᠡ ᠮᠠᠯ ᠤᠨ ᠰᠦᠷᠦᠭ ᠢ ᠥᠷᠭᠡᠳᠬᠡᠨ ᠨᠡᠮᠡᠭᠳᠡᠭᠦᠯᠬᠦ ᠵᠡᠷᠭᠡ ᠲᠠᠯ᠎ᠠ ᠪᠠᠷ ᠳᠡᠮᠵᠢᠯᠭᠡ ᠪᠠ ᠪᠠᠲᠤᠯᠠᠭ᠎ᠠ ᠦᠵᠡᠭᠦᠯᠵᠦ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠡᠶᠢᠲᠡ 80᠂ ᠪᠠᠷᠢᠮᠵᠢᠶᠠᠵᠢᠭᠤᠯᠤᠭᠰᠠᠨ ᠬᠠᠰᠢᠶ᠎ᠠ ᠰᠠᠷᠠᠪᠴᠢ 551᠂ ᠡᠭᠦᠷᠢᠳᠡ ᠶᠢᠨ ᠴᠢᠨᠠᠷᠲᠠᠶ ᠵᠣᠭᠤᠷᠢ 1850 ᠶᠢ ᠪᠥᠲᠥᠭᠡᠨ ᠪᠠᠶᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠲᠦᠷᠭᠡᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠶᠢ ᠲᠠᠯᠪᠢᠪᠠ᠃ ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠳᠠᠮᠵᠢᠨ ᠪᠤᠶᠢᠵᠢᠭᠤᠯᠵᠤ᠂ 80 ᠲᠣᠯᠣᠭᠠᠢ ᠠᠴᠠ ᠳᠡᠭᠡᠭᠰᠢ ᠦᠬᠡᠷ ᠲᠠᠢ ᠲᠡᠵᠢᠭᠡᠨ ᠦᠷᠡᠵᠢᠭᠦᠯᠬᠦ ᠲᠣᠮᠣ ᠡᠷᠦᠬᠡ 18᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 107 ᠡᠷᠦᠬᠡ ᠶᠢ ᠬᠥᠭᠵᠢᠭᠦᠯᠪᠡ᠃ ᠡᠭᠦᠨ ᠤ ᠬᠠᠮᠲᠤ᠂ ᠤᠯᠤᠰ ᠠᠴᠠ ᠲᠡᠵᠢᠭᠡᠨ ᠦᠷᠡᠵᠢᠭᠦᠯᠬᠦ ᠦᠢᠯᠡᠰ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢ ᠬᠥᠭᠵᠢᠭᠦᠯᠬᠦ ᠳᠤ ᠲᠦᠰᠢᠭᠯᠡᠨ᠂ ᠠᠯᠠᠰᠢᠨ ᠦᠬᠡᠷ ᠤᠨ ᠠᠵᠤ  ᠦᠢᠯᠡᠰ ᠤᠨ ᠬᠥᠭᠵᠢᠯᠲᠡ ᠶᠢᠨ ᠵᠢᠭᠡᠯᠡᠯᠭᠡ ᠪᠠ ᠴᠢᠨᠠᠷ ᠰᠠᠶᠢᠲᠠᠶ ᠰᠠᠭᠤᠷᠢ ᠡᠬᠡ ᠮᠠᠯ ᠬᠤᠳᠠᠯᠳᠤᠨ ᠠᠪᠬᠤ ᠨᠥᠬᠦᠪᠥᠷᠢ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠥᠷᠨᠢᠭᠦᠯᠵᠦ᠂ ᠨᠢᠭᠡ ᠥᠷᠲᠡᠭᠡ ᠮᠠᠶ᠋ᠢᠭ ᠢᠶᠠᠷ ᠬᠠᠪᠰᠤᠷᠤᠨ ᠵᠢᠭᠡᠯᠡᠯᠭᠡ ᠭᠤᠶᠤᠴᠢᠯᠠᠨ ᠠᠪᠴᠤ᠂ ᠮᠠᠯᠵᠢᠬᠤ ᠲᠠᠷᠢᠶᠠᠯᠠᠬᠤ ᠡᠷᠦᠬᠡ ᠶᠢᠨ ᠠᠵᠤ ᠦᠢᠯᠡᠰ ᠬᠥᠭᠵᠢᠭᠦᠯᠬᠦ ᠳᠤ ᠪᠠᠯᠠ ᠮᠥᠩᠭᠦ ᠶᠢᠨ ᠲᠡᠳᠬᠦᠮᠵᠢ ᠬᠠᠩᠭᠠᠨ᠎ᠠ᠃
    ᠡᠪᠡᠰᠦ ᠪᠣᠷᠳᠤᠭ᠎ᠠ ᠨᠥᠭᠡᠴᠡᠯᠡᠬᠦ ᠶᠢ ᠴᠢᠩᠭᠠᠳᠬᠠᠵᠤ ᠲᠣᠭᠲᠠᠭᠤᠨ ᠬᠥᠭᠵᠢᠯᠲᠡ ᠶᠢ ᠪᠠᠲᠤᠯᠠᠵᠤ ᠪᠠᠶᠢᠬᠤ   ︽ᠮᠠᠯᠵᠢᠬᠤ ᠶᠢᠨ ᠲᠥᠯᠥᠭᠡ ᠲᠠᠷᠢᠶᠠᠯᠠᠬᠤ᠂ ᠲᠡᠵᠢᠭᠡᠬᠦ ᠶᠢᠨ ᠲᠥᠯᠥᠭᠡ ᠲᠠᠷᠢᠬᠤ︾ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠬᠥᠬᠡ ᠳᠠᠷᠤᠰᠢ ᠶᠢᠨ ᠡᠷᠳᠡᠨᠢ ᠰᠢᠰᠢ ᠪᠠ ᠬᠦᠷᠡᠩ ᠴᠡᠴᠡᠭᠲᠦ ᠴᠠᠷᠭᠠᠰᠤ ᠲᠠᠷᠢᠬᠤ ᠶᠢ ᠭᠤᠣᠯᠳᠠᠯᠭ᠎ᠠ ᠲᠠᠢ ᠳᠡᠯᠭᠡᠷᠡᠭᠦᠯᠵᠦ᠂ ᠲᠡᠵᠢᠭᠡᠯ ᠡᠪᠡᠰᠦ ᠪᠣᠷᠳᠤᠭ᠎ᠠ ᠬᠠᠩᠭᠠᠬᠤ ᠪᠠ ᠲᠡᠵᠢᠭᠡᠨ ᠦᠷᠡᠵᠢᠭᠦᠯᠬᠦ ︽ᠬᠤᠶᠠᠷ ᠬᠥᠯ ᠢᠶᠠᠷ ᠵᠠᠮᠨᠠᠬᠤ︾ ᠶᠢ ᠠᠯᠬᠤᠮ ᠳᠠᠷᠠᠭ᠎ᠠ ᠲᠠᠢ ᠬᠡᠷᠡᠭᠵᠢᠭᠦᠯᠵᠦ᠂ ᠪᠦᠬᠦ ᠰᠤᠮᠤᠨ ᠤ ᠡᠷᠳᠡᠨᠢ ᠰᠢᠰᠢ ᠲᠠᠷᠢᠬᠤ ᠲᠠᠯᠠᠪᠠᠢ 8 . 4 ᠲᠦᠮᠡᠨ ᠮᠦ᠂ ᠬᠥᠬᠡ ᠳᠠᠷᠤᠰᠢ ᠶᠢᠨ ᠲᠠᠷᠢᠬᠤ ᠲᠠᠯᠠᠪᠠᠢ 3 . 8 ᠲᠦᠮᠡᠨ ᠮᠦ᠂ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠲᠠᠯᠠᠪᠠᠢ 1 . 5 ᠲᠦᠮᠡᠨ ᠮᠦ ᠪᠠᠶᠢᠵᠤ᠂ ᠡᠭᠦᠨ ᠳᠤ᠂ ᠥᠨᠳᠥᠷ ᠪᠦᠲᠦᠮᠵᠢᠲᠡᠢ ᠤᠰᠤ ᠠᠷᠪᠢᠯᠠᠬᠤ ᠲᠠᠷᠢᠶᠠᠯᠠᠩ ᠤᠨ ᠲᠥᠷᠥᠯ ᠵᠦᠢᠯ 7 . 25 ᠲᠦᠮᠡᠨ ᠮᠦ ᠪᠠᠶᠢᠵᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠲᠡᠵᠢᠭᠡᠯ ᠪᠣᠷᠳᠤᠭ᠎ᠠ ᠶᠢᠨ ᠰᠠᠭᠤᠷᠢ ᠴᠢᠨᠠᠷᠲᠠᠢ ᠪᠠᠲᠤᠯᠠᠭ᠎ᠠ ᠶᠢ ᠰᠠᠶᠢᠲᠤᠷ ᠬᠢᠪᠡ᠃
    ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠬᠤ   ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠢᠳᠡᠪᠬᠢᠲᠡᠶ ᠰᠦᠪᠡᠭᠴᠢᠯᠡᠵᠦ᠂ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠬᠡᠪᠴᠢᠶᠡᠲᠦ ᠦᠢᠯᠡᠳᠦᠯ ᠢ ᠪᠠᠳᠠᠷᠠᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠲᠠᠷᠢᠶᠠᠴᠢᠳ ᠤᠨ ᠪᠠᠶᠠᠵᠢᠬᠤ ᠶᠢ ᠠᠬᠢᠭᠤᠯᠬᠤ ᠭᠤᠤᠯᠯᠠᠬᠤ ᠠᠵᠤ ᠦᠢᠯᠡᠰ ᠪᠣᠯᠭᠠᠵᠤ ᠂ ᠪᠥᠬᠦ ᠰᠤᠮᠤ ᠳᠤ ᠬᠡᠪᠴᠢᠶᠡᠵᠢᠭᠰᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠤᠷᠰᠢᠶ᠎ᠠ 66᠂ ᠬᠡᠪᠴᠢᠶᠡᠲᠦ ᠲᠡᠵᠢᠭᠡᠨ ᠦᠷᠡᠵᠢᠭᠦᠯᠬᠦ ᠨᠠᠮ ᠤᠨ ᠵᠣᠬᠢᠶᠠᠨ ᠪᠠᠶᠢᠭᠤᠯᠤᠯᠲᠠ 4 ᠬᠤᠷᠰᠢᠶ᠎ᠠ ᠶᠢ ᠳᠠᠶᠢᠴᠢᠯᠠᠨ ᠡᠷᠭᠢᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠦᠨᠡᠨᠬᠦ ᠳᠡᠭᠡᠭᠰᠢᠯᠡᠭᠦᠯᠦᠨ᠂ ᠮᠠᠩᠬᠠᠨ ᠰᠤᠮᠤ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠬᠡᠪᠴᠢᠶᠡᠵᠢᠭᠦᠯᠦᠭᠰᠡᠨ᠂ ᠡᠷᠴᠢᠮᠵᠢᠭᠦᠯᠦᠭᠰᠡᠨ᠂ ᠠᠵᠤ ᠦᠢᠯᠡᠰᠵᠢᠭᠦᠯᠦᠭᠰᠡᠨ ᠬᠥᠭᠵᠢᠯᠲᠡ ᠳᠠᠰᠢ ᠳᠠᠶᠢᠴᠢᠯᠠᠭᠰᠠᠨ ᠪᠠᠶᠢᠨ᠎ᠠ᠃ ᠳᠡᠭᠡᠳᠦ ᠱᠠᠲᠤᠨ ᠤ ᠬᠠᠪᠰᠤᠷᠤᠨ ᠲᠡᠳᠬᠦᠬᠦ ᠲᠥᠷᠥᠯ ᠵᠦᠢᠯ ᠳᠤ ᠲᠦᠰᠢᠭᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 10 ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠪᠥᠲᠥᠭᠡᠨ ᠪᠠᠶᠢᠭᠤᠯᠵᠤ ᠪᠠᠶᠢᠭ᠎ᠠ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠬᠥᠮᠦᠨ ᠮᠠᠯ ᠢ ᠰᠠᠯᠭᠠᠬᠤ᠂ ᠴᠠᠭᠠᠨ ᠢᠳᠡᠭᠡᠨ ᠪᠣᠯᠪᠠᠰᠤᠷᠠᠭᠤᠯᠬᠤ ᠵᠡᠷᠭᠡ ᠲᠠᠯ᠎ᠠ ᠶᠢᠨ ᠠᠵᠤ ᠦᠢᠯᠡᠰ ᠤᠨ ᠲᠥᠷᠥᠯ ᠵᠦᠢᠯ 3 ᠪᠠᠶᠢᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃
   ᠬᠠᠮᠠᠭᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ  ᠪᠠᠲᠤᠳᠬᠠᠵᠤ ᠪᠠᠶᠢᠬᠤ   ᠬᠢᠵᠢᠭ ᠰᠡᠷᠭᠡᠶᠢᠯᠡᠭᠴᠢ ᠶᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠬᠤᠷᠠᠯ ᠵᠢᠴᠢ ᠪᠣᠯᠪᠠᠰᠤᠷᠠᠯ ᠢ 8 ᠤᠳᠠᠭ᠎ᠠ ᠥᠷᠨᠢᠭᠦᠯᠵᠦ᠂ ᠬᠢᠵᠢᠭ ᠰᠡᠷᠭᠡᠶᠢᠯᠡᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠰᠤᠮᠤᠨ ᠤ 27 ᠨᠡᠷᠡᠰ ᠬᠢᠵᠢᠭ ᠰᠡᠷᠭᠡᠶᠢᠯᠡᠭᠴᠢ ᠶᠢ ᠠᠰᠢᠭᠯᠠᠨ᠂ ᠡᠷᠦᠬᠡ ᠳᠤ ᠣᠷᠣᠵᠤ ᠤᠬᠠᠭᠤᠯᠭ᠎ᠠ ᠬᠢᠬᠦ + ᠰᠦᠯᠵᠢᠶᠡᠨ ᠳᠡᠭᠡᠷ᠎ᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠷᠭ᠎ᠠ ᠮᠠᠶ᠋ᠢᠭ ᠢᠶᠠᠷ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠴᠢᠩᠭᠠᠳᠬᠠᠪᠠ᠃ ᠬᠢᠨᠠᠨ ᠬᠡᠮᠵᠢᠬᠦ ᠪᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠠᠯᠠᠰᠢᠨ ᠦᠬᠡᠷ ᠤᠨ ᠡᠷᠡᠭᠦᠯ ᠮᠡᠨᠳᠦ ᠳᠤ ᠬᠥᠨᠥᠭᠡᠯ ᠪᠣᠯᠬᠤ ᠠᠮᠢᠲᠠᠨ ᠤ ᠬᠢᠵᠢᠭ ᠡᠪᠡᠳᠴᠢᠨ ᠪᠣᠯᠤᠨ ᠬᠥᠮᠦᠨ ᠮᠠᠯ ᠳᠤ ᠴᠥᠮ ᠲᠤᠰᠳᠠᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠶᠡᠬᠡᠪᠡᠷ ᠥᠷᠨᠢᠭᠦᠯᠵᠦ᠂ ᠬᠢᠵᠢᠭ ᠦᠯᠦ ᠬᠠᠯᠳᠠᠭᠠᠬᠤ᠂ ᠠᠯᠠᠵᠤ ᠨᠢᠲᠤᠯᠬᠤ ᠵᠢᠴᠢ ᠬᠤᠣᠷ ᠥᠬᠡᠶᠢᠳᠡᠭᠦᠯᠦᠨ ᠰᠢᠢᠳᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ ᠂ ᠣᠳᠣᠬᠠᠨ ᠪᠣᠯᠲᠠᠯ᠎ᠠ᠂ ᠪᠦᠬᠦ ᠰᠤᠮᠤ ᠶᠢᠨ ᠪᠠᠷᠤᠭ 60000 ᠲᠣᠯᠣᠭᠠᠶ ᠠᠯᠠᠰᠢᠨ ᠦᠬᠡᠷ ᠤᠨ ᠰᠢᠯᠦᠬᠡᠶ ᠡᠪᠡᠳᠴᠢᠨ᠂ ᠦᠬᠡᠷ ᠤᠨ ᠬᠦᠪᠲᠦᠷᠦᠦᠲᠦ ᠡᠪᠡᠳᠴᠢᠨ᠂ ᠪᠷᠦ᠋ᠼᠧᠯ ᠡᠪᠡᠳᠴᠢᠨ᠂ ᠪᠣᠭᠤᠮ᠎ᠠ ᠵᠡᠷᠭᠡ ᠬᠦᠨᠳᠦ ᠶᠡᠭᠡ ᠬᠢᠵᠢᠭ ᠡᠪᠡᠳᠴᠢᠨ ᠤ ᠦᠯᠦ ᠬᠠᠯᠳᠠᠭᠠᠯᠲᠠ ᠶᠢᠨ ᠨᠣᠷᠮ᠎ᠠ ᠶᠢ 100 % ᠳᠤ ᠬᠦᠷᠦᠭᠦᠯᠪᠠ᠃
    ᠮᠡᠷᠭᠡᠵᠢᠯ ᠤᠨ ᠵᠢᠯᠣᠭᠤᠳᠣᠯᠭ᠎ᠠ ᠶᠢ ᠨᠡᠮᠡᠭᠳᠡᠭᠦᠯᠵᠦ ᠦᠢᠯᠡᠴᠢᠯᠡᠭᠡᠨ ᠤ ᠪᠠᠲᠤᠯᠠᠭ᠎ᠠ ᠶᠢ ᠳᠡᠭᠡᠭᠰᠢᠯᠡᠭᠦᠯᠵᠤ ᠪᠠᠶᠢᠬᠤ   ᠮᠡᠷᠭᠡᠵᠢᠯ ᠳᠡᠯᠭᠡᠷᠡᠭᠦᠯᠬᠦ ᠲᠥᠪ ᠤᠨ ︽ᠬᠤᠯᠪᠣᠭᠠᠰᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠳᠡᠭᠡᠳᠦ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯᠲᠡᠨ ᠤᠳᠤᠷᠢᠳᠤᠯᠭ᠎ᠠ ᠶᠢ 20 ᠭᠠᠷᠤᠶ ᠬᠥᠮᠦᠨ ᠤᠳᠠᠭ᠎ᠠ ᠵᠣᠬᠢᠴᠠᠭᠤᠯᠵᠤ᠂ ︽ᠲᠥᠪᠯᠡᠷᠡᠭᠦᠯᠦᠨ ᠪᠣᠯᠪᠠᠰᠤᠷᠠᠭᠤᠯᠬᠤ + ᠲᠤᠬᠠᠶ ᠶᠢᠨ ᠲᠠᠯᠠᠪᠤᠷ ᠲᠤ ᠵᠢᠯᠣᠭᠤᠳᠬᠤ︾ ᠵᠡᠷᠭᠡ ᠠᠷᠭ᠎ᠠ ᠮᠠᠶ᠋ᠢᠭ ᠢᠶᠠᠷ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠬᠢᠵᠢᠭ ᠢ ᠰᠡᠷᠭᠡᠶᠢᠯᠡᠬᠦ᠂ ᠰᠠᠶᠢᠵᠢᠷᠠᠭᠤᠯᠬᠤ᠂ ᠠᠷᠢᠭᠤᠳᠬᠠᠬᠤ ᠵᠢᠴᠢ ᠬᠥᠬᠡ ᠳᠠᠷᠤᠰᠢ ᠳᠠᠷᠢᠬᠤ᠂ ᠬᠠᠳᠠᠭᠠᠯᠠᠬᠤ ᠵᠡᠷᠭᠡ ᠲᠠᠯ᠎ᠠ ᠪᠠᠷ ᠵᠢᠯᠣᠭᠤᠳᠴᠤ᠂ 600 ᠭᠠᠷᠤᠶ ᠡᠷᠦᠬᠡ ᠠᠰᠢᠭ ᠭᠥᠷᠳᠡᠪᠡ᠃ ᠰᠤᠮᠤ ᠠᠴᠠ ᠨᠢᠭᠡᠳᠦᠯᠲᠡᠶ ᠲᠥᠯᠥᠪᠯᠡᠬᠦ᠂ ᠭᠠᠴᠠᠭ᠎ᠠ ᠲᠣᠰᠬᠤᠨ ᠢᠶᠠᠷ ᠭᠤᠣᠯ ᠴᠣᠭᠴᠠ ᠪᠣᠯᠭᠠᠬᠤ᠂ ᠳᠤᠭᠤᠶᠢᠯᠠᠩ ᠬᠤᠪᠢᠶᠠᠨ ᠪᠣᠯᠪᠠᠰᠤᠷᠠᠭᠤᠯᠬᠤ ᠵᠠᠭᠪᠤᠷ ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠲᠤᠰᠬᠠᠶ ᠵᠦᠢᠯ ᠤᠨ ᠪᠣᠯᠪᠠᠰᠤᠷᠠᠭᠤᠯᠤᠯ ᠤᠨ ᠭᠤᠣᠯ ᠴᠣᠭᠴᠠ ᠪᠣᠯᠭᠠᠵᠤ᠂ ᠳᠤᠭᠤᠶᠢᠯᠠᠩ ᠬᠤᠪᠢᠶᠠᠨ ᠭᠠᠳᠠᠭᠰᠢ ᠭᠠᠷᠴᠤ ᠪᠠᠶᠢᠴᠠᠭᠠᠨ ᠦᠵᠡᠵᠦ ᠰᠤᠷᠤᠯᠴᠠᠬᠤ ᠪᠣᠯᠪᠠᠰᠤᠷᠠᠭᠤᠯᠤᠯ 5 ᠤᠳᠠᠭ᠎ᠠ  ᠶᠠᠪᠤᠭᠳᠠᠭᠤᠯᠵᠤ᠂ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠴᠢᠭ ᠢᠶᠠᠷ ᠨᠡᠶᠢᠳᠡᠮ ᠢ ᠳᠠᠶᠢᠴᠢᠯᠠᠨ᠂ ᠪᠦᠬᠦ ᠰᠤᠮᠤᠨ ᠤ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠵᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠨᠢ ᠨᠡᠮᠡᠭᠳᠡᠭᠦᠯᠪᠡ᠃
   ᠰᠢᠯᠢᠳᠡᠭ ᠡᠭᠦᠯᠳᠡᠷ ᠢ ᠦᠷᠡᠵᠢᠭᠦᠯᠬᠦ ᠶᠢ ᠰᠠᠶᠢᠲᠤᠷ ᠠᠳᠬᠤᠵᠤ ᠴᠢᠨᠠᠷ ᠰᠠᠶᠢᠲᠠᠢ ᠠᠯᠠᠰᠢᠨ ᠦᠬᠡᠷ ᠢ ᠪᠤᠶᠢᠵᠢᠭᠤᠯᠵᠤ ᠪᠠᠶᠢᠬᠤ   ︽ᠦᠬᠡᠷ ᠢ ᠴᠥᠭᠡᠨ ᠲᠡᠵᠢᠭᠡᠵᠦ᠂ ᠦᠬᠡᠷ ᠢ ᠰᠠᠶᠢᠨ ᠲᠡᠵᠢᠭᠡᠬᠦ︾ ᠬᠥᠭᠵᠢᠯᠲᠡ ᠶᠢᠨ ᠣᠨᠣᠯᠵᠢᠬᠤᠨ ᠶᠣᠰᠣᠭᠠᠷ᠂ ᠭᠠᠴᠠᠭ᠎ᠠ ᠲᠣᠰᠬᠤᠨ ᠤ ᠡᠭᠦᠯᠳᠡᠷ ᠰᠠᠶᠢᠵᠢᠷᠠᠭᠤᠯᠤᠭᠴᠢ ᠤᠨ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ ᠮᠡᠷᠭᠡᠵᠢᠯ ᠤᠨ ᠦᠢᠯᠡᠴᠢᠯᠡᠭᠡ ᠪᠠ ᠬᠡᠭᠡᠯᠲᠦᠭᠦᠯᠭᠡ ᠶᠢᠨ ᠠᠵᠢᠯ ᠢ ᠶᠡᠬᠡᠪᠡᠷ ᠳᠡᠮᠵᠢᠨ᠂ ᠠᠯᠠᠰᠢᠨ ᠦᠬᠡᠷ ᠢ ᠠᠷᠠᠴᠢᠯᠠᠨ ᠬᠠᠮᠢᠶᠠᠷᠬᠤ᠂ ᠡᠬᠡ ᠮᠠᠯ ᠢ ᠢᠴᠡᠭᠡᠯ ᠦᠷ᠎ᠡ ᠶᠢᠨ ᠬᠡᠭᠡᠯᠲᠦᠭᠦᠯᠬᠦ᠂ ᠦᠷ᠎ᠡ ᠶᠢᠨ ᠮᠠᠯ ᠢ ᠬᠢᠨᠠᠨ ᠲᠣᠭᠲᠠᠭᠠᠬᠤ ᠪᠠᠷ ᠭᠤᠤᠯ ᠪᠣᠯᠭᠠᠭᠰᠠᠨ ᠣᠨᠣᠯ ᠤᠨ ᠰᠤᠷᠤᠯᠴᠠᠯᠭ᠎ᠠ ᠪᠠ ᠪᠣᠳᠠᠲᠠᠶ ᠠᠵᠢᠯᠯᠠᠭᠠᠨ ᠤ ᠪᠣᠯᠪᠠᠰᠤᠷᠠᠭᠤᠯᠤᠯ ᠢ ᠬᠦᠴᠦᠯᠡᠨ ᠥᠷᠨᠢᠭᠦᠯᠵᠦ᠂ 56 ᠨᠡᠷᠡᠰ ᠮᠡᠷᠭᠡᠵᠢᠯ ᠤᠨ ᠴᠢᠳᠠᠪᠤᠷᠢ ᠲᠠᠢ᠂ ᠥᠨᠳᠥᠷ ᠬᠡᠪ ᠴᠢᠨᠠᠷ ᠲᠠᠢ᠂ ᠬᠠᠮᠢᠶᠠᠷᠤᠯᠲᠠ ᠰᠠᠶᠢᠲᠠᠶ ᠡᠭᠦᠯᠳᠡᠷ ᠰᠠᠶᠢᠵᠢᠷᠠᠭᠤᠯᠤᠭᠴᠢ ᠶᠢ ᠬᠥᠮᠦᠵᠢᠭᠦᠯᠦᠨ ᠭᠠᠷᠭᠠᠨ᠂ ᠪᠥᠬᠦ ᠰᠤᠮᠤᠨ ᠤ ᠠᠯᠠᠰᠢᠨ ᠦᠬᠡᠷ ᠢ ᠰᠠᠶᠢᠵᠢᠷᠠᠭᠤᠯᠬᠤ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠪᠠ᠃ ᠡᠭᠦᠨ ᠤ ᠬᠠᠮᠲᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠨ ᠵᠢᠴᠢ ᠭᠠᠴᠠᠭ᠎ᠠ ᠲᠣᠰᠬᠤᠨ ᠤ 45 ᠨᠡᠷᠡᠰ ᠣᠶ ᠬᠠᠮᠠᠭᠠᠯᠠᠭᠴᠢ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠪᠦᠳᠦᠭᠦᠯᠢᠭ ᠬᠡᠯᠪᠡᠷᠢ ᠶᠢᠨ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠠᠴᠠ ᠪᠠᠷᠢᠮᠵᠢᠶᠠᠵᠢᠭᠤᠯᠤᠭᠰᠠᠨ᠂ ᠨᠠᠷᠢᠯᠢᠬᠵᠢᠭᠤᠯᠤᠭᠰᠠᠨ ᠵᠠᠭᠪᠤᠷ ᠳᠠᠰᠢ ᠬᠤᠪᠢᠷᠠᠭᠤᠯᠵᠤ᠂ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ ᠬᠠᠰᠢᠶᠠᠯᠠᠨ ᠲᠡᠵᠢᠭᠡᠬᠦ᠂ ᠲᠥᠷᠥᠯ ᠵᠦᠢᠯ ᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠴᠢᠭᠯᠡᠯ ᠳᠠᠰᠢ ᠬᠦᠭᠵᠢᠭᠦᠯᠪᠡ᠃   ᠲᠠᠷᠠᠭᠠᠴᠢ ᠶᠢᠨ ᠠᠯᠬᠤᠮ ᠳᠤ᠂ ᠮᠠᠩᠬᠠᠨ ᠰᠤᠮᠤ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠦᠢᠯᠡᠴᠢᠯᠡᠭᠡᠨ ᠤ ᠪᠠᠲᠤᠯᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠡᠭᠦᠯᠳᠡᠷ ᠢ ᠰᠠᠶᠢᠵᠢᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ ᠲᠥᠷᠥᠯ ᠲᠡᠮᠳᠡᠭ ᠢ ᠴᠣᠭᠴᠠᠯᠠᠬᠤ︾ ᠵᠡᠷᠭᠡ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠥᠬᠦ ᠰᠤᠮᠤ ᠶᠢᠨ ᠠᠯᠠᠰᠢᠨ ᠦᠬᠡᠷ ᠤᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠬᠢᠲᠠᠳ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号