ᠬᠦᠷᠢᠶ᠎ᠡ ᠬᠤᠰᠢᠭᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠥᠷᠨᠢᠭᠦᠯᠵᠦ ᠴᠢᠨᠠᠷ ᠰᠠᠶᠢᠲᠠᠢ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠣᠶ ᠪᠣᠯᠭᠠᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/1/18
   ᠵᠠᠰᠠᠭ ᠤᠨ ᠤᠷᠳᠤᠨ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠢᠨᠵᠢᠯᠡᠭᠡ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠢᠨᠵᠧᠨᠧᠷᠢᠩ ᠢ ᠳᠡᠮᠵᠢᠬᠦ ᠶᠢᠨ ᠲᠥᠯᠥᠭᠡ᠂ ᠬᠤᠰᠢᠭᠤᠨ ᠤ ᠮᠠᠯ ᠲᠠᠷᠢᠶᠠᠯᠠᠩ ᠤᠨ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠣᠯᠠᠨ ᠬᠡᠯᠪᠡᠷᠢ ᠶᠢᠨ ᠰᠢᠨᠵᠢᠯᠡᠭᠡ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃    ᠨᠢᠭᠡ ᠳᠤ᠂ ᠰᠢᠨᠵᠢᠯᠡᠭᠡ ᠮᠡᠷᠭᠡᠵᠢᠯ ᠤᠨ ᠠᠵᠢᠯᠯᠠᠭ᠎ᠠ ᠶᠢᠨ ᠭᠠᠷᠠᠭ᠂ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠦᠷᠨᠢᠭᠦᠯᠬᠦ ᠪᠠᠷ ᠳᠠᠮᠵᠢᠨ ᠰᠢᠨᠵᠢᠯᠡᠭᠡ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠣᠯᠭ᠎ᠠ ᠶᠢ ᠤᠬᠠᠭᠤᠯᠪᠠ᠃ ᠡᠨᠡ ᠵᠢᠯ ᠳᠤ᠂ ᠬᠦᠷᠢᠶ᠎ᠡ ᠬᠤᠰᠢᠭᠤᠨ ᠤ ᠮᠠᠯ ᠲᠠᠷᠢᠶᠠᠯᠠᠩ ᠤᠨ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠮ ᠵᠠᠭᠤᠴᠢᠯᠠᠭᠤᠷ ᠤᠨ ᠲᠥᠪ ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠬᠠᠤᠯᠢ ᠴᠠᠭᠠᠵᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠢᠭᠡᠴᠡ ᠲᠠᠢ ᠬᠠᠮᠳᠤᠷᠠᠨ ᠬᠦᠷᠢᠶ᠎ᠡ ᠬᠤᠰᠢᠭᠤᠨ ᠤ 2022 ᠣᠨ ᠤ ︽ᠰᠢᠨᠵᠢᠯᠡᠭᠡ ᠮᠡᠷᠭᠡᠵᠢᠯ ᠤᠨ ᠠᠵᠢᠯᠯᠠᠭ᠎ᠠ ᠶᠢᠨ ᠭᠠᠷᠠᠭ︾ ᠵᠢᠴᠢ ︽ᠪᠥᠬᠦ ᠤᠯᠤᠰ ᠤᠨ ᠰᠢᠨᠵᠢᠯᠡᠭᠡ ᠮᠡᠷᠭᠡᠵᠢᠯᠲᠡᠨ ᠤ ᠡᠳᠦᠷ︾ ᠤᠨ ᠰᠢᠷᠢᠰ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠳᠠᠭᠠᠭᠠᠨ ᠡᠷᠬᠢᠯᠡᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠵᠡᠭᠡᠯᠢ ᠭᠤᠳᠤᠮᠵᠢ᠂ ᠠᠵᠤ ᠠᠬᠤᠶᠢᠯᠠᠯ ᠵᠡᠷᠭᠡ ᠳᠤ ᠭᠦᠨᠵᠡᠭᠡᠶᠢᠷᠡᠨ ᠡᠯ᠎ᠡ ᠲᠥᠷᠥᠯ ᠤᠨ ᠡᠯᠪᠡᠭ ᠪᠠᠶᠠᠯᠢᠭ ᠰᠢᠨᠵᠢᠯᠡᠭᠡ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠠᠷᠢᠭᠤᠯᠬᠤ᠂ ᠲᠠᠶᠢᠯᠤᠮᠵᠢ᠂ ᠪᠣᠯᠪᠠᠰᠤᠷᠠᠯ ᠵᠡᠷᠭᠡ ᠬᠠᠮᠢᠶ᠎ᠠ ᠪᠦᠬᠦᠢ ᠰᠢᠷᠢᠰ ᠠᠵᠢᠯᠯᠠᠭ᠎ᠠ ᠥᠷᠨᠢᠭᠦᠯᠵᠦ᠂ ᠰᠢᠨᠵᠢᠯᠡᠭᠡ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠶᠢᠨ ᠤᠯᠠᠮ ᠨᠢᠭᠡ ᠠᠯᠬᠤᠮ ᠭᠦᠨᠵᠡᠭᠡᠶᠢᠷᠡᠬᠦ ᠶᠢ ᠠᠬᠢᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ᠰᠢᠨᠵᠢᠯᠡᠭᠡ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠳᠡᠪᠲᠡᠷ 3000 ᠭᠠᠷᠤᠢ ᠲᠠᠷᠬᠠᠭᠠᠵᠤ᠂ ᠲᠤᠬᠠᠢ ᠶᠢᠨ ᠲᠠᠯᠠᠪᠤᠷ ᠲᠤ ᠰᠢᠨᠵᠢᠯᠡᠭᠡ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠶᠢ 40 ᠭᠠᠷᠤᠢ ᠬᠠᠩᠭᠠᠪᠠ᠃                  ᠬᠤᠶᠠᠷ ᠲᠤ᠂ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠤ᠂ ᠰᠢᠨᠵᠢᠯᠡᠭᠡ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠪᠠ᠃ ᠡᠨᠡ ᠵᠢᠯ ᠳᠤ᠂ ᠬᠦᠷᠢᠶ᠎ᠡ ᠬᠤᠰᠢᠭᠤᠨ ᠤ ᠮᠠᠯ ᠲᠠᠷᠢᠶᠠᠯᠠᠩ ᠤᠨ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ︽ᠠᠰᠠᠷᠠᠭᠴᠢ ᠮᠠᠶ᠋ᠢᠭ ︾ ᠤᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠪᠠᠶᠢᠭᠤᠯᠭ᠎ᠠ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠬᠠᠤᠯᠢ ᠲᠣᠭᠲᠠᠭᠠᠯ ᠤᠨ ᠲᠠᠰᠤᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠰᠤᠷᠪᠤᠯᠵᠢᠯᠠᠨ ᠦᠢᠯᠡᠴᠢᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠤᠴᠢᠭᠤᠯᠤᠨ᠂ ᠲᠥᠷᠥ ᠶᠢᠨ ᠪᠣᠳᠣᠯᠭ᠎ᠠ ᠬᠦᠷᠭᠡᠬᠦ ᠠᠵᠢᠯᠯᠠᠭ᠎ᠠ ᠦᠷᠨᠢᠭᠦᠯᠪᠡ᠃    ᠭᠤᠷᠪᠠ ᠳᠤ᠂ ᠪᠠᠶᠢᠭᠤᠯᠤᠯᠭ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠬᠤᠯᠪᠤᠭ᠎ᠠ ᠵᠡᠷᠭᠡ ᠶᠢ ᠠᠰᠢᠭᠯᠠᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠠᠵᠤ ᠠᠬᠤᠶᠢᠯᠠᠯ ᠳᠤ ᠬᠤᠯᠪᠣᠭᠳᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠡᠶᠢᠲᠡᠯᠡᠵᠦ ᠪᠠᠶᠢᠨ᠎ᠠ᠃ ᠠᠵᠤ ᠠᠬᠤᠶᠢᠯᠠᠯ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠬᠦᠷᠢᠶ᠎ᠡ ᠬᠤᠰᠢᠭᠤᠨ ᠤ ᠮᠠᠯ ᠲᠠᠷᠢᠶᠠᠯᠠᠩ ᠤᠨ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠪᠠᠶᠢᠭᠤᠯᠤᠯᠭ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠬᠤᠯᠪᠤᠭ᠎ᠠ ᠵᠡᠷᠭᠡ ᠶᠢ ᠠᠰᠢᠭᠯᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠦᠷᠭᠡᠬᠦ ᠶᠢᠨ ᠬᠠᠮᠲᠤ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠸᠢᠴᠠᠲ ᠤᠨ ᠨᠡᠶᠢᠲᠡ ᠶᠢᠨ ᠳ᠋ᠤᠭᠠᠷ ᠤᠨ ᠪᠤᠯᠤᠩ ᠲᠤ ᠲᠠᠯᠪᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠲᠦᠷᠭᠡᠨ᠂ ᠣᠨᠣᠪᠴᠢᠲᠠᠶ᠂ ᠬᠢᠯᠪᠠᠷ︾ ᠪᠠᠶᠢᠴᠠᠭᠠᠨ ᠦᠵᠡᠬᠦ ᠳᠤ ᠲᠥᠬᠦᠮ ᠦᠵᠡᠭᠦᠯᠵᠦ ᠪᠠᠶᠢᠨ᠎ᠠ᠃
 
ᠢᠷᠡᠯᠲᠡ᠄ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠡᠭᠦᠳᠡᠴᠢ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号