ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ | ᠬᠦ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢᠨ ᠲᠥᠯᠥᠭᠡ᠂ | ᠬᠦᠬᠦᠨ ᠪᠠᠯᠭᠠᠰᠤ ᠶᠢ ᠨᠠᠷᠢᠯᠢᠭ ᠣᠨᠣᠴᠠᠲᠠᠶ ᠪᠠᠷ ᠪᠣᠳᠠᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ | ᠲᠠᠯ᠎ᠠ ᠪᠠᠷ ᠳᠠᠶᠢᠴᠢᠯᠠᠨ᠂ ᠪᠦᠬᠦ ᠬᠥᠮᠦᠰ ᠢ ᠣᠷᠣᠯᠴᠠᠭᠤᠯᠵᠤ᠂ ︽ᠭᠤᠷᠪᠠᠨ ᠬᠦᠴᠦᠨ︾ ᠢ ᠵᠡᠷᠭᠡ ᠪᠠᠷ | ᠬᠦᠳᠡᠯᠦᠯᠴᠡᠨ᠂ ᠴᠡᠪᠡᠷ ᠲᠡᠭᠰᠢ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ ᠰᠠᠶᠢᠨ ᠰᠠᠶᠢᠬᠠᠨ ᠠᠭᠤᠷ ᠠᠮᠢᠰᠬᠤᠯ ᠢ | ᠴᠢᠷᠮᠠᠶᠢᠨ ᠪᠤᠢ ᠪᠣᠯᠭᠠᠵᠤ᠂ ᠰᠢᠨ᠎ᠡ ᠳᠦᠷᠢ ᠲᠥᠷᠬᠦ ᠪᠠ ᠳᠦᠷᠰᠦ ᠪᠠᠶᠢᠳᠠᠯ ᠢᠶᠠᠷ ᠣᠷᠴᠢᠨ ᠠᠬᠤᠢ ᠶᠢᠨ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠪᠡᠶᠡᠯᠡᠭᠦᠯᠪᠡ᠃ | ᠨᠠᠮ ᠤᠨ ᠭᠡᠰᠢᠭᠦᠨ ᠲᠦᠷᠦᠭᠦᠯᠡᠨ ᠲᠠᠲᠠᠬᠤ ᠬᠦᠴᠦᠨ ᠢ ᠴᠢᠩᠭᠠᠳᠬᠠᠭᠰᠠᠨ | | | | | | ᠬᠦᠬᠦᠨ ᠪᠠᠯᠭᠠᠰᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ | ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠥᠷᠭᠡᠨ ᠣᠯᠠᠨ ᠲᠦᠮᠡᠨ ᠢ ᠳᠠᠭᠠᠭᠤᠯᠤᠨ ᠳᠠᠶᠢᠴᠢᠯᠠᠵᠤ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠭᠤᠯᠵᠤ᠂ ᠲᠣᠰᠬᠤᠨ ᠤ | ᠳᠣᠲᠣᠨ᠎ᠠ ᠭᠠᠳᠠᠨᠠᠬᠢ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠠᠯᠠᠪᠤᠷ ᠢ ᠪᠥᠬᠦ ᠲᠠᠯ᠎ᠠ ᠪᠠᠷ | ᠴᠡᠪᠡᠷᠯᠡᠵᠦ᠂ ᠵᠠᠮ ᠤᠨ ᠬᠠᠵᠠᠭᠤᠳᠠᠬᠢ ᠠᠮᠢᠳᠤᠷᠠᠯ ᠤᠨ ᠬᠤᠭ ᠨᠣᠪᠰᠢ᠂ ᠴᠠᠭᠠᠨ ᠬᠤᠭ ᠨᠣᠪᠰᠢ᠂ ᠬᠤᠪᠠᠭ᠋ᠠᠶ ᠰᠠᠯᠠᠭ᠎ᠠ | ᠨᠠᠪᠴᠢ ᠵᠡᠷᠭᠡ ᠶᠢ ᠭᠤᠤᠯᠳᠠᠯᠭ᠎ᠠ ᠲᠠᠢ ᠴᠡᠪᠡᠷᠯᠡᠪᠡ᠃ ᠪᠥᠬᠦ ᠵᠢᠯ ᠳᠤ ᠨᠡᠶᠢᠲᠡ 3500 ᠭᠠᠷᠤᠶ ᠬᠥᠮᠦᠨ ᠤᠳᠠᠭ᠎ᠠ᠂ | 200 ᠭᠠᠷᠤᠶ ᠲᠡᠷᠭᠡ ᠬᠥᠳᠡᠯᠭᠡᠵᠦ᠂ ᠵᠠᠭᠤ ᠭᠠᠷᠤᠶ ᠲᠣᠨ ᠬᠤᠭ ᠨᠣᠪᠰᠢ ᠶᠢ ᠴᠡᠪᠡᠷᠯᠡᠨ᠂ ᠪᠠᠯᠭᠠᠰᠤ ᠲᠣᠰᠬᠤᠨ ᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠦᠷᠭᠦᠯᠵᠢᠯᠡᠨ ᠰᠠᠶᠢᠵᠢᠷᠠᠭᠤᠯᠪᠠ᠃ | ᠰᠠᠶᠢᠨ ᠳᠤᠷ᠎ᠠ ᠶᠢᠨ ᠦᠢᠯᠡᠴᠢᠯᠡᠭᠡ ᠬᠥᠳᠡᠯᠭᠡᠬᠦ ᠬᠦᠴᠦᠨ ᠨᠡᠮᠡᠭᠰᠡᠨ | | | | | | ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠣᠯᠠᠨ ᠰᠠᠯᠠᠭ᠎ᠠ ᠮᠥᠴᠢᠷ ᠨᠢᠭᠡᠴᠢ ᠶᠢ ᠢᠳᠡᠪᠬᠢᠲᠡᠶ | ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ᠂ ᠨᠠᠮ ᠤᠨ ᠭᠡᠰᠢᠭᠦᠨ ᠲᠥᠯᠥᠭᠡᠯᠡᠭᠴᠢ᠂ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷᠠᠴᠤᠳ᠂ ᠨᠤᠲᠤᠭ ᠲᠠᠭᠠᠨ ᠪᠤᠴᠠᠭᠰᠠᠨ ᠤᠶᠤᠲᠠᠳ | ᠵᠡᠷᠭᠡ ᠰᠠᠶᠢᠨ ᠳᠤᠷᠠᠴᠤᠳ ᠤᠨ ᠦᠢᠯᠡᠴᠢᠯᠡᠭᠡᠨ ᠤ ᠠᠩᠭᠢ ᠳᠤ ᠢᠳᠡᠪᠬᠢᠲᠡᠶ ᠣᠷᠣᠯᠴᠠᠵᠤ᠂ ᠨᠡᠶᠢᠲᠡ 30 ᠰᠠᠶᠢᠨ | ᠳᠤᠷᠠᠴᠤᠳ ᠤᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠣᠷᠣᠨ ᠪᠦᠰᠡ᠂ ᠲᠤᠰᠢᠶᠠᠯ | ᠬᠠᠷᠢᠭᠤᠴᠠᠯᠭ᠎ᠠ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠴᠠᠭ ᠢᠶᠠᠨ ᠵᠦᠶ ᠵᠣᠬᠢᠰᠲᠠᠶ ᠲᠣᠬᠢᠷᠠᠭᠤᠯᠵᠤ᠂ | ᠠᠶᠢᠯ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠂ ᠬᠥᠳᠡᠭᠡ ᠲᠣᠰᠬᠤᠨ ᠤ | ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ ᠵᠡᠷᠭᠡ ᠠᠵᠢᠯ ᠢ ᠪᠠᠶᠢᠩᠭᠤ ᠦᠷᠨᠢᠭᠦᠯᠦᠭᠰᠡᠨ ᠪᠠᠶᠢᠨ᠎ᠠ᠃ ᠡᠨᠡ ᠵᠢᠯ᠂ | ᠬᠦᠬᠦᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠳᠠᠲᠤ ᠬᠡᠷᠡᠭᠴᠡᠭᠡ ᠪᠠ ᠣᠯᠠᠨ ᠲᠦᠮᠡᠨ ᠤ ᠬᠦᠰᠡᠯ | ᠡᠷᠡᠮᠡᠯᠵᠡᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢ ᠨᠡᠶᠢᠲᠡ 252 ᠲᠣᠬᠢᠷᠠᠭᠤᠯᠵᠤ᠂ ᠠᠵᠢᠯ ᠤᠨ ᠪᠠᠶᠢᠷᠢ ᠳᠤ ᠭᠠᠷᠬᠤ ᠨᠣᠷᠮ᠎ᠠ ᠶᠢ 100 % ᠳᠤ | ᠬᠦᠷᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠤᠭᠰᠠᠨ ᠪᠠᠶᠢᠨ᠎ᠠ᠃ ᠡᠭᠦᠨ ᠤ ᠬᠠᠮᠲᠤ | ᠬᠦᠬᠦᠨ ᠲᠣᠰᠬᠤᠨ᠂ ᠫᠢᠩ ᠠᠨ ᠲᠣᠰᠬᠤᠨ ᠳᠤ ᠬᠤᠲᠠ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ 10 ᠲᠣᠬᠢᠷᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ | ᠵᠠᠭᠪᠤᠷ ᠢᠶᠠᠷ ᠬᠠᠮᠢᠶᠠᠷᠬᠤ ᠶᠢᠨ ᠬᠠᠮᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠠᠯᠭᠠᠰᠤᠨ ᠤ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ | ᠴᠡᠪᠡᠷ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠣᠯᠠᠨ ᠲᠦᠮᠡᠨ ᠣᠷᠤᠯᠴᠠᠵᠤ ᠨᠡᠶᠢᠯᠡᠮᠡᠯ ᠬᠦᠴᠦᠨ ᠪᠦᠷᠢᠯᠳᠦᠭᠰᠡᠨ | | | | | | ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠬᠠᠮᠲᠤᠷᠠᠨ ᠬᠥᠳᠡᠯᠦᠯᠴᠡᠬᠦ ᠤᠬᠠᠭᠤᠯᠭ᠎ᠠ ᠶᠢ ᠥᠷᠨᠢᠭᠦᠯᠵᠦ | ᠂ ᠸᠢᠴᠠᠲ ᠤᠨ ᠠᠵᠢᠯ ᠤᠨ ᠪᠦᠯᠬᠦᠮ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠪᠤᠰᠢᠭᠤ ᠭᠠᠷ ᠵᠡᠷᠭᠡ | ᠠᠴᠢᠶᠠᠯᠠᠪᠤᠷᠢ ᠶᠢ ᠭᠦᠢᠴᠡᠳ ᠠᠰᠢᠭᠯᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠠᠭᠤᠷ | ᠠᠮᠢᠰᠬᠤᠯ ᠢ ᠶᠡᠬᠡᠪᠡᠷ ᠪᠣᠶ ᠪᠣᠯᠭᠠᠵᠤ᠂ ᠵᠢᠯ ᠤᠨ ᠳᠣᠲᠣᠷ᠎ᠠ ᠬᠠᠮᠢᠶ᠎ᠠ ᠪᠥᠬᠦᠶ ᠠᠵᠢᠯ ᠤᠨ ᠬᠥᠳᠡᠯᠦᠯ ᠪᠠᠶᠢᠳᠠᠯ ᠢ 80 | ᠭᠠᠷᠤᠶ ᠵᠤᠷᠪᠤᠰ᠂ ᠠᠵᠢᠯ ᠤᠨ ᠪᠦᠯᠬᠦᠮ ᠤᠨ ᠮᠡᠳᠡᠭᠡ ᠵᠠᠩᠭᠢ ᠶᠢ ᠨᠡᠶᠢᠲᠡ 200 ᠭᠠᠷᠤᠶ ᠵᠤᠷᠪᠤᠰ ᠨᠡᠶᠢᠲᠡᠯᠡᠵᠦ᠂ | ᠲᠣᠰᠬᠤᠨ ᠤ ᠣᠯᠠᠨ ᠲᠦᠮᠡᠨ ᠤ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠣᠰᠬᠤᠨ ᠤ | ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠡᠷᠡᠭᠦᠯ ᠬᠠᠮᠠᠭᠠᠯᠠᠯ ᠢ ᠡᠷᠬᠢᠮᠯᠡᠵᠦ᠂ | ᠥᠪᠡᠷ ᠤᠨ ᠭᠡᠷ ᠣᠷᠤᠨ ᠢᠶᠠᠨ ᠬᠠᠶᠢᠷᠠᠯᠠᠬᠤ ᠪᠣᠯᠭᠠᠭᠰᠠᠨ ᠪᠠᠶᠢᠨ᠎ᠠ᠃ ᠡᠭᠦᠨ ᠤ ᠬᠠᠮᠲᠤ ᠪᠠᠯᠭᠠᠰᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ | ᠵᠣᠬᠢᠶᠠᠨ ᠪᠠᠶᠢᠭᠤᠯᠵᠤ᠂ ᠭᠤᠤᠯ ᠵᠠᠮ᠂ ᠬᠤᠯᠪᠣᠬᠤ ᠵᠠᠮ᠂ ᠮᠤᠵᠢ ᠶᠢᠨ ᠳᠡᠰ ᠤᠨ ᠵᠠᠮ ᠵᠡᠷᠭᠡ ᠭᠤᠤᠯᠳᠠᠯᠭ᠎ᠠ ᠲᠠᠢ | ᠣᠷᠣᠨ ᠪᠦᠰᠡ ᠶᠢᠨ ᠬᠤᠶᠠᠷ ᠬᠠᠵᠠᠭᠤ ᠶᠢᠨ ᠪᠤᠵᠠᠷ᠂ ᠡᠷᠦᠶ ᠬᠤᠷᠤᠶ ᠥᠬᠡᠶ ᠪᠠᠶᠢᠬᠤ᠂ ᠲᠦᠭᠵᠢᠷᠡᠯ ᠵᠡᠷᠭᠡ | ᠲᠣᠪᠤᠶᠢᠮ᠎ᠠ ᠠᠰᠠᠭᠤᠳᠠᠯ ᠳᠤ ᠲᠤᠰᠬᠠᠶ ᠴᠡᠭᠴᠡᠯᠡᠨ ᠵᠠᠰᠠᠯᠲᠠ ᠥᠷᠨᠢᠭᠦᠯᠵᠦ᠂ ᠲᠤᠰᠬᠠᠶ ᠰᠡᠳᠦᠪᠲᠦ ᠬᠤᠷᠠᠯ ᠢ 4 | ᠤᠳᠠᠭ᠎ᠠ ᠬᠤᠷᠠᠯᠳᠤᠭᠤᠯᠵᠤ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠬᠤᠭ ᠨᠣᠪᠰᠢ ᠬᠠᠶᠠᠬᠤ᠂ ᠳᠤᠷ᠎ᠠ ᠪᠠᠷ ᠢᠶᠠᠨ | ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠪᠠᠷᠢᠬᠤ ᠵᠡᠷᠭᠡ ᠦᠵᠡᠭᠳᠡᠯ ᠢ 12 ᠤᠳᠠᠭ᠎ᠠ ᠪᠥᠬᠦ | ᠲᠠᠯ᠎ᠠ ᠪᠠᠷ ᠴᠡᠭᠴᠡᠯᠡᠨ ᠵᠠᠰᠠᠵᠤ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ᠂ ᠣᠯᠠᠨ ᠲᠦᠮᠡᠨ ᠤ ᠡᠭᠦᠳᠡᠨ ᠡᠮᠦᠨᠡᠬᠢ | ︽ᠭᠤᠷᠪᠠ ᠶᠢ ᠳᠠᠭᠠᠭᠠᠴᠢᠯᠠᠬᠤ︾ ᠶᠢ ᠬᠡᠷᠡᠭᠵᠢᠭᠦᠯᠵᠦ᠂ ᠬᠦᠬᠦᠨ ᠪᠠᠯᠭᠠᠰᠤᠨ ᠤ ᠴᠣᠩᠬᠤᠪᠴᠢ ᠶᠢᠨ ᠳᠦᠷᠢ | ᠲᠥᠷᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | | | ᠲᠠᠷᠠᠭᠠᠴᠢ ᠶᠢᠨ ᠠᠯᠬᠤᠮ ᠳᠤ᠂ ᠬᠦᠬᠦᠨ ᠪᠠᠯᠭᠠᠰᠤ ᠦᠷᠭᠦᠯᠵᠢᠯᠡᠨ ᠬᠥᠳᠡᠭᠡ ᠲᠣᠰᠬᠤᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ | ᠦᠷ᠎ᠡ ᠪᠦᠲᠦᠮᠵᠢ ᠶᠢ ᠰᠠᠶᠢᠲᠤᠷ ᠪᠠᠬᠢᠵᠢᠭᠦᠯᠵᠦ᠂ ᠰᠠᠶᠢᠲᠤᠷ ᠬᠠᠮᠠᠭᠠᠯᠠᠵᠤ᠂ ᠪᠣᠬᠢᠷ ᠤᠰᠤ ᠰᠢᠢᠳᠪᠦᠷᠢᠯᠡᠬᠦ ᠲᠠᠯᠠᠪᠠᠶ | ᠪᠠ ᠬᠤᠭ ᠨᠣᠪᠰᠢ ᠶᠢ ᠳᠤᠤᠷ᠎ᠠ ᠳᠤᠯᠠᠭᠠᠨ ᠢᠶᠠᠷ ᠰᠢᠲᠠᠭᠠᠬᠤ ᠵᠤᠤᠬ᠎ᠠ ᠶᠢᠨ ᠲᠥᠷᠥᠯ ᠵᠦᠢᠯ ᠢ ᠲᠦᠷᠭᠡᠳᠬᠡᠨ | ᠪᠠᠶᠢᠭᠤᠯᠵᠤ᠂ ᠪᠠᠯᠭᠠᠰᠤᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ |