ᠮᠠ ᠾᠦᠢ ᠵᠢᠶ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠥᠩᠭᠡᠷᠡᠭᠰᠡᠨ ᠱᠦᠵᠢ ᠨᠠᠷ ᠢ ᠪᠣᠯᠭᠤᠭᠠᠨ ᠲᠣᠬᠤᠨᠢᠭᠤᠯᠤᠭᠰᠠᠨ
ᠨᠡᠶᠢᠲᠡᠯᠡᠭᠰᠡᠨ ᠴᠠᠭ᠄
2023/1/19
   1 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠠ ᠾᠦᠢ ᠵᠢᠶ ᠬᠡᠷ ᠲᠤᠨᠢ ᠬᠦᠷᠴᠦ ᠠᠶᠢᠯᠴᠢᠯᠠᠬᠤ᠂ ᠤᠲᠠᠰᠤ ᠪᠠᠷ ᠢᠷᠦᠭᠡᠯ ᠳᠡᠪᠰᠢᠭᠦᠯᠬᠦ ᠵᠡᠷᠭᠡ ᠬᠡᠯᠪᠡᠷᠢ ᠪᠠᠷ ᠬᠦᠷᠢᠶ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠬᠠᠷᠢᠭᠤᠴᠠᠵᠤ ᠥᠩᠭᠡᠷᠡᠭᠰᠡᠨ ᠠᠬᠠᠮᠠᠳ ᠣᠳᠤᠷᠢᠳᠤᠯᠭ᠎ᠠ ᠨᠠᠷ ᠵᠢᠴᠢ ᠲᠡᠭᠦᠨ ᠤ ᠬᠡᠷ ᠪᠦᠯᠢ ᠶᠢᠨ ᠬᠢᠨ ᠢ ᠲᠣᠬᠤᠨᠢᠭᠤᠯᠪᠠ᠃    ᠮᠠ ᠾᠦᠢ ᠵᠢᠶ ᠡᠩ ᠲᠡᠷᠢᠭᠦᠨ ᠳᠤ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠵᠢᠴᠢ ᠪᠥᠬᠦ ᠬᠤᠰᠢᠭᠤᠨ ᠤ 15 . 1 ᠲᠦᠮᠡᠨ ᠨᠤᠲᠤᠭ ᠤᠨ ᠠᠬ᠎ᠠ ᠳᠡᠭᠦᠦ ᠨᠡᠷ ᠢᠶᠠᠨ ᠲᠥᠯᠥᠭᠡᠯᠡᠵᠦ᠂ ᠬᠦᠷᠢᠶ᠎ᠡ ᠬᠤᠰᠢᠭᠤᠨ ᠤ ᠬᠥᠭᠵᠢᠯᠲᠡ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠠᠬᠠᠮᠠᠳ ᠤᠳᠤᠷᠢᠳᠤᠯᠭ᠎ᠠ ᠨᠠᠷ ᠲᠤ ᠪᠠᠶᠠᠷ ᠤᠨ ᠡᠳᠦᠷ ᠤᠨ ᠴᠢᠩ ᠰᠡᠳᠬᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ︕ ᠮᠠ ᠾᠦᠢ ᠵᠢᠶ ᠬᠡᠯᠡᠭᠰᠡᠨ ᠨᠢ᠂ ᠥᠩᠭᠡᠷᠡᠭᠰᠡᠨ ᠤ ᠠᠬᠠᠮᠠᠳ ᠤᠳᠤᠷᠢᠳᠤᠯᠭ᠎ᠠ ᠪᠣᠯ ᠬᠦᠷᠢᠶ᠎ᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠠᠲᠠᠷ ᠬᠠᠭᠠᠯᠪᠤᠷᠢᠯᠠᠭᠰᠠᠨ ᠠᠷᠠᠯ ᠤᠨ ᠱᠠᠷ︾ ᠮᠥᠨ᠂ ᠥᠩᠭᠡᠷᠡᠭᠰᠡᠨ ᠤ ᠠᠬᠠᠮᠠᠳ ᠤᠳᠤᠷᠢᠳᠤᠯᠭ᠎ᠠ ᠶᠢᠨ ᠬᠠᠲᠠᠭᠤᠵᠢᠯᠲᠠᠶ ᠨᠡᠭᠡᠭᠡᠯᠲᠡ ᠪᠠ ︽ᠨᠢᠭᠡ ᠬᠤᠭᠤᠴᠠᠭ᠎ᠠ ᠨᠢ ᠨᠢᠭᠡ ᠬᠤᠭᠤᠴᠠᠭ᠎ᠠ ᠪᠠᠨ ᠵᠠᠯᠭᠠᠨ ᠬᠢᠬᠦ᠂ ᠪᠤᠤᠬᠢᠶ᠎ᠠ ᠭᠦᠶᠦᠬᠦ ᠮᠡᠲᠦ︾ ᠪᠠᠷ ᠦᠷᠭᠦᠯᠵᠢᠯᠡᠨ ᠲᠡᠮᠡᠴᠡᠭᠰᠡᠨ ᠥᠬᠡᠶ ᠪᠣᠯ ᠬᠦᠷᠢᠶ᠎ᠡ ᠬᠤᠰᠢᠭᠤ ᠥᠷᠨᠢᠨ ᠬᠥᠭᠵᠢᠵᠦ ᠴᠢᠳᠠᠬᠤ ᠥᠬᠡᠶ ᠶᠤᠮ᠃ ᠤᠷᠤᠭᠰᠢᠯᠠᠯᠲᠠ ᠶᠢᠨ ᠵᠠᠮ ᠳᠤ ᠢᠷᠡᠭᠰᠡᠨ ᠵᠠᠮ ᠢᠶᠠᠨ ᠦᠯᠦ ᠮᠠᠷᠲᠠᠨ᠂ ᠪᠢᠳᠡ ᠥᠨᠢ ᠡᠭᠦᠷᠢᠳᠡ ᠬᠦᠷᠢᠶ᠎ᠡ ᠬᠤᠰᠢᠭᠤᠨ ᠤ ᠬᠥᠭᠵᠢᠯᠲᠡ ᠶᠢᠨ ᠲᠥᠯᠥᠭᠡ ᠣᠶᠤᠨ ᠤᠬᠠᠭᠠᠨ ᠢᠶᠠᠨ ᠰᠢᠪᠬᠠᠵᠤ᠂ ᠰᠢᠷᠭᠠᠭᠤ ᠬᠠᠲᠠᠭᠤᠵᠢᠯᠲᠠᠶ ᠲᠡᠮᠡᠴᠡᠭᠰᠡᠨ ᠠᠬᠠᠮᠠᠳ ᠤᠳᠤᠷᠢᠳᠤᠯᠭ᠎ᠠ ᠨᠠᠷ ᠲᠤ ᠲᠠᠯᠠᠷᠬᠠᠵᠤ᠂ ᠠᠬᠠᠮᠠᠳ ᠤᠳᠤᠷᠢᠳᠤᠯᠭ᠎ᠠ ᠳᠤ ᠬᠦᠨᠳᠦᠳᠬᠡᠯ ᠳᠡᠪᠰᠢᠭᠦᠯᠵᠦ᠂ ᠠᠬᠠᠮᠠᠳ ᠤᠳᠤᠷᠢᠳᠤᠯᠭ᠎ᠠ ᠠᠴᠠ ᠰᠤᠷᠭᠠᠯ ᠬᠦᠷᠲᠡᠨ᠎ᠡ︕      ︽ᠨᠢᠭᠡ ᠦᠶ᠎ᠡ ᠶᠢᠨ ᠬᠥᠮᠦᠨ ᠳᠤ ᠨᠢᠭᠡ ᠦᠶ᠎ᠡ ᠶᠢᠨ ᠬᠥᠮᠦᠨ ᠤ ᠡᠭᠦᠷᠭᠡᠯᠡᠯ ᠪᠠᠶᠢᠳᠠᠭ︾᠃ ᠮᠠ ᠾᠦᠢ ᠵᠢᠢ᠂ ᠥᠩᠭᠡᠷᠡᠭᠰᠡᠨ ᠨᠢᠭᠡ ᠵᠢᠯ ᠳᠤ᠂ ᠵᠢᠱᠢᠭᠰᠡᠨ ᠠᠴᠠ ᠳᠠᠪᠠᠭᠰᠠᠨ ᠤᠯᠠᠨ ᠳᠠᠪᠬᠤᠷ ᠳᠠᠷᠤᠯᠲᠠ ᠥᠷᠢᠰᠥᠯᠳᠦᠭᠡᠨ ᠤ ᠡᠮᠦᠨ᠎ᠡ᠂ ᠪᠦᠬᠦ ᠬᠤᠰᠢᠭᠤ ᠪᠠᠷ ᠢᠶᠠᠨ ᠡᠷᠡᠮᠡᠬᠡᠶᠢᠯᠡᠨ ᠤᠷᠤᠭᠰᠢᠯᠠᠵᠤ᠂ ︽ᠠᠮᠢ ᠠᠬᠤᠢ ᠶᠢᠨ ᠵᠠᠮ ᠢᠶᠠᠷ ᠵᠠᠮᠨᠠᠨ ᠲᠠᠷᠢᠶᠠᠯᠠᠩ ᠢ ᠮᠠᠯ ᠠᠵᠤ ᠠᠬᠤᠢ ᠶᠢ ᠬᠥᠭᠵᠢᠭᠦᠯᠵᠦ ᠰᠣᠶᠣᠯ ᠵᠢᠭᠤᠯᠴᠢᠯᠠᠯ ᠤᠨ ᠲᠥᠷᠦᠯ ᠲᠡᠮᠳᠡᠭ ᠢ ᠴᠣᠭᠴᠠᠯᠠᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠬᠢᠯᠪᠠᠷ ᠪᠤᠰᠤ ᠠᠮᠵᠢᠯᠲᠠ ᠣᠯᠵᠠᠢ ᠭᠡᠪᠡ᠃ ᠠᠮᠵᠢᠯᠲᠠ ᠪᠦᠲᠦᠮᠵᠢ ᠨᠢ ᠥᠩᠭᠡᠷᠡᠭᠰᠡᠨ ᠤ ᠬᠤᠰᠢᠭᠤᠨ ᠤ ᠤᠳᠤᠷᠢᠳᠬᠤ ᠪᠠᠭ ᠤᠨ ᠲᠠᠯᠪᠢᠭᠰᠠᠨ ᠰᠠᠶᠢᠨ ᠰᠠᠶᠢᠬᠠᠨ ᠰᠠᠭᠤᠷᠢ ᠠᠴᠠ ᠰᠠᠯᠵᠤ ᠴᠢᠳᠠᠬᠤ ᠦᠭᠡᠢ᠂ ᠠᠬᠠᠮᠠᠳ ᠤᠳᠤᠷᠢᠳᠤᠯᠭ᠎ᠠ ᠨᠠᠷ ᠤᠨ ᠬᠠᠶᠢᠷ᠎ᠠ ᠬᠠᠯᠠᠮᠵᠢ ᠪᠠ ᠬᠦᠴᠦᠲᠡᠢ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠠᠬᠠᠮᠠᠳ ᠤᠳᠤᠷᠢᠳᠤᠯᠭ᠎ᠠ ᠨᠠᠷ ᠤᠨ ᠡᠭᠦᠳᠦᠨ ᠪᠦᠲᠦᠭᠡᠭᠰᠡᠨ ᠡᠷᠬᠢᠮ ᠨᠠᠨᠳᠢᠨ ᠤᠶᠤᠨ ᠰᠠᠨᠠᠭᠠᠨ ᠤ ᠥᠪ ᠬᠦᠷᠦᠩᠭᠡ ᠨᠢ ᠪᠦᠬᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠪᠣᠳᠠᠲᠠᠢ ᠠᠵᠢᠯᠯᠠᠵᠤ᠂ ᠬᠦᠴᠢᠷ ᠢ ᠰᠦᠷᠦᠨ ᠤᠷᠤᠭᠰᠢᠯᠠᠬᠤ ᠶᠢ ᠢᠮᠠᠭᠲᠠ ᠵᠣᠷᠢᠭᠵᠢᠭᠤᠯᠤᠭᠰᠠᠭᠠᠷ ᠢᠷᠡᠵᠠᠢ᠃ ᠮᠠ ᠾᠦᠢ ᠵᠢᠢ ᠠᠬᠠᠮᠠᠳ ᠤᠳᠤᠷᠢᠳᠤᠯᠭ᠎ᠠ ᠨᠠᠷ ᠤᠨ ᠬᠦᠷᠢᠶ᠎ᠡ ᠶᠢᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠰᠢᠨ᠎ᠡ ᠨᠢᠭᠡ ᠵᠢᠯ ᠳᠤ᠂ ᠠᠬᠠᠮᠠᠳ ᠤᠳᠤᠷᠢᠳᠤᠯᠭ᠎ᠠ ᠨᠠᠷ ᠪᠡᠶ᠎ᠡ ᠪᠠᠨ ᠬᠢᠴᠢᠶᠡᠬᠦ ᠶᠢᠨ ᠬᠠᠮᠲᠤ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠦᠷᠢᠶ᠎ᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃    ᠠᠬᠠᠮᠠᠳ ᠤᠳᠤᠷᠢᠳᠤᠯᠭ᠎ᠠ ᠨᠠᠷ ᠬᠤᠰᠢᠭᠤᠨ ᠤ ᠨᠠᠮ ᠤᠨ ᠬᠤᠷᠢᠶᠠᠨ ᠤ ᠬᠠᠯᠠᠮᠵᠢᠯᠠᠯ ᠳᠤ ᠲᠠᠯᠠᠷᠬᠠᠵᠤ᠂ ᠪᠥᠬᠦ ᠬᠤᠰᠢᠭᠤᠨ ᠤ ᠬᠥᠭᠵᠢᠯᠲᠡ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠳᠥᠷᠢ ᠳᠥᠷᠰᠦ᠂ ᠰᠢᠨ᠎ᠡ ᠬᠤᠪᠢᠷᠠᠯᠲᠠ ᠳᠤ ᠪᠠᠶᠠᠷᠯᠠᠵᠤ᠂ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠲᠤ ᠢᠲᠡᠭᠡᠯ ᠳᠦᠭᠦᠷᠡᠩ ᠪᠠᠶᠢᠨ᠎ᠠ᠃ ᠬᠦᠷᠢᠶ᠎ᠡ ᠶᠢᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠠᠩᠬᠠᠷᠴᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠎ᠠ ᠭᠡᠵᠦ ᠣᠯᠠᠨ ᠢᠶᠠᠷ ᠢᠶᠠᠨ ᠢᠯᠡᠷᠬᠡᠶᠢᠯᠡᠭᠰᠡᠨ ᠪᠠᠶᠢᠨ᠎ᠠ᠃ ᠡᠭᠦᠨ ᠤ ᠬᠠᠮᠲᠤ᠂ ᠰᠢᠨ᠎ᠡ ᠨᠢᠭᠡᠨ ᠵᠢᠯ ᠳᠤ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠡᠳᠦᠷ ᠠᠴᠠ ᠡᠳᠦᠷ ᠥᠭᠡᠳᠡᠯᠡᠨ ᠳᠠᠪᠰᠢᠵᠤ᠂ ᠭᠦᠢᠴᠡᠨ ᠳᠠᠪᠠᠵᠤ᠂ ᠥᠷᠨᠢᠨ ᠬᠥᠭᠵᠢᠵᠦ᠂ ᠰᠢᠯᠢᠳᠡᠭ ᠠᠮᠵᠢᠯᠲᠠ ᠶᠢ ᠵᠣᠷᠢᠭᠲᠠᠢ ᠡᠭᠦᠳᠬᠦ ᠶᠢ ᠴᠢᠩ ᠰᠡᠳᠬᠢᠯ ᠠᠴᠠ ᠪᠠᠨ ᠬᠦᠰᠡᠨ ᠵᠦᠩᠨᠡᠭᠰᠡᠨ ᠪᠠᠶᠢᠨ᠎ᠠ︕    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠳ᠋ᠠ ᠫᠧᠩ ᠬᠠᠮᠲᠤ ᠠᠶᠢᠯᠴᠢᠯᠠᠪᠠ᠃
 
ᠢᠷᠡᠯᠲᠡ᠄ ᠰᠠᠭᠤᠭᠳᠠᠯᠲᠤ ᠬᠦᠷᠢᠶ᠎ᠡ ᠬᠢᠲᠠᠳ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号