ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠳᠤ᠂ ᠠᠳᠡ ᠨᠢᠭᠡ ᠤᠳᠠᠭᠠᠨ ᠤ ᠭᠤᠴᠣ ᠰᠠᠶᠢᠬᠠᠨ ᠶᠠᠩᠭᠠᠷ ᠤᠨ ᠲᠣᠭᠯᠠᠯᠲᠠ ᠴᠢᠮ᠎ᠠ ᠶᠢ ᠬᠦᠯᠢᠶᠡᠵᠦ ᠪᠠᠶᠢᠨ᠎ᠠ︕
ᠨᠡᠶᠢᠲᠡᠯᠡᠭᠰᠡᠨ ᠴᠠᠭ᠄
2023/1/19
    ᠬᠠᠷᠠᠩᠭ᠎ᠠ ᠬᠡᠩᠭᠡᠷᠭᠡ ᠪᠠᠨ ᠨᠢᠵᠢᠭᠢᠨᠡᠭᠦᠯᠵᠦ᠂ ᠶᠠᠩᠭᠠᠷ ᠪᠥᠵᠢᠭ ᠢᠶᠠᠨ ᠪᠦᠵᠢᠭᠯᠡᠨ ᠴᠠᠭᠠᠨ ᠰᠠᠷ᠎ᠠ ᠪᠠᠨ ᠤᠭᠲᠤᠶ᠎ᠠ︕ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠦ ᠰᠢᠨ᠎ᠡ ᠵᠢᠯ ᠢᠶᠠᠨ ᠪᠠᠶᠠᠷᠯᠠᠨ ᠪᠡᠯᠭᠡᠯᠡᠬᠦ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠬᠦᠷᠢᠶ᠎ᠡ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ ᠬᠦᠷᠢᠶ᠎ᠡ ᠬᠤᠰᠢᠭᠤᠨ ᠤ ᠰᠣᠶᠣᠯ ᠤᠨ ᠣᠷᠳᠣᠨ᠂ ᠰᠢᠶᠠᠨᠵᠢᠨ ᠰᠤᠮᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠵᠦ ᠬᠠᠶᠢᠴᠧᠩ ᠤᠨ ᠮᠣᠳᠣᠨ ᠬᠥᠯᠲᠦ ᠶᠠᠩᠭᠠᠷ ᠤᠨ ᠤᠷᠠᠯᠢᠭ ᠤᠨ ᠪᠦᠯᠬᠦᠮ  ᠂ ᠬᠦᠷᠢᠶ᠎ᠡ ᠬᠤᠰᠢᠭᠤᠨ ᠤ ᠠᠭᠤᠳᠠᠮ ᠲᠠᠯᠠᠪᠠᠶ ᠶᠢᠨ ᠶᠠᠩᠭᠠᠷ ᠤᠨ ᠠᠩᠭᠢ ᠶᠢᠨ ᠬᠠᠮᠵᠢᠨ ᠡᠷᠭᠢᠯᠡᠭᠰᠡᠨ ᠬᠦᠷᠢᠶ᠎ᠡ ᠬᠤᠰᠢᠭᠤᠨ ᠤ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠤ ᠠᠷᠠᠳ ᠤᠨ ᠵᠠᠩ ᠦᠢᠯᠡ ᠶᠢᠨ ᠶᠠᠩᠭᠠᠷ ᠤᠨ ᠲᠣᠭᠯᠠᠯᠲᠠ ᠶᠢᠨ ᠠᠵᠢᠯᠯᠠᠭ᠎ᠠ ᠤᠳᠠᠯ ᠥᠬᠡᠶ ᠡᠬᠢᠯᠡᠬᠦ ᠭᠡᠵᠦ ᠪᠠᠶᠢᠨ᠎ᠠ᠃ ᠬᠥᠳᠡᠯᠭᠡᠭᠡᠨ ᠤ ᠴᠠᠭ᠄ 2023 ᠣᠨ ᠤ 1 ᠰᠠᠷ᠎ᠠ ᠶᠢᠨ 22 ᠤᠨ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠨᠢᠭᠡᠨ︶ ᠤᠨ ᠦᠳᠡ ᠶᠢᠨ ᠡᠮᠦᠨᠡᠬᠢ 9᠄ 30—11᠄ 00  ᠲᠣᠭᠯᠠᠯᠲᠠ ᠶᠢᠨ ᠬᠡᠯᠪᠡᠷᠢ᠄  ᠮᠣᠳᠤᠨ ᠬᠥᠯᠲᠦ ᠶᠢᠨ ᠶᠠᠩᠭᠠᠷ ᠪᠣᠯᠤᠨ ᠶᠠᠪᠠᠭᠠᠨ ᠶᠠᠩᠭᠠᠷ ᠢ ᠤᠶᠠᠯᠳᠤᠭᠤᠯᠤᠨ ᠮᠣᠳᠤᠨ ᠬᠥᠯ ᠭᠢᠰᠬᠢᠯᠡᠬᠦ ᠬᠠᠭᠤᠷᠠᠶ ᠣᠩᠭᠤᠴᠠ ᠪᠠᠷ ᠭᠦᠶᠦᠬᠦ ᠵᠡᠷᠭᠡ ᠤᠯᠠᠮᠵᠢᠯᠠᠯᠲᠤ ᠶᠠᠩᠭᠠᠷ ᠤᠨ ᠭᠤᠴᠣ ᠪᠦᠲᠦᠭᠡᠯ ᠂ ᠪᠠᠷᠠᠭᠤᠨᠰᠢ ᠵᠣᠷᠴᠢᠭᠰᠠᠨ ᠲᠡᠮᠳᠡᠭᠯᠡᠯ ᠪᠠ ᠲᠣᠮᠣ ᠲᠣᠯᠣᠭᠠᠶᠢᠲᠤ ᠬᠡᠤᠬᠡᠯᠳᠡᠶ ᠵᠡᠷᠭᠡ ᠬᠥᠮᠦᠰ ᠤᠨ ᠳᠦᠷᠢ ᠶᠢ ᠪᠦᠲᠦᠭᠡᠨ ᠲᠣᠭᠯᠠᠨ᠎ᠠ᠃  ᠬᠥᠳᠡᠯᠭᠡᠭᠡᠨ ᠤ ᠲᠠᠯᠠᠪᠠᠢ᠄             9᠄ 30— 9᠄ 45 ᠬᠤᠰᠢᠭᠤᠨ ᠤ ᠵᠠᠰᠠᠭ ᠤᠨ ᠣᠷᠳᠣᠨ             9᠄ 45 - 10᠄ 00 ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ             10᠄ 10 - 10᠄ 30 ᠱᠠᠨ ᠱᠦᠶ ᠷᠧᠨ ᠵᠢᠶᠠ ᠰᠠᠭᠤᠭᠠᠯᠢ ᠲᠣᠭᠤᠷᠢᠭ             10᠄ 40 - 11᠄ 00 ᠠᠨᠳᠠᠶ ᠠᠭᠤᠳᠠᠮ ᠲᠠᠯᠠᠪᠠᠶ             11᠄ 10 - 11᠄ 30 ᠭᠤᠷᠪᠠᠨ ᠶᠡᠭᠡ ᠰᠦᠮ᠎ᠡ
 
ᠢᠷᠡᠯᠲᠡ᠄ ᠰᠠᠭᠤᠭᠳᠠᠯᠲᠤ ᠬᠦᠷᠢᠶ᠎ᠡ ᠬᠢᠲᠠᠳ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号