ᠥᠷᠭᠡᠨ ᠣᠯᠠᠨ ᠠᠷᠠᠳ ᠲᠦᠮᠡᠨ ᠳᠤ᠄ | ᠪᠥᠬᠦ ᠬᠤᠰᠢᠭᠤᠨ ᠤ ᠠᠷᠠᠳ ᠣᠯᠠᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠴᠠᠭᠠᠨ ᠰᠠᠷ᠎ᠠ ᠶᠢ | ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠥᠪᠡᠷ ᠤᠨ ᠪᠡᠶ᠎ᠡ ᠪᠠ ᠪᠤᠰᠤᠳ ᠤᠨ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠤ ᠲᠥᠯᠥᠭᠡ᠂ ᠲᠠ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠵᠤ᠂ ᠠᠮᠤᠷ | ᠲᠦᠪᠰᠢᠨ ᠢᠶᠠᠷ ᠫᠤᠤᠵᠢᠩ ᠲᠠᠯᠪᠢᠬᠤ ᠬᠡᠷᠡᠭᠲᠡᠶ᠄ | 1 . ᠲᠥᠷᠥ ᠶᠢᠨ ᠪᠠᠶᠢᠭᠤᠯᠭ᠎ᠠ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ᠂ ᠨᠠᠰᠤᠲᠠᠶᠢᠴᠤᠳ ᠢ | ᠠᠮᠠᠷᠠᠭᠤᠯᠤᠨ ᠰᠤᠪᠢᠯᠠᠬᠤ ᠲᠠᠯᠠᠪᠤᠷ᠂ ᠬᠡᠦᠬᠡᠳ ᠤᠨ ᠴᠡᠴᠡᠷᠯᠢᠭ᠂ ᠱᠠᠰᠢᠨ ᠰᠤᠷᠲᠠᠬᠤᠨ ᠤ ᠠᠵᠢᠯᠯᠠᠭᠠᠨ ᠤ | ᠲᠠᠯᠠᠪᠤᠷ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ︔ | 2 . ᠴᠢᠬᠤᠯᠠ ᠡᠳ᠋ ᠪᠣᠳᠠᠰ᠂ ᠴᠢᠬᠤᠯᠠ ᠴᠡᠷᠢᠭ ᠤᠨ ᠶᠠᠪᠤᠳᠠᠯ ᠤᠨ ᠲᠥᠬᠦᠭᠡᠷᠦᠮᠵᠢ᠂ ᠷᠠᠳᠢᠣ᠋ ᠨᠡᠪᠲᠡᠷᠡᠭᠦᠯᠭᠡ᠂ | ᠲᠧᠯᠸᠢᠰ ᠬᠤᠷᠢᠶ᠎ᠠ᠂ ᠮᠡᠳᠡᠭᠡ ᠬᠤᠯᠪᠣᠭ᠎ᠠ᠂ ᠰᠢᠤᠳᠠᠨ ᠵᠡᠷᠭᠡ ᠴᠢᠬᠤᠯᠠ ᠨᠢᠭᠡᠴᠢ ᠳᠤ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠨ᠎ᠠ︔ | 3 . ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠵᠢᠴᠢ ᠠᠯᠳᠠᠷᠲᠤ ᠦᠵᠡᠮᠵᠢ ᠶᠢᠨ | ᠣᠷᠣᠨ᠂ ᠲᠡᠦᠬᠡ ᠶᠢᠨ ᠪᠠᠷᠢᠯᠭ᠎ᠠ᠂ ᠮᠦᠽᠧᠶ᠂ ᠲᠠᠩᠰᠠ ᠡᠪᠬᠡᠮᠡᠯ ᠤᠨ ᠣᠷᠳᠣᠨ ᠳᠤ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠨ᠎ᠠ︔ | 4 . ᠲᠣᠰᠣ ︵ᠬᠡᠶ︶ ᠨᠡᠮᠡᠬᠦ ᠥᠷᠲᠡᠭᠡ᠂ ᠰᠢᠩᠭᠡᠵᠢᠯ ᠬᠡᠶ ᠬᠠᠩᠭᠠᠬᠤ ᠥᠷᠲᠡᠭᠡ ︵ᠴᠢᠬ︶᠂ ᠲᠣᠰᠣᠨ | ᠬᠥᠮᠥᠷᠭᠡ᠂ ᠥᠨᠳᠥᠷ ᠬᠦᠴᠦᠳᠡᠯᠲᠦ ᠴᠠᠬᠢᠯᠭᠠᠨ ᠤᠲᠠᠰᠤ᠂ ᠴᠠᠬᠢᠯᠭᠠᠨ ᠬᠦᠴᠦᠳᠡᠯ ᠥᠭᠡᠷᠡᠴᠢᠯᠡᠭᠴᠢ᠂ ᠬᠦᠴᠦᠳᠡᠯ | ᠥᠭᠡᠷᠡᠴᠢᠯᠡᠬᠦ ᠭᠠᠵᠠᠷ᠂ ᠮᠠᠰᠢᠨᠲᠤ ᠲᠡᠷᠭᠡ ᠬᠠᠳᠠᠭᠠᠯᠠᠵᠤ ᠪᠠᠶᠢᠭ᠎ᠠ ᠲᠡᠷᠭᠡᠨ ᠵᠣᠭᠰᠣᠭᠠᠯ᠂ ᠨᠣᠴᠣᠮᠠᠲᠠᠭᠠᠶ | ᠳᠡᠯᠪᠡᠷᠡᠮᠡᠲᠡᠭᠡᠶ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ ᠲᠠᠯᠠᠪᠤᠷ ᠭᠠᠵᠠᠷ ᠲᠤ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠨ᠎ᠠ︔ | 5 . ᠲᠣᠮᠣ ᠬᠡᠯᠪᠡᠷᠢ ᠶᠢᠨ ᠡᠨᠧᠷᠭᠢ ᠶᠢᠨ ᠬᠥᠳᠡᠯᠭᠡᠭᠴᠢ ᠬᠦᠴᠦᠨ ᠤ ᠲᠥᠭᠦᠭᠡᠷᠦᠮᠵᠢ᠂ ᠤᠰᠤᠨ | ᠠᠰᠢᠭᠯᠠᠯᠲᠠ ᠶᠢᠨ ᠲᠥᠭᠦᠭᠡᠷᠦᠮᠵᠢ᠂ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠥᠭᠦᠭᠡᠷᠦᠮᠵᠢ ᠵᠢᠴᠢ ᠤᠰᠤ᠂ | ᠴᠠᠬᠢᠯᠭᠠᠨ᠂ ᠰᠢᠲᠠᠭᠠᠯᠭ᠎ᠠ ᠶᠢᠨ ᠲᠣᠰᠣ᠂ ᠢᠯᠴᠢ ᠬᠠᠩᠭᠠᠬᠤ ᠲᠥᠭᠦᠭᠡᠷᠦᠮᠵᠢ ᠶᠢᠨ ᠠᠶᠤᠯ ᠦᠭᠡᠶ ᠶᠢᠨ | ᠬᠠᠮᠠᠭᠠᠯᠠᠯᠲᠠ ᠶᠢᠨ ᠣᠷᠣᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ︔ | 6 . ᠲᠡᠷᠭᠡᠨ ᠥᠷᠲᠡᠭᠡ᠂ ᠵᠠᠮ ᠬᠠᠷᠢᠯᠴᠠᠭᠠᠨ ᠤ ᠬᠦᠢᠰᠦ ᠵᠢᠴᠢ ᠬᠤᠲᠠ ᠶᠢᠨ ᠭᠤᠤᠯ ᠵᠠᠮ᠂ ᠲᠡᠮᠦᠷ ᠵᠠᠮ ᠤᠨ | ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ︔ | | 7 . ᠬᠤᠳᠠᠯᠳᠤᠭᠠᠨ ᠤ ᠲᠠᠯᠠᠪᠤᠷ᠂ ᠺᠢᠨᠣ᠋ ᠵᠦᠴᠦᠭᠡ ᠶᠢᠨ ᠲᠢᠶᠠᠲᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ | ᠣᠯᠠᠨ ᠨᠡᠶᠢᠲᠡ ᠶᠢᠨ ᠰᠣᠶᠣᠯ ᠤᠨ ᠠᠵᠢᠯᠯᠠᠭᠠᠨ ᠤ ᠲᠠᠯᠠᠪᠤᠷ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠤ | ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ︔ | 8 . ᠠᠰᠠᠷ ᠤᠨ ᠣᠷᠣᠶ᠂ ᠨᠠᠷᠠᠪᠴᠢ᠂ ᠠᠰᠠᠷ ᠤᠨ ᠬᠤᠩᠭᠢᠯ᠂ ᠴᠣᠩᠬᠤ ᠵᠡᠷᠭᠡ ᠭᠠᠵᠠᠷ ᠲᠤ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠨ᠎ᠠ︔ | 9 . ᠣᠶᠢᠲᠤ ᠭᠠᠵᠠᠷ᠂ ᠵᠦᠯᠭᠡ ᠭᠠᠵᠠᠷ᠂ ᠴᠢᠬᠢ ᠮᠣᠳᠣᠨ ᠤ ᠬᠦᠷᠢᠶᠡᠯᠡᠩ ᠵᠡᠷᠭᠡ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠣᠷᠣᠨ ᠪᠦᠰᠡ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ︔ | 10 . ᠣᠷᠣᠰᠢᠭᠤᠯᠭ᠎ᠠ ᠶᠢᠨ ᠶᠣᠰᠤᠯᠠᠯ ᠤᠨ ᠭᠠᠵᠠᠷ᠂ ᠨᠡᠶᠢᠲᠡ ᠶᠢᠨ ᠣᠩᠭᠤᠨ ᠵᠡᠷᠭᠡ ᠣᠷᠣᠰᠢᠭᠤᠯᠭ᠎ᠠ ᠶᠢᠨ | ᠭᠠᠵᠠᠷ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ︔ | 11 . ᠮᠠᠯᠵᠢᠬᠤ ᠲᠠᠷᠢᠶᠠᠯᠠᠬᠤ ᠣᠷᠣᠨ ᠤ ᠲᠦᠯᠡᠰᠢ᠂ ᠮᠠᠯ ᠤᠨ ᠡᠪᠡᠰᠦ ᠪᠣᠷᠳᠤᠭ᠎ᠠ ᠬᠠᠳᠠᠭᠠᠯᠠᠬᠤ ᠲᠠᠯᠠᠪᠤᠷ ᠤᠨ | ᠣᠶᠢᠷ᠎ᠠ ᠬᠠᠪᠢ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ︔ | 12 . ᠫᠤᠤᠵᠢᠩ ᠲᠠᠯᠪᠢᠬᠤ ᠶᠢ ᠴᠠᠭᠠᠵᠠᠯᠠᠬᠤ ᠶᠣᠰᠣᠲᠠᠢ ᠪᠤᠰᠤᠳ ᠲᠠᠯᠠᠪᠤᠷ ᠲᠤ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠨ᠎ᠠ᠃ | ᠲᠠᠨ ᠤ ᠣᠶᠢᠯᠠᠭᠠᠯᠴᠠᠭ᠎ᠠ ᠪᠣᠯᠤᠨ ᠳᠡᠮᠵᠢᠯᠭᠡ ᠳᠤ ᠪᠠᠶᠠᠷᠯᠠᠯ᠎ᠠ᠂ ᠲᠠ ᠪᠣᠯᠤᠨ ᠲᠠᠨ ᠤ ᠭᠡᠷ ᠪᠦᠯᠢ ᠶᠢᠨ ᠬᠢᠨ ᠤ | ᠡᠷᠡᠭᠦᠯ ᠮᠡᠨᠳᠦ ᠤᠷᠤᠭᠰᠢᠲᠠᠶ᠂ ᠠᠮᠤᠷ ᠲᠦᠪᠰᠢᠨ ᠪᠠᠶᠠᠷ ᠬᠥᠷ ᠲᠠᠢ ᠪᠠᠶᠢᠬᠤ ᠶᠢ ᠬᠦᠰᠡᠶ᠎ᠡ︕ | | ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ |