ᠬᠦᠷᠢᠶ᠎ᠡ ᠬᠤᠰᠢᠭᠤ᠄ ᠬᠤᠳᠠᠯᠳᠤᠭᠠᠴᠢᠨ ᠤᠷᠢᠵᠤ ᠲᠥᠷᠥᠯ ᠵᠦᠢᠯ ᠢ ᠠᠳᠬᠤᠨ ᠠᠵᠤ ᠦᠢᠯᠡᠰ ᠢ ᠬᠥᠭᠵᠢᠭᠦᠯᠵᠦ ᠣᠳᠣᠬᠢᠴᠢᠯᠠᠭᠰᠠᠨ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/1/28
    ᠬᠤᠰᠢᠭᠤᠨ ᠤ ᠬᠤᠶᠠᠷ ᠬᠤᠷᠠᠯ ᠠᠴᠠ᠂ ︽ᠠᠮᠢ ᠠᠬᠤᠶ ᠶᠢᠨ ᠵᠠᠮ ᠢᠶᠠᠷ ᠵᠠᠮᠨᠠᠨ᠂ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠲᠥᠷᠦᠯ ᠲᠡᠮᠲᠡᠭ ᠢ ᠡᠭᠦᠳᠬᠦ︾ ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶ ᠶᠢᠨ ᠠᠵᠢᠯᠯᠠᠭᠠᠨ ᠤ ᠪᠥᠬᠦ ᠲᠠᠯ᠎ᠠ ᠪᠠᠷ ᠵᠦᠶ ᠵᠣᠬᠢᠰᠲᠠᠶ ᠬᠡᠪᠴᠢᠶᠡᠨ ᠳᠤ ᠪᠤᠴᠠᠬᠤ ᠶᠢ ᠠᠬᠢᠭᠤᠯᠤᠨ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠶᠢ ᠪᠡᠶᠡᠯᠡᠭᠦᠯᠵᠦ᠂ ᠣᠳᠣᠬᠢᠴᠢᠯᠠᠭᠰᠠᠨ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠵᠤ᠂ ᠰᠠᠶᠢᠨ ᠡᠬᠢᠯᠡᠯᠲᠡ ᠲᠠᠢ ᠪᠣᠯᠭᠠᠨ᠎ᠠ ᠭᠡᠵᠦ ᠳᠤᠷᠠᠳᠪᠠ᠃
   2023 ᠣᠨ ᠳᠤ᠂ ᠬᠦᠷᠢᠶ᠎ᠡ ᠬᠤᠰᠢᠭᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠭᠤᠷᠢᠯᠠᠯ ᠢ ᠬᠦᠴᠦᠯᠡᠨ ᠪᠠᠬᠢᠵᠢᠭᠦᠯᠬᠦ ᠪᠣᠯᠤᠨ᠎ᠠ᠃ ᠲᠥᠷᠥᠯ ᠵᠦᠢᠯ ᠢᠶᠠᠷ ᠬᠥᠭᠵᠢᠯᠲᠡ ᠶᠢᠨ ᠠᠮᠢᠨ ᠰᠤᠳᠠᠰᠤ ᠪᠣᠯᠭᠠᠵᠤ᠂ ᠲᠥᠷᠥᠯ ᠵᠦᠢᠯ ᠤᠨ ᠪᠣᠭᠤᠮᠲᠠ ᠰᠢᠪᠲᠤᠯᠬᠤ ᠣᠨ ᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠥᠷᠥᠯ  ᠵᠦᠢᠯ ᠤᠨ ᠲᠤᠭ᠎ᠠ ᠬᠡᠮᠵᠢᠶ᠎ᠡ᠂ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠡᠮᠵᠢᠶ᠎ᠡ᠂ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠭᠤᠷᠪᠠᠨ ᠬᠡᠮᠵᠢᠶ᠎ᠡ ᠶᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠵᠤ ᠥᠭᠭᠦᠨ᠎ᠡ᠃ ᠲᠥᠷᠥᠯ ᠵᠦᠢᠯ ᠤᠨ ᠨᠥᠬᠡᠴᠡᠯᠡᠯᠲᠡ ᠶᠢ ᠪᠤᠵᠠᠭᠠᠶᠢᠷᠠᠭᠤᠯᠤᠨ ᠰᠢᠯᠢᠳᠡᠭᠵᠢᠭᠦᠯᠦᠨ᠎ᠡ᠃ ᠨᠠᠷᠢᠯᠢᠭ ᠣᠨᠣᠴᠠᠲᠠᠶ ᠪᠠᠷ ᠬᠦᠴᠦᠯᠡᠨ ᠲᠥᠷᠥᠯ ᠵᠦᠢᠯ ᠤᠷᠢᠵᠤ᠂ ᠲᠤᠰᠬᠠᠶ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ᠂ ᠭᠤᠤᠯᠳᠠᠯᠭ᠎ᠠ ᠲᠠᠢ ᠪᠠᠷ ᠬᠤᠳᠠᠯᠳᠤᠭᠠᠴᠢᠨ ᠤᠷᠢᠬᠤ᠂ ᠪᠥᠬᠦ ᠤᠯᠠᠷᠢᠯ ᠳᠤ ᠬᠤᠳᠠᠯᠳᠤᠭᠠᠴᠢᠨ ᠤᠷᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠶᠡᠭᠡ ᠬᠤᠳᠠᠯᠳᠤᠭᠠᠴᠢᠨ ᠬᠦᠴᠦᠷᠬᠡᠭ ᠬᠤᠳᠠᠯᠳᠤᠭᠠᠴᠢᠨ ᠤᠷᠢᠬᠤ᠂ ᠣᠯᠠᠨ ᠬᠤᠳᠠᠯᠳᠤᠭᠠᠴᠢᠨ ᠤᠷᠢᠵᠤ ᠬᠡᠯᠬᠢᠶᠡᠵᠢᠭᠦᠯᠬᠦ᠂ ᠰᠢᠨ᠎ᠡ ᠬᠤᠳᠠᠯᠳᠤᠭᠠᠴᠢᠨ ᠰᠢᠯᠢᠳᠡᠭ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠲᠤᠰᠬᠠᠶ ᠮᠡᠷᠭᠡᠵᠢᠯ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠪᠠᠶᠢᠭᠤᠯᠤᠨ᠂ ᠠᠯᠠᠰᠢᠨ ᠦᠬᠡᠷ᠂ ᠴᠠᠬᠢᠭᠤᠷ ᠡᠯᠡᠰᠦ᠂ ᠴᠣᠬᠤᠶ ᠶᠢ ᠨᠠᠷᠢᠯᠢᠭ ᠡᠳ᠋ᠰᠢᠭᠦᠯᠬᠦ ᠵᠡᠷᠭᠡ ᠠᠵᠤ ᠦᠢᠯᠡᠰ ᠤᠨ ᠬᠤᠳᠠᠯᠳᠤᠭᠠᠴᠢᠨ ᠤᠷᠢᠬᠤ ᠵᠢᠷᠤᠭ ᠢ ᠵᠢᠷᠤᠭᠯᠠᠵᠤ᠂ ᠭᠤᠤᠯᠳᠠᠯᠭ᠎ᠠ ᠲᠠᠢ ᠣᠷᠣᠨ ᠪᠦᠰᠡ ᠶᠢ ᠣᠨᠢᠯᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠵᠢᠷᠤᠭ ᠢᠶᠠᠷ ᠬᠤᠳᠠᠯᠳᠤᠭᠠᠴᠢᠨ ᠤᠷᠢᠬᠤ᠂ ᠠᠵᠤ  ᠦᠢᠯᠡᠰ ᠤᠨ ᠬᠤᠳᠠᠯᠳᠤᠭᠠᠴᠢᠨ ᠤᠷᠢᠬᠤ᠂ ᠡᠭᠦᠳᠡᠨ ᠳᠤ ᠨᠢ ᠬᠦᠷᠴᠦ ᠬᠤᠳᠠᠯᠳᠤᠭᠠᠴᠢᠨ ᠤᠷᠢᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ 40 ᠭᠠᠷᠤᠶ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠪᠣᠳᠠᠲᠠᠶ ᠪᠠᠯᠠ ᠮᠥᠩᠭᠦ ᠶᠢ 30 % ᠠᠴᠠ ᠳᠡᠭᠡᠭᠰᠢ ᠨᠡᠮᠡᠭᠳᠡᠭᠦᠯᠦᠨ᠎ᠡ᠃
   ᠬᠦᠷᠢᠶ᠎ᠡ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠯᠢᠶᠠᠩ ᠭᠦᠸᠧ ᠴᠢᠶᠠᠩ᠄ 2023 ᠣᠨ ᠳᠤ᠂ ᠬᠤᠲᠠ ᠬᠤᠰᠢᠭᠤ ᠬᠤᠶᠠᠷ ᠱᠠᠲᠤᠨ ᠤ ᠪᠦᠬᠦᠯᠢ ᠴᠣᠭᠴᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ︽ᠲᠥᠷᠥᠯ ᠵᠦᠢᠯ ᠢᠶᠠᠷ ᠲᠡᠷᠢᠭᠦᠯᠡᠵᠦ᠂  ᠬᠤᠳᠠᠯᠳᠤᠭᠠᠴᠢᠨ ᠤᠷᠢᠬᠤ ᠪᠠᠷ ᠭᠤᠤᠯ ᠪᠣᠯᠭᠠᠵᠤ︾᠂ ᠲᠥᠷᠥᠯ ᠵᠦᠢᠯ ᠤᠨ ᠨᠥᠬᠡᠴᠡᠯᠡᠯᠲᠡ ᠶᠢ ᠪᠤᠵᠠᠭᠠᠶᠢᠷᠠᠭᠤᠯᠤᠨ ᠰᠢᠯᠢᠳᠡᠭᠵᠢᠭᠦᠯᠵᠦ᠂ ᠲᠥᠷᠥᠯ ᠵᠦᠢᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠭᠡᠯ ᠢ ᠱᠠᠯᠠᠪᠳᠠᠨ ᠭᠦᠢᠴᠡᠳᠭᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠠᠳᠬᠤᠨ᠂ ᠠᠵᠤ ᠦᠢᠯᠡᠳᠪᠦᠷᠢ ᠶᠢᠨ ᠠᠵᠤ ᠠᠬᠤᠶ ᠶᠢ ᠲᠠᠰ ᠳᠡᠪᠰᠢᠭᠦᠯᠵᠦ᠂ 2023 ᠣᠨ ᠤ ᠬᠠᠪᠤᠷ ᠤᠨ ᠤᠯᠠᠷᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠡᠬᠢᠯᠡᠭᠦᠯᠦᠨ ᠠᠰᠢᠭᠯᠠᠯᠲᠠ ᠳᠤ ᠣᠷᠣᠭᠤᠯᠵᠤ᠂ ᠬᠦᠷᠢᠶ᠎ᠡ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠳᠤ ᠬᠦᠴᠦᠨ ᠨᠡᠮᠡᠷᠢᠯᠡᠬᠦ ᠪᠠᠷ ᠴᠢᠷᠮᠠᠶᠢᠨ᠎ᠠ᠃
   ᠡᠨᠡ ᠵᠢᠯ᠂ ᠬᠦᠷᠢᠶ᠎ᠡ ᠬᠤᠰᠢᠭᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠠᠯᠠᠰᠢᠨ ᠦᠬᠡᠷ᠂ ᠴᠠᠬᠢᠭᠤᠷᠲᠤ ᠡᠯᠡᠰᠦ᠂ ᠴᠣᠬᠤᠶ ᠨᠠᠷᠢᠯᠢᠭ ᠡᠳ᠋ᠰᠢᠭᠦᠯᠬᠦ ᠭᠤᠷᠪᠠᠨ ᠶᠡᠭᠡ ᠭᠤᠤᠯᠯᠠᠬᠤ ᠠᠵᠤ ᠦᠢᠯᠡᠰ ᠪᠣᠯᠤᠨ ᠰᠠᠭᠠᠭ ᠤᠨ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠠᠶᠢᠭᠤᠯᠬᠤ ᠲᠠᠯ᠎ᠠ ᠪᠠᠷ ᠤᠳᠠᠭᠠᠨ ᠳᠠᠭᠠᠭᠠᠮᠠᠭᠠᠶ ᠴᠢᠷᠮᠠᠶᠢᠨ᠂ ︽ᠨᠢᠭᠡᠳᠦᠭᠡᠷ ᠲᠤ ᠠᠵᠤ ᠦᠢᠯᠡᠰ ᠬᠦᠴᠦᠷᠬᠡᠭ᠂ ᠬᠤᠶᠠᠳᠤᠭᠠᠷ ᠲᠤ ᠠᠵᠤ ᠦᠢᠯᠡᠰ ᠰᠢᠯᠢᠳᠡᠭ᠂ ᠭᠤᠷᠪᠠᠳᠤᠭᠠᠷ ᠲᠤ ᠠᠵᠤ ᠦᠢᠯᠡᠰ ᠠᠮᠢᠳᠤᠯᠢᠭ︾ ᠪᠠᠶᠢᠬᠤ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠶᠢ ᠪᠦᠷᠢᠯᠳᠦᠭᠦᠯᠦᠨ᠎ᠡ᠃ ᠰᠢᠯᠢᠳᠡᠭ ᠢ ᠬᠥᠮᠦᠵᠢᠭᠦᠯᠬᠦ ᠳᠤ ᠰᠠᠭᠤᠷᠢᠯᠠᠨ᠂ ᠠᠯᠠᠰᠢᠨ ᠦᠬᠡᠷ ᠪᠠ ᠰᠠᠭᠠᠭ ᠤᠨ ᠠᠵᠤ ᠦᠢᠯᠡᠰ ᠢ ᠲᠣᠪᠤᠶᠢᠮ᠎ᠠ ᠰᠠᠶᠢᠲᠤᠷ ᠠᠳᠬᠤᠵᠤ᠂ ᠪᠣᠬᠢᠷᠲᠤᠯ ᠥᠬᠡᠶ ᠴᠢᠨᠠᠷ ᠰᠠᠶᠢᠲᠠᠶ ᠪᠦᠲᠦᠭᠡᠭᠳᠡᠬᠦᠨ ᠢ ᠦᠢᠯᠡᠳᠪᠦᠷᠢᠯᠡᠬᠦ ᠲᠠᠯ᠎ᠠ ᠪᠠᠷ ᠢᠯᠡᠭᠦᠬᠡᠨ ᠬᠦᠴᠦ ᠣᠷᠤᠭᠤᠯᠤᠨ᠎ᠠ᠃ ᠠᠯᠠᠰᠢᠨ ᠦᠬᠡᠷ ᠤᠨ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠭᠦᠯᠳᠡᠷ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠣᠰᠬᠤᠨ 22 ᠢ ᠪᠠᠶᠢᠭᠤᠯᠵᠤ᠂ 500 ᠲᠣᠯᠣᠭᠠᠶ ᠠᠴᠠ ᠳᠡᠭᠡᠭᠰᠢ ᠦᠬᠡᠷ ᠪᠣᠷᠳᠣᠨ ᠲᠠᠷᠭᠤᠯᠠᠭᠤᠯᠬᠤ ᠠᠵᠤ ᠠᠬᠤᠶᠢᠯᠠᠯ ᠢ 2 ᠪᠤᠶᠢᠵᠢᠭᠤᠯᠵᠤ᠂ 1 ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ 8 ᠲᠦᠮᠡᠨ ᠲᠣᠯᠣᠭᠠᠶ ᠠᠯᠠᠰᠢᠨ ᠦᠬᠡᠷ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠢ ᠨᠠᠶᠢᠳᠠᠪᠤᠷᠢᠵᠢᠭᠤᠯᠵᠤ᠂ 15 ᠳ᠋ᠦᠩᠰᠢᠭᠤᠷ ᠲᠥᠭᠦᠷᠢᠭ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠭᠡᠯᠡᠯᠭᠡ ᠲᠠᠯᠪᠢᠵᠤ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 2 ᠲᠦᠮᠡᠨ ᠮᠥ᠂ ᠳᠠᠬᠢᠨ ᠳᠠᠷᠢᠵᠤ ᠳᠡᠯᠭᠡᠷᠡᠭᠦᠯᠬᠦ ᠰᠠᠭᠤᠷᠢᠨ ᠭᠠᠵᠠᠷ ᠢ 3000 ᠮᠥ ᠪᠠᠶᠢᠭᠤᠯᠵᠤ᠂ ᠰᠠᠭᠠᠭ ᠤᠨ ᠲᠠᠷᠢᠮᠠᠯ ᠤᠨ ᠲᠠᠯᠠᠪᠠᠶ ᠶᠢ 10 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ︽ᠬᠦᠷᠢᠶ᠎ᠡ ᠰᠠᠭᠠᠭ ᠲᠤ ᠡᠷᠡᠭᠦᠯ ᠮᠡᠨᠳᠦ ᠪᠠᠶᠢᠩᠭᠤ︾ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠ ᠠᠵᠤ  ᠦᠢᠯᠡᠰ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠰᠠᠭᠠᠭ ᠤᠨ ᠠᠵᠤ ᠦᠢᠯᠡᠰ ᠤᠨ ᠥᠷᠲᠡᠭ ᠤᠨ ᠬᠡᠯᠬᠢᠶ᠎ᠡ ᠶᠢᠨ ᠳᠡᠭᠡᠳᠦ ᠲᠠᠰ ᠳᠠᠰᠢ ᠳᠡᠭᠡᠭᠰᠢᠯᠡᠬᠦ ᠶᠢ ᠠᠬᠢᠭᠤᠯᠤᠨ᠎ᠠ᠃ ᠠᠭᠤᠰᠤᠯᠴᠠᠯ ᠳᠤ ᠰᠠᠭᠤᠷᠢᠯᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠣᠪᠤᠶᠢᠮ᠎ᠠ ᠰᠠᠶᠢᠲᠤᠷ ᠠᠳᠬᠤᠵᠤ᠂ ︽ᠵᠢᠭᠤᠯᠴᠢᠯᠠᠯ +︾ ︽+ ᠵᠢᠭᠤᠯᠴᠢᠯᠠᠯ︾ ᠤᠨ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠮᠥᠩᠭᠦᠨ ᠲᠣᠬᠤᠢ ᠶᠢᠨ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠠᠨᠳᠠᠶ ᠰᠣᠶᠣᠯ ᠤᠨ ᠤᠯᠠᠮᠵᠢᠯᠠᠨ ᠵᠠᠯᠭᠠᠮᠵᠢᠯᠠᠬᠤ ᠲᠥᠪ᠂ ᠮᠣᠩᠭᠤᠯ ᠡᠮ ᠡᠮᠨᠡᠯᠭᠡ ᠶᠢᠨ ᠡᠷᠡᠭᠦᠯᠵᠢᠯ ᠰᠤᠪᠢᠯᠠᠯᠲᠠ ᠶᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠰᠠᠭᠠᠭ ᠤᠨ ᠰᠣᠶᠣᠯ ᠤᠨ ᠪᠡᠶᠡᠴᠢᠯᠡᠨ ᠣᠶᠢᠯᠠᠭᠠᠬᠤ ᠲᠥᠪ ᠢ ᠪᠥᠲᠥᠭᠡᠨ ᠪᠠᠶᠢᠭᠤᠯᠵᠤ᠂ ᠳᠤᠤᠷ᠎ᠠ ᠠᠭᠠᠷ ᠤᠨ ᠨᠢᠰᠦᠯᠲᠡ᠂ ᠰᠦᠯᠵᠢᠶᠡᠨ ᠣᠳᠣ ᠤᠰᠤᠨ ᠤ ᠭᠤᠯᠭᠤᠯᠲᠠ ᠶᠢᠨ ᠵᠠᠮ ᠵᠡᠷᠭᠡ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠮᠥᠩᠭᠦᠨ ᠲᠣᠬᠤᠢ ᠶᠢᠨ 3 A ᠲᠠᠰ ᠤᠨ ᠦᠵᠡᠮᠵᠢ ᠶᠢᠨ ᠣᠷᠣᠨ ᠪᠠ 4 C ᠲᠠᠰ ᠤᠨ ᠥᠪᠡᠰᠦᠪᠡᠨ ᠲᠡᠷᠭᠡ ᠵᠢᠯᠣᠭᠤᠳᠴᠤ ᠵᠢᠭᠤᠯᠴᠢᠯᠠᠬᠤ ᠣᠷᠣᠨ ᠰᠠᠭᠤᠴᠠ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠠᠬᠢᠭᠤᠯᠵᠤ᠂ ︽ᠭᠠᠷᠠᠭ ᠤᠨ ᠰᠡᠭᠦᠯᠴᠢ ᠬᠦᠷᠢᠶ᠎ᠡ ᠪᠠᠷ ᠵᠤᠭᠠᠴᠠᠬᠤ︾ ᠨᠠᠷᠠᠲᠤ ᠲᠡᠮᠳᠡᠭᠲᠦ ᠶᠢ ᠪᠤᠵᠠᠭᠠᠶᠢᠷᠠᠭᠤᠯᠤᠨ᠂ ᠵᠤᠭᠠᠴᠠᠭᠰᠠᠳ ᠢ 20 ᠲᠦᠮᠡᠨ ᠬᠥᠮᠦᠨ ᠤᠳᠠᠭ᠎ᠠ ᠠᠴᠠ ᠳᠡᠭᠡᠭᠰᠢ ᠬᠦᠯᠢᠶᠡᠨ ᠠᠪᠴᠤ᠂ ᠵᠤᠭᠠᠴᠠᠯ ᠤᠨ ᠶᠡᠷᠦᠩᠬᠡᠢ ᠣᠷᠣᠯᠭ᠎ᠠ 5000 ᠲᠦᠮᠡᠨ ᠲᠥᠭᠦᠷᠢᠭ ᠢ ᠪᠡᠶᠡᠯᠡᠭᠦᠯᠵᠦ᠂ ︽ᠵᠢᠭᠤᠯᠴᠢᠯᠠᠯ +︾ ᠶᠢ ᠣᠯᠠᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠪᠠᠭᠠᠵᠢ ᠪᠣᠯᠭᠠᠨ᠎ᠠ ᠭᠡᠵᠡᠢ᠃
    ᠬᠦᠷᠢᠶ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠸᠠᠩ ᠸᠧᠶ᠄ ᠠᠯᠠᠰᠢᠨ ᠦᠬᠡᠷ ᠤᠨ ᠠᠵᠤ ᠦᠢᠯᠡᠰ ᠤᠨ ᠲᠠᠯ᠎ᠠ ᠳᠤ᠂ ᠡᠭᠦᠯᠳᠡᠷ ᠰᠠᠶᠢᠵᠢᠷᠠᠭᠤᠯᠵᠤ ᠰᠢᠯᠢᠳᠡᠭ ᠢ ᠬᠥᠮᠦᠵᠢᠭᠦᠯᠬᠦ ᠪᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠬᠥᠲᠥᠯᠥᠨ ᠳᠠᠭᠠᠭᠤᠯᠵᠤ᠂ ᠣᠷᠣᠭᠤᠯᠬᠤ ᠪᠤᠶᠢᠵᠢᠭᠤᠯᠬᠤ ᠶᠢ ᠵᠡᠷᠭᠡ ᠪᠠᠷ ᠠᠳᠬᠤᠵᠤ ᠡᠳ᠋ᠰᠢᠭᠦᠯᠦᠨ ᠪᠣᠯᠪᠠᠰᠤᠷᠠᠭᠤᠯᠬᠤ ᠳᠤᠲᠠᠭᠤᠳᠠᠯ ᠢ ᠨᠥᠬᠦᠪᠥᠷᠢᠯᠡᠵᠦ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠲᠠᠷᠠᠬᠠᠶ ᠪᠤᠲᠠᠷᠬᠠᠶ ᠠᠶᠠᠨᠳᠠᠭᠠᠨ ᠤ ᠪᠠᠶᠢᠭᠰᠠᠨ ᠠᠴᠠ ᠵᠣᠬᠢᠶᠠᠨ ᠪᠠᠶᠢᠭᠤᠯᠤᠯᠲᠠ ᠲᠠᠢ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠲᠡᠶᠢᠰᠢ ᠲᠥᠯᠬᠢᠨ ᠠᠬᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠬᠦ ᠶᠢ ᠬᠥᠭᠡᠭᠡᠴᠡᠯᠳᠦᠬᠦ ᠠᠴᠠ ᠶᠠᠰᠤ ᠴᠢᠨᠠᠷ ᠢ ᠳᠡᠭᠡᠭᠰᠢᠯᠡᠭᠦᠯᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠠᠮᠢᠳᠤ ᠦᠬᠡᠷ ᠬᠤᠳᠠᠯᠳᠤᠵᠤ ᠪᠠᠶᠢᠭᠰᠠᠨ ᠠᠴᠠ ᠦᠬᠡᠷ ᠤᠨ ᠮᠢᠬᠠᠨ ᠤ ᠰᠢᠷᠢᠰᠵᠢᠭᠰᠡᠨ ᠦᠢᠯᠡᠳᠬᠦᠨ ᠬᠤᠳᠠᠯᠳᠤᠬᠤ ᠲᠡᠶᠢᠰᠢ ᠤᠷᠤᠭᠰᠢᠯᠠᠬᠤ ᠶᠢ ᠠᠬᠢᠭᠤᠯᠤᠨ᠎ᠠ᠃ ᠴᠠᠬᠢᠭᠤᠷᠲᠤ ᠡᠯᠡᠰᠦᠨ ᠤ ᠠᠵᠤ ᠦᠢᠯᠡᠰ ᠤᠨ ᠲᠠᠯ᠎ᠠ ᠳᠤ᠂ ᠴᠠᠬᠢᠭᠤᠷᠲᠤ ᠡᠯᠡᠰᠦᠨ ᠤ ᠡᠬᠢ ᠪᠠᠶᠠᠯᠢᠭ ᠢ ᠥᠨᠳᠥᠷ ᠦᠷ᠎ᠡ ᠪᠦᠲᠦᠮᠵᠢ ᠲᠠᠢ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠵᠦ᠂ ᠰᠢᠩ ᠳ᠋ᠢᠩ ᠳ᠋ᠥᠩ ᠹᠠᠩ ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ ᠤᠨ ᠨᠢᠭᠡᠳᠦᠭᠡᠷ ᠬᠤᠭᠤᠴᠠᠭᠠᠨ ᠤ ᠬᠤᠶᠠᠷ  ᠦᠢᠯᠡᠳᠪᠦᠷᠢᠯᠡᠯ ᠤᠨ ᠱᠤᠭᠤᠮ᠂ ᠾᠧᠩ ᠶᠤᠸᠠᠨ ᠪᠦᠷᠬᠦᠪᠴᠢ ᠡᠯᠡᠰᠦ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢᠨ ᠬᠠᠮᠲᠤ ᠴᠠᠬᠢᠭᠤᠷᠲᠤ ᠡᠯᠡᠰᠦᠨ ᠤ ᠠᠵᠤ  ᠦᠢᠯᠡᠰ ᠢᠶᠠᠷ ᠴᠢᠳᠬᠤᠬᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃ ᠴᠤᠬᠤᠢ ᠶᠢᠨ ᠴᠢᠯᠠᠭᠤ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠲᠠᠯ᠎ᠠ ᠳᠤ᠂ ᠶᠢᠨ ᠲᠠᠢ᠂ ᠶᠢᠨ ᠹᠧᠩ᠂ ᠱᠦᠸᠧ ᠵᠢᠶᠠ ᠵᠡᠷᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠤᠬᠤᠢ ᠶᠢᠨ ᠴᠢᠯᠠᠭᠤ ᠶᠢ ᠪᠦᠳᠦᠭᠦᠯᠢᠭ ᠡᠳ᠋ᠰᠢᠭᠦᠯᠬᠦ ᠠᠴᠠ ᠡᠷᠴᠢᠮᠵᠢᠭᠦᠯᠦᠭᠰᠡᠨ ᠲᠡᠰᠢ ᠬᠥᠭᠵᠢᠭᠦᠯᠬᠦ ᠶᠢ ᠠᠬᠢᠭᠤᠯᠤᠨ᠎ᠠ᠃ ᠮᠠᠨ ᠤ ᠬᠤᠰᠢᠭᠤ ᠪᠠᠰᠠ ︽ᠬᠦᠷᠢᠶ᠎ᠡ ᠰᠠᠭᠠᠭ ᠲᠤ ᠡᠷᠡᠭᠦᠯ ᠮᠡᠨᠳᠦ ᠪᠠᠶᠢᠩᠭᠤ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠲᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠰᠠᠭᠠᠭ ᠤᠨ ᠠᠵᠤ ᠦᠢᠯᠡᠰ ᠤᠨ ᠥᠷᠲᠡᠭ ᠤᠨ ᠬᠡᠯᠬᠢᠶ᠎ᠡ ᠶᠢᠨ ᠳᠡᠭᠡᠳᠦ ᠳᠡᠰ ᠵᠦᠭ ᠳᠡᠭᠡᠭᠰᠢᠯᠡᠬᠦ ᠶᠢ ᠠᠬᠢᠭᠤᠯᠤᠨ᠎ᠠ︔ ᠪᠢᠳᠡ ᠪᠥᠬᠦ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠰᠠᠶᠢᠲᠤᠷ ᠡᠷᠭᠢᠯᠡᠬᠦ ᠪᠠᠷ ᠠᠵᠠ ᠲᠣᠬᠢᠶᠠᠯ ᠪᠣᠯᠭᠠᠵᠤ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ︽ᠭᠠᠷᠠᠭ ᠤᠨ ᠰᠡᠭᠦᠯᠴᠢ ᠬᠦᠷᠢᠶ᠎ᠡ ᠪᠠᠷ  ᠵᠣᠭᠠᠴᠠᠬᠤ︾ ᠨᠠᠷᠠᠲᠤ ᠲᠡᠮᠳᠡᠭ ᠢ ᠡᠭᠦᠳᠴᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠲᠠᠯ᠎ᠠ ᠪᠠᠷ ᠰᠢᠨ᠎ᠡ ᠠᠯᠬᠤᠮ ᠢ ᠠᠯᠬᠤᠨ᠎ᠠ᠃
   2023 ᠣᠨ ᠳᠤ᠂ ᠬᠦᠷᠢᠶ᠎ᠡ ᠬᠤᠰᠢᠭᠤ ᠪᠠᠰᠠ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠠᠵᠠ ᠲᠣᠬᠢᠶᠠᠯ ᠢ ᠠᠮᠵᠢᠵᠤ᠂ ᠪᠠᠬᠢᠵᠢᠭᠦᠯᠬᠦ ᠶᠢ ᠠᠳᠬᠤᠨ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ 1700 ᠠᠴᠠ ᠳᠡᠭᠡᠭᠰᠢ ᠨᠡᠭᠡᠭᠡᠨ᠂ ᠲᠠᠷᠢᠶᠠᠯᠠᠩ ᠤᠨ ᠪᠦᠲᠦᠭᠡᠭᠳᠡᠬᠦᠨ ᠢ 6000 ᠲᠦᠮᠡᠨ ᠲᠥᠭᠦᠷᠢᠭ ᠠᠴᠠ ᠳᠡᠭᠡᠭᠰᠢ ᠬᠠᠪᠰᠤᠷᠤᠨ ᠲᠡᠳᠬᠦᠵᠦ ᠪᠣᠷᠣᠯᠠᠭᠤᠯᠤᠨ᠂ ᠲᠠᠷᠢᠶᠠᠯᠠᠩ ᠢ ᠲᠡᠳᠬᠦᠬᠦ ᠡᠯ᠎ᠡ ᠲᠥᠷᠥᠯ ᠤᠨ ᠬᠠᠪᠰᠤᠷᠤᠨ ᠲᠡᠳᠬᠦᠬᠦ ᠵᠢᠭᠡᠯᠡᠯᠭᠡ ᠶᠢ 1.5 ᠳ᠋ᠦᠩᠰᠢᠭᠤᠷ ᠲᠥᠭᠦᠷᠢᠭ ᠠᠴᠠ ᠳᠡᠭᠡᠭᠰᠢ ᠲᠠᠷᠬᠠᠭᠠᠵᠤ᠂ ᠠᠮᠠᠷᠬᠠᠨ ᠳᠠᠬᠢᠨ ᠶᠠᠳᠠᠭᠤᠷᠠᠬᠤ ᠬᠥᠮᠦᠨ ᠠᠮᠠ ᠶᠢ ᠡᠷᠲᠡ ᠢᠯᠡᠷᠡᠭᠦᠯᠬᠦ᠂ ᠡᠷᠲᠡ ᠭᠠᠷ ᠲᠦᠷᠦᠭᠦ᠂ ᠡᠷᠲᠡ ᠬᠠᠪᠰᠤᠷᠤᠨ ᠲᠡᠳᠬᠦᠬᠦ ᠶᠢ ᠪᠠᠲᠤᠯᠠᠵᠤ᠂ ᠬᠥᠳᠡᠯᠦᠩᠭᠦᠶ ᠪᠠᠷ ᠪᠦᠬᠦᠨ ᠢ ᠦᠭᠡᠶᠢᠰᠬᠡᠬᠦ ᠶᠢ ᠪᠡᠶᠡᠯᠡᠭᠦᠯᠦᠨ᠎ᠡ᠃ 4.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠵᠣᠯᠭᠠᠭᠤᠯᠤᠨ᠂ 30 ᠲᠥᠷᠥᠯ ᠵᠦᠢᠯ ᠢ ᠬᠡᠷᠡᠭᠵᠢᠭᠦᠯᠵᠦ᠂ ᠬᠤᠪᠢ ᠣᠷᠣᠭᠤᠯᠤᠨ ᠠᠰᠢᠭ ᠬᠤᠪᠢᠶᠠᠬᠤ᠂ ᠠᠵᠢᠯ ᠣᠯᠭᠤᠵᠤ ᠬᠦᠴᠦᠨ ᠠᠵᠢᠯ ᠳᠤ ᠶᠠᠪᠤᠬᠤ᠂ ᠡᠳ᠋ ᠬᠥᠷᠥᠩᠭᠡ ᠶᠢᠨ ᠠᠰᠢᠭ ᠣᠯᠵᠠᠪᠤᠷᠢ ᠵᠡᠷᠭᠡ ᠠᠷᠭ᠎ᠠ ᠮᠠᠶ᠋ᠢᠭ ᠢᠶᠠᠷ ᠳᠠᠮᠵᠢᠨ 2.6 ᠲᠦᠮᠡᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠣᠷᠣᠯᠭ᠎ᠠ ᠶᠢᠨ ᠨᠡᠮᠡᠭᠳᠡᠯ ᠬᠡᠯᠬᠢᠶ᠎ᠡ ᠳᠤ ᠪᠠᠲᠤ ᠳᠠᠭᠠᠯᠳᠤᠭᠤᠯᠤᠨ᠂ ᠲᠠᠷᠢᠶᠠᠯᠠᠩ ᠵᠢᠯ ᠪᠦᠷᠢ ᠰᠢᠨ᠎ᠡ ᠬᠥᠭᠵᠢᠯᠲᠡ ᠲᠠᠢ᠂ ᠬᠥᠳᠡᠭᠡ ᠲᠣᠰᠬᠤᠨ ᠤ ᠳᠦᠷᠰᠦ ᠪᠠᠶᠢᠳᠠᠯ ᠳᠤ ᠵᠢᠯ ᠪᠦᠷᠢ ᠰᠢᠨ᠎ᠡ ᠬᠤᠪᠢᠷᠠᠯᠲᠠ ᠭᠠᠷᠴᠤ᠂ ᠲᠠᠷᠢᠶᠠᠴᠢᠳ ᠤᠨ ᠠᠮᠢᠳᠤᠷᠠᠯ ᠵᠢᠯ ᠪᠦᠷᠢ ᠰᠢᠨ᠎ᠡ ᠳᠡᠭᠡᠭᠰᠢᠯᠡᠯᠲᠡ ᠲᠠᠢ ᠪᠣᠯᠬᠤ ᠶᠢ ᠪᠡᠶᠡᠯᠡᠭᠦᠯᠦᠨ᠎ᠡ ᠭᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠬᠢᠲᠠᠳ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号