ᠪᠦᠬᠦ ᠬᠤᠰᠢᠭᠤᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠮᠠᠨ ᠤ | ᠬᠤᠰᠢᠭᠤᠨ ᠤ ᠠᠵᠤ ᠠᠬᠤᠶ ᠪᠠ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠵᠡᠷᠭᠡ ᠲᠣᠭᠲᠠᠭᠠᠯ᠂ | ᠵᠢᠴᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ | ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︽ᠥᠪᠥᠷ ᠮᠣᠩᠭᠤᠯ ᠤᠨ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ | ᠲᠣᠭᠲᠠᠭᠠᠵᠤ ᠲᠣᠬᠢᠷᠠᠭᠤᠯᠤᠯᠲᠠ ᠬᠢᠬᠦ ᠮᠡᠷᠭᠡᠵᠢᠯ ᠤᠨ ᠲᠥᠰᠦᠯ︾ ︽ᠥᠪᠥᠷ ᠮᠣᠩᠭᠤᠯ ᠤᠨ ᠦᠨᠳᠦᠰᠦᠨ ᠨᠤᠲᠤᠭ | ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠮᠡᠷᠭᠡᠵᠢᠯ ᠤᠨ ᠵᠦᠭᠯᠡᠭᠦᠷ︾ ᠤᠨ | ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠤᠲᠤᠭ ᠪᠡᠯᠴᠢᠭᠡᠷ ᠤᠨ | ᠡᠬᠢ ᠪᠠᠶᠠᠯᠢᠭ ᠢ ᠪᠦᠬᠦ ᠲᠠᠯ᠎ᠠ ᠪᠠᠷ ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠵᠦᠶ ᠵᠣᠬᠢᠰᠲᠠᠶ ᠠᠰᠢᠭᠯᠠᠬᠤ ᠪᠠᠷ | ᠤᠭ ᠵᠣᠷᠢᠯᠭ᠎ᠠ ᠪᠣᠯᠭᠠᠵᠤ᠂ ᠪᠦᠬᠦ ᠬᠤᠰᠢᠭᠤᠨ ᠤ ᠨᠤᠲᠤᠭ ᠪᠡᠯᠴᠢᠭᠡᠷ ᠲᠤ ᠦᠨᠳᠦᠰᠦᠨ ᠨᠤᠲᠤᠭ ᠪᠡᠯᠴᠢᠭᠡᠷ ᠢ | ᠵᠠᠭᠠᠭᠯᠠᠨ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠠᠵᠢᠯ ᠬᠢᠪᠡ᠂ ᠣᠳᠣ ᠦᠷ᠎ᠡ ᠳ᠋ᠦᠩ ᠢ ᠳᠣᠣᠷᠠᠬᠢ ᠮᠡᠲᠦ | ᠵᠠᠷᠯᠠᠶ᠎ᠠ᠃ | ᠨᠢᠭᠡ᠂ ᠦᠨᠳᠦᠰᠦᠨ ᠨᠤᠲᠤᠭ ᠪᠡᠯᠴᠢᠭᠡᠷ ᠤᠨ ᠲᠥᠷᠥᠯ ᠬᠡᠯᠪᠡᠷᠢ ᠪᠣᠯᠤᠨ ᠲᠠᠯᠠᠪᠠᠶ | ︽2020 ᠣᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ︾ | ᠤᠨ ᠰᠠᠭᠤᠷᠢᠨ ᠳᠡᠭᠡᠷ᠎ᠡ᠂ ᠮᠠᠨ ᠤ ᠬᠤᠰᠢᠭᠤᠨ ᠤ ᠬᠤᠪᠢᠶᠠᠷᠢᠯᠠᠨ ᠲᠣᠭᠲᠠᠭᠠᠭᠰᠠᠨ ᠦᠨᠳᠦᠰᠦᠨ ᠨᠤᠲᠤᠭ | ᠪᠡᠯᠴᠢᠭᠡᠷ ᠤᠨ ᠶᠡᠷᠦᠩᠬᠡᠶ ᠲᠠᠯᠠᠪᠠᠶ ᠨᠢ 145.2850 ᠲᠦᠮᠡᠨ ᠮᠥ ᠪᠠᠶᠢᠵᠤ᠂ ᠡᠭᠦᠨ ᠳᠤ ᠮᠠᠯᠵᠢᠬᠤ ᠪᠡᠯᠴᠢᠭᠡᠷ | 145.0532 ᠲᠦᠮᠡᠨ ᠮᠥ᠂ ᠲᠠᠷᠢᠮᠠᠯ ᠪᠡᠯᠴᠢᠭᠡᠷ 0 .2318 ᠲᠦᠮᠡᠨ ᠮᠥ ᠪᠠᠶᠢᠨ᠎ᠠ᠂ ᠲᠣᠰ ᠲᠣᠰ᠄ | ︵ᠨᠢᠭᠡ︶ ᠬᠦᠷᠢᠶ᠎ᠡ ᠪᠠᠯᠭᠠᠰᠤᠨ ᠤ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠨᠢ 25. | 3042 ᠲᠦᠮᠡᠨ ᠮᠥ ᠪᠠᠶᠢᠵᠤ᠂ ᠪᠦᠬᠦᠨ ᠢ ᠴᠢᠬᠤᠯᠠ ᠮᠠᠯᠵᠢᠬᠤ ᠪᠡᠯᠴᠢᠭᠡᠷ ᠪᠣᠯᠭᠠᠪᠠ︔ | ︵ᠬᠤᠶᠠᠷ︶ ᠬᠦᠬᠦᠨ ᠪᠠᠯᠭᠠᠰᠤᠨ ᠤ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠨᠢ 0.4970 | ᠲᠦᠮᠡᠨ ᠮᠥ ᠪᠠᠶᠢᠵᠤ᠂ ᠪᠦᠬᠦᠨ ᠢ ᠴᠢᠬᠤᠯᠠ ᠮᠠᠯᠵᠢᠬᠤ ᠪᠡᠯᠴᠢᠭᠡᠷ ᠪᠣᠯᠭᠠᠪᠠ︔ | ︵ᠭᠤᠷᠪᠠ︶ ᠪᠠᠶᠠᠨᠬᠤᠸᠠ ᠪᠠᠯᠭᠠᠰᠤᠨ ᠤ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠨᠢ 0. | 9535 ᠲᠦᠮᠡᠨ ᠮᠥ ᠪᠠᠶᠢᠵᠤ᠂ ᠪᠦᠬᠦᠨ ᠢ ᠴᠢᠬᠤᠯᠠ ᠮᠠᠯᠵᠢᠬᠤ ᠪᠡᠯᠴᠢᠭᠡᠷ ᠪᠣᠯᠭᠠᠪᠠ︔ | ︵ᠳᠥᠷᠪᠡ︶ ᠵᠢᠷᠭᠤᠭᠠᠨᠭᠡᠷ ᠬᠡᠷ ᠪᠠᠯᠭᠠᠰᠤᠨ ᠤ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠨᠢ 0. | 3753 ᠲᠦᠮᠡᠨ ᠮᠥ ᠪᠠᠶᠢᠵᠤ᠂ ᠪᠦᠬᠦᠨ ᠢ ᠴᠢᠬᠤᠯᠠ ᠮᠠᠯᠵᠢᠬᠤ ᠪᠡᠯᠴᠢᠭᠡᠷ ᠪᠣᠯᠭᠠᠪᠠ︔ | ︵ᠲᠠᠪᠤ︶ ᠡᠯᠡᠰᠦᠨ ᠪᠠᠯᠭᠠᠰᠤᠨ ᠤ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠨᠢ 71.0774 | ᠲᠦᠮᠡᠨ ᠮᠥ ᠪᠠᠶᠢᠵᠤ᠂ ᠪᠦᠬᠦᠨ ᠢ ᠴᠢᠬᠤᠯᠠ ᠮᠠᠯᠵᠢᠬᠤ ᠪᠡᠯᠴᠢᠭᠡᠷ ᠪᠣᠯᠭᠠᠪᠠ︔ | ︵ᠵᠢᠷᠭᠤᠭ᠎ᠠ︶ ᠮᠠᠩᠬᠠᠨ ᠰᠤᠮᠤᠨ ᠤ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠨᠢ 46. | 6342 ᠲᠦᠮᠡᠨ ᠮᠥ ᠪᠠᠶᠢᠵᠤ᠂ ᠡᠭᠦᠨ ᠳᠤ 46.4024 ᠲᠦᠮᠡᠨ ᠮᠥ ᠴᠢᠬᠤᠯᠠ ᠮᠠᠯᠵᠢᠬᠤ ᠪᠡᠯᠴᠢᠭᠡᠷ᠂ 0. | 2318 ᠲᠦᠮᠡᠨ ᠮᠥ ᠲᠠᠷᠢᠮᠠᠯ ᠪᠡᠯᠴᠢᠭᠡᠷ ᠪᠣᠶ︔ | ︵ᠳᠣᠯᠤᠭ᠎ᠠ︶ ᠰᠢᠶᠠᠨᠵᠢᠨ ᠰᠤᠮᠤ ᠶᠢᠨ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠨᠢ 0. | 1991 ᠲᠦᠮᠡᠨ ᠮᠦ ᠪᠠᠶᠢᠵᠤ᠂ ᠪᠦᠬᠦᠨ ᠢ ᠴᠢᠬᠤᠯᠠ ᠮᠠᠯᠵᠢᠬᠤ ᠪᠡᠯᠴᠢᠭᠡᠷ ᠪᠣᠯᠭᠠᠪᠠ︔ | ︵ᠨᠠᠢᠮᠠ︶ ᠱᠦᠶ ᠴᠢᠤᠸᠠᠨ ᠰᠢᠶᠠᠩ ᠤᠨ ᠦᠨᠳᠦᠰᠦᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ ᠨᠢ 0. | 2443 ᠲᠦᠮᠡᠨ ᠮᠦ ᠪᠠᠶᠢᠵᠤ᠂ ᠪᠦᠬᠦᠨ ᠢ ᠴᠢᠬᠤᠯᠠ ᠮᠠᠯᠵᠢᠬᠤ ᠪᠡᠯᠴᠢᠭᠡᠷ ᠪᠣᠯᠭᠠᠪᠠ︔ | ︵ᠶᠢᠰᠦ︶ ᠬᠦᠷᠢᠶ᠎ᠡ ᠵᠡᠭᠡᠯᠢ ᠭᠤᠳᠤᠮᠵᠢ ᠶᠢ ᠦᠨᠳᠦᠰᠦᠨ ᠨᠤᠲᠤᠭ ᠪᠡᠯᠴᠢᠭᠡᠷ ᠲᠤ ᠣᠷᠣᠭᠤᠯᠤᠭᠰᠠᠨ ᠦᠭᠡᠶ᠃ | ᠬᠤᠶᠠᠷ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠭᠤᠣᠯ ᠠᠷᠭ᠎ᠠ ᠬᠡᠮᠵᠢᠶ᠎ᠡ | ︵ᠨᠢᠭᠡ︶ ᠬᠤᠰᠢᠭᠤᠨ ᠤ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠬᠦ | ᠬᠤᠰᠢᠭᠤᠨ ᠤ ᠵᠠᠰᠠᠭ ᠵᠠᠬᠢᠷᠭᠠᠨ ᠤ ᠣᠷᠣᠨ ᠳᠣᠲᠣᠷᠠᠬᠢ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠵᠤ ᠬᠠᠮᠢᠶᠠᠷᠬᠤ | ᠠᠵᠢᠯ ᠢ ᠨᠢᠭᠡᠳᠦᠯᠲᠡᠢ ᠲᠥᠯᠥᠪᠵᠢᠭᠦᠯᠦᠨ᠎ᠡ︔ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠬᠠᠷᠢᠶ᠎ᠠ ᠣᠷᠣᠨ ᠤ ᠪᠠᠨ ᠳᠣᠲᠣᠷᠠᠬᠢ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠵᠤ ᠬᠠᠮᠢᠶᠠᠷᠬᠤ | ᠠᠵᠢᠯ ᠢ ᠬᠠᠷᠢᠭᠤᠴᠠᠨ᠎ᠠ᠃ | ︵ᠬᠤᠶᠠᠷ︶ ᠦᠨᠳᠦᠰᠦᠨ ᠨᠤᠲᠤᠭ ᠪᠡᠯᠴᠢᠭᠡᠷ ᠢ ᠬᠡᠷᠡᠭᠯᠡᠭᠴᠢᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠪᠠ ᠳᠠᠭᠠᠭᠠᠴᠢᠯᠠᠯᠲᠠ ᠶᠢᠨ ᠭᠡᠷ᠎ᠡ ᠶᠢᠨ ᠲᠣᠭᠲᠠᠭᠠᠯ ᠶᠣᠰᠣᠭᠠᠷ ᠬᠠᠮᠠᠭᠠᠯᠠᠬᠤ᠂ ᠬᠠᠮᠢᠶᠠᠷᠬᠤ᠂ ᠪᠦᠲᠦᠭᠡᠨ | ᠪᠠᠶᠢᠭᠤᠯᠬᠤ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠲᠤᠷ ᠭᠦᠢᠴᠡᠳᠬᠡᠵᠦ᠂ ᠦᠨᠳᠦᠰᠦᠨ ᠨᠤᠲᠤᠭ | ᠪᠡᠯᠴᠢᠭᠡᠷ ᠤᠨ ᠮᠠᠭᠤᠵᠢᠷᠠᠬᠤ᠂ ᠡᠯᠡᠰᠦᠷᠬᠡᠭᠵᠢᠬᠦ᠂ ᠬᠤᠵᠢᠷᠰᠢᠬᠤ ᠶᠢ ᠴᠢᠩᠭ᠎ᠠ ᠰᠡᠷᠭᠡᠶᠢᠯᠡᠨ᠎ᠡ᠃ | ︵ᠭᠤᠷᠪᠠ︶ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠦᠨᠳᠦᠰᠦᠨ ᠨᠤᠲᠤᠭ ᠪᠡᠯᠴᠢᠭᠡᠷ ᠢ | ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠠ ᠦᠨᠳᠦᠰᠦᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠬᠤ ᠵᠢᠴᠢ | ᠦᠨᠳᠦᠰᠦᠨ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠬᠢᠵᠦ ᠪᠣᠯᠬᠤ ᠥᠬᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 1 ᠰᠠᠷ᠎ᠠ ᠶᠢᠨ 18 ᠤ ᠡᠳᠦᠷ |