ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠰᠤᠷᠪᠤᠯᠵᠢᠯᠠᠭ᠎ᠠ᠄ ᠰᠢᠨᠡᠯᠡᠬᠦ ᠥᠶ᠎ᠡ ᠳᠤ ᠳ᠋ᠧᠦᠹᠦ᠋ ᠢᠳᠡᠪᠡᠯ ᠵᠢᠯ ᠳᠡᠭᠡᠨ ᠵᠢᠷᠭᠠᠯ ᠲᠠᠢ
ᠨᠡᠶᠢᠲᠡᠯᠡᠭᠰᠡᠨ ᠴᠠᠭ᠄
2023/1/29
     ᠣᠶᠢᠷ᠎ᠠ ᠶᠢᠨ ᠵᠢᠯ ᠤᠳ ᠲᠤ᠂ ᠱᠦᠶ ᠴᠢᠤᠸᠠᠨ ᠰᠢᠶᠠᠩ ᠣᠶ ᠶᠢᠨ ᠳᠣᠣᠷᠠᠬᠢ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠵᠦᠶ ᠵᠣᠬᠢᠰᠲᠠᠶ ᠲᠥᠯᠥᠪᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠲᠤ ᠰᠢᠨ᠎ᠡ ᠶᠢ ᠡᠭᠦᠳᠦᠨ᠂ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠠᠬᠢᠭᠤᠯᠵᠤ᠂ ᠣᠶ ᠶᠢᠨ  ᠳᠣᠣᠷᠠᠬᠢ ᠠᠵᠤ ᠠᠬᠤᠶ ᠶᠢᠨ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ᠃
 
   ᠱᠦᠶ ᠴᠢᠤᠸᠠᠨ ᠰᠢᠶᠠᠩ ᠤᠨ ᠳᠡᠭᠡᠷ᠎ᠡ ᠬᠦᠷᠢᠶᠡᠲᠦ ᠲᠣᠰᠬᠤᠨ ᠤ ᠰᠢᠤᠢ ᠶᠢᠩ ᠳ᠋ᠧᠦᠹᠦ᠋ ᠶᠢᠨ ᠦᠢᠯᠡᠳᠭᠡᠯ ᠳᠤ ᠣᠷᠣᠬᠤ ᠳᠤ 45 ᠨᠠᠰᠤᠲᠠᠶ ᠰᠢᠤᠢ ᠼᠠᠢ ᠶᠢᠩ ᠨᠥᠬᠦᠷ ᠪᠦᠦ ᠵᠢᠩ ᠭᠦᠸᠧ ᠲᠠᠢ ᠪᠠᠨ ᠤᠯᠠᠮᠵᠢᠯᠠᠯᠲᠤ ᠰᠢᠭᠦᠰᠦᠯᠡᠭᠰᠡᠨ ᠳ᠋ᠧᠦᠹᠦ᠋ ᠬᠢᠵᠦ ᠶᠠᠭᠠᠷᠠᠨ᠎ᠠ᠃ ᠬᠠᠯᠠᠭᠤᠨ ᠠᠭᠤᠷ ᠪᠠᠭᠠᠭᠢᠵᠤ᠂ ᠳ᠋ᠧᠦᠹᠦ᠋ ᠳᠤ ᠯᠡ ᠪᠠᠶᠢᠳᠠᠭ ᠪᠤᠷᠴᠠᠭ ᠤᠨ ᠦᠨᠦᠷ ᠬᠠᠩᠬᠤᠯᠤᠨ᠎ᠠ᠃ ︽ᠮᠠᠨ ᠤ ᠭᠡᠷ ᠡᠨᠡ ᠵᠢᠯ 2000 ᠰᠠᠭᠤᠷᠢ ᠬᠠᠶᠢᠲᠠᠩ ᠵᠢᠮᠢᠰ ᠲᠠᠷᠢᠵᠦ᠂ ᠵᠢᠮᠢᠰ ᠤᠨ ᠮᠣᠳᠣᠨ ᠤ ᠳᠣᠣᠷ᠎ᠠ ᠪᠠᠰᠠ ᠰᠢᠷ᠎ᠠ ᠪᠤᠷᠴᠠᠭ ᠲᠠᠷᠢᠵᠦ᠂ ᠤᠢ ᠶᠢᠨ ᠳᠣᠣᠷᠠᠬᠢ ᠠᠵᠤ ᠠᠬᠤᠢ ᠲᠠᠢ ᠪᠣᠯᠵᠠᠢ᠃ ᠤᠯᠤᠰ ᠠᠴᠠ ᠨᠢᠭᠡ ᠮᠥ ᠭᠠᠵᠠᠷ ᠲᠤ ᠪᠠᠰᠠ 400 ᠲᠥᠭᠦᠷᠢᠭ ᠤᠨ ᠨᠥᠬᠦᠪᠥᠷᠢ ᠥᠭᠴᠦ᠂ ᠨᠡᠶᠢᠲᠡ 1 ᠲᠦᠮᠡ ᠭᠠᠷᠤᠶ ᠲᠥᠭᠦᠷᠢᠭ ᠤᠨ ᠨᠥᠬᠦᠪᠥᠷᠢ ᠥᠭᠭᠦᠭᠰᠡᠨ ᠪᠠᠶᠢᠨ᠎ᠠ᠂ ᠡᠨᠡ ᠵᠢᠯ ᠰᠢᠷ᠎ᠠ ᠪᠤᠷᠴᠠᠭ ᠤᠨ ᠮᠥ ᠪᠦᠷᠢ ᠶᠢᠨ ᠤᠨᠠᠯᠲᠠ 300 ᠵᠢᠩ ᠬᠦᠷᠴᠦ᠂ ᠠᠷᠪᠠᠨ ᠰᠠᠷ᠎ᠠ ᠶᠢᠨ ᠳᠤᠮᠳᠠᠴᠢ ᠠᠴᠠ ᠡᠬᠢᠯᠡᠨ᠂ ᠬᠥᠬᠡᠭᠡ ᠰᠠᠷ᠎ᠠ ᠶᠢᠨ ᠬᠤᠷᠢ ᠶᠢᠰᠦᠨ ᠪᠣᠯᠲᠠᠯ᠎ᠠ ᠳ᠋ᠧᠦᠹᠦ᠋ ᠬᠢᠵᠠᠢ᠃ ᠵᠢᠯ ᠵᠢᠯ ᠢᠩᠭᠢᠭᠡᠳ ᠯᠡ ᠮᠠᠰᠢ ᠶᠠᠭᠠᠷᠠᠳᠠᠭ︾ ᠭᠡᠵᠦ ᠰᠢᠤᠢ ᠼᠠᠢ ᠶᠢᠩ ᠪᠠᠶᠠᠷᠲᠠᠢ ᠪᠠᠷ ᠰᠤᠷᠪᠤᠯᠵᠢᠯᠠᠭᠴᠢ ᠳᠤ ᠲᠠᠨᠢᠯᠴᠠᠭᠤᠯᠤᠨ᠎ᠠ᠃
   ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠰᠢᠤᠢ ᠼᠠᠢ ᠶᠢᠩ ᠬᠠᠶᠢᠲᠠᠩ ᠵᠢᠮᠢᠰ ᠤᠨ ᠮᠣᠳᠣᠨ ᠤ ᠳᠣᠣᠷ᠎ᠠ ᠰᠢᠷ᠎ᠠ ᠪᠤᠷᠴᠠᠭ ᠢ ᠳᠠᠪᠬᠤᠷᠯᠠᠨ ᠲᠠᠷᠢᠭᠰᠠᠨ ᠪᠠᠶᠢᠨ᠎ᠠ᠃ ᠡᠨᠡ ᠵᠢᠯ ᠤᠨ ᠨᠠᠮᠤᠷ ᠤᠨ ᠤᠯᠠᠷᠢᠯ ᠳᠤ ᠬᠠᠶᠢᠲᠠᠩ ᠵᠢᠮᠢᠰ ᠡᠯᠪᠡᠭ ᠬᠤᠷᠢᠶᠠᠯᠲᠠ ᠣᠯᠤᠭᠰᠠᠨ ᠢᠶᠠᠷ ᠪᠠᠷᠠᠬᠤ ᠦᠭᠡᠶ ᠵᠢᠩ ᠪᠦᠷᠢ 4 . 1 ᠲᠥᠭᠦᠷᠢᠭ ᠤᠨ ᠦᠨ᠎ᠡ ᠪᠠᠷ ᠪᠦᠬᠦᠨ ᠢ ᠬᠤᠳᠠᠯᠳᠤᠵᠤ᠂ ᠴᠡᠪᠡᠷ ᠣᠷᠣᠯᠭ᠎ᠠ ᠨᠢ 3 ᠲᠦᠮᠡᠨ ᠲᠥᠭᠦᠷᠢᠭ ᠲᠤ ᠬᠦᠷᠴᠡᠶ ᠃ ᠰᠢᠷ᠎ᠠ ᠪᠤᠷᠴᠠᠭ ᠤᠨ ᠮᠦ ᠪᠦᠷᠢ ᠶᠢᠨ ᠤᠨᠠᠯᠲᠠ ᠨᠢ ᠪᠠᠰᠠ 300 ᠵᠢᠩ ᠳᠤ ᠬᠦᠷᠴᠦ᠂ ᠡᠳᠦᠷ ᠪᠦᠷᠢ 400 ᠵᠢᠩ ᠣᠷᠴᠢᠮ ᠳ᠋ᠧᠦᠹᠦ᠋ ᠬᠢᠳᠡᠭ᠃  ︽ᠪᠢᠳᠡ ᠬᠤᠶᠠᠭᠤᠯᠠ ᠡᠳᠦᠷ ᠪᠦᠷᠢ ᠬᠤᠶᠠᠷ ᠴᠠᠭ ᠭᠠᠷᠤᠶ ᠳᠤ ᠪᠣᠰᠴᠤ ᠳ᠋ᠧᠦᠹᠦ᠋ ᠬᠢᠵᠦ ᠶᠠᠭᠠᠷᠠᠨ᠂ ᠠᠮᠵᠢᠬᠤ ᠦᠭᠡᠢ ᠥᠶ᠎ᠡ ᠳᠤ ᠬᠦᠯᠦᠰᠦᠨ ᠤ ᠬᠥᠮᠦᠨ ᠵᠠᠷᠤᠳᠠᠭ ᠶᠤᠮ᠃ ᠰᠢᠷ᠎ᠠ ᠪᠤᠷᠴᠠᠭ ᠢᠶᠠᠷ ᠳ᠋ᠧᠦᠹᠦ᠋ ᠬᠢᠵᠦ᠂ ᠦᠯᠡᠳᠡᠭᠰᠡᠨ ᠰᠢᠭᠠᠷᠣ ᠰᠢᠬᠠᠳᠠᠰᠤ ᠪᠠᠷ ᠨᠢ ᠪᠠᠰᠠ ᠭᠠᠭ᠋ᠠᠢ ᠲᠡᠵᠢᠭᠡᠵᠦ ᠪᠣᠯᠤᠨ᠎ᠠ᠃ ᠮᠠᠨ ᠤ ᠭᠡᠷ ᠤᠨ ᠳ᠋ᠧᠦᠹᠦ᠋ ᠪᠣᠯ ᠤᠯᠠᠮᠵᠢᠯᠠᠯᠲᠤ ᠲᠡᠭᠡᠷᠮ᠎ᠡ ᠶᠢᠨ ᠳ᠋ᠧᠦᠹᠦ᠋ ᠪᠠᠶᠢᠵᠤ᠂ ᠠᠵᠤ ᠠᠬᠤᠢ ᠶᠢᠨ ᠣᠷᠣᠯᠭ᠎ᠠ ᠪᠠᠰᠠ ᠨᠡᠯᠢᠶᠡᠳ ᠰᠠᠶᠢᠨ᠂ ᠡᠨᠡ ᠬᠡᠰᠡᠭ ᠬᠤᠭᠤᠴᠠᠭᠠᠨ ᠳᠤ ᠬᠤᠶᠠᠷ ᠭᠤᠷᠪᠠᠨ ᠲᠦᠮᠡᠨ ᠲᠥᠭᠦᠷᠢᠭ ᠣᠯᠤᠨ᠎ᠠ᠃︾ ᠭᠡᠵᠦ ᠰᠢᠤᠢ ᠼᠠᠢ ᠶᠢᠩ ᠬᠡᠯᠡᠵᠦ ᠪᠠᠶᠢᠪᠠ᠃
    ᠰᠢᠤᠢ ᠶᠢᠩ ᠳ᠋ᠧᠦᠹᠦ᠋ ᠶᠢᠨ ᠦᠢᠯᠡᠳᠭᠡᠯ ᠶᠢ ᠬᠡᠯᠡᠪᠡᠯ᠂ ᠣᠯᠠᠨ ᠢᠶᠠᠷ ᠢᠶᠠᠨ ᠪᠦᠷ ᠡᠷᠡᠬᠡᠶ ᠬᠤᠷᠤᠭᠤ ᠪᠠᠨ ᠭᠤᠵᠦ᠋ᠢᠯᠭᠠᠳᠠᠭ᠃ ᠲᠣᠰᠬᠤᠨ ᠤ ᠠᠷᠠᠳ ᠪᠦᠦ ᠭᠦᠸᠧ ᠱᠧᠩ ᠰᠤᠷᠪᠤᠯᠵᠢᠯᠠᠭᠴᠢ ᠳᠤ᠄ ︽ᠲᠡᠳᠡᠨ ᠤ ᠭᠡᠷ ᠤᠨ ᠳ᠋ᠧᠦᠹᠦ᠋ ᠨᠢ ᠠᠮᠲᠠᠲᠠᠢ ᠮᠥᠷᠲᠡᠭᠡᠨ ᠬᠢᠮᠳᠠ᠂ ᠦᠨ᠎ᠡ ᠬᠠᠩᠰᠢ ᠨᠢ ᠵᠣᠬᠢᠰᠲᠠᠢ᠂ ᠪᠢ ᠲᠡᠳᠡᠨ ᠤ ᠭᠡᠷ ᠠᠴᠠ ᠨᠢᠭᠡᠨᠲᠡ ᠤᠯᠠᠨ ᠵᠢᠯ ᠬᠤᠳᠠᠯᠳᠤᠨ ᠠᠪᠴᠠᠢ︾ ᠭᠡᠯ᠎ᠡ᠃ ᠰᠠᠶᠢᠨ ᠳ᠋ᠧᠦᠹᠦ᠋ ᠶᠢᠨ ᠨᠡᠷ᠎ᠡ ᠠᠯᠳᠠᠷᠰᠢᠵᠦ᠂ ᠲᠤᠰ ᠭᠠᠵᠠᠷ ᠤᠨ ᠲᠣᠰᠬᠤᠨ ᠤ ᠠᠷᠠᠳ ᠠᠴᠠ ᠭᠠᠳᠠᠨ᠎ᠠ ᠪᠠᠰᠠ ᠲᠦᠩᠯᠢᠶᠣᠤ᠂ ᠳ᠋ᠠᠯᠢᠶᠠᠨ᠂ ᠬᠥᠬᠡᠬᠤᠲᠠ ᠶᠢᠨ ᠵᠣᠴᠢᠳ ᠲᠤᠰᠬᠠᠶᠢᠯᠠᠨ ᠲᠡᠷᠭᠡ ᠵᠢᠯᠣᠭᠤᠳᠤᠨ ᠢᠷᠡᠵᠦ ᠬᠤᠳᠠᠯᠳᠤᠨ ᠠᠪᠲᠠᠭ᠃ ᠠᠭᠤᠷ ᠪᠢᠯᠬᠠᠭᠰᠠᠨ ᠳ᠋ᠧᠦᠹᠦ᠋ ᠶᠢᠨ ᠦᠢᠯᠡᠳᠬᠡᠯ ᠢᠶᠠᠨ ᠬᠠᠷᠠᠵᠤ᠂ ᠬᠠᠮᠠᠷ ᠲᠤ ᠬᠠᠩᠬᠤᠯᠬᠤ ᠪᠤᠷᠴᠠᠭ ᠤᠨ ᠦᠨᠦᠷ ᠢ ᠦᠨᠦᠷᠯᠡᠭᠡᠳ᠂ ᠰᠢᠤᠢ ᠼᠠᠢ ᠶᠢᠩ᠄ ︽ᠨᠢᠳᠤᠨᠤᠨ ᠪᠢ ᠨᠢᠭᠡᠨᠲᠡ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠡᠵᠡᠩᠨᠡᠬᠦ ᠦᠨᠡᠮᠯᠡᠯ ᠢ ᠭᠤᠶᠤᠴᠢᠯᠠᠪᠠ᠂ ᠳᠠᠷᠠᠭᠠᠴᠢ ᠶᠢᠨ ᠠᠯᠬᠤᠮ ᠳᠤ ᠥᠪᠡᠷ ᠤᠨ ᠭᠡᠷ ᠤᠨ ᠬᠠᠶᠢᠲᠠᠩ ᠵᠢᠮᠢᠰ ᠤᠨ ᠬᠦᠷᠢᠶᠡᠯᠡᠩ ᠢᠶᠠᠨ ᠦᠢᠯᠡᠰ ᠪᠣᠯᠭᠠᠨ ᠪᠦᠲᠦᠭᠡᠨ᠎ᠡ᠃ ᠡᠭᠦᠨ ᠠᠴᠠ ᠭᠠᠳᠠᠨ᠎ᠠ᠂ ᠪᠢ ᠭᠠᠴᠠᠭᠠᠨ ᠤ ᠪᠠᠨ ᠰᠤᠯᠠ ᠰᠡᠯᠡᠭᠦᠦ ᠪᠠᠶᠢᠭ᠎ᠠ ᠬᠥᠮᠦᠰ ᠢ ᠠᠳᠡ ᠢᠷᠡᠭᠦᠯᠵᠦ ᠬᠥᠯᠥᠰᠥᠨ ᠠᠵᠢᠯ ᠬᠢᠯᠭᠡᠵᠦ᠂ ᠬᠠᠮᠲᠤ ᠪᠠᠷ ᠢᠶᠠᠨ ᠴᠢᠷᠮᠠᠶᠢᠨ ᠪᠠᠶᠠᠵᠢᠬᠤ ᠰᠠᠨᠠᠭ᠎ᠠ ᠲᠠᠢ︕︾ ᠭᠡᠵᠦ ᠢᠷᠡᠭᠡᠳᠦᠢ ᠳᠡᠭᠡᠨ ᠢᠲᠡᠭᠡᠯ ᠳᠥᠭᠦᠷᠡᠩ ᠪᠠᠶᠢᠯ᠎ᠠ᠃
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠱᠦᠶ ᠴᠢᠤᠸᠠᠨ ᠰᠢᠶᠠᠩ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠨᠢᠭᠡᠳᠦᠯᠲᠡᠶ ᠲᠥᠯᠥᠪᠵᠢᠭᠦᠯᠵᠦ᠂ ᠣᠶ ᠶᠢᠨ ᠳᠣᠣᠷᠠᠬᠢ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠮᠠᠯᠴᠢᠨ ᠲᠠᠷᠢᠶᠠᠴᠢᠨ ᠤ ᠠᠮᠢᠳᠤᠷᠠᠯ ᠢ ᠰᠠᠶᠢᠵᠢᠷᠠᠭᠤᠯᠵᠤ ᠪᠠᠶᠢᠨ᠎ᠠ᠃ ᠣᠳᠣᠬᠠᠨ ᠪᠣᠯᠲᠠᠯ᠎ᠠ᠂ ᠱᠦᠶ ᠴᠢᠤᠸᠠᠨ ᠰᠢᠶᠠᠩ ᠤᠨ ᠬᠦᠭᠵᠢᠭᠦᠯᠦᠭᠰᠡᠨ ᠣᠶ ᠶᠢᠨ ᠳᠣᠣᠷᠠᠬᠢ ᠲᠠᠷᠢᠮᠠᠯ ᠤᠨ ᠲᠠᠯᠠᠪᠠᠶ 2000 ᠮᠥ ᠳᠤ ᠬᠦᠷᠴᠦ᠂ 2022 ᠣᠨ ᠳᠤ᠂ ᠪᠥᠬᠦ ᠰᠢᠶᠠᠩ ᠤᠨ ᠣᠶ ᠶᠢᠨ ᠳᠣᠣᠷᠠᠬᠢ ᠠᠵᠤ ᠠᠬᠤᠶ ᠶᠢᠨ ᠲᠥᠯᠥᠪᠯᠡᠭᠡ ᠶᠢ 280 ᠲᠦᠮᠡᠨ ᠲᠥᠭᠦᠷᠢᠭ ᠲᠤ ᠬᠦᠷᠭᠡᠵᠦ᠂ ᠮᠠᠯᠴᠢᠨ ᠲᠠᠷᠢᠶᠠᠴᠢᠨ ᠢ ᠳᠠᠶᠢᠴᠢᠯᠠᠨ ᠨᠢᠭᠡ ᠭᠠᠵᠠᠷ ᠠᠴᠠ ᠣᠯᠠᠨ ᠠᠰᠢᠭ ᠣᠷᠤᠯᠭ᠎ᠠ ᠣᠯᠬᠤ ᠶᠢ ᠪᠡᠶᠡᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠰᠠᠭᠤᠭᠳᠠᠯᠲᠤ ᠬᠦᠷᠢᠶ᠎ᠡ ᠬᠢᠲᠠᠳ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号