1 ᠰᠠᠷ᠎ᠠ ᠶᠢᠨ 28 ᠤ ᠡᠳᠦᠷ᠂ ᠪᠥᠬᠦ ᠬᠤᠰᠢᠭᠤᠨ ᠤ ︽ᠬᠦᠴᠢᠷ ᠢ ᠳᠤᠭᠤᠯᠤᠨ ᠪᠡᠷᠬᠡ ᠶᠢ ᠳᠠᠪᠠᠵᠤ ᠪᠣᠳᠠᠲᠠᠶ | ᠠᠵᠢᠯᠯᠠᠵᠤ ᠡᠷᠡᠯᠬᠡᠭᠯᠡᠨ ᠤᠷᠤᠭᠰᠢᠯᠠᠬᠤ︾ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠮᠠ ᠾᠦᠢ ᠵᠢᠶ ᠵᠢᠴᠢ ᠬᠤᠰᠢᠭᠤᠨ ᠤ ᠳᠥᠷᠪᠡᠨ ᠪᠠᠶᠢᠭᠤᠯᠭ᠎ᠠ ᠶᠢᠨ ᠤᠳᠤᠷᠢᠳᠤᠯᠭ᠎ᠠ | ᠬᠤᠷᠠᠯ ᠳᠤ ᠣᠷᠣᠯᠴᠠᠪᠠ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠸᠠᠩ ᠸᠧᠶ ᠡᠷᠭᠢᠯᠡᠪᠡ᠃ | | ᠬᠤᠷᠠᠯ ᠳᠡᠭᠡᠷ᠎ᠡ᠂ ᠮᠠ ᠾᠦᠢ ᠵᠢᠶ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠶᠢᠨ ᠬᠤᠷᠠᠯ ᠪᠣᠯ | ᠬᠥᠭᠵᠢᠯᠲᠡ ᠶᠢᠨ ᠰᠡᠳᠬᠢᠴᠡ ᠶᠢ ᠭᠦᠨᠵᠡᠭᠡᠢ ᠠᠬᠢᠭᠤᠯᠬᠤ ᠶᠢ ᠨᠡᠶᠢᠲᠡᠯᠡᠬᠦ ᠬᠤᠷᠠᠯ᠂ ᠦᠳᠲᠡᠷ ᠲᠦᠷᠭᠡᠨ ᠠᠵᠢᠯᠯᠠᠬᠤ | ᠪᠠᠶᠢᠳᠠᠯ ᠳᠠᠭᠠᠨ ᠣᠷᠤᠵᠤ ᠰᠡᠳᠭᠢᠯ ᠢᠶᠠᠨ ᠬᠤᠷᠢᠶᠠᠨ ᠠᠪᠬᠤ ᠬᠤᠷᠠᠯ᠂ ᠪᠦᠬᠦ ᠬᠦᠴᠦᠨ ᠢᠶᠠᠷ ᠢᠶᠠᠨ ᠬᠠᠷᠠᠯᠲᠠ ᠶᠢ | ᠰᠢᠪᠲᠤᠯᠬᠤ ᠲᠠᠶᠢᠴᠢᠯᠠᠯᠳᠠ ᠶᠢᠨ ᠬᠤᠷᠠᠯ᠂ ᠪᠦᠬᠦ ᠬᠤᠰᠢᠭᠤᠨ ᠤ ᠲᠡᠮᠡᠴᠡᠯ ᠤᠨ ᠵᠣᠷᠢᠭ ᠢ ᠬᠥᠭᠵᠢᠭᠡᠬᠦ | ᠲᠠᠩᠭᠠᠷᠢᠭᠯᠠᠬᠤ ᠬᠤᠷᠠᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ ᠵᠣᠷᠢᠭ ᠢᠶᠠᠨ | ᠬᠥᠪᠴᠢᠯᠡᠨ᠂ ᠣᠮᠤᠭ ᠵᠣᠷᠢᠭ ᠢᠶᠠᠨ ᠨᠡᠮᠡᠭᠳᠡᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠠᠭᠠᠷᠢᠯᠳᠠ ᠶᠢ | ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ︽ᠬᠦᠴᠢᠷ ᠢ ᠳᠤᠭᠤᠯᠤᠨ ᠪᠡᠷᠬᠡ ᠶᠢ ᠳᠠᠪᠠᠵᠤ ᠪᠣᠳᠠᠲᠠᠶ ᠠᠵᠢᠯᠯᠠᠵᠤ | ᠡᠷᠡᠯᠬᠡᠭᠯᠡᠨ ᠤᠷᠤᠭᠰᠢᠯᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠬᠦ ᠪᠣᠯ ᠬᠦᠷᠢᠶ᠎ᠡ ᠬᠤᠰᠢᠭᠤ ᠶᠢᠨ ᠣᠳᠣᠬᠠᠨ ᠤ ᠪᠠ | ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠠᠵᠢᠯᠯᠠᠭ᠎ᠠ ᠮᠥᠨ᠃ ᠪᠥᠬᠦ ᠬᠤᠰᠢᠭᠤ ᠪᠠᠷ ᠢᠶᠠᠨ | ᠲᠣᠭᠲᠠᠭᠰᠠᠨ ᠬᠥᠭᠵᠢᠯᠲᠡ ᠶᠢᠨ ᠰᠡᠳᠬᠢᠴᠡ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠠᠵᠤ ᠠᠬᠤᠶ ᠶᠢᠨ | ᠬᠥᠭᠵᠢᠯᠲᠡ ᠶᠢ ᠠᠳᠬᠤᠬᠤ ᠪᠠᠷ ᠭᠤᠤᠯᠳᠠᠯᠭ᠎ᠠ ᠪᠣᠯᠭᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠺᠠᠳ᠋ᠷᠴᠤᠳ ᠤᠨ ᠣᠶᠤᠨ ᠰᠠᠨᠠᠭᠠᠨ ᠤ | ᠳᠦᠷᠰᠦ ᠪᠠᠶᠢᠳᠠᠯ ᠢ ᠬᠥᠭᠵᠢᠭᠡᠬᠦ ᠪᠠᠷ ᠪᠠᠲᠤᠯᠠᠭ᠎ᠠ ᠪᠣᠯᠭᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠣᠭ | ᠰᠠᠨᠠᠭ᠎ᠠ ᠪᠣᠯᠭᠠᠵᠤ᠂ ︽ᠪᠣᠭᠤᠮᠲᠠ ᠰᠢᠪᠲᠤᠯᠬᠤ︾ ᠣᠮᠤᠭ ᠵᠣᠷᠢᠭ ᠢ ᠤᠯᠠᠮ ᠨᠢᠭᠡ ᠠᠯᠬᠤᠮ ᠬᠥᠭᠵᠢᠭᠡᠨ᠂ ︽ | ᠬᠦᠴᠢᠷ ᠢ ᠳᠤᠭᠤᠯᠬᠤ︾ ᠲᠡᠮᠡᠴᠡᠯ ᠤᠨ ᠵᠣᠷᠢᠭ ᠢ ᠬᠥᠪᠴᠢᠯᠡᠵᠦ᠂ ︽ᠪᠣᠳᠠᠲᠠᠶ ᠠᠵᠢᠯᠯᠠᠬᠤ︾ ᠬᠠᠷᠠᠯᠲᠠ ᠶᠢ ᠪᠠᠲᠤ | ᠡᠵᠡᠮᠳᠡᠨ᠂ ︽ᠡᠷᠡᠯᠬᠡᠭᠯᠡᠨ ᠤᠷᠤᠭᠰᠢᠯᠠᠬᠤ︾ ᠠᠵᠢᠯᠯᠠᠭ᠎ᠠ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠡᠬᠢᠯᠡᠯᠲᠡ ᠶᠢᠨ ᠵᠢᠯ ᠳᠤ ᠠᠵᠤ ᠠᠬᠤᠶ ᠶᠢᠨ ᠬᠥᠭᠵᠢᠯᠲᠡ ᠶᠢᠨ ᠢᠯᠠᠯᠲᠠ ᠤᠯᠬᠤ ᠪᠠᠷ ᠴᠢᠷᠮᠠᠶᠢᠬᠤ ᠬᠡᠷᠡᠭᠲᠡᠶ᠃ | ᠭᠤᠣᠯᠳᠠᠯᠭ᠎ᠠ ᠶᠢ ᠠᠳᠬᠤᠨ ᠬᠦᠴᠢᠷ ᠢ ᠲᠤᠭᠤᠯᠵᠤ᠂ ᠬᠦᠷᠢᠶ᠎ᠡ ᠶᠢᠨ ᠬᠥᠭᠵᠢᠯᠲᠡ ᠶᠢᠨ ᠢᠯᠠᠯᠲᠠ ᠶᠢᠨ ᠪᠠᠶᠢᠳᠠᠯ ᠢ | ᠪᠦᠬᠦ ᠲᠠᠯ᠎ᠠ ᠪᠠᠷ ᠬᠤᠷᠠᠮᠳᠤᠭᠤᠯᠬᠤ ᠬᠡᠷᠡᠭᠲᠡᠢ᠃ ᠪᠥᠬᠦ ᠨᠠᠮ ᠤᠨ ᠭᠡᠰᠢᠭᠦᠨ ᠺᠠᠳ᠋ᠷ ᠨᠢᠳᠤᠨᠤᠨ ᠤ ᠲᠤᠰᠬᠠᠶ | ᠠᠵᠢᠯᠯᠠᠭ᠎ᠠ ᠶᠢᠨ ᠠᠬᠢᠭᠤᠯᠤᠯ ᠳᠤᠤᠷ᠎ᠠ ᠢᠯᠡᠷᠡᠭᠦᠯᠦᠭᠰᠡᠨ ᠰᠠᠶᠢᠨ ᠰᠠᠶᠢᠬᠠᠨ ᠣᠶᠤᠨ ᠰᠠᠨᠠᠭᠠᠨ ᠤ ᠪᠠᠶᠢᠳᠠᠯ ᠢᠶᠠᠨ | ᠦᠷᠭᠦᠯᠵᠢᠯᠡᠨ ᠪᠠᠲᠤᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠪᠠᠷ ᠳᠡᠮᠵᠢᠨ᠂ ᠡᠯ᠎ᠡ ᠬᠦᠷᠢᠶ᠎ᠡ ᠴᠠᠷᠠᠭ᠎ᠠ᠂ | ᠡᠯ᠎ᠡ ᠭᠤᠭᠴᠤᠭ᠎ᠠ᠂ ᠡᠯ᠎ᠡ ᠹᠷᠣᠨᠲ ᠤᠨ ᠠᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠤᠰᠢᠭᠤᠨ ᠤ | ᠪᠦᠬᠦᠯᠢ ᠴᠣᠭᠴᠠ ᠶᠢᠨ ᠠᠵᠢᠯ ᠤᠨ ᠶᠡᠭᠡ ᠠᠬᠢᠯᠲᠠ ᠶᠢ ᠲᠥᠯᠬᠢᠨ ᠠᠬᠢᠭᠤᠯᠬᠤ ᠬᠡᠷᠡᠭᠲᠡᠢ᠃ ︽ᠲᠦᠷᠭᠡᠨ︾ | ᠭᠡᠳᠡᠭ ᠢ ᠲᠤᠪᠤᠶᠢᠯᠭᠠᠵᠤ᠂ ᠴᠠᠭ ᠢ ᠠᠮᠵᠢᠨ ᠲᠦᠷᠭᠡᠨ ᠨᠠᠶᠢᠳᠠᠪᠤᠷᠢᠵᠢᠭᠤᠯᠬᠤ ᠬᠡᠷᠡᠭᠲᠡᠢ︔ ︽ᠪᠣᠳᠠᠲᠠᠢ︾ ᠭᠡᠳᠡᠭ ᠢ | ᠲᠤᠪᠤᠶᠢᠯᠭᠠᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ︔ ︽ | ᠰᠢᠢᠳᠪᠦᠷᠢᠯᠡᠬᠦ︾ ᠭᠡᠳᠡᠭ ᠢ ᠲᠤᠪᠤᠶᠢᠯᠭᠠᠵᠤ᠂ ᠰᠡᠳᠬᠢᠴᠡ ᠪᠠᠨ ᠰᠢᠨᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ︔ ︽ᠲᠡᠮᠡᠴᠡᠬᠦ︾ ᠭᠡᠳᠡᠭ ᠢ ᠲᠤᠪᠤᠶᠢᠯᠭᠠᠵᠤ᠂ ᠬᠡᠪ ᠳᠠᠭᠤᠷᠢᠶᠠᠯ ᠢ ᠳᠡᠭᠡᠭᠰᠢᠯᠡᠭᠦᠯᠦᠨ ᠲᠡᠷᠢᠭᠦᠨ ᠳᠤ | ᠣᠷᠣᠬᠤ ᠪᠠᠷ ᠴᠢᠷᠮᠠᠶᠢᠬᠤ ᠬᠡᠷᠡᠭᠲᠡᠢ︔ ︽ᠡᠭᠦᠳᠦᠯᠲᠡ︾ ᠭᠡᠳᠡᠭ ᠢ ᠲᠤᠪᠤᠶᠢᠯᠭᠠᠵᠤ᠂ ᠪᠠᠷᠢᠮᠵᠢᠶ᠎ᠠ ᠶᠢ | ᠳᠡᠭᠡᠭᠰᠢᠯᠡᠭᠦᠯᠦᠨ ᠵᠣᠷᠢᠭᠲᠠᠢ ᠪᠠᠷ ᠲᠦᠷᠦᠭᠦᠯᠡᠬᠦ ᠬᠡᠷᠡᠭᠲᠡᠢ᠃ | ᠮᠠ ᠾᠦᠢ ᠵᠢᠢ ᠱᠠᠭᠠᠷᠳᠠᠭᠰᠠᠨ ᠨᠢ᠂ ᠲᠣᠭᠲᠠᠴᠠ ᠶᠢ ᠪᠠᠶᠢᠭᠤᠯᠵᠤ᠂ ᠪᠠᠲᠤᠯᠠᠭ᠎ᠠ ᠶᠢ ᠴᠢᠩᠭᠠᠳᠬᠠᠵᠤ᠂ ᠪᠣᠳᠠᠲᠠᠢ | ᠠᠵᠢᠯᠯᠠᠵᠤ ᠡᠷᠡᠮᠡᠬᠡᠶᠢᠯᠡᠨ ᠤᠷᠤᠭᠰᠢᠯᠠᠬᠤ ᠰᠦᠷ ᠬᠦᠴᠦᠨ ᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠢ᠃ ᠪᠦᠬᠦ | ᠬᠤᠰᠢᠭᠤ ᠪᠠᠷ ᠢᠶᠠᠨ ᠡᠷᠬᠡᠪᠰᠢ ᠪᠠᠴᠢᠮ ᠬᠥᠳᠡᠯᠦᠯᠴᠡᠵᠦ᠂ ︽ᠬᠦᠴᠢᠷ ᠢ ᠲᠤᠭᠤᠯᠤᠨ ᠪᠡᠷᠬᠡ ᠶᠢ ᠳᠠᠪᠠᠵᠤ ᠪᠣᠳᠠᠲᠠᠢ | ᠠᠵᠢᠯᠯᠠᠵᠤ ᠡᠷᠡᠮᠡᠬᠡᠶᠢᠯᠡᠨ ᠤᠷᠤᠭᠰᠢᠯᠠᠬᠤ︾ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ | ᠲᠣᠭᠲᠠᠴᠠ ᠪᠠᠨ ᠲᠡᠭᠦᠯᠳᠡᠷᠵᠢᠭᠦᠯᠵᠦ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠪᠠᠨ ᠴᠢᠩᠭᠠᠳᠬᠠᠵᠤ᠂ | ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠡᠷᠡᠮᠡᠬᠡᠶᠢᠯᠡᠨ ᠤᠷᠤᠭᠰᠢᠯᠠᠬᠤ ᠲᠡᠮᠡᠴᠡᠯ ᠤᠨ ᠵᠣᠷᠢᠭ ᠢᠶᠠᠨ ᠪᠠᠲᠤᠯᠠᠵᠤ | ᠂ ᠵᠣᠷᠢᠭᠲᠠᠢ ᠪᠠᠷ ᠬᠦᠴᠢᠷ ᠢ ᠲᠤᠭᠤᠯᠤᠨ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠢᠯᠠᠯᠲᠠ | ᠤᠯᠬᠤ ᠳᠤ ᠴᠢᠳᠠᠮᠠᠭᠠᠢ ᠪᠠᠶᠢᠪᠠᠯ᠂ ᠯᠠᠪᠲᠠᠢ ︽ᠬᠦᠴᠢᠷ ᠢ ᠲᠤᠭᠤᠯᠤᠨ ᠪᠡᠷᠬᠡ ᠶᠢ ᠳᠠᠪᠠᠵᠤ ᠪᠣᠳᠠᠲᠠᠢ ᠠᠵᠢᠯᠯᠠᠵᠤ | ᠡᠷᠡᠮᠡᠬᠡᠶᠢᠯᠡᠨ ᠤᠷᠤᠭᠰᠢᠯᠠᠬᠤ︾ ᠡᠨᠡ ᠬᠦ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠣᠯᠵᠤ᠂ ᠨᠠᠮ ᠪᠣᠯᠤᠨ ᠪᠦᠬᠦ | ᠬᠤᠰᠢᠭᠤᠨ ᠤ ᠠᠷᠠᠳ ᠲᠦᠮᠡᠨ ᠳᠤ ᠰᠢᠯᠭᠠᠯᠲᠠ ᠶᠢ ᠳᠠᠭᠠᠭᠠᠵᠤ ᠳᠡᠶᠢᠯᠬᠦ ᠰᠢᠯᠢᠳᠡᠭ ᠰᠢᠯᠭᠠᠯᠲᠠ ᠶᠢᠨ ᠬᠠᠭᠤᠳᠠᠰᠤ ᠶᠢ | ᠲᠤᠰᠢᠶᠠᠵᠤ ᠴᠢᠳᠠᠨ᠎ᠠ ᠭᠡᠵᠡᠢ᠃ | ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠲᠤᠬᠠᠢ ᠸᠠᠩ ᠸᠧᠢ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠵᠢᠯ ᠤᠨ | ᠠᠩᠬᠠᠳᠤᠭᠠᠷ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ | ᠪᠣᠳᠠᠲᠠᠢ ᠤᠯᠠᠮᠵᠢᠯᠠᠵᠤ᠂ ᠡᠭᠦᠷᠭᠡ ᠶᠢ ᠪᠠᠶᠢᠷᠢᠯᠠᠭᠤᠯᠤᠨ᠂ ᠲᠤᠰᠬᠠᠢ ᠠᠵᠢᠯᠯᠠᠭ᠎ᠠ ᠶᠢᠨ ᠰᠠᠶᠢᠨ ᠡᠬᠢᠯᠡᠯᠲᠡ ᠲᠠᠢ | ᠪᠣᠯᠬᠤ ᠶᠢ ᠪᠠᠲᠤᠯᠠᠬᠤ ᠬᠡᠷᠡᠭᠲᠡᠢ᠃ ᠪᠣᠳᠠᠲᠠᠢ ᠳᠤ ᠰᠠᠭᠤᠷᠢᠯᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ | ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠬᠦᠷᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ᠃ | ᠵᠣᠷᠢᠭᠲᠠᠶ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠳᠤᠲᠠᠭᠤᠳᠠᠯ ᠪᠠ ᠪᠠᠭᠤᠷᠠᠶ ᠲᠠᠯ᠎ᠠ ᠪᠠᠨ ᠪᠥᠬᠦ | ᠬᠦᠴᠦᠨ ᠢᠶᠠᠷ ᠢᠶᠠᠨ ᠨᠥᠬᠦᠪᠥᠷᠢᠯᠡᠵᠦ᠂ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠤᠯᠬᠤ ᠶᠢ ᠦᠨᠡᠨ ᠬᠦ | ᠪᠠᠲᠤᠯᠠᠵᠤ᠂ ᠬᠦᠷᠢᠶᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠯᠠᠪᠳᠠᠭᠤᠨ ᠪᠠᠲᠤᠲᠠᠶ ᠰᠠᠭᠤᠷᠢ | ᠲᠠᠯᠪᠢᠬᠤ ᠬᠡᠷᠡᠭᠲᠡᠶ ᠭᠡᠰᠡᠨ ᠪᠠᠶᠢᠨ᠎ᠠ᠃ | |