ᠬᠦᠷᠢᠶ᠎ᠡ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠬᠦᠴᠢᠷ ᠢ ᠳᠤᠭᠤᠯᠤᠨ ᠪᠡᠷᠬᠡ ᠶᠢ ᠳᠠᠪᠠᠵᠤ ᠪᠣᠳᠠᠲᠠᠶ ᠠᠵᠢᠯᠯᠠᠨ ᠡᠷᠡᠯᠬᠡᠭᠯᠡᠨ ᠤᠷᠤᠭᠰᠢᠯᠠᠬᠤ︾ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/30
     1 ᠰᠠᠷ᠎ᠠ ᠶᠢᠨ 28 ᠤ ᠡᠳᠦᠷ᠂ ᠬᠦᠷᠢᠶ᠎ᠡ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ︽ᠬᠦᠴᠢᠷ ᠢ ᠳᠤᠭᠤᠯᠤᠨ ᠪᠡᠷᠬᠡ ᠶᠢ ᠳᠠᠪᠠᠵᠤ ᠪᠣᠳᠠᠲᠠᠶ ᠠᠵᠢᠯᠯᠠᠨ ᠡᠷᠡᠯᠬᠡᠭᠯᠡᠨ ᠤᠷᠤᠭᠰᠢᠯᠠᠬᠤ︾ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠠ ᠾᠦᠢ ᠵᠢᠶ ᠨᠥᠬᠦᠷ ᠤᠨ ᠪᠥᠬᠦ ᠬᠤᠰᠢᠭᠤᠨ ᠤ ︽ᠬᠦᠴᠢᠷ ᠢ ᠳᠤᠭᠤᠯᠤᠨ ᠪᠡᠷᠬᠡ ᠶᠢ ᠳᠠᠪᠠᠵᠤ ᠪᠣᠳᠠᠲᠠᠶ ᠠᠵᠢᠯᠯᠠᠨ ᠡᠷᠡᠯᠬᠡᠭᠯᠡᠨ ᠤᠷᠤᠭᠰᠢᠯᠠᠬᠤ︾ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠠᠶᠢᠭᠤᠯᠭ᠎ᠠ ᠶᠢᠨ ︽ᠬᠦᠴᠢᠷ ᠢ ᠳᠤᠭᠤᠯᠤᠨ ᠪᠡᠷᠬᠡ ᠶᠢ ᠳᠠᠪᠠᠵᠤ ᠪᠣᠳᠠᠲᠠᠶ ᠠᠵᠢᠯᠯᠠᠨ ᠡᠷᠡᠯᠬᠡᠭᠯᠡᠨ ᠤᠷᠤᠭᠰᠢᠯᠠᠬᠤ︾ ᠲᠤᠰᠬᠠᠶ ᠠᠵᠢᠯᠯᠠᠭ᠎ᠠ ᠶᠢᠨ ᠭᠤᠤᠯᠳᠠᠯᠭ᠎ᠠ ᠲᠠᠢ ᠠᠵᠢᠯ᠂ ᠰᠢᠨ᠎ᠡ ᠶᠢ ᠡᠭᠦᠳᠬᠦ ᠠᠵᠢᠯ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠲᠦᠷᠦᠭᠦᠯᠡᠨ ᠬᠢᠬᠦ ᠤᠳᠤᠷᠢᠳᠤᠯᠭ᠎ᠠ᠂ ᠬᠠᠷᠢᠭᠤᠴᠠᠯᠭᠠᠲᠠᠨ ᠪᠠ ᠬᠠᠷᠢᠭᠤᠴᠠᠯᠭᠠᠲᠤ ᠬᠡᠯᠲᠡᠰ ᠲᠠᠰᠤᠭ ᠢ ᠲᠣᠳᠣᠷᠬᠠᠶᠢᠯᠠᠪᠠ᠃ ᠪᠠᠶᠢᠭᠤᠯᠭ᠎ᠠ ᠶᠢᠨ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠲᠢᠶᠧ ᠯᠦᠩ  ᠶᠠᠷᠢᠶ᠎ᠠ ᠲᠠᠯᠪᠢᠪᠠ᠃
   ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤᠨ ᠤ ︽ᠬᠦᠴᠢᠷ ᠢ ᠲᠤᠭᠤᠯᠤᠨ ᠪᠡᠷᠬᠡ ᠶᠢ ᠳᠠᠪᠠᠵᠤ ᠪᠣᠳᠠᠲᠠᠢ ᠠᠵᠢᠯᠯᠠᠵᠤ ᠡᠷᠡᠮᠡᠬᠡᠶᠢᠯᠡᠨ ᠤᠷᠤᠭᠰᠢᠯᠠᠬᠤ︾ ᠲᠤᠰᠬᠠᠢ ᠠᠵᠢᠯᠯᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠤᠨ ᠳᠤᠮᠳᠠ ᠠᠴᠠ ᠳᠠᠷᠤᠢ ᠲᠦᠷᠭᠡᠨ ᠰᠡᠳᠬᠢᠯ ᠰᠠᠨᠠᠭ᠎ᠠ ᠪᠠᠨ ᠬᠤᠷᠢᠶᠠᠨ᠂ ᠡᠷᠴᠢ ᠵᠣᠷᠢᠭ ᠢᠶᠠᠨ ᠬᠥᠪᠴᠢᠯᠡᠵᠦ᠂ ᠠᠵᠢᠯ ᠤᠨ ᠪᠠᠶᠢᠳᠠᠯ ᠳᠠᠭᠠᠨ ᠥᠳᠳᠦᠷ ᠲᠦᠷᠭᠡᠨ ᠣᠷᠣᠬᠤ ᠬᠡᠷᠡᠭᠲᠡᠢ᠃ ᠨᠢᠭᠡ ᠳᠤ ᠬᠦᠴᠦᠨ ᠢᠶᠠᠨ ᠨᠢᠭᠡᠳᠦᠯᠲᠡᠢ ᠲᠥᠯᠥᠪᠯᠡᠬᠦ ᠶᠢ ᠴᠢᠬᠤᠯᠠᠴᠢᠯᠠᠵᠤ᠂ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠢᠨᠠᠯᠲᠠ ᠲᠠᠯᠪᠢᠬᠤ ᠭᠤᠣᠯᠳᠠᠯᠭ᠎ᠠ ᠶᠢ ᠡᠵᠡᠮᠳᠡᠵᠦ᠂ ᠤᠯᠤᠰ ᠲᠦᠷᠦ ᠶᠢᠨ ᠬᠢᠨᠠᠯᠲᠠ ᠶᠢ ᠲᠤᠪᠤᠶᠢᠯᠭᠠᠨ᠂ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ ᠲᠤᠰᠬᠠᠢ ᠵᠦᠢᠯ ᠤᠨ ᠬᠢᠨᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠬᠤᠶᠠᠷ ᠲᠤ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠡᠷᠡᠭ ᠢ ᠳᠠᠭᠠᠭᠠᠨ ᠰᠢᠢᠳᠪᠦᠷᠢᠯᠡᠬᠦ ᠰᠠᠯᠠᠭ᠎ᠠ ᠮᠥᠴᠢᠷ ᠤᠨ ︽ᠬᠤᠤᠰ ᠬᠠᠷᠢᠭᠤᠴᠠᠯᠭ᠎ᠠ︾ ᠶᠢᠨ ᠲᠦᠷᠢᠮ᠂ ︽ᠭᠤᠷᠪᠠ ᠶᠢ ᠬᠠᠷᠢᠭᠤ ᠲᠤᠰᠬᠠᠬᠤ︾ ᠵᠡᠷᠭᠡ ᠲᠦᠷᠢᠮ ᠤᠨ ᠲᠣᠭᠲᠠᠴᠠ ᠶᠢ ᠬᠡᠷᠡᠭᠵᠢᠭᠦᠯᠵᠦ᠂ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠢᠯᠡᠴᠢᠯᠡᠨ ᠮᠡᠳᠡᠭᠦᠯᠦᠯᠲᠡ ᠶᠢ ︽ᠦᠯᠡᠳᠡᠭᠡᠯ ᠥᠬᠡᠶ ᠰᠢᠢᠳᠪᠦᠷᠢᠯᠡᠬᠦ᠂ ᠨᠡᠮᠡᠭᠳᠡᠯ ᠬᠡᠮᠵᠢᠶ᠎ᠡ ᠶᠢ ᠳᠠᠭᠠᠯᠳᠤᠭᠤᠯᠤᠨ ᠢᠯᠭᠠᠷᠠᠭᠤᠯᠬᠤ︾ ᠶᠢ ᠴᠢᠷᠮᠠᠶᠢᠨ  ᠪᠡᠶᠡᠯᠡᠭᠦᠯᠬᠦ ᠬᠡᠷᠡᠭᠲᠡᠢ᠃ ᠭᠤᠷᠪᠠ ᠳᠤ ᠪᠠᠬᠢᠯᠡᠯᠲᠡ ᠶᠢᠨ ᠭᠠᠵᠠᠷ ᠤᠨ ᠬᠡᠷᠡᠭᠯᠡᠯᠲᠡ ᠶᠢ ᠴᠢᠩᠭᠠᠳᠬᠠᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ︽ᠨᠠᠢᠮᠠ ᠳᠤ ᠣᠷᠣᠭᠤᠯᠬᠤ︾ ᠳᠠᠭᠠᠭᠤᠯᠤᠭᠴᠢ ᠨᠢᠭᠡᠴᠢ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠷᠢᠭᠤᠨ ᠴᠢᠬᠡᠴᠢ ᠰᠣᠶᠣᠯ ᠤᠨ ᠪᠠᠬᠢᠯᠡᠯᠲᠡ ᠶᠢᠨ ᠭᠠᠵᠠᠷ ᠤᠨ ᠦᠢᠯᠡᠳᠦᠯ ᠢ ᠪᠠᠳᠠᠷᠠᠭᠤᠯᠤᠨ᠂ ᠨᠠᠮ ᠤᠨ ᠭᠡᠰᠢᠭᠦᠨ ᠺᠠᠳ᠋ᠷ ᠤᠨ ᠠᠷᠢᠭᠤᠨ ᠴᠢᠬᠡᠴᠢ ᠶᠢᠨ ᠬᠥᠮᠦᠵᠢᠯ ᠢ ᠨᠡᠶᠢᠳᠡᠮ ᠥᠷᠨᠢᠭᠦᠯᠵᠦ᠂ ᠨᠡᠶᠢᠭᠡᠮ ᠳᠠᠶᠠᠭᠠᠷ ᠲᠤ ᠠᠷᠢᠭᠤᠨ ᠴᠢᠬᠡᠴᠢ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠲᠦᠷᠪᠡ ᠳᠤ ᠴᠢᠩᠭ᠎ᠠ ᠪᠠᠶᠢᠬᠤ ᠦᠨᠳᠦᠰᠦᠨ ᠬᠦᠭ ᠠᠶᠠᠰ ᠢ ᠪᠠᠷᠢᠮᠲᠠᠯᠠᠵᠤ᠂ ᠬᠢᠨᠠᠬᠤ ᠪᠠᠶᠢᠴᠠᠭᠠᠬᠤ  ᠲᠠᠯ᠎ᠠ ᠪᠠᠷ ᠰᠢᠨ᠎ᠡ ᠠᠬᠢᠴᠠ ᠲᠠᠢ ᠪᠣᠯᠭᠠᠬᠤ ᠬᠡᠷᠡᠭᠲᠡᠢ᠃ ᠬᠡᠷᠡᠭ ᠰᠢᠢᠳᠪᠦᠷᠢᠯᠡᠬᠦ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠰᠢᠰᠲ᠋ᠧᠮ ᠲᠠᠢ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠢᠩᠭᠠᠳᠬᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ᠃ ᠲᠠᠪᠤ ᠳᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠳᠦᠷᠰᠦ ᠪᠠᠶᠢᠳᠠᠯ ᠲᠠᠢ ᠪᠣᠯᠭᠠᠬᠤ ᠬᠡᠷᠡᠭᠲᠡᠢ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ ᠦᠨᠡᠨ ᠬᠦ ᠴᠢᠩᠭᠠᠳᠬᠠᠵᠤ᠂ ︽ᠳᠣᠲᠤᠭᠠᠳᠤ ᠶᠢᠨ ᠢᠯᠵᠠᠷᠠᠯ︾ ᠢ ᠡᠷᠡᠰ ᠰᠡᠷᠭᠡᠶᠢᠯᠡᠨ ᠵᠠᠰᠠᠵᠤ᠂ ᠥᠪᠡᠷ ᠢ ᠪᠠᠨ ᠲᠥᠪ ᠪᠣᠯᠭᠠᠬᠤ᠂ ᠥᠪᠡᠷ ᠢ ᠪᠠᠨ ᠬᠠᠲᠠᠭᠤᠵᠢᠭᠤᠯᠬᠤ ᠪᠠᠷ ᠳᠠᠮᠵᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠢᠳᠡ ᠬᠦᠴᠦᠨ ᠢᠶᠠᠨ ᠴᠢᠩᠭᠠᠳᠬᠠᠵᠤ ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠡᠢ᠃
 
ᠢᠷᠡᠯᠲᠡ᠄ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号