1 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠪᠠᠶᠢᠭᠤᠯᠭ᠎ᠠ ᠶᠢᠨ ᠪᠥᠬᠦᠳᠡ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ︽ᠬᠦᠴᠢᠷ ᠢ ᠳᠤᠭᠤᠯᠤᠨ ᠪᠡᠷᠬᠡ ᠶᠢ | ᠳᠠᠪᠠᠵᠤ ᠪᠣᠳᠠᠲᠠᠶ ᠠᠵᠢᠯᠯᠠᠨ ᠡᠷᠡᠯᠬᠡᠭᠯᠡᠨ ᠤᠷᠤᠭᠰᠢᠯᠠᠬᠤ︾ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ 2023 ᠣᠨ ᠤ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠶ | ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠪᠠ᠃ ᠪᠦᠬᠦ ᠺᠠᠳ᠋ᠷ ᠠᠵᠢᠯᠲᠠᠨ ᠬᠤᠷᠠᠯ ᠳᠤ ᠣᠷᠤᠯᠴᠠᠪᠠ᠃ | | | | | ᠵᠤᠤ ᠭᠠᠩ ᠴᠢᠬᠤᠯᠠᠴᠢᠯᠠᠭᠰᠠᠨ ᠨᠢ᠂ ︽ᠬᠦᠴᠢᠷ ᠢ ᠲᠤᠭᠤᠯᠤᠨ ᠪᠡᠷᠬᠡ ᠶᠢ ᠳᠠᠪᠠᠵᠤ ᠪᠣᠳᠠᠲᠠᠢ ᠠᠵᠢᠯᠯᠠᠨ | ᠡᠷᠡᠮᠡᠬᠡᠶᠢᠯᠡᠨ ᠤᠷᠤᠭᠰᠢᠯᠠᠬᠤ︾ ᠲᠤᠰᠬᠠᠢ ᠠᠵᠢᠯᠯᠠᠭ᠎ᠠ ᠶᠢᠨ ᠪᠦᠬᠦ ᠬᠤᠰᠢᠭᠤᠨ ᠤ ᠠᠵᠢᠯ ᠤᠨ ᠡᠬᠢᠯᠡᠯᠲᠡ ᠳᠤ | ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠦᠬᠦ ᠬᠤᠰᠢᠭᠤᠨ ᠤ ᠭᠤᠣᠯ ᠶᠡᠭᠡ ᠲᠠᠯ᠎ᠠ ᠶᠢ | ᠬᠠᠷᠠᠭᠠᠯᠠᠨ ᠠᠵᠢᠯ ᠤᠨ ᠲᠥᠯᠥᠪᠵᠢᠭᠦᠯᠭᠡ ᠪᠠᠨ ᠰᠠᠶᠢᠲᠤᠷ ᠬᠢᠵᠦ᠂ ᠬᠦᠴᠦᠨ ᠢᠶᠠᠨ ᠨᠢᠭᠲᠠᠷᠠᠭᠤᠯᠤᠨ᠂ ᠪᠣᠭᠤᠮᠲᠠ | ᠰᠢᠪᠲᠤᠯᠵᠤ᠂ ᠵᠣᠬᠢᠶᠠᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠡᠬᠢᠯᠡᠭᠦᠯᠬᠦ ᠶᠢ | ᠬᠦᠴᠦᠯᠡᠨ ᠠᠬᠢᠭᠤᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠤᠯᠤᠰ ᠲᠦᠷᠦ ᠶᠢ ᠡᠷᠬᠢᠮᠯᠡᠵᠦ᠂ ᠤᠯᠤᠰ | ᠲᠦᠷᠦ ᠶᠢᠨ ︽ᠲᠡᠷᠢᠭᠦᠨ ᠪᠣᠭᠤᠮᠲᠠ︾ ᠶᠢ ᠪᠠᠲᠤ ᠡᠵᠡᠮᠳᠡᠵᠦ᠂ ᠤᠯᠤᠰ ᠲᠦᠷᠦ ᠶᠢᠨ ᠪᠠᠷᠢᠮᠵᠢᠶ᠎ᠠ ᠶᠢ ᠰᠤᠩᠭᠤᠬᠤ᠂ | ᠬᠥᠮᠦᠵᠢᠭᠦᠯᠬᠦ᠂ ᠬᠠᠮᠢᠶᠠᠷᠬᠤ᠂ ᠬᠡᠷᠡᠭᠯᠡᠬᠦ ᠪᠦᠬᠦ ᠶᠠᠪᠤᠴᠠ᠂ ᠪᠦᠬᠦ ᠬᠡᠯᠬᠢᠶ᠎ᠡ ᠳᠤ ᠲᠤᠭᠤᠰᠢᠯᠠᠭᠤᠯᠵᠤ᠂ ᠰᠣᠩᠭᠤᠨ | ᠭᠠᠷᠭᠠᠭᠰᠠᠨ ᠺᠠᠳ᠋ᠷ ᠤᠨ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶᠢᠳᠠᠪᠤᠷᠢᠲᠠᠢ ᠪᠠᠶᠢᠬᠤ ᠶᠢ | ᠪᠠᠲᠤᠯᠠᠬᠤ ᠬᠡᠷᠡᠭᠲᠡᠢ᠃ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠡᠳᠬᠢᠬᠦᠢ ᠶᠢᠨ ᠲᠣᠭᠲᠠᠮᠠᠯ | ᠬᠡᠯᠪᠡᠷᠢ ᠶᠢ ᠰᠢᠨᠡᠳᠭᠡᠵᠦ᠂ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠬᠤ ᠠᠵᠢᠯ ᠤᠨ ᠬᠡᠷᠡᠭᠴᠡᠭᠡ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ ᠶᠢ ᠪᠠᠷᠢᠮᠲᠠᠯᠠᠵᠤ᠂ | ᠢᠳᠡᠪᠬᠢᠲᠡᠢ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠵᠣᠬᠢᠶᠠᠨ ᠪᠠᠶᠢᠭᠤᠯᠬᠤ ᠠᠵᠢᠯ ᠢ ᠪᠦᠬᠦ ᠬᠤᠰᠢᠭᠤ | ᠴᠢᠨᠠᠭᠰᠢᠯᠠᠪᠠᠯ ᠪᠦᠬᠦ ᠬᠤᠳᠠ ᠶᠢᠨ ᠬᠥᠭᠵᠢᠯᠲᠡ ᠶᠢᠨ ᠶᠡᠭᠡ ᠤᠷᠤᠰᠬᠠᠯ ᠶᠡᠭᠡ ᠲᠠᠯ᠎ᠠ ᠳᠤ ᠲᠠᠯᠪᠢᠨ ᠬᠢᠨᠠᠨ ᠦᠵᠡᠵᠦ᠂ | ᠰᠡᠳᠬᠢᠨ ᠪᠣᠳᠣᠯᠬᠢᠯᠠᠵᠤ᠂ ᠵᠣᠬᠢᠶᠠᠨ ᠪᠠᠶᠢᠭᠤᠯᠬᠤ ᠠᠵᠢᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠬᠤ | ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠰᠲ᠋ᠧᠮᠵᠢ ᠦᠵᠡᠯᠲᠡ ᠶᠢ ᠪᠠᠷᠢᠮᠲᠠᠯᠠᠨ | ᠂ ᠪᠦᠬᠦᠯᠢ ᠴᠣᠭᠴᠠ ᠶᠢᠨ ᠰᠡᠳᠬᠢᠬᠦᠶ ᠪᠠᠷ ᠵᠣᠬᠢᠶᠠᠨ ᠪᠠᠶᠢᠭᠤᠯᠤᠯᠲᠠ᠂ ᠺᠠᠳ᠋ᠷ᠂ ᠴᠢᠳᠠᠪᠤᠷᠢᠲᠠᠨ ᠵᠡᠷᠭᠡ ᠡᠯ᠎ᠡ | ᠲᠠᠯ᠎ᠠ ᠶᠢᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠡᠳᠦᠯᠲᠡᠶ ᠲᠥᠯᠥᠪᠵᠢᠭᠦᠯᠦᠨ ᠳᠠᠶᠢᠴᠢᠯᠠᠵᠤ᠂ ᠡᠯ᠎ᠡ | ᠲᠣᠭᠲᠠᠴᠠ ᠶᠢᠨ ᠬᠤᠭᠤᠷᠣᠨᠳᠣ ᠨᠢ ᠵᠣᠯᠭᠠᠭᠤᠯᠤᠨ ᠨᠡᠪᠲᠡᠷᠡᠯᠴᠡᠭᠦᠯᠵᠦ᠂ ᠨᠢᠭᠡ ᠴᠣᠭᠴᠠᠵᠢᠭᠤᠯᠤᠨ | ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ | ᠬᠡᠷᠡᠭᠲᠡᠶ᠃ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠰᠠᠬᠢᠯᠭ᠎ᠠ ᠪᠠᠲᠤ ᠪᠠ | ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠶᠠᠮᠠᠷᠪᠠ ᠦᠶ᠎ᠡ ᠳᠤ ᠴᠦ ᠭᠡᠳ ᠴᠥᠮ ᠠᠷᠢᠭᠤᠨ | ᠴᠢᠬᠡᠴᠢ ᠪᠠᠷ ᠪᠡᠶ᠎ᠡ ᠪᠠᠨ ᠪᠠᠷᠢᠬᠤ ᠬᠥᠪᠴᠢ ᠪᠠᠨ ᠴᠢᠩᠭᠠᠯᠠᠵᠤ᠂ ︽ᠤᠯᠤᠰ ᠲᠦᠷᠦ ᠶᠢ ᠡᠷᠬᠢᠮᠯᠡᠬᠦ᠂ ᠲᠥᠪ | ᠭᠤᠣᠯᠴᠢ ᠶᠢ ᠴᠢᠬᠤᠯᠠᠴᠢᠯᠠᠬᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠰᠤᠷᠲᠠᠯ ᠰᠠᠶᠢᠨ︾ ᠵᠢᠱᠢᠶᠡᠴᠢ | ᠰᠠᠯᠠᠭ᠎ᠠ ᠮᠥᠴᠢᠷ ᠢ ᠦᠨᠡᠨ ᠬᠦ ᠰᠠᠶᠢᠲᠤᠷ ᠪᠠᠶᠢᠭᠤᠯᠬᠤ ᠬᠡᠷᠡᠭᠲᠡᠢ ᠭᠡᠰᠡᠨ ᠪᠠᠶᠢᠨ᠎ᠠ᠃ |