ᠬᠦᠷᠢᠶ᠎ᠡ ᠬᠤᠰᠢᠭᠤᠨ ᠤ ᠠᠨᠳᠠᠶ ᠪᠥᠵᠢᠭ 2023 ᠣᠨ ᠤ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ · ᠴᠧᠩᠳᠦ᠋ ᠶᠢᠨ ᠣᠯᠠᠨ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠠᠶᠠᠷ ᠣᠷᠤᠯᠴᠠᠪᠠ
ᠨᠡᠶᠢᠲᠡᠯᠡᠭᠰᠡᠨ ᠴᠠᠭ᠄
2023/10/13
  10 ᠰᠠᠷ᠎ᠠ ᠶᠢᠨ 12 ᠤᠨ ᠡᠳᠦᠷ ᠲᠡᠯᠡᠭᠡᠢ ᠶᠢᠨ ᠠᠩᠬᠠᠷᠤᠯ ᠢ ᠲᠠᠲᠠᠭᠰᠠᠨ ᠨᠠᠢᠮᠠᠲᠤᠭᠠᠷ ᠬᠤᠭᠤᠴᠠᠭᠠᠨ ᠤ ᠳᠤᠮᠲᠠᠲᠦ ᠤᠯᠤᠰ · ᠴᠧᠩᠳᠦ᠋ ᠶᠢᠨ ᠤᠯᠠᠨ ᠤᠯᠤᠰ ᠤᠨ ᠪᠤᠲᠠᠰ ᠤᠨ ᠪᠤᠰᠤ ᠰᠤᠶᠤᠯ ᠤᠨ ᠦᠪ ᠤᠨ ᠪᠠᠶᠠᠷ ᠰᠧᠴᠤᠸᠠᠨ ᠤ ᠴᠧᠩᠳᠦ᠋ ᠳᠤ ᠦᠪᠡᠲᠡᠭᠰᠢ ᠶᠡᠭᠡ ᠪᠠᠷ ᠡᠭᠢᠯᠡᠪᠡ᠃ ᠡᠬᠢᠯᠡᠯᠲᠡ ᠶᠢᠨ ᠶᠣᠰᠣᠯᠠᠯ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ 47 ᠰᠠᠯᠠᠭ᠎ᠠ ᠥᠪᠡᠷᠮᠢᠴᠡ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠣᠭᠯᠠᠯᠲᠠ ᠶᠢᠨ ᠡᠩᠨᠡᠭᠡ ᠶᠢ ᠤᠷᠢᠵᠤ᠂ ︽ᠦᠶ᠎ᠡ ᠤᠯᠠᠮᠵᠢᠯᠠᠬᠤ᠂ ᠳᠥᠷᠪᠡᠨ ᠳᠠᠯᠠᠢ ᠬᠠᠮᠲᠤ ᠪᠠᠷ ᠪᠠᠶᠠᠰᠬᠠᠬᠤ᠂  ᠪᠠᠶᠠᠯᠢᠭ ᠰᠠᠶᠢᠬᠠᠨ ᠭᠡᠷ ᠣᠷᠣᠨ᠂ ᠳᠡᠯᠡᠬᠡᠢ ᠳ᠋ᠠᠬᠢᠨ ᠬᠠᠮᠲᠤ ᠪᠠᠷ ᠡᠳ᠋ᠯᠡᠬᠦ᠂ ᠴᠠᠭ ᠦᠶ᠎ᠡ ᠶᠢᠨ ᠠᠶᠢᠵᠠᠮ ᠴᠣᠬᠢᠯᠭ᠎ᠠ᠂ ᠰᠧᠴᠤᠸᠠᠨ ᠤ ᠬᠡᠪ ᠨᠠᠮᠪᠠ︾ ᠶᠢᠨ ᠭᠤᠣᠯ ᠰᠡᠳᠦᠪ ᠢᠶᠠᠷ᠂ ᠭᠤᠣᠯ ᠬᠤᠷᠠᠯ ᠤᠨ ᠲᠠᠯᠠᠪᠠᠢ ᠳᠤ ᠬᠤᠯᠪᠤᠭᠠᠯᠠᠨ ᠳᠡᠯᠭᠡᠨ ᠦᠵᠡᠭᠦᠯᠪᠡ᠃ ᠬᠦᠷᠢᠶ᠎ᠡ ᠬᠤᠰᠢᠭᠤᠨ ᠤ ᠠᠨᠳᠠᠢ ᠪᠥᠵᠢᠭ ᠤᠷᠢᠯᠭ᠎ᠠ ᠪᠠᠷ ᠲᠣᠭᠯᠠᠯᠲᠠ ᠳᠤ ᠣᠷᠣᠯᠴᠠᠪᠠ᠃ ᠲᠣᠭᠯᠠᠯᠲᠠ ᠶᠢᠨ ᠠᠬᠤᠢ ᠲᠠᠯᠠᠪᠠᠢ ᠳᠤ᠂ ᠲᠣᠭᠯᠠᠭᠴᠢᠳ ᠮᠣᠩᠭᠤᠯ ᠦᠨᠳᠦᠰᠦᠲᠡᠨ ᠤ ᠤᠯᠠᠮᠵᠢᠯᠠᠯᠲᠤ ᠤᠨᠴᠠᠯᠢᠬᠳᠤ ᠬᠤᠪᠴᠠᠰᠤ ᠵᠠᠰᠠᠯ ᠢᠶᠠᠷ ᠢᠶᠠᠨ ᠭᠤᠶᠤᠯᠠᠵᠤ᠂ ᠠᠨᠳᠠᠶ ᠪᠥᠵᠢᠭ ᠤᠨ ᠬᠥᠭ ᠠᠶᠠᠰ ᠢ ᠲᠠᠭᠠᠯᠳᠤᠨ᠂ ᠤᠯᠠᠭᠠᠨ ᠳᠤᠷᠳᠤᠩ ᠢᠶᠠᠨ ᠰᠠᠵᠢᠯᠠᠨ ᠪᠥᠵᠢᠭᠯᠡᠵᠦ᠂ ᠠᠨᠳᠠᠶ ᠪᠥᠵᠢᠭ ᠤᠨ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号