ᠠᠯᠳᠠ
ᠨᠡᠶᠢᠲᠡᠯᠡᠭᠰᠡᠨ ᠴᠠᠭ᠄
2023/10/17
 
  ᠠᠯᠳᠠ᠂ ᠰᠢᠤᠳᠠᠨ ᠤ ᠹᠷᠤᠨᠲ ᠲᠠᠬᠢ ᠲᠡᠬᠡᠳᠦ ᠵᠡᠷᠬᠡ ᠶᠢᠨ ᠢᠨᠵᠧᠨᠧᠷ᠂ ᠡᠮᠡᠭᠳᠡᠢ᠂ ᠮᠤᠩᠭᠤᠯ ᠦᠨᠳᠦᠰᠦᠳᠠᠨ᠂ ᠲᠡᠬᠡᠳᠦ ᠶᠢᠨ ᠨᠤᠳᠤᠭ ᠦᠪᠦᠷ ᠮᠤᠩᠭᠤᠯ ᠤᠨ ᠵᠢᠷᠢᠮ ᠠᠶᠢᠮᠠᠭ ᠤᠨ ᠭᠦᠷᠢᠶ᠎ᠡ ᠬᠤᠰᠢᠭᠤᠨ ᠤ ᠨᠠᠷᠢᠨ ᠭᠤᠤᠯ ᠰᠤᠮᠤ  ᠶᠢᠨ ᠮᠠᠨᠢᠳᠦ ᠲᠤᠰᠬᠤᠨ᠂ 1944 ᠤᠨ ᠤ 10 ᠰᠠᠷ᠎ᠠ ᠶᠢᠨ 5 ᠤ ᠡᠳᠦᠷ ᠬᠢᠩᠭᠠᠨ ᠠᠶᠢᠮᠠᠭ ᠤᠨ ᠤᠯᠠᠭᠠᠨᠬᠤᠳᠠ  ᠳᠤ ᠲᠦᠷᠦᠪᠡ᠃ 1968 ᠤᠨ ᠳᠤ ᠳ᠋ᠠᠯᠢᠶᠠᠨ ᠳᠠᠬᠢ ᠠᠵᠦ ᠦᠢᠯᠡᠳᠪᠦᠷᠢ ᠶᠢᠨ ᠲᠡᠬᠡᠳᠦ ᠰᠤᠷᠭᠠᠭᠤᠯᠢ ︵ᠤᠳᠦ  ᠶᠢᠨ ᠳ᠋ᠠᠯᠢᠶᠠᠨ ᠳᠠᠬᠢ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ︶ ᠶᠢᠨ ᠤᠩᠭᠤᠴᠠ ᠦᠢᠯᠡᠳᠭᠦ ᠰᠠᠯᠪᠦᠷᠢ ᠠᠴᠠ ᠲᠡᠭᠦᠰᠪᠡ᠃ 1982 ᠤᠨ ᠳᠤ ᠲᠤᠮᠳᠠᠳᠦ ᠤᠯᠤᠰ ᠤᠨ ᠡᠪ ᠬᠠᠮᠳᠦ ᠨᠠᠮ ᠳᠤ ᠡᠯᠰᠡᠭᠳᠡᠪᠡ᠂ ᠦᠪᠦᠷ ᠮᠤᠩᠭᠤᠯ ᠤᠨ ᠰᠢᠨᠵᠢᠯᠡᠭᠦ ᠤᠬᠠᠭᠠᠨ ᠤ ᠵᠦᠪᠯᠡᠯ ᠤᠨ ᠲᠦᠷᠪᠡᠳᠦᠬᠡᠷ ᠬᠤᠭᠤᠴᠠᠭᠠᠨ ᠤ ᠬᠡᠰᠢᠭᠦᠨ᠂ ᠲᠡᠬᠡᠳᠦ ᠵᠡᠷᠬᠡ ᠶᠢᠨ ᠢᠨᠵᠧᠨᠧᠷ᠂ 1999 ᠤᠨ ᠳᠤ ᠠᠵᠢᠯ ᠠᠴᠠ ᠪᠠᠨ ᠠᠮᠠᠷᠠᠪᠠ᠃    ᠠᠯᠳᠠ ᠤᠷᠢᠳ ᠬᠤᠵᠢᠳ ᠪᠤᠭᠤᠳᠦ ᠶᠢᠨ ᠤᠰᠤᠨ ᠵᠠᠮ ᠤᠨ ᠲᠡᠬᠡᠬᠡᠪᠦᠷᠢ ᠶᠢᠨ ᠺᠤᠮᠫᠠᠨᠢ᠂ ᠦᠪᠦᠷ ᠮᠤᠩᠭᠤᠯ  ᠤᠨ ᠬᠡᠪᠰᠢᠭᠦᠯᠵᠦ ᠲᠠᠪᠳᠠᠬᠤ ᠦᠢᠯᠡᠳᠪᠦᠷᠢ ᠶᠢᠨ ᠮᠡᠷᠬᠡᠵᠢᠯᠳᠠᠨ᠂ ᠭᠦᠬᠡᠬᠤᠳᠠ ᠶᠢᠨ ᠰᠢᠤᠳᠠᠨ ᠲᠤᠪᠴᠢᠶ᠎ᠠ ᠶᠢᠨ ᠢᠨᠵᠧᠨᠧᠷ᠂ ᠲᠡᠳ᠋ ᠲᠤᠪᠴᠢᠶᠠᠨ ᠲᠠᠷᠤᠭ᠎ᠠ᠂ ᠦᠪᠦᠷ ᠮᠤᠩᠭᠤᠯ ᠤᠨ ᠰᠢᠤᠳᠠᠨ ᠬᠠᠮᠢᠶᠠᠷᠤᠯᠳᠠ ᠶᠢᠨ ᠲᠤᠪᠴᠢᠶ᠎ᠠ ᠶᠢᠨ ᠲᠧᠭᠨᠢᠭ ᠮᠡᠷᠬᠡᠵᠢᠯ ᠤᠨ ᠭᠠᠵᠠᠷ ᠤᠨ ᠲᠡᠳ᠋ ᠲᠠᠷᠤᠭ᠎ᠠ᠂ ᠦᠪᠦᠷ ᠮᠤᠩᠭᠤᠯ ᠤᠨ ᠴᠢᠮᠡᠭᠡ ᠬᠤᠯᠪᠤᠭ᠎ᠠ ᠶᠢᠨ ᠰᠤᠳᠤᠯᠭᠠᠨ  ᠤ ᠬᠤᠷᠠᠯ ᠤᠨ ᠬᠡᠷᠡᠭ ᠡᠷᠬᠢᠯᠡᠭᠴᠢᠳ ᠤᠨ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠵᠡᠷᠬᠡ ᠠᠵᠢᠯ ᠠᠯᠪᠠ ᠳᠤ ᠪᠠᠶᠢᠵᠠᠢ᠃    ᠲᠠᠷᠡ ᠭᠦᠬᠡᠬᠤᠳᠠ ᠶᠢᠨ ᠰᠢᠤᠳᠠᠨ ᠤ ᠪᠤᠭᠤᠳᠠᠯ ᠪᠠᠭᠯᠠᠭ᠎ᠠ ᠶᠢᠨ ᠲᠡᠭᠦᠵᠦ ᠬᠤᠪᠢᠶᠠᠬᠤ ᠮᠧᠬᠠᠨᠢᠭᠵᠢᠭᠤᠯᠤᠯᠳᠠ  ᠶᠢᠨ ᠰᠢᠰᠲ᠋ᠧᠮ ᠢ ᠵᠢᠷᠤᠭᠯᠠᠵᠦ ᠲᠦᠰᠦᠪᠯᠡᠭᠦ᠂ ᠤᠭᠰᠠᠷᠠᠭᠤᠯᠤᠨ ᠲᠠᠭᠠᠷᠠᠭᠤᠯᠬᠤ ᠠᠵᠢᠯ ᠢ ᠡᠷᠬᠢᠯᠡᠨ ᠪᠡᠶᠡᠯᠡᠭᠦᠯᠵᠦ᠂ ᠦᠪᠡᠷᠳᠡᠬᠡᠨ ᠵᠠᠰᠠᠬᠤ ᠤᠷᠤᠨ ᠳᠤ ᠬᠠᠮᠤᠭ ᠲᠦᠷᠦᠭᠦᠨ ᠳᠤ ᠪᠤᠭᠤᠳᠠᠯ ᠪᠠᠭᠯᠠᠭ᠎ᠠ ᠶᠢᠨ ᠠᠦ᠋ᠲ᠋ᠤᠴᠢᠯᠠᠭᠰᠠᠨ ᠰᠢᠰᠲ᠋ᠧᠮ  ᠢ ᠡᠭᠦᠳᠭᠦ᠂ ᠠᠵᠢᠯᠳᠠᠨ ᠢ ᠡᠷᠴᠢᠮ ᠴᠢᠩᠭ᠎ᠠ ᠭᠦᠳᠡᠯᠮᠦᠷᠢ ᠠᠴᠠ ᠴᠢᠯᠦᠬᠡᠯᠡᠨ᠂ ᠭᠦᠳᠡᠯᠮᠦᠷᠢ ᠶᠢᠨ ᠦᠷ᠎ᠡ ᠪᠦᠳᠦᠮᠵᠢ  ᠶᠢ ᠲᠡᠬᠡᠭᠰᠢᠯᠡᠭᠦᠯᠵᠦ᠂ ᠭᠦᠳᠡᠯᠮᠦᠷᠢ ᠶᠢᠨ ᠤᠷᠴᠢᠨ ᠨᠦᠭᠦᠴᠡᠯ ᠢ ᠰᠠᠶᠢᠵᠢᠷᠠᠭᠤᠯᠵᠠᠢ᠃ ᠲᠡᠷᠡ ︽ᠰᠢᠤᠳᠠᠨ ᠴᠢᠮᠡᠭᠡ ᠬᠤᠯᠪᠤᠭ᠎ᠠ ᠶᠢᠨ ᠪᠠᠶᠢᠭᠤᠯᠤᠮᠵᠢ ᠶᠢᠨ ᠲᠤᠬᠠᠢ ᠶᠠᠷᠢᠬᠤ ᠨᠢ︾᠂ ︽ᠰᠢᠤᠳᠠᠨ ᠤ ᠰᠢᠨᠵᠢ ᠴᠢᠨᠠᠷ ᠬᠢᠬᠡᠳ ᠦᠢᠯᠡᠴᠢᠯᠡᠭᠡ ᠶᠢᠨ ᠲᠤᠬᠠᠢ ᠲᠤᠷᠰᠢᠨ ᠦᠭᠦᠯᠡᠭᠦ ᠨᠢ︾᠂ ︽ᠪᠦᠭᠦ ᠤᠷᠤᠨ ᠤ ᠭᠤᠤᠯ ᠵᠠᠮ ᠱᠤᠭᠤᠮ ᠤᠨ ᠰᠢᠤᠳᠠᠨ ᠲᠡᠬᠡᠬᠡᠪᠦᠷᠢ ᠶᠢᠨ ᠲᠤᠤᠷᠵᠢᠭᠤᠯᠤᠯᠳᠠ ᠶᠢᠨ ᠲᠦᠰᠦᠪ ᠤᠨ ᠠᠩᠬᠠᠨ ᠤ ᠰᠦᠪᠡᠭᠴᠢᠯᠡᠯ︾᠂ ︽ᠰᠢᠤᠳᠠᠨ ᠴᠢᠮᠡᠭᠡ ᠬᠤᠯᠪᠤᠭ᠎ᠠ ᠶᠢᠨ ᠭᠦᠢᠰᠦ ᠶᠢᠨ ᠪᠦᠳᠦᠬᠡᠨ ᠪᠠᠶᠢᠭᠤᠯᠤᠯᠳᠠ ᠬᠢᠬᠡᠳ ᠬᠠᠮᠢᠶᠠᠷᠤᠯᠳᠠ︾᠂ ︽ᠮᠠᠨ ᠤ ᠤᠷᠤᠨ ᠤ ᠰᠢᠤᠳᠠᠨ ᠴᠢᠮᠡᠭᠡ ᠶᠢᠨ ᠮᠡᠷᠬᠡᠵᠢᠯ ᠤᠨ ᠲᠠᠪᠰᠢᠯᠳᠠ ᠶᠢᠨ ᠲᠤᠬᠠᠢ ᠬᠡᠳᠦᠨ ᠰᠠᠨᠠᠯ︾᠂ ︽ᠰᠤᠳᠤᠯᠭᠠᠨ ᠤ ᠬᠤᠷᠠᠯ ᠤᠨ ᠠᠵᠢᠯ ᠢᠶᠠᠨ ᠴᠢᠩᠭᠠᠳᠬᠠᠨ ᠮᠠᠨ ᠤ ᠤᠷᠤᠨ ᠤ ᠴᠢᠮᠡᠭᠡ ᠵᠠᠩᠬᠢᠵᠢᠯᠠᠯᠳᠠ ᠶᠢᠨ ᠠᠬᠢᠴᠡ ᠶᠢ ᠲᠦᠷᠬᠡᠳᠬᠡᠭᠦ ᠳᠤ ᠦᠢᠯᠡᠴᠢᠯᠡᠭᠦᠯᠦᠶ᠎ᠡ︾᠂ ︽ᠴᠢᠮᠡᠭᠡ ᠵᠠᠩᠬᠢᠵᠢᠯᠠᠯᠳᠠ ᠶᠢᠨ ᠪᠦᠳᠦᠬᠡᠨ ᠪᠠᠶᠢᠭᠤᠯᠤᠯᠳᠠ ᠶᠢ ᠴᠢᠬᠤᠯᠠᠴᠢᠯᠠᠨ ᠦᠵᠡᠵᠦ᠂ ᠦᠨᠳᠦᠰᠦᠳᠠᠨ ᠤ ᠤᠷᠤᠨ ᠤ ᠠᠵᠦ ᠠᠬᠤᠢ ᠶᠢᠨ ᠨᠡᠶᠢᠬᠡᠮ ᠤᠨ ᠭᠦᠭᠵᠢᠯᠳᠠ ᠶᠢ ᠠᠬᠢᠭᠤᠯᠤᠶ᠎ᠠ︾ ᠵᠡᠷᠬᠡ ᠦᠭᠦᠯᠡᠯ ᠲᠤᠭᠤᠷᠪᠢᠨ᠂ ︽ᠦᠪᠦᠷ ᠮᠤᠩᠭᠤᠯ ᠤᠨ ᠰᠢᠤᠳᠠᠨ ᠤ ᠰᠢᠨᠵᠢᠯᠡᠭᠦ ᠤᠬᠠᠭᠠᠨ ᠲᠧᠭᠨᠢᠭ ᠮᠡᠷᠬᠡᠵᠢᠯ︾ ᠪᠠ ᠤᠯᠤᠰ ᠤᠨ ᠲᠤᠳᠤᠭᠠᠳᠦ ᠭᠠᠳᠠᠭᠠᠳᠦ ᠶᠢᠨ ᠡᠷᠳᠡᠮ ᠰᠢᠨᠵᠢᠯᠡᠬᠡᠨ ᠤ ᠬᠤᠷᠠᠯ ᠪᠤᠶᠦ ᠰᠡᠳᠭᠦᠯ ᠲᠡᠬᠡᠷ᠎ᠡ ᠨᠠᠶᠢᠳᠠᠯᠠᠪᠠ᠃ ᠲᠡᠷᠡ ︽ᠷᠠᠳᠢᠤ᠋ ᠲᠧᠯᠸᠢᠰ ᠤᠨ ᠰᠠᠯᠠᠭ᠎ᠠ ᠮᠦᠴᠢᠷ ᠪᠠ ᠰᠢᠤᠳᠠᠨ ᠤ ᠰᠠᠯᠠᠭ᠎ᠠ ᠮᠦᠴᠢᠷ ᠬᠠᠮᠵᠢᠯᠴᠠᠨ ᠤᠳᠠᠰᠦᠳᠦ ᠷᠠᠳᠢᠤ᠋ ᠲᠧᠯᠸᠢᠰ ᠤᠨ ᠲᠤᠤᠷᠵᠢᠭᠤᠯᠤᠯᠳᠠ ᠪᠠᠶᠢᠭᠤᠯᠬᠤ︾᠂ ︽ᠦᠪᠦᠷ ᠮᠤᠩᠭᠤᠯ ᠤᠨ ᠴᠢᠮᠡᠭᠡ ᠬᠤᠯᠪᠤᠭ᠎ᠠ ᠶᠢᠨ ᠵᠠᠬ᠎ᠠ ᠲᠡᠯᠬᠡᠭᠦᠷ ᠵᠢᠴᠢ ᠡᠵᠡᠩᠨᠡᠯᠳᠠ ᠶᠢᠨ ᠠᠷᠭ᠎ᠠ ᠪᠤᠳᠤᠯᠭ᠎ᠠ ᠶᠢᠨ ᠰᠤᠳᠤᠯᠭᠠᠨ︾᠂ ︽ᠪᠤᠭᠤᠳᠦ ᠶᠢᠨ ᠰᠢᠤᠳᠠᠨ ᠤ ᠶᠡᠷᠦᠩᠬᠡᠶᠢᠯᠡᠭᠰᠡᠨ ᠺᠤᠮᠫᠢᠤᠲ᠋ᠧᠷ ᠤᠨ ᠰᠢᠰᠲ᠋ᠧᠮ︾ ᠵᠡᠷᠬᠡ ᠰᠡᠳᠦᠪ ᠤᠨ ᠰᠤᠳᠤᠯᠭᠠᠨ ᠢ ᠡᠷᠬᠢᠯᠡᠨ ᠬᠢᠭᠰᠡᠨ ᠪᠦᠬᠡᠳ ᠤᠷᠤᠯᠴᠠᠪᠠ᠃ ᠲᠡᠷᠡ ᠰᠢᠤᠳᠠᠨ ᠤ ᠠᠵᠢᠯ ᠲᠠᠰᠬᠠᠯ ᠤᠨ ᠵᠤᠬᠢᠶᠠᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠰᠢᠯᠢᠳᠡᠭᠵᠢᠭᠦᠯᠭᠦ ᠠᠵᠢᠯ ᠳᠤ ᠤᠷᠤᠯᠴᠠᠵᠠᠢ᠃ ᠲᠡᠷᠡ ᠪᠠᠰᠠ ᠦᠪᠡᠷᠳᠡᠬᠡᠨ ᠵᠠᠰᠠᠬᠤ ᠤᠷᠤᠨ ᠤ ᠰᠢᠤᠳᠠᠨ ᠤ ᠮᠡᠷᠬᠡᠵᠢᠯ  ᠤᠨ ᠭᠦᠭᠵᠢᠯᠳᠠ ᠶᠢᠨ ᠲᠦᠷᠦ ᠶᠢᠨ ᠪᠤᠳᠤᠯᠭ᠎ᠠ᠂ ︽ᠰᠢᠤᠳᠠᠨ ᠤ ᠰᠢᠨᠵᠢᠯᠡᠭᠡ ᠮᠡᠷᠬᠡᠵᠢᠯ ᠤᠨ ᠭᠦᠭᠵᠢᠯᠳᠠ ᠶᠢᠨ ᠨᠠᠢᠮᠠᠳᠤᠭᠠᠷ ᠲᠠᠪᠤᠨ ᠵᠢᠯ ᠤᠨ ᠲᠦᠯᠦᠪᠯᠡᠭᠡ ᠪᠠ ᠠᠷᠪᠠᠨ ᠵᠢᠯ ᠤᠨ ᠲᠦᠯᠦᠪᠵᠢᠭᠦᠯᠬᠡ ᠶᠢᠨ ᠲᠦᠰᠦᠯ︾ ᠢ ᠵᠠᠰᠠᠪᠦᠷᠢ ᠤᠷᠤᠭᠤᠯᠵᠦ ᠲᠤᠭᠳᠠᠭᠠᠬᠤ ᠠᠵᠢᠯ ᠳᠤ ᠤᠷᠤᠯᠴᠠᠪᠠ︔ ᠦᠪᠦᠷ ᠮᠤᠩᠭᠤᠯ ᠤᠨ ᠴᠢᠮᠡᠭᠡ ᠨᠠᠪᠳᠠᠷᠠᠭᠦᠯᠬᠡ ᠶᠢᠨ ᠡᠷᠳᠡᠮ ᠰᠢᠨᠵᠢᠯᠡᠬᠡᠨ ᠤ ᠰᠤᠳᠤᠯᠭᠠᠨ ᠤ ᠬᠤᠷᠠᠯ ᠤᠨ ᠡᠳᠦᠷ ᠲᠤᠳᠤᠮ ᠤᠨ ᠬᠠᠮᠢᠶᠠᠷᠤᠯᠳᠠ ᠶᠢᠨ ᠠᠵᠢᠯ ᠢ ᠲᠠᠭᠠᠭᠠᠨ ᠭᠦᠢᠴᠡᠳᠬᠡᠭᠰᠡᠨ ᠪᠠᠶᠢᠨ᠎ᠠ᠃    ᠠᠵᠢᠯ ᠠᠴᠠ ᠪᠠᠨ ᠠᠮᠠᠷᠠᠭᠰᠠᠨ ᠬᠤᠶᠢᠨ᠎ᠠ᠂ ᠠᠯᠳᠠ ᠦᠪᠦᠷ ᠮᠤᠩᠭᠤᠯ ᠤᠨ ᠪᠠᠳᠤᠴᠠᠭᠠᠨ ᠨᠡᠷᠡᠮᠵᠢᠳᠦ ᠤᠷᠠᠯᠢᠭ  ᠤᠨ ᠪᠦᠯᠭᠦᠮ ᠤᠨ ᠲᠡᠳ᠋ ᠲᠠᠷᠤᠭ᠎ᠠ᠂ ᠤᠷᠠᠯᠢᠭ ᠵᠢᠯᠤᠭᠤᠳᠤᠭᠴᠢ᠂ ᠪᠦᠯᠭᠦᠮ ᠤᠨ ᠲᠠᠷᠤᠭ᠎ᠠ ᠶᠢᠨ ᠲᠤᠰᠢᠶᠠᠯ ᠡᠭᠦᠷᠬᠡᠯᠡᠵᠦ᠂ ᠤᠷᠠᠯᠢᠭ ᠤᠨ ᠪᠦᠯᠭᠦᠮ ᠳᠤ ᠤᠷᠤᠯᠴᠠᠭᠰᠠᠨ ᠰᠢᠤᠳᠠᠨ ᠤ ᠹᠷᠤᠨᠲ ᠤᠨ ᠠᠵᠢᠯ ᠠᠴᠠ ᠪᠠᠨ ᠠᠮᠠᠷᠠᠭᠰᠠᠨ ᠠᠵᠢᠯᠳᠠᠳ ᠲᠠᠢ ᠬᠠᠮᠳᠦ ᠪᠠᠷ ᠤᠨᠠᠭᠠᠨ ᠨᠤᠳᠤᠭ ᠢᠶᠠᠨ ᠪᠠᠭ᠋ᠠᠳᠤᠨ᠂ ᠡᠬᠡ ᠤᠯᠤᠰ᠂ ᠡᠪ ᠬᠠᠮᠳᠦ ᠨᠠᠮ  ᠢᠶᠠᠨ ᠮᠠᠭᠳᠠᠨ ᠲᠠᠭᠤᠯᠠᠵᠦ᠂ ᠲᠤᠰ ᠪᠦᠯᠭᠦᠮ ᠢᠶᠠᠨ ᠤᠳᠤᠷᠢᠳᠤᠨ ᠮᠤᠩᠭᠤᠯ ᠦᠨᠳᠦᠰᠦᠳᠠᠨ ᠤ ᠤᠨᠴᠠᠯᠢᠭ ᠢ ᠢᠮᠠᠭᠳᠠ ᠲᠤᠪᠤᠶᠢᠯᠭᠠᠨ᠂ ᠦᠪᠦᠷ ᠮᠤᠩᠭᠤᠯ ᠢᠶᠠᠨ ᠦᠨᠳᠦᠰᠦᠳᠠᠨ ᠤ ᠰᠤᠶᠤᠯ ᠤᠨ ᠭᠦᠴᠦᠷᠬᠡᠭ ᠤᠷᠤᠨ ᠪᠤᠯᠭᠠᠬᠤ  ᠳᠤ ᠦᠢᠯᠡᠴᠢᠯᠡᠭᠰᠡᠬᠡᠷ ᠢᠷᠡᠵᠡᠢ᠃ 14 ᠵᠢᠯ ᠤᠨ ᠴᠢᠷᠮᠠᠶᠢᠯᠭ᠎ᠠ ᠪᠠᠷᠳᠤᠰ ᠤᠷᠠᠯᠢᠭ ᠤᠨ ᠪᠦᠯᠭᠦᠮ ᠨᠢ ᠴᠢᠮᠡᠭᠡ ᠬᠤᠯᠪᠤᠭᠠᠨ ᠤ ᠠᠵᠢᠯ ᠲᠦᠷᠦᠯ᠂ ᠭᠦᠬᠡᠬᠤᠳᠠ᠂ ᠦᠪᠡᠷᠳᠡᠬᠡᠨ ᠵᠠᠰᠠᠬᠤ ᠤᠷᠤᠨ ᠠᠴᠠ ᠵᠤᠬᠢᠶᠠᠨ ᠪᠠᠶᠢᠭᠤᠯᠤᠭᠰᠠᠨ ᠠᠵᠢᠯᠯᠠᠭ᠎ᠠ ᠳᠤ ᠤᠯᠠᠨᠳᠠ ᠱᠠᠩᠨᠠᠯ ᠭᠦᠷᠳᠡᠨ᠂ ᠡᠷᠳᠡᠨᠢᠳᠦ ᠠᠷᠠᠯ ᠲᠠᠶᠢᠸᠠᠨ ᠳᠤ ᠤᠴᠢᠵᠦ ᠰᠤᠶᠤᠯ ᠤᠨ ᠰᠤᠯᠢᠯᠴᠠᠭ᠎ᠠ ᠬᠢᠭᠦ ᠳᠡᠭᠡᠨ ︽ᠦᠵᠡᠰᠭᠦᠯᠡᠩᠳᠦ ᠲᠠᠯ᠎ᠠ ᠨᠤᠳᠤᠭ ᠮᠢᠨᠤ ᠲᠦᠷᠦᠭᠰᠡᠨ ᠦᠯᠦᠬᠡᠢ︾᠂ ︽ᠲᠠᠯ᠎ᠠ ᠨᠤᠳᠤᠭ ᠤᠨ ᠬᠠᠶᠢᠷ᠎ᠠ ︾ ᠬᠡᠭᠦ ᠲᠠᠭᠤᠤ ᠲᠠᠭᠤᠯᠠᠵᠦ᠂ ᠭᠦᠷᠢᠶ᠎ᠡ ᠬᠤᠰᠢᠭᠤᠨ ᠤ ᠤᠯᠠᠮᠵᠢᠯᠠᠯᠳᠦ ᠠᠨᠳᠠᠢ ᠪᠦᠵᠢᠭ᠂ ︽ᠪᠠᠶᠠᠷ ᠪᠠᠶᠠᠰᠬᠤᠯᠠᠩᠳᠦ ᠠᠨᠳᠠᠢ︾ ᠲᠤᠭᠯᠠᠭᠠᠳ᠂ ᠲᠠᠶᠢᠸᠠᠨ ᠤ  ᠦᠵᠡᠭᠴᠢᠳ ᠲᠤ  ᠲᠠᠭᠠᠰᠢᠶᠠᠭᠳᠠᠨ᠂  ᠨᠠᠶᠢᠷᠠᠯ  ᠲᠠᠭᠤᠤ ᠶᠢᠨ ᠠᠯᠳᠠᠨ ᠮᠧᠳᠠᠯ᠂ ᠪᠦᠵᠢᠭ ᠤᠨ ᠲᠠᠶᠢᠰᠠᠨ ᠲᠡᠬᠡᠷᠡᠬᠢ ᠬᠠᠮᠤᠭ ᠰᠠᠶᠢᠨ ᠴᠤᠭ ᠵᠢᠪᠬᠤᠭᠠᠳᠦ ᠱᠠᠩᠨᠠᠯ᠂ ᠵᠢᠯᠤᠭᠤᠳᠤᠭᠰᠠᠨ ᠱᠠᠩᠨᠠᠯ ᠪᠠ ᠵᠤᠬᠢᠶᠠᠨ ᠪᠠᠶᠢᠭᠤᠯᠤᠭᠰᠠᠨ ᠱᠠᠩᠨᠤᠯ ᠭᠦᠷᠳᠡᠵᠦ᠂ ᠦᠪᠦᠷ ᠮᠤᠩᠭᠤᠯ ᠢᠶᠠᠨ ᠰᠤᠷᠳᠠᠯᠴᠢᠯᠠᠨ ᠤᠬᠠᠭᠤᠯᠬᠤ᠂ ᠲᠠᠯ᠎ᠠ ᠨᠤᠳᠤᠭ ᠤᠨ ᠰᠤᠶᠤᠯ ᠢᠶᠠᠨ ᠪᠠᠳᠠᠷᠭᠠᠬᠤ ᠳᠤ ᠨᠡᠮᠡᠷᠢ ᠬᠠᠨᠳᠢᠪ ᠡᠷᠭᠦᠭᠰᠡᠨ ᠪᠠᠶᠢᠨ᠎ᠠ᠃                                                       ︵ᠲᠠᠶᠢᠴᠢᠨ︶
 
ᠢᠷᠡᠯᠲᠡ᠄ ᠭᠦᠷᠢᠶ᠎ᠡ ᠲᠡᠤᠬᠡ ᠰᠤᠶᠤᠯ ᠰᠤᠳᠤᠯᠤᠯ ᠤᠨ ᠴᠤᠪᠤᠷᠠᠯ ᠪᠢᠴᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号