ᠬᠦᠷᠢᠶ᠎ᠡ ᠬᠤᠰᠢᠭᠤ ᠤᠯᠠᠭᠠᠨᠮᠦ᠋ᠴᠢᠷ ᠤᠨ ᠮᠥᠩᠭᠦᠨ ᠡᠯᠡᠰᠦ ᠬᠦᠭᠵᠢᠮ ᠤᠨ ᠠᠩᠬᠢ ᠶᠢᠨ ᠲᠤᠰᠬᠠᠢ ᠲᠠᠭᠤᠤ ᠬᠦᠭᠵᠢᠮ ᠤᠨ ᠦᠳᠡᠰᠢᠯᠡᠭᠡ ᠡᠷᠬᠢᠯᠡᠪᠡ
ᠨᠡᠶᠢᠲᠡᠯᠡᠭᠰᠡᠨ ᠴᠠᠭ᠄
2023/11/17
  11 ᠰᠠᠷ᠎ᠠ ᠶᠢᠨ 16 ᠤ ᠡᠳᠦᠷ᠂ ᠬᠦᠷᠢᠶ᠎ᠡ ᠬᠤᠰᠢᠭᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠤᠯᠠᠭᠠᠨᠮᠥ᠋ᠴᠢᠷ ᠤᠨ ᠮᠥᠩᠭᠦᠨ ᠡᠯᠡᠰᠦ ᠬᠦᠭᠵᠢᠮ ᠤᠨ ᠠᠩᠭᠢ ᠶᠢᠨ ᠲᠤᠰᠬᠠᠶ ᠳᠠᠭᠤᠤ ᠬᠥᠭᠵᠢᠮ ᠤᠨ ᠦᠳᠡᠰᠢᠯᠡᠭᠡ ᠡᠷᠭᠢᠯᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠬᠦᠶ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠤᠬᠠᠭᠤᠯᠬᠤ ᠬᠡᠯᠲᠡᠰ ᠤᠨ ᠳᠠᠷᠤᠭ᠎ᠠ ᠵᠧᠩ ᠱᠤ᠋ ᠯᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠶᠣᠣ ᠬᠤᠶ ᠳᠠᠭᠤᠤ ᠬᠥᠭᠵᠢᠮ ᠤᠨ ᠦᠳᠡᠰᠢᠯᠡᠭᠡ ᠳᠤ ᠣᠷᠣᠯᠴᠠᠵᠠᠶ᠃    ᠠᠵᠢᠯᠯᠠᠭ᠎ᠠ ᠶᠢᠨ ᠳᠤᠮᠳᠠ᠂ ᠳᠠᠭᠤᠤ ︽ᠲᠠ ᠪᠤᠴᠠᠵᠤ ᠢᠷᠡᠬᠦ ᠶᠢ ᠬᠦᠯᠢᠶᠡᠶ᠎ᠡ︾᠂ ᠱᠤᠳᠤᠷᠭᠤ ᠶᠢᠨ ᠭᠤᠴᠣᠯᠠᠯ ᠬᠥᠭᠵᠢᠮ ︽ᠳᠤᠭᠤᠢ ᠮᠠᠯᠠᠭᠠᠶ︾᠂ ᠠᠷᠠᠳ ᠤᠨ ᠬᠥᠭᠵᠢᠮ ᠤᠨ ᠨᠠᠶᠢᠷᠠᠯ ᠬᠥᠭᠵᠢᠮ ︽ᠡᠯᠡᠰᠦᠨ ᠵᠢᠷᠤᠭ︾᠂ ︽ᠠᠶᠠᠨ ᠵᠠᠮ︾ ᠵᠡᠷᠭᠡ ᠭᠤᠶᠢᠳᠠ ᠰᠠᠶᠢᠬᠠᠨ ᠳᠠᠭᠤᠤ ᠬᠥᠭᠵᠢᠮ ᠤᠨ ᠲᠣᠭᠯᠠᠯᠲᠠ ᠦᠷᠬᠦᠯᠵᠢᠯᠡᠵᠦ᠂ ᠢᠷᠠᠭᠤ ᠰᠠᠶᠢᠬᠠᠨ ᠠᠶᠠᠯᠭᠤ᠂ ᠣᠷᠭᠢᠯᠤᠮ᠎ᠠ ᠬᠠᠯᠠᠭᠤᠨ ᠠᠭᠤᠷ ᠠᠮᠢᠰᠬᠤᠯ᠂ ᠮᠡᠷᠭᠡᠰᠢᠨ ᠴᠠᠭᠠᠷᠠᠭᠰᠠᠨ ᠲᠤᠭᠯᠠᠯᠲᠠ᠂ ᠪᠠᠶᠠᠯᠢᠭ  ᠰᠠᠶᠢᠬᠠᠨ  ᠳᠠᠭᠤᠤ  ᠬᠦᠭᠵᠢᠮ ᠤᠨ  ᠬᠡᠯᠪᠡᠷᠢ ᠨᠢ  ᠦᠵᠡᠭᠴᠢᠳ ᠲᠤ ᠦᠨᠳᠦᠰᠦᠲᠡᠨ ᠤ ᠳᠠᠭᠤᠤ ᠬᠥᠭᠵᠢᠮ ᠤᠨ ᠪᠠᠶᠠᠯᠢᠭ ᠰᠠᠶᠢᠬᠠᠨ᠂ ᠦᠨᠳᠦᠰᠦᠲᠡᠨ ᠤ ᠰᠣᠶᠣᠯ ᠤᠨ ᠭᠤᠶᠢᠳᠠ ᠳᠦᠷᠢ ᠲᠥᠷᠬᠦ ᠶᠢ ᠭᠦᠢᠴᠡᠳ ᠲᠥᠷᠦᠭᠳᠡᠭᠦᠯᠪᠡ᠃    ᠣᠶᠢᠯᠠᠭᠠᠭᠰᠠᠨ ᠢᠶᠠᠷ᠂ ᠮᠥᠩᠭᠦᠨ ᠡᠯᠡᠰᠦ ᠬᠥᠭᠵᠢᠮ ᠤᠨ ᠠᠩᠭᠢ 2022 ᠣᠨ ᠳᠤ ᠪᠠᠶᠢᠭᠤᠯᠤᠭᠳᠠᠵᠤ᠂ 9 ᠨᠡᠷᠡᠰ ᠶᠠᠷᠢᠬᠤ᠂ ᠪᠢᠴᠢᠬᠦ᠂ ᠳᠠᠭᠤᠯᠠᠬᠤ᠂ ᠪᠦᠵᠢᠭᠯᠡᠬᠦ᠂ ᠲᠠᠲᠠᠬᠤ ᠵᠡᠷᠭᠡ ᠶᠡᠷᠦᠩᠬᠡᠶᠢᠯᠡᠭᠰᠡᠨ ᠤᠷ᠎ᠠ ᠴᠢᠳᠠᠪᠤᠷᠢ ᠲᠠᠢ ᠬᠦᠷᠢᠶ᠎ᠡ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢ ᠪᠠᠷ ᠪᠦᠷᠢᠯᠳᠦᠵᠦ᠂ ︽ᠠᠶᠠᠯᠠᠯ︾᠂ ︽ᠴᠠᠭ ᠥᠶ᠎ᠡ ᠶᠢᠨ ᠰᠢᠨ᠎ᠡ ᠠᠶᠢᠵᠠᠮ︾᠂ ︽ᠬᠤᠷᠴᠢᠨ ᠠᠷᠠᠳ ᠤᠨ ᠳᠠᠭᠤᠤ ᠶᠢᠨ ᠴᠥᠷᠭᠡᠯᠡᠯ ᠳᠠᠭᠤᠤ︾᠂ ︽ᠬᠠᠶᠢᠷᠠᠲᠤ ᠬᠤᠪᠢᠰ ᠢᠶᠠᠨ ᠴᠢᠪᠠᠭᠳᠠᠭᠰᠠᠨ ᠨᠢ︾ ᠵᠡᠷᠭᠡ ᠣᠯᠠᠨ ᠰᠠᠶᠢᠬᠠᠨ ᠲᠥᠯᠦᠭᠡᠯᠡᠬᠦ ᠪᠦᠲᠦᠭᠡᠯ ᠪᠠᠶᠢᠳᠠᠭ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号