ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠵᠦ ᠨᠤᠳᠤᠭ ᠤᠨ ᠠᠬ᠎ᠠ ᠲᠡᠬᠦᠦ ᠨᠡᠷ ᠢᠶᠠᠨ ᠲᠠᠭᠠᠭᠤᠯᠤᠨ ᠬᠠᠮᠲᠤ ᠪᠠᠷ ᠪᠠᠶᠠᠵᠢᠨ ᠴᠢᠨᠡᠭᠡᠯᠢᠭᠵᠢᠭᠰᠡᠨ ᠨᠢ
ᠨᠡᠶᠢᠲᠡᠯᠡᠭᠰᠡᠨ ᠴᠠᠭ᠄
2023/11/21
   ᠡᠪᠦᠯ ᠤᠨ ᠡᠬᠢᠨ ᠤ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ᠂ ᠬᠦᠷᠢᠶ᠎ᠡ ᠬᠤᠰᠢᠭᠤᠨ ᠤ ᠬᠦᠷᠢᠶ᠎ᠡ ᠪᠠᠯᠭᠠᠰᠤᠨ ᠤ ᠬᠠᠷ᠎ᠠ ᠭᠠᠴᠠᠭᠠᠨ ᠤ ᠠᠷᠠᠳ ᠬᠦᠷᠡᠯᠪᠠᠲᠤ ᠶᠠᠭ ᠲᠡᠭᠦᠨ ᠤ ᠲᠡᠮᠡᠭᠡᠨ ᠬᠢᠷᠭᠤᠤᠯ ᠤᠨ ᠰᠠᠭᠤᠷᠢᠨ ᠭᠠᠵᠠᠷ ᠲᠤ ᠶᠠᠭᠠᠷᠠᠵᠤ ᠪᠠᠶᠢᠯ᠎ᠠ᠃ ᠡᠨᠡ ᠵᠢᠯ 54 ᠨᠠᠰᠤᠲᠠᠶ ᠬᠦᠷᠡᠯᠪᠠᠲᠤ ᠲᠡᠮᠡᠭᠡᠨ ᠬᠢᠷᠠᠭᠤᠤᠯ ᠳᠤ ᠣᠣᠯ ᠠᠴᠠ ᠪᠠᠨ ᠳᠤᠷ᠎ᠠ ᠪᠠᠭ᠋ᠠᠲᠠᠢ ᠪᠠᠶᠢᠵᠤ᠂ 2014 ᠣᠨ ᠳᠤ ᠥᠪᠡᠷᠲᠡᠭᠡᠨ ᠲᠥᠯᠥᠪᠯᠡᠵᠦ ᠲᠡᠮᠡᠭᠡᠨ ᠬᠢᠷᠠᠭᠤᠤᠯ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠶᠢᠭᠤᠯᠤᠭᠰᠠᠨ ᠪᠠᠶᠢᠨ᠎ᠠ᠃ ︽ᠪᠢ ᠲᠥᠪ ᠤᠨ ᠲᠧᠯᠸᠢᠰ ᠤᠨ ᠳᠣᠯᠣᠳᠤᠭᠠᠷ ᠰᠤᠪᠠᠭ ᠤᠨ ᠲᠠᠷᠢᠶᠠᠯᠠᠩ ᠤᠨ ᠫᠷᠤᠭ᠍ᠷᠠᠮ ᠠᠴᠠ ᠬᠠᠷᠠᠮᠦ᠋ᠷᠡᠨ ᠮᠤᠵᠢ ᠶᠢᠨ ᠳ᠋ᠠᠴᠢᠩ ᠳᠤ ᠨᠢᠭᠡᠨ ᠡᠷᠦᠬᠡ ᠶᠢᠨ ᠲᠡᠮᠡᠭᠡᠨ ᠬᠢᠷᠠᠭᠤᠤᠯ ᠢ ᠮᠠᠰᠢ ᠰᠠᠶᠢᠨ ᠲᠡᠵᠢᠭᠡᠨ ᠦᠷᠡᠵᠢᠭᠦᠯᠵᠦ ᠪᠠᠶᠢᠬᠤ ᠶᠢ ᠣᠯᠵᠤ ᠦᠵᠡᠭᠡᠳ᠂ 2014 ᠣᠨ ᠳᠤ ᠲᠡᠨᠳᠡ ᠬᠦᠷᠴᠦ 20 ᠪᠠᠭ᠎ᠠ ᠴᠣᠷᠪᠠᠭ᠎ᠠ ᠶᠢ ᠵᠠᠬᠢᠶᠠᠯᠠᠭᠰᠠᠨ ᠪᠠᠶᠢᠨ᠎ᠠ᠃ ᠪᠢ ᠬᠤᠪᠢ ᠪᠠᠷ ᠢᠶᠠᠨ ᠵᠢᠭᠤᠯᠴᠢᠯᠠᠬᠤ ᠳᠤᠷᠠᠲᠠᠢ ᠪᠣᠯᠬᠤᠷ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠪᠠ ᠲᠠᠷᠢᠶᠠᠴᠢᠨ ᠠᠶᠢᠯ ᠤᠨ ᠵᠤᠭᠠᠴᠠᠯ ᠢ ᠤᠶᠠᠯᠳᠤᠭᠤᠯᠤᠨ ᠬᠦᠭᠵᠢᠭᠦᠯᠬᠦ ᠶᠢ ᠪᠣᠳᠤᠭᠰᠠᠨ ᠪᠠᠶᠢᠨ᠎ᠠ︾ ᠭᠡᠵᠦ ᠬᠦᠷᠡᠯᠪᠠᠲᠤ ᠬᠡᠯᠡᠪᠡ᠃
   ᠬᠦᠷᠡᠯᠪᠠᠲᠤ ᠲᠡᠭᠦᠨ ᠤ ᠲᠡᠮᠡᠭᠡᠨ ᠬᠢᠷᠠᠭᠤᠤᠯ ᠤᠨ ᠰᠠᠭᠤᠷᠢᠨ ᠭᠠᠵᠠᠷ ᠲᠠᠭᠠᠨ ᠶᠠᠭᠠᠷᠠᠵᠤ ᠪᠠᠶᠢᠭ᠎ᠠ ᠨᠢ᠃    ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ᠂ ᠬᠠᠷ᠎ᠠ ᠥᠩᠭᠡ ᠶᠢᠨ ᠡᠷᠡᠭᠴᠢᠨ ᠲᠡᠮᠡᠭᠡᠨ ᠬᠢᠷᠭᠤᠤᠯ ᠨᠢ ᠭᠠᠩᠭᠠᠩ ᠰᠣᠷᠲᠣᠣᠯᠢᠭ᠂ ᠴᠠᠶᠢᠪᠤᠷ ᠥᠩᠭᠡ ᠶᠢᠨ ᠡᠮᠡᠭᠴᠢᠨ ᠲᠡᠮᠡᠭᠡᠨ ᠬᠢᠷᠭᠤᠤᠯ ᠨᠢ  ᠨᠠᠮᠪᠠᠯᠢᠭ ᠲᠠᠶᠢᠪᠤᠩ ᠬᠠᠷᠠᠭᠳᠠᠨ᠎ᠠ᠃ ︽ᠪᠢ ᠠᠷᠪᠠᠭᠠᠳ ᠵᠢᠯ ᠤᠨ ᠲᠡᠮᠡᠭᠡᠨ ᠬᠢᠷᠭᠤᠤᠯ ᠲᠡᠵᠢᠭᠡᠵᠦ ᠪᠠᠶᠢᠨ᠎ᠠ᠂ ᠠᠩᠬ᠎ᠠ ᠡᠬᠢᠯᠡᠵᠦ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠷ ᠮᠡᠬᠦᠰ ᠠᠴᠠ ᠪᠣᠯᠵᠤ ᠪᠠᠭ᠎ᠠ ᠦᠭᠡᠢ ᠬᠤᠬᠢᠷᠠᠯ ᠠᠮᠰᠠᠭᠰᠠᠨ ᠶᠤᠮ᠂ ᠭᠡᠪᠡᠴᠦ ᠪᠢ ᠵᠣᠷᠢᠭ ᠠᠯᠳᠠᠷᠠᠵᠤ ᠬᠠᠶᠠᠭᠰᠠᠨ ᠦᠭᠡᠢ᠂ ᠪᠠᠭ᠎ᠠ ᠪᠠᠭ᠎ᠠ ᠪᠠᠷ ᠣᠷᠤᠯᠳᠤᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ ︾ ᠭᠡᠵᠦ ᠥᠩᠭᠡᠷᠡᠯᠲᠡ ᠪᠠᠨ ᠶᠠᠷᠢᠨ᠎ᠠ᠃ ᠴᠠᠭ ᠤᠨ ᠥᠩᠭᠡᠷᠡᠬᠦ ᠶᠢ ᠳᠠᠭᠠᠯᠳᠤᠨ᠂ ᠬᠦᠷᠡᠯᠪᠠᠲᠤ ᠠᠭᠠᠵᠢᠮ ᠢᠶᠠᠷ ᠲᠡᠮᠡᠭᠡᠨ ᠬᠢᠷᠭᠤᠤᠯ ᠤᠨ ᠠᠮᠢᠳᠤᠷᠠᠯ ᠤᠨ ᠵᠠᠩ ᠠᠪᠤᠷᠢ ᠪᠠ ᠡᠳᠦᠷ ᠲᠤᠲᠤᠮ ᠤᠨ ᠠᠷᠠᠴᠢᠯᠠᠯᠲᠠ ᠵᠡᠷᠭᠡ ᠨᠢᠭᠡᠨ ᠢᠵᠢ ᠪᠣᠯᠪᠠᠰᠤᠷᠠᠩᠭᠤᠶ ᠲᠡᠵᠢᠭᠡᠨ ᠦᠷᠡᠵᠢᠭᠦᠯᠬᠦ ᠮᠡᠳᠡᠯᠭᠡ ᠪᠠ ᠲᠤᠷᠰᠢᠯᠭ᠎ᠠ ᠶᠢ ᠡᠵᠡᠮᠰᠢᠭᠰᠡᠨ ᠠᠴᠠ ᠲᠡᠮᠡᠭᠡᠨ ᠬᠢᠷᠭᠤᠤᠯ ᠤᠨ ᠡᠳᠡᠭᠡᠷᠡᠯᠲᠡ ᠶᠢᠨ ᠨᠣᠷᠮ᠎ᠠ ᠨᠢ ᠤᠯᠠᠮ ᠠᠴᠠ ᠤᠯᠠᠮ ᠥᠨᠳᠥᠷ ᠪᠣᠯᠵᠠᠶ᠃    ᠡᠳᠦᠭᠡ᠂ ᠬᠦᠷᠡᠯᠪᠠᠲᠤ ᠶᠢᠨ ᠲᠡᠮᠡᠭᠡᠨ ᠬᠢᠷᠭᠤᠤᠯ ᠤᠨ ᠰᠠᠭᠤᠷᠢᠨ ᠭᠠᠵᠠᠷ ᠨᠢ ᠬᠠᠮᠤᠭ ᠠᠩᠬᠠᠨ ᠤ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠵᠦ ᠠᠴᠠ ᠵᠥᠪᠬᠡᠨ ᠵᠢᠭᠤᠯᠴᠢᠯᠠᠭᠴᠢᠳ ᠲᠤ ᠦᠨ᠎ᠡ ᠲᠥᠯᠥᠪᠦᠷᠢ ᠦᠭᠡᠢ ᠪᠠᠷ ᠰᠤᠨᠢᠷᠬᠠᠭᠤᠯᠵᠤ ᠪᠠᠶᠢᠭᠰᠠᠨ ᠠᠴᠠ᠂ ᠣᠳᠣ ᠪᠣᠯᠬᠤ ᠳᠤ ᠲᠡᠮᠡᠭᠡᠨ ᠬᠢᠷᠭᠤᠤᠯ ᠤᠨ ᠥᠨᠳᠡᠭᠡ᠂ ᠲᠡᠮᠡᠭᠡᠨ ᠬᠢᠷᠭᠤᠤᠯ ᠤᠨ ᠮᠢᠬ᠎ᠠ᠂ ᠲᠡᠮᠡᠭᠡᠨ ᠬᠢᠷᠭᠤᠤᠯ ᠤᠨ ᠨᠢᠯᠬ᠎ᠠ ᠴᠣᠷᠪᠠᠭ᠎ᠠ ᠶᠢ ᠪᠣᠷᠣᠯᠠᠭᠤᠯᠬᠤ ᠪᠣᠯᠤᠭᠰᠠᠨ ᠪᠠᠶᠢᠨ᠎ᠠ᠃ ︽ᠡᠨᠡ ᠬᠤᠶᠠᠷ ᠵᠢᠯ᠂ ᠪᠢ ᠬᠠᠶᠢᠷᠠᠲᠤ ᠬᠥᠮᠦᠨ ᠲᠠᠢ ᠪᠠᠨ ᠡᠳᠦᠷ ᠪᠦᠷᠢ ᠪᠤᠰᠢᠭᠤ ᠭᠠᠷ ᠤᠨ ᠲᠠᠪᠴᠠᠩ ᠳᠡᠭᠡᠷ᠎ᠡ ᠲᠤᠭᠲᠠᠭᠰᠠᠨ ᠴᠠᠭ  ᠲᠠᠢ ᠰᠢᠭᠤᠳ ᠨᠡᠪᠲᠡᠷᠡᠭᠦᠯᠵᠦ᠂ ᠪᠠᠰᠠ ᠲᠦᠩᠯᠢᠶᠣᠣ  ᠬᠤᠲᠠ ᠳᠤ  ᠨᠢᠭᠡ  ᠪᠣᠳᠠᠲᠤ  ᠴᠣᠭᠴᠠ ᠶᠢᠨ ᠳᠡᠯᠭᠡᠭᠦᠷ  ᠨᠡᠭᠡᠭᠡᠵᠦ᠂  ᠲᠤᠰᠬᠠᠢ  ᠲᠡᠮᠡᠭᠡᠨ ᠬᠢᠷᠭᠤᠤᠯ ᠤᠨ ᠮᠢᠬ᠎ᠠ ᠬᠤᠳᠠᠯᠳᠤᠵᠤ᠂ ᠰᠦᠯᠵᠢᠶᠡᠨ ᠭᠠᠳᠠᠨ᠎ᠠ ᠰᠦᠯᠵᠢᠶᠡᠨ ᠳᠡᠭᠡᠷ᠎ᠡ ᠬᠠᠮᠲᠤ ᠪᠣᠷᠣᠯᠠᠭᠤᠯᠵᠤ ᠪᠠᠶᠢᠨ᠎ᠠ᠃ ᠡᠨᠡ ᠵᠢᠯ ᠨᠢᠯᠬ᠎ᠠ ᠴᠣᠷᠪᠠᠭ᠎ᠠ ᠶᠢ ᠪᠠᠭᠲᠠᠭᠠᠨ ᠨᠡᠶᠢᠲᠡ 800 ᠭᠠᠷᠤᠢ ᠲᠡᠮᠡᠭᠡᠨ ᠬᠢᠷᠭᠤᠤᠯ ᠬᠤᠳᠠᠯᠳᠤᠪᠠ᠃ ᠣᠳᠣ ᠪᠠᠰᠠ 300 ᠭᠠᠷᠤᠶ ᠪᠠᠶᠢᠵᠤ᠂ ᠨᠢᠭᠡ ᠲᠡᠮᠡᠭᠡᠨ ᠬᠢᠷᠭᠤᠤᠯ ᠠᠴᠠ 200 - 240 ᠲᠥᠭᠦᠷᠢᠭ ᠤᠨ ᠦᠨᠳᠡᠭᠡ ᠬᠤᠳᠠᠯᠳᠤᠨ᠂ ᠵᠢᠯ ᠤᠨ ᠣᠷᠣᠯᠭ᠎ᠠ 50  ᠲᠦᠮᠡᠨ  ᠲᠥᠭᠦᠷᠢᠭ  ᠲᠤ  ᠬᠦᠷᠴᠦ᠂  ᠦᠷ᠎ᠡ  ᠠᠰᠢᠭ ᠢᠶᠠᠷ  ᠮᠠᠰᠢ  ᠰᠠᠶᠢᠨ  ᠪᠠᠶᠢᠨ᠎ᠠ︾ ᠭᠡᠵᠦ  ᠬᠦᠷᠡᠯᠪᠠᠲᠤ  ᠰᠤᠷᠪᠤᠯᠵᠢᠯᠠᠭᠴᠢ ᠳᠤ ᠲᠠᠨᠢᠯᠴᠠᠭᠤᠯᠪᠠ᠃
   ᠲᠡᠮᠡᠭᠡᠨ ᠬᠢᠷᠭᠤᠤᠯ ᠤᠨ ᠨᠢᠯᠬ᠎ᠠ ᠴᠣᠷᠪᠠᠭ᠎ᠠ ᠶᠢᠨ ᠡᠷᠡᠭᠦᠯ ᠮᠡᠨᠳᠦ ᠶᠢᠨ ᠪᠠᠶᠢᠳᠠᠯ ᠮᠠᠰᠢ ᠰᠠᠶᠢᠨ ᠪᠠᠶᠢᠭ᠎ᠠ᠃    ᠲᠡᠭᠦᠨ ᠤ ᠨᠥᠯᠥᠭᠡ ᠪᠠ ᠳᠠᠶᠢᠴᠢᠯᠠᠯᠲᠠ ᠳᠣᠣᠷ᠎ᠠ᠂ ᠨᠢᠭᠡ ᠪᠦᠯᠦᠭ ᠲᠡᠮᠡᠭᠡᠨ ᠬᠢᠷᠭᠤᠤᠯ ᠤᠨ ᠳᠤᠷ᠎ᠠ ᠪᠠᠭ᠋ᠠᠲᠠᠳ ᠴᠤ ᠬᠤᠶᠢᠨ᠎ᠠ ᠬᠤᠶᠢᠨ᠎ᠠ ᠠᠴᠠ ᠪᠠᠨ ᠢᠷᠡᠵᠦ ᠲᠣᠷᠰᠢᠯᠭ᠎ᠠ ᠰᠤᠷᠴᠤ᠂ ᠲᠡᠮᠡᠭᠡᠨ ᠬᠢᠷᠭᠤᠤᠯ ᠤᠨ ᠲᠡᠵᠢᠭᠡᠨ ᠦᠷᠡᠵᠢᠭᠦᠯᠬᠦ ᠢᠶᠠᠨ ᠪᠣᠰᠬᠠᠪᠠ᠃ ᠬᠦᠷᠡᠯᠪᠠᠲᠤ ᠲᠡᠳᠡᠨ ᠳᠤ ᠮᠡᠷᠭᠡᠵᠢᠯ ᠤᠨ ᠵᠢᠯᠣᠭᠤᠳᠤᠯᠭ᠎ᠠ ᠵᠡᠷᠭᠡ ᠬᠤᠯᠪᠣᠭᠳᠠᠯ ᠪᠦᠬᠦᠢ ᠦᠢᠯᠡᠴᠢᠯᠡᠭᠡ ᠬᠠᠩᠭᠠᠬᠤ ᠶᠢᠨ ᠬᠠᠮᠲᠤ ᠪᠠᠰᠠ ᠲᠡᠮᠡᠭᠡᠨ ᠬᠢᠷᠭᠤᠤᠯ ᠤᠨ ᠬᠠᠮᠢᠶ᠎ᠠ ᠪᠦᠬᠦᠢ ᠦᠢᠯᠡᠳᠬᠦᠨ ᠢ ᠪᠣᠴᠠᠭᠠᠨ ᠬᠤᠷᠢᠶᠠᠨ ᠠᠪᠴᠤ᠂ ᠳᠠᠷᠠᠭ᠎ᠠ ᠨᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠢᠭᠡᠳᠦᠯᠲᠡᠶ ᠪᠣᠷᠣᠯᠠᠭᠤᠯᠪᠠ᠃ ᠬᠦᠷᠡᠯᠪᠠᠲᠤ ︽ᠣᠳᠣ ᠨᠠᠳᠠ ᠶᠢ ᠳᠠᠭᠠᠵᠤ ᠲᠡᠵᠢᠭᠡᠵᠦ ᠪᠠᠶᠢᠭ᠎ᠠ ᠬᠦᠮᠦᠨ ᠴᠥᠭᠡᠨ ᠪᠤᠰᠤ ᠪᠣᠢ᠂ ᠲᠦᠩᠯᠢᠶᠣᠤ ᠬᠤᠲᠠ ᠶᠢᠨ ᠡᠯ᠎ᠡ ᠬᠤᠰᠢᠭᠤ ᠰᠢᠶᠠᠨ ᠳᠤ᠂ ᠨᠠᠢᠮᠠᠨ᠂ ᠭᠠᠨᠵᠤᠭ᠎ᠠ᠂ ᠵᠠᠷᠤᠳ ᠵᠡᠷᠭᠡ ᠬᠤᠰᠢᠭᠤ ᠪᠦᠷ ᠪᠠᠶᠢᠵᠤ᠂ ᠪᠠᠰᠠ ᠮᠠᠨ ᠤ ᠬᠦᠷᠢᠶ᠎ᠡ ᠬᠤᠰᠢᠭᠤᠨ ᠤ ᠪᠠᠶᠠᠨᠬᠤᠸᠠ᠂ ᠰᠢᠶᠠᠨᠵᠢᠨ᠂ ᠬᠦᠷᠢᠶ᠎ᠡ ᠪᠠᠯᠭᠠᠰᠤᠨ ᠳᠤ ᠪᠦᠷ ᠪᠠᠶᠢᠨ᠎ᠠ︾ ᠭᠡᠯ᠎ᠡ᠃
   ᠲᠡᠮᠡᠭᠡᠨ ᠬᠢᠷᠭᠤᠤᠯ ᠦᠨᠳᠡᠭᠡ ᠶᠢᠨ ᠪᠣᠷᠤᠯᠠᠭᠤᠯᠭ᠎ᠠ ᠶᠢᠨ ᠦᠨ᠎ᠡ ᠨᠢ 200 -240 ᠲᠥᠭᠦᠷᠢᠭ᠃    2022 ᠣᠨ ᠠᠴᠠ ᠡᠬᠢᠯᠡᠨ᠂ ᠬᠦᠷᠡᠯᠪᠠᠲᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠠᠭᠠᠨ ᠪᠠᠰᠠ ᠲᠣᠭᠤᠰ᠂ ᠴᠣᠬᠤ ᠬᠠᠷ᠎ᠠ ᠲᠠᠬᠢᠶ᠎ᠠ᠂ ᠵᠡᠭᠡᠰᠦᠨ ᠬᠤᠸᠠᠷᠲᠤ ᠲᠠᠬᠢᠶ᠎ᠠ ᠵᠡᠷᠭᠡ ᠲᠦᠷᠦᠯ ᠵᠦᠢᠯ ᠢ ᠲᠡᠵᠢᠭᠡᠵᠦ᠂ ᠵᠤᠭᠠᠴᠠᠭᠰᠠᠳ ᠲᠤ ᠰᠦᠢᠳᠬᠡᠯ ᠬᠤᠷᠢᠶᠠᠬᠤ ᠦᠭᠡᠢ ᠪᠠᠷ ᠰᠣᠨᠢᠷᠬᠠᠭᠤᠯᠬᠤ ᠦᠢᠯᠡᠴᠢᠯᠡᠭᠡ ᠬᠠᠩᠭᠠᠬᠤ ᠶᠢᠨ ᠬᠠᠮᠲᠤ ᠲᠠᠷᠢᠶᠠᠴᠢᠨ ᠠᠶᠢᠯ ᠤᠨ ᠵᠤᠭᠠᠴᠠᠯ ᠢ ᠪᠦᠬᠦ ᠬᠦᠴᠦᠨ ᠢᠶᠠᠷ ᠢᠶᠠᠨ ᠴᠣᠭᠴᠠᠯᠠᠪᠠ᠃ ︽ᠡᠨᠡ ᠵᠢᠯ ᠪᠢᠳᠡ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠪᠠᠯᠠ ᠮᠥᠩᠭᠦ ᠶᠢ ᠭᠤᠶᠤᠴᠢᠯᠠᠵᠤ᠂ ᠡᠨᠡ ᠬᠦ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠰᠠᠶᠢᠲᠤᠷ ᠥᠭᠡᠷᠡᠴᠢᠯᠡᠨ ᠲᠠᠰ ᠳᠡᠪᠰᠢᠭᠦᠯᠤᠨ᠂ ᠲᠠᠷᠢᠶᠠᠴᠢᠨ ᠠᠶᠢᠯ ᠤᠨ ᠵᠤᠭᠠᠴᠠᠯ᠂ ᠠᠮᠢᠲᠠᠨ ᠢ ᠰᠣᠨᠢᠷᠬᠠᠬᠤ᠂ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠶᠢ ᠪᠠᠭᠲᠠᠭᠠᠭᠰᠠᠨ ᠣᠯᠠᠨ ᠵᠦᠢᠯ ᠤᠨ ᠡᠯᠧᠮᠧᠨ᠋ᠲ ᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠵᠠᠭᠪᠤᠷ ᠢ ᠪᠣᠶ ᠪᠣᠯᠭᠠᠵᠤ᠂ ᠨᠠᠩ ᠣᠯᠠᠨ ᠬᠥᠮᠦᠨ ᠠᠳᠡ ᠢᠷᠡᠵᠦ ᠪᠡᠶ᠎ᠡ ᠰᠡᠳᠬᠢᠯ ᠢᠶᠠᠨ ᠠᠮᠠᠷᠠᠭᠤᠯᠤᠨ ᠲᠠᠶᠢᠪᠤᠰᠢᠷᠠᠭᠤᠯᠵᠤ᠂ ᠬᠥᠳᠡᠭᠡ ᠲᠣᠰᠬᠤᠨ ᠤ ᠰᠣᠶᠣᠯ ᠢ ᠮᠡᠳᠡᠷᠡᠭᠦᠯᠬᠦ  ᠪᠠᠷ ᠪᠠᠶᠢᠨ᠎ᠠ︾ ᠭᠡᠵᠦ ᠬᠦᠷᠡᠯᠪᠠᠲᠤ ᠲᠥᠯᠦᠪᠯᠡᠭᠡ ᠪᠠᠨ ᠶᠠᠷᠢᠵᠤ ᠪᠠᠶᠢᠯ᠎ᠠ᠃    ᠤᠶᠢᠷ᠎ᠠ ᠶᠢᠨ ᠵᠢᠯ ᠳᠤ᠂ ᠬᠦᠷᠢᠶ᠎ᠡ ᠬᠤᠰᠢᠭᠤ ᠣᠷᠣᠨ ᠪᠦᠰᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠶᠡᠬᠡᠪᠡᠷ ᠠᠬᠢᠭᠤᠯᠵᠤ᠂ ᠮᠠᠯᠴᠢᠨ ᠲᠠᠷᠢᠶᠠᠴᠢᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ᠂ ᠣᠶ ᠶᠢᠨ ᠬᠤᠷᠮᠣᠶ ᠳᠤ ᠳᠠᠬᠢᠶ᠎ᠠ ᠲᠡᠵᠢᠭᠡᠬᠦ᠂ ᠮᠢᠬᠠᠨ ᠲᠠᠤᠯᠠᠢ ᠦᠷᠡᠵᠢᠭᠦᠯᠦᠨ ᠪᠤᠶᠢᠵᠢᠭᠤᠯᠬᠤ ᠵᠡᠷᠭᠡ ᠠᠵᠤ ᠦᠢᠯᠡᠰ ᠤᠨ ᠰᠠᠭᠤᠷᠢ ᠰᠠᠶᠢᠨ᠂ ᠠᠵᠤ ᠠᠬᠤᠶ ᠶᠢᠨ ᠦᠷ᠎ᠡ ᠠᠰᠢᠭ ᠢᠶᠠᠷ ᠥᠨᠳᠥᠷ ᠣᠨᠴᠠᠯᠢᠭᠲᠤ ᠲᠡᠵᠢᠭᠡᠨ ᠦᠷᠡᠵᠢᠭᠦᠯᠬᠦ ᠲᠥᠷᠥᠯ ᠵᠦᠢᠯ ᠢ ᠬᠥᠭᠵᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ︽ᠢᠳᠡᠪᠬᠢ︾ ᠴᠢᠳᠠᠮᠵᠢ ᠶᠢ ᠨᠡᠮᠡᠭᠳᠡᠭᠦᠯᠵᠦ᠂ ᠦᠷᠭᠦᠯᠵᠢᠯᠡᠨ ᠬᠥᠭᠵᠢᠭᠰᠡᠨ᠂ ᠣᠨᠴᠠᠯᠢᠭᠲᠤ ᠠᠵᠤ ᠦᠢᠯᠡᠰ ᠤᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃
 
ᠢᠷᠡᠯᠲᠡ᠄ ᠰᠠᠭᠤᠭᠳᠠᠯᠲᠤ ᠬᠦᠷᠢᠶ᠎ᠡ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号