ᠬᠦᠷᠢᠶ᠎ᠡ ᠵᠠᠰᠠᠭ ᠠᠯᠪᠠᠨ ᠨᠠᠷᠢᠨ ᠪᠢᠴᠢᠭ ︹2023︺ 111 ᠳ᠋ᠦ᠋ᠭᠡᠷ ᠲᠣᠭᠠᠲᠤ | | ︽ᠬᠦᠷᠢᠶ᠎ᠡ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠳᠣᠪᠤᠶᠢᠮ᠎ᠠ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠦᠷᠨᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠬᠤ ᠲᠤᠬᠠᠢ ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ | ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠵᠢᠴᠢ ᠬᠦᠷᠢᠶ᠎ᠡ ᠳᠤ | ᠰᠠᠭᠤᠭ᠎ᠠ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠳᠤ᠄ | ᠡᠳᠦᠭᠡ ︽ᠬᠦᠷᠢᠶ᠎ᠡ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ | ᠳᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠬᠦ ᠲᠥᠰᠦᠯ︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠬᠡᠷᠡᠭᠵᠢᠭᠦᠯᠲᠦᠭᠡᠶ᠃ | ᠠᠳᠡ ᠮᠡᠳᠡᠭᠳᠡᠪᠡ | | | 2023 ᠣᠨ ᠤ 11 ᠰᠠᠷ᠎ᠠ ᠶᠢᠨ 20 ᠤ ᠡᠳᠦᠷ | | ᠬᠦᠷᠢᠶ᠎ᠡ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠳᠣᠪᠤᠶᠢᠮ᠎ᠠ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠬᠦ ᠲᠥᠰᠦᠯ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ | ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ 11 | ᠰᠠᠷ᠎ᠠ ᠶᠢᠨ ᠳᠤᠮᠳᠠᠴᠢ ᠠᠴᠠ ᠡᠬᠢᠯᠡᠨ ᠪᠥᠬᠦ ᠬᠤᠰᠢᠭᠤᠨ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠬᠤᠬᠢᠷᠠᠭᠤᠯᠤᠭᠰᠠᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ | ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠬᠠᠷᠠᠯᠲᠠ ᠶᠢᠨ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ | ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠬᠦ ᠲᠤᠬᠠᠶ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠳᠣᠪᠤᠶᠢᠮ᠎ᠠ ᠠᠰᠠᠭᠤᠳᠠᠯ ᠤᠨ ᠲᠤᠰᠬᠠᠢ ᠠᠵᠢᠯᠯᠠᠭ᠎ᠠ ᠶᠢ | ᠭᠦᠨᠵᠡᠭᠡᠢ ᠠᠬᠢᠭᠤᠯᠵᠤ᠂ ᠨᠢᠭᠡ ᠪᠦᠯᠦᠭ ᠠᠰᠠᠭᠤᠳᠠᠯ ᠢ ᠥᠪᠡᠷ ᠢᠶᠠᠨ ᠪᠠᠶᠢᠴᠠᠭᠠᠨ ᠥᠪᠡᠷ ᠢᠶᠠᠨ ᠵᠠᠯᠠᠷᠠᠭᠤᠯᠵᠤ᠂ | ᠨᠢᠭᠡ ᠪᠦᠯᠦᠭ ᠠᠰᠠᠭᠤᠳᠠᠯ ᠤᠨ ᠰᠦᠪᠡᠭᠴᠢ ᠶᠢ ᠡᠮᠬᠢᠯᠡᠨ ᠢᠯᠡᠴᠢᠯᠡᠵᠦ᠂ ᠨᠢᠭᠡ ᠪᠦᠯᠦᠭ ᠲᠣᠪᠤᠶᠢᠮ᠎ᠠ ᠠᠰᠠᠭᠤᠳᠠᠯ ᠢ | ᠴᠢᠩᠭ᠎ᠠ ᠪᠠᠶᠢᠴᠠᠭᠠᠨ ᠭᠠᠷᠭᠠᠵᠤ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠢᠯᠡᠴᠢᠯᠡᠵᠦ᠂ ᠨᠢᠭᠡ | ᠢᠵᠢ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠮᠠᠨ ᠤ ᠬᠤᠰᠢᠭᠤᠨ ᠤ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠪᠠ ᠠᠯᠪᠠᠨ ᠲᠤᠰᠢᠶᠠᠯᠲᠠᠨ ᠤ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠪᠥᠬᠦ ᠣᠷᠣᠨ ᠤ ᠭᠤᠤᠯᠳᠠᠯᠭ᠎ᠠ ᠲᠠᠢ | ᠠᠵᠢᠯ ᠢ ᠠᠬᠢᠭᠤᠯᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ | ᠠᠵᠢᠯ ᠤᠨ ︽ᠬᠤᠷᠢᠭᠯᠠᠬᠤ ᠥᠬᠡᠶ ᠠᠪᠬᠤ ᠥᠬᠡᠶ᠂ ᠬᠤᠶᠢᠰᠢᠯᠠᠭᠤᠯᠬᠤ ᠥᠬᠡᠶ ᠲᠦᠯᠬᠢᠬᠦ ᠥᠬᠡᠶ᠂ ᠮᠡᠬᠡᠯᠡᠬᠦ ᠥᠬᠡᠶ | ᠨᠢᠭᠤᠬᠤ ᠥᠬᠡᠶ᠂ ᠬᠠᠷᠰᠢᠯᠠᠬᠤ ᠥᠬᠡᠶ ᠳᠤᠷ᠎ᠠ ᠦᠭᠡᠶᠢᠴᠡᠬᠦ ᠦᠭᠡᠢ᠂ ᠢᠯᠳᠠᠷ ᠲᠠᠯᠪᠢᠬᠤ ᠥᠬᠡᠶ ᠥᠮᠥᠭᠯᠡᠬᠦ ᠥᠬᠡᠶ︾ | ᠪᠠᠶᠢᠬᠤ ᠶᠢ ᠦᠨᠡᠨᠬᠦ ᠪᠡᠶᠡᠯᠡᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ | ᠬᠤᠶᠠᠷ᠂ ᠴᠡᠭᠴᠡᠯᠡᠨ ᠵᠠᠰᠠᠬᠤ ᠭᠤᠤᠯᠳᠠᠯᠭ᠎ᠠ ᠵᠢᠴᠢ ᠬᠠᠷᠢᠭᠤᠴᠠᠯᠭᠠᠲᠤ ᠨᠢᠭᠡᠴᠡ | ︵ᠨᠢᠭᠡ︶ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠦ ᠭᠡᠷ᠎ᠡ ᠭᠦᠢᠴᠡᠳᠭᠡᠬᠦ ᠲᠣᠭᠲᠠᠴᠠ ᠲᠡᠭᠦᠯᠳᠡᠷ | ᠪᠤᠰᠤ᠂ ᠢᠲᠡᠭᠡᠯ ᠢᠶᠠᠨ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠣᠱᠲᠠᠢ | ᠨᠠᠢᠳᠠᠪᠤᠷᠢᠵᠢᠭᠤᠯᠤᠭᠰᠠᠨ ᠥᠬᠡᠢ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ︵ᠬᠤᠶᠠᠷ︶ ᠰᠢᠨ᠎ᠡ ᠲᠤᠰᠢᠶᠠᠯᠲᠠᠨ ᠬᠠᠭᠤᠴᠢᠨ ᠲᠠᠩᠰᠠ ᠶᠢ ᠬᠠᠮᠢᠶᠠᠷᠬᠤ ᠥᠬᠡᠶ︔ ᠵᠠᠬ᠎ᠠ ᠳᠡᠯᠭᠡᠭᠦᠷ ᠤᠨ | ᠪᠡᠶᠡᠴᠢ ᠴᠣᠭᠴᠠ ᠳᠤ ᠬᠠᠤᠯᠢ ᠶᠣᠰᠣᠭᠠᠷ ᠭᠠᠷ ᠤᠨ ᠥᠰᠥᠭ ᠵᠢᠷᠤᠭᠰᠠᠨ ᠡᠯ᠎ᠡ ᠲᠥᠷᠥᠯ ᠤᠨ ᠭᠡᠷ᠎ᠡ ᠶᠢ ᠭᠦᠢᠴᠡᠳᠬᠡᠬᠦ | ᠦᠭᠡᠢ᠂ ᠡᠰᠡᠬᠦᠯ᠎ᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡ ᠵᠡᠷᠭᠡ | ᠲᠠᠩᠰᠠᠨ ᠳᠠᠬᠢ ᠵᠣᠭᠤᠰ ᠢ ᠭᠡᠷ᠎ᠡ ᠠᠴᠠ ᠵᠥᠷᠢᠴᠡᠨ ᠥᠷᠢᠲᠦᠬᠦ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ︶ | ︵ᠭᠤᠷᠪᠠ︶ 2020 ᠣᠨ ᠳᠤ ᠤᠯᠤᠰ ᠠᠴᠠ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠦᠷᠢᠮ︾᠂ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠥᠭᠬᠦ ᠶᠢ ᠪᠠᠲᠤᠯᠠᠬᠤ | ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ | ᠲᠦᠷᠢᠮ︾ ᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠮᠥᠨ ᠬᠦ ᠬᠠᠤᠯᠢ ᠶᠢ ᠵᠥᠷᠢᠴᠡᠵᠦ ᠢᠲᠡᠭᠡᠯ ᠢᠶᠠᠨ | ᠠᠯᠳᠠᠵᠤ᠂ ᠲᠣᠭᠲᠠᠭᠰᠠᠨ ᠴᠠᠭ ᠲᠠᠭᠠᠨ ᠪᠣᠯᠵᠣᠨ ᠲᠣᠭᠲᠠᠭᠰᠠᠨ ᠭᠡᠷ᠎ᠡ ᠶᠢᠨ ᠲᠠᠩᠰᠠᠨ ᠳᠠᠬᠢ ᠵᠣᠭᠤᠰ ᠢ ᠲᠥᠯᠥᠬᠦ | ᠥᠬᠡᠶ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ︶᠃ | ︵ᠲᠦᠷᠪᠡ︶ ᠡᠷᠬᠡ ᠲᠤᠰᠢᠶᠠᠯ ᠪᠤᠶᠤ ᠠᠵᠢᠯ ᠤᠨ ᠲᠠᠯ᠎ᠠ ᠪᠠᠷ ᠬᠢ ᠳᠥᠭᠦᠮ ᠢᠶᠠᠨ ᠠᠰᠢᠭᠯᠠᠨ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠲᠠᠯ᠎ᠠ ᠪᠠᠷ | ᠳᠠᠭᠠᠭᠠᠴᠢᠯᠠᠯᠲᠠ ᠳᠤ ᠰᠦᠯᠪᠡᠭᠡᠯᠳᠦᠨ ᠬᠤᠤᠪᠢᠯᠳᠤᠬᠤ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠠᠴᠠ | ᠵᠠᠶᠢᠯᠠᠬᠤ᠂ ᠢᠳᠡᠬᠦ ᠠᠪᠬᠤ ᠬᠤᠷᠢᠭᠯᠠᠬᠤ ᠠᠯᠪᠠᠳᠠᠬᠤ᠂ ᠵᠦᠢ ᠶᠣᠰᠣᠨ ᠤ ᠪᠤᠰᠤ ᠠᠰᠢᠭ ᠲᠤᠰᠠ ᠣᠯᠬᠤ᠃ ︵ | ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ | ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ︶ | ︵ᠲᠠᠪᠤ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠷᠬᠡ ᠶᠢ ᠠᠰᠢᠭᠯᠠᠵᠤ ︽ᠢᠳᠡᠬᠦ ᠠᠪᠬᠤ ᠬᠤᠷᠢᠭᠯᠠᠬᠤ | ᠠᠯᠪᠠᠳᠠᠬᠤ︾᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ︶ | ︵ᠵᠢᠷᠭᠤᠭ᠎ᠠ︶ ᠠᠵᠤ ᠠᠬᠤᠶᠢᠯᠠᠯ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠲᠦᠯᠬᠢᠨ | ᠬᠤᠶᠢᠰᠢᠯᠠᠭᠤᠯᠵᠤ ᠲᠣᠭᠤᠷᠢᠭᠤᠯᠵᠤ ᠲᠣᠭᠰᠢᠭᠤᠯᠤᠨ᠂ ᠰᠢᠢᠳᠪᠦᠷᠢᠯᠡᠬᠦ ᠦᠭᠡᠢ᠂ ᠬᠠᠷᠢᠭᠤ ᠲᠤᠰᠬᠠᠬᠤ ᠦᠭᠡᠢ᠃ ︵ | ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ︶ | ︵ᠳᠤᠯᠤᠭ᠎ᠠ︶ ᠡᠯ᠎ᠡ ᠵᠦᠢᠯ ᠤᠨ ᠤᠴᠢᠷ ᠰᠢᠯᠲᠠᠭᠠᠨ ᠢ ᠨᠠᠶᠢᠷᠠᠭᠤᠯᠤᠨ ᠵᠣᠬᠢᠶᠠᠵᠤ ᠠᠵᠤ ᠠᠬᠤᠶᠢᠯᠠᠯ ᠤᠨ | ᠳᠤᠷᠠᠳᠤᠭᠰᠠᠨ ᠬᠠᠤᠯᠢ ᠶᠣᠰᠣᠨ ᠤ ᠭᠤᠶᠤᠴᠢᠯᠠᠯ ᠢ ᠬᠦᠯᠢᠶᠡᠨ ᠠᠪᠬᠤ ᠦᠭᠡᠢ᠂ ᠰᠢᠢᠳᠪᠦᠷᠢᠯᠡᠬᠦ ᠦᠭᠡᠶ᠃ ︵ | ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ︶ | ︵ᠨᠠᠢᠮᠠ︶ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠪᠣᠳᠠᠲᠠᠶ ᠳᠤ ᠲᠤᠤᠱᠲᠠᠢ ᠨᠠᠶᠢᠳᠠᠪᠤᠷᠢᠵᠢᠭᠤᠯᠤᠭᠰᠠᠨ ᠥᠬᠡᠶ᠂ ᠵᠦᠢᠯᠡᠰ ᠢ ᠲᠣᠭᠲᠠᠭᠠᠯ ᠶᠣᠰᠣᠭᠠᠷ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠳᠤ ᠣᠷᠣᠭᠤᠯᠤᠭᠰᠠᠨ ᠥᠬᠡᠶ᠃ ︵ᠬᠠᠷᠢᠭᠤᠴᠠᠯᠭᠠᠲᠤ | ᠨᠢᠭᠡᠴᠡ᠄ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ︶ | ︵ᠶᠢᠰᠦ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠣᠭᠲᠠᠭᠠᠯ ᠶᠣᠰᠣᠭᠠᠷ ︽ | ᠶᠡᠷᠦᠩᠬᠡᠶᠢᠯᠡᠭᠰᠡᠨ ᠴᠣᠩᠬᠤᠪᠴᠢ︾ ᠳᠤ ᠣᠷᠣᠭᠤᠯᠵᠤ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠭᠰᠡᠨ ᠥᠬᠡᠶ᠃ | ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ︶ | ︵ᠠᠷᠪᠠ︶ ᠦᠯᠦ ᠬᠦᠯᠢᠶᠡᠨ ᠠᠪᠴᠤ ᠰᠢᠢᠳᠪᠦᠷᠢᠯᠡᠬᠦ ᠵᠦᠢᠯᠡᠰ ᠲᠤ ᠦᠯᠦ ᠬᠦᠯᠢᠶᠡᠨ ᠠᠪᠴᠤ ᠰᠢᠢᠳᠪᠦᠷᠢᠯᠡᠬᠦ | ᠪᠢᠴᠢᠭ ᠤᠨ ᠮᠡᠳᠡᠭᠳᠡᠯ ᠤᠨ ᠬᠠᠭᠤᠳᠠᠰᠤ ᠭᠠᠷᠭᠠᠵᠤ ᠥᠭᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ︶ | ︵ᠠᠷᠪᠠᠨ ᠨᠢᠭᠡ︶ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠲᠣᠭᠲᠠᠭᠠᠯ ᠶᠣᠰᠣᠭᠠᠷ ᠬᠡᠷᠡᠭᠯᠡᠬᠦ ᠥᠬᠡᠶ ᠪᠠᠷ ᠬᠢᠨᠠᠨ ᠵᠥᠪᠰᠢᠶᠡᠷᠡᠬᠦ ᠦᠢᠯᠡᠴᠢᠯᠡᠭᠡ ᠥᠷᠨᠢᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ︶ | ︵ᠠᠷᠪᠠᠨ ᠬᠤᠶᠠᠷ︶ ᠲᠣᠭᠲᠠᠭᠠᠯ ᠢ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠤᠷᠢᠳᠠᠴᠢ ᠨᠥᠬᠦᠴᠡᠯ | ᠲᠣᠭᠲᠠᠭᠠᠬᠤ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ︶ | ︵ᠠᠷᠪᠠᠨ ᠭᠤᠷᠪᠠ︶᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠥᠯᠥᠪᠯᠡᠭᠡ | ᠶᠣᠰᠣᠭᠠᠷ ᠠᠵᠤ ᠠᠬᠤᠶᠢᠯᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ ᠦᠭᠡᠶ ᠪᠤᠶᠤ ᠨᠢᠭᠡ | ᠠᠵᠤ ᠠᠬᠤᠶᠢᠯᠠᠯ ᠳᠤ ᠳᠠᠪᠬᠤᠷᠳᠠᠭᠤᠯᠤᠨ ᠣᠯᠠᠨ ᠤᠳᠠᠭ᠎ᠠ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠬᠡᠪ ᠤᠨ | ᠡᠵᠡᠩᠨᠡᠯᠲᠡ ᠶᠢ ᠬᠠᠷᠰᠢᠯᠠᠬᠤ᠃ | ︵ᠤᠯᠤᠰ ᠤᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠠᠮᠤᠷ ᠲᠦᠪᠰᠢᠨ᠂ ᠠᠮᠢ ᠠᠬᠤᠶ ᠶᠢᠨ ᠠᠮᠤᠷ | ᠲᠦᠪᠰᠢᠨ᠂ ᠠᠶᠤᠯᠭᠦᠶ ᠦᠢᠯᠡᠳᠪᠦᠷᠢᠯᠡᠯ᠂ ᠣᠨᠴᠠ ᠲᠥᠷᠥᠯ ᠤᠨ ᠠᠵᠢᠯ ᠲᠥᠷᠥᠯ ᠵᠡᠷᠭᠡ ᠳᠤ ᠬᠤᠯᠪᠣᠭᠳᠠᠬᠤ ᠶᠢ | ᠲᠣᠰ ᠤᠳᠠᠭᠠᠨ ᠤ ᠴᠡᠭᠴᠡᠯᠡᠨ ᠵᠠᠰᠠᠬᠤ ᠬᠡᠪᠴᠢᠶᠡᠨ ᠳᠤ ᠣᠷᠣᠭᠤᠯᠬᠤ ᠥᠬᠡᠶ︶ ︵ᠬᠠᠷᠢᠭᠤᠴᠠᠯᠭᠠᠲᠤ ᠨᠢᠭᠡᠴᠡ᠄ | ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠮᠵᠢᠯᠴᠠᠬᠤ ᠨᠢᠭᠡᠴᠡ᠄ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ︶ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠥᠪᠡᠰᠦᠪᠡᠨ ᠪᠠᠶᠢᠴᠠᠭᠠᠵᠤ ᠪᠠᠶᠢᠳᠠᠯ ᠢ ᠤᠶᠢᠯᠠᠭᠠᠨ ᠵᠢᠭᠰᠠᠭᠠᠬᠤ ᠱᠠᠲᠤ ᠦᠶ᠎ᠡ ︵11 ᠳ᠋ᠦ᠋ᠭᠡᠷ | ᠰᠠᠷ᠎ᠠ ᠶᠢᠨ 20 ᠤ ᠡᠳᠦᠷ ᠠᠴᠠ 11 ᠳ᠋ᠦ᠋ᠭᠡᠷ ᠰᠠᠷ᠎ᠠ ᠶᠢᠨ 30 ᠤ ᠡᠳᠦᠷ︶ | ᠡᠯ᠎ᠡ ᠰᠤᠮᠤ ᠰᠢᠶᠠᠩ ᠪᠠᠯᠭᠠᠰᠤ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠲᠣᠰ | ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠤᠳᠠᠭᠠᠨ ᠤ ᠲᠤᠰᠬᠠᠶ ᠠᠵᠢᠯᠯᠠᠭ᠎ᠠ ᠳᠤ | ᠲᠣᠭᠲᠠᠭᠠᠭᠰᠠᠨ ᠴᠡᠭᠴᠡᠯᠡᠨ ᠵᠠᠰᠠᠬᠤ ᠭᠤᠤᠯᠳᠠᠯᠭ᠎ᠠ ᠲᠠᠢ ᠬᠠᠷᠢᠴᠠᠭᠤᠯᠤᠨ᠂ ᠲᠣᠰ ᠪᠡᠶ᠎ᠡ ᠶᠢᠨ ᠠᠰᠠᠭᠤᠳᠠᠯ ᠢᠶᠠᠨ | ᠭᠦᠨᠵᠡᠭᠡᠶ ᠪᠠᠶᠢᠴᠠᠭᠠᠨ ᠳᠡᠯᠭᠡᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠪᠠ ᠦᠢᠯᠡᠴᠢᠯᠡᠬᠦ ᠡᠲᠡᠭᠡᠳ ᠢ ᠲᠤᠬᠠᠶ ᠶᠢᠨ | ᠭᠠᠵᠠᠷ ᠲᠤᠨᠢ ᠰᠤᠷᠪᠤᠯᠵᠢᠯᠠᠬᠤ᠂ ᠰᠠᠨᠠᠯ ᠬᠤᠷᠢᠶᠠᠬᠤ ᠬᠦᠰᠦᠨᠦᠭᠲᠦ ᠲᠠᠷᠬᠠᠭᠠᠬᠤ᠂ ᠦᠢᠯᠡᠴᠢᠯᠡᠬᠦ ᠡᠲᠡᠭᠡᠳ ᠤᠨ | ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰ ᠭᠠᠵᠠᠷ ᠣᠷᠣᠨ ᠲᠣᠰ ᠰᠠᠯᠠᠭ᠎ᠠ | ᠮᠥᠴᠢᠷ ᠲᠣᠰ ᠰᠢᠰᠲ᠋ᠧᠮ ᠤᠨ ᠢᠶᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ | ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠥᠪᠡᠰᠦᠪᠡᠨ ᠪᠠᠶᠢᠴᠠᠭᠠᠵᠤ ᠪᠠᠶᠢᠳᠠᠯ ᠢ ᠤᠶᠢᠯᠠᠭᠠᠨ ᠵᠢᠭᠰᠠᠭᠠᠵᠤ᠂ | ᠠᠰᠠᠭᠤᠳᠠᠯ ᠤᠨ ᠨᠠᠷᠢᠨ ᠬᠠᠭᠤᠳᠠᠰᠤ ᠶᠢ ᠪᠣᠶ ᠪᠣᠯᠭᠠᠨ᠎ᠠ᠃ | ︵ᠬᠤᠶᠠᠷ︶ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠱᠠᠲᠤ ᠦᠶ᠎ᠡ ︵11 ᠳ᠋ᠤᠭᠡᠷ ᠰᠠᠷ᠎ᠠ ᠶᠢᠨ 20 ᠤ | ᠡᠳᠦᠷ ᠠᠴᠠ 11 ᠳ᠋ᠤᠭᠡᠷ ᠰᠠᠷ᠎ᠠ ᠶᠢᠨ 30 ᠤ ᠡᠳᠦᠷ︶ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠣᠰ ᠤᠳᠠᠭᠠᠨ ᠤ ᠲᠤᠰᠬᠠᠶ ᠠᠵᠢᠯᠯᠠᠭ᠎ᠠ ᠡᠬᠢᠯᠡᠭᠰᠡᠨ ᠤ | ᠳᠠᠷᠠᠭ᠎ᠠ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠸᠢᠴᠠᠲ ᠤᠨ ᠨᠡᠶᠢᠲᠡ ᠶᠢᠨ ᠳ᠋ᠤᠭᠠᠷ ᠢᠶᠠᠷ | ᠠᠯᠪᠠᠨ ᠵᠠᠷ ᠨᠡᠶᠢᠲᠡᠯᠡᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢᠶᠠᠨ ᠢᠯᠡ ᠪᠣᠯᠭᠠᠵᠤ᠂ ᠬᠤᠰᠢᠭᠤᠨ ᠤ | ᠬᠤᠳᠤᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠰᠢᠤᠳᠠᠨ ᠤ ᠬᠠᠶᠢᠷᠴᠠᠭ ︵klqysb4777089@163. | com︶᠂ 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ | ᠤᠲᠠᠰᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ 12388 ᠵᠠᠭᠠᠯᠳᠤᠯᠭ᠎ᠠ ᠶᠢᠨ ᠬᠠᠯᠠᠮᠰᠢᠯ | ᠤᠲᠠᠰᠤ ᠵᠡᠷᠭᠡ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠣᠯᠠᠨ ᠳᠤ ᠨᠡᠶᠢᠲᠡᠯᠡᠵᠦ᠂ ᠠᠵᠤ | ᠠᠬᠤᠶᠢᠯᠠᠯ ᠣᠯᠠᠨ ᠲᠦᠮᠡᠨ ᠤ ᠠᠰᠠᠭᠤᠳᠠᠯ ᠲᠤᠰᠬᠠᠬᠤ ᠶᠢ ᠬᠥᠲᠥᠯᠥᠨ ᠵᠢᠯᠤᠭᠤᠳᠤᠨ᠎ᠠ᠃ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ 12 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ | ᠵᠢᠭᠰᠠᠭᠠᠨ ᠪᠠᠶᠢᠴᠠᠭᠠᠭᠰᠠᠨ ᠠᠰᠠᠭᠤᠳᠠᠯ᠂ ᠴᠤᠭᠯᠠᠭᠤᠯᠤᠭᠰᠠᠨ ᠠᠰᠠᠭᠤᠳᠠᠯ ᠢᠶᠠᠨ ᠡᠮᠬᠢᠯᠡᠨ ᠬᠤᠷᠢᠶᠠᠩᠭᠤᠶᠢᠯᠠᠭᠰᠠᠨ ᠤ | ᠳᠠᠷᠠᠭ᠎ᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠬᠤᠰᠢᠭᠤᠨ ᠤ ᠬᠤᠳᠤᠯᠳᠤᠭ᠎ᠠ ᠡᠷᠬᠢᠯᠡᠬᠦ | ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠬᠡᠷ ᠲᠤ ᠮᠡᠳᠡᠭᠦᠯᠦᠨ ᠬᠦᠷᠭᠡᠵᠦ᠂ ᠬᠤᠰᠢᠭᠤᠨ ᠤ | ᠬᠤᠳᠤᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠬᠡᠷ ᠠᠴᠠ | ᠴᠤᠭᠯᠠᠭᠤᠯᠤᠭᠰᠠᠨ ᠠᠰᠠᠭᠤᠳᠠᠯ ᠢ ᠴᠥᠮ ︽ᠭᠤᠷᠪᠠᠨ ᠬᠠᠭᠤᠳᠠᠰᠤ ᠨᠢᠭᠡ ᠵᠠᠬᠢᠳᠠᠯ︾ ᠤᠨ ᠲᠠᠰ ᠳᠠᠷᠠᠭᠠᠯᠠᠯ | ᠶᠣᠰᠣᠭᠠᠷ ᠴᠠᠭ ᠲᠤᠬᠠᠶ ᠳᠤᠨᠢ ᠬᠠᠮᠢᠶ᠎ᠠ ᠪᠥᠬᠦᠶ ᠭᠠᠵᠠᠷ ᠣᠷᠣᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ | ᠰᠢᠢᠳᠪᠦᠷᠢᠯᠡᠭᠦᠯᠦᠨ᠎ᠡ᠃ | ︵ᠭᠤᠷᠪᠠ︶ ᠪᠠᠶᠢᠴᠠᠭᠠᠨ ᠰᠢᠢᠳᠪᠦᠷᠢᠯᠡᠬᠦ ᠱᠠᠲᠤ ᠦᠶ᠎ᠡ ︵12 ᠳ᠋ᠤᠭᠠᠷ ᠰᠠᠷ᠎ᠠ ᠶᠢᠨ 1 ᠤ ᠡᠳᠦᠷ ᠠᠴᠠ 12 | ᠳ᠋ᠤᠭᠠᠷ ᠰᠠᠷ᠎ᠠ ᠶᠢᠨ 15 ᠤ ᠡᠳᠦᠷ︶ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠥᠪᠡᠰᠦᠪᠡᠨ ᠪᠠᠶᠢᠴᠠᠭᠠᠭᠰᠠᠨ ᠪᠠ ᠰᠢᠯᠵᠢᠭᠦᠯᠦᠨ | ᠰᠢᠢᠳᠪᠦᠷᠢᠯᠡᠭᠦᠯᠬᠦ ᠲᠤᠰᠢᠶᠠᠨ ᠰᠢᠢᠳᠪᠦᠷᠢᠯᠡᠭᠦᠯᠬᠦ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠶᠢᠨ ᠬᠠᠮᠲᠤ 5 | ᠠᠵᠢᠯᠯᠠᠬᠤ ᠡᠳᠦᠷ ᠤᠨ ᠳᠣᠲᠣᠷ᠎ᠠ ᠠᠰᠠᠭᠤᠳᠠᠯ ᠢ ᠪᠠᠶᠢᠴᠠᠭᠠᠨ ᠬᠠᠷᠭᠤᠭᠤᠯᠤᠭᠰᠠᠨ ᠪᠠᠶᠢᠳᠠᠯ ᠢᠶᠠᠨ ᠰᠢᠯᠵᠢᠭᠦᠯᠦᠨ | ᠰᠢᠢᠳᠪᠦᠷᠢᠯᠡᠭᠦᠯᠬᠦ ᠲᠤᠰᠢᠶᠠᠨ ᠰᠢᠢᠳᠪᠦᠷᠢᠯᠡᠭᠦᠯᠬᠦ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠲᠤᠰ | ᠭᠠᠵᠠᠷ ᠣᠷᠣᠨ ᠲᠤᠰ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠰᠢᠢᠳᠪᠦᠷᠢᠯᠡᠵᠦ | ᠪᠣᠯᠬᠤ ᠶᠢ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠠᠴᠠ ᠰᠢᠢᠳᠪᠦᠷᠢᠯᠡᠵᠦ᠂ ᠪᠠᠶᠢᠳᠠᠯ ᠨᠢ ᠬᠦᠨᠳᠦ ᠨᠣᠴᠢᠲᠠᠶ | ᠪᠣᠯ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠤᠶᠤ ᠵᠣᠬᠢᠶᠠᠨ ᠪᠠᠶᠢᠭᠤᠯᠬᠤ | ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ | ︵ᠲᠦᠷᠪᠡ︶ ᠪᠣᠳᠠᠲᠠᠶ ᠭᠠᠵᠠᠷ ᠲᠤᠨᠢ ᠰᠢᠪᠠᠳᠠᠨ ᠪᠠᠶᠢᠴᠠᠭᠠᠬᠤ ᠱᠠᠲᠤ ᠦᠶ᠎ᠡ ︵12 ᠳ᠋ᠤᠭᠠᠷ ᠰᠠᠷ᠎ᠠ ᠶᠢᠨ | 16 ᠤ ᠡᠳᠦᠷ ᠠᠴᠠ 12 ᠳ᠋ᠤᠭᠠᠷ ᠰᠠᠷ᠎ᠠ ᠶᠢᠨ 25 ᠤ ᠡᠳᠦᠷ ᠬᠦᠷᠲᠡᠯ᠎ᠡ︶ | ᠬᠤᠰᠢᠭᠤᠨ ᠤ ᠬᠤᠳᠤᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ | ᠭᠡᠷ ᠨᠢ ᠬᠤᠰᠢᠭᠤᠨ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠲᠠᠢ ᠬᠠᠮᠲᠤᠷᠠᠨ᠂ ᠬᠤᠰᠢᠭᠤᠨ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢ ᠴᠤᠭᠯᠠᠭᠤᠯᠵᠤ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠲᠤᠰᠬᠠᠶ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠵᠢᠴᠢ ᠦᠷ᠎ᠡ ᠪᠦᠲᠦᠮᠵᠢ ᠶᠢ ᠰᠢᠪᠠᠳᠠᠨ ᠪᠠᠶᠢᠴᠠᠭᠠᠨ᠎ᠠ᠃ | ᠡᠯ᠎ᠡ ᠰᠠᠯᠠᠭ᠎ᠠ ᠮᠥᠴᠢᠷ ᠤᠨ ᠬᠢᠨ ᠴᠡᠭᠴᠡᠯᠡᠨ ᠵᠠᠰᠠᠬᠤ ᠠᠵᠢᠯᠯᠠᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠠᠰᠠᠭᠤᠳᠠᠯ ᠢ ᠴᠡᠭᠴᠡᠯᠡᠨ | ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠪᠠᠳᠠᠨ ᠪᠠᠶᠢᠴᠠᠭᠠᠬᠤ | ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠴᠢᠭ ᠠᠴᠠ ᠴᠡᠭ ᠲᠤ ᠬᠦᠷᠴᠦ ᠰᠢᠪᠠᠳᠠᠨ ᠪᠠᠶᠢᠴᠠᠭᠠᠬᠤ | ᠶᠠᠪᠤᠴᠠ ᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠪᠦᠲᠦᠮᠵᠢᠲᠡᠢ ᠥᠷᠨᠢᠭᠦᠯᠦᠭᠰᠡᠨ ᠦᠭᠡᠢ᠂ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠭᠰᠠᠨ ᠵᠡᠷᠭᠡ ᠪᠠᠶᠢᠳᠠᠯ ᠢ ᠣᠯᠵᠤ ᠮᠡᠳᠡᠪᠡᠯ ᠴᠢᠩᠭ᠎ᠠ ᠰᠢᠢᠳᠪᠦᠷᠢᠯᠡᠭᠦᠯᠦᠨ᠎ᠡ᠃ | ︵ᠲᠠᠪᠤ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵12 ᠳ᠋ᠤᠭᠠᠷ ᠰᠠᠷ᠎ᠠ ᠶᠢᠨ 26 ᠤ ᠡᠳᠦᠷ ᠠᠴᠠ 12 | ᠳ᠋ᠤᠭᠠᠷ ᠰᠠᠷ᠎ᠠ ᠶᠢᠨ 31 ᠤ ᠡᠳᠦᠷ︶ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠢᠯᠠᠩᠭᠤᠶ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭᠠᠲᠤ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠲᠣᠭᠲᠠᠭᠠᠨ | ᠲᠡᠭᠦᠯᠳᠡᠷᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠠᠰᠠᠭᠤᠳᠠᠯ ᠤᠨ | ᠠᠯᠳᠠᠭ᠎ᠠ ᠪᠣᠷᠤᠭᠤ ᠶᠢ ᠬᠤᠷᠢᠭᠯᠠᠨ᠂ ᠨᠢᠭᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠨᠢᠭᠡ ᠢᠵᠢ | ᠲᠦᠷᠢᠮ ᠢ ᠲᠡᠭᠦᠯᠳᠡᠷᠵᠢᠭᠦᠯᠦᠨ᠂ ᠨᠢᠭᠡ ᠵᠦᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠶ᠃ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠬᠢᠨ ᠪᠠᠶᠢᠭᠤᠯᠤᠨ ᠳᠡᠭᠦᠯᠳᠡᠷᠵᠢᠭᠦᠯᠦᠭᠰᠡᠨ ᠬᠠᠮᠢᠶ᠎ᠠ ᠪᠦᠬᠦᠢ ᠲᠣᠭᠲᠠᠴᠠ ᠵᠢᠴᠢ ᠲᠤᠰᠬᠠᠶ | ᠠᠵᠢᠯᠯᠠᠭ᠎ᠠ ᠶᠢᠨ ᠠᠵᠢᠯ ᠤᠨ ᠳ᠋ᠦᠩᠨᠡᠯᠲᠡ ᠪᠠᠨ 12 ᠰᠠᠷ᠎ᠠ ᠶᠢᠨ 30 ᠤ ᠡᠳᠦᠷ ᠠᠴᠠ ᠡᠮᠦᠨ᠎ᠡ ᠬᠤᠰᠢᠭᠤᠨ ᠤ | ᠬᠤᠳᠤᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠲᠤ ᠮᠡᠳᠡᠭᠦᠯᠦᠨ | ᠬᠦᠷᠭᠡᠵᠦ ᠳᠠᠩᠰᠠᠯᠠᠭᠤᠯᠬᠤ ᠬᠡᠷᠡᠭᠲᠡᠶ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠨᠢᠭᠡᠴᠡ ᠪᠥᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠤᠳᠠᠭᠠᠨ ᠤ ᠲᠤᠰᠬᠠᠶ | ᠠᠵᠢᠯᠯᠠᠭ᠎ᠠ ᠳᠤ ᠦᠳᠲᠡᠷ ᠲᠦᠷᠭᠡᠨ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠲᠣᠰ ᠤᠳᠠᠭᠠᠨ ᠤ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ | ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠵᠢᠯᠣᠭᠤᠳᠴᠤ᠂ ᠨᠢᠭᠡᠳᠦᠯᠲᠡᠶ ᠲᠥᠯᠥᠪᠯᠡᠬᠦ ᠪᠠ | ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠡᠯ᠎ᠡ ᠭᠠᠵᠠᠷ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠵᠣᠬᠢᠴᠠᠩᠭᠤᠶ ᠠᠵᠢᠯ ᠤᠨ ᠲᠥᠰᠦᠯ ᠲᠣᠭᠲᠠᠭᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠠᠵᠢᠯ ᠤᠨ | ᠡᠮᠬᠢ ᠵᠢᠷᠤᠮ ᠲᠠᠢ ᠠᠭᠢᠬᠤ ᠶᠢ ᠪᠠᠲᠤᠯᠠᠨ᠎ᠠ᠃ | ︵ᠬᠤᠶᠠᠷ︶ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠦᠨᠡᠨᠬᠦ ᠪᠠᠲᠤᠯᠠᠨ᠎ᠠ᠃ ᠬᠤᠰᠢᠭᠤᠨ ᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠥᠪᠡᠰᠦᠪᠡᠨ ᠪᠠᠶᠢᠴᠠᠭᠠᠬᠤ᠂ ᠰᠢᠯᠵᠢᠭᠦᠯᠦᠨ ᠰᠢᠢᠳᠪᠦᠷᠢᠯᠡᠭᠦᠯᠬᠦ ᠲᠤᠰᠢᠶᠠᠨ | ᠰᠢᠢᠳᠪᠦᠷᠢᠯᠡᠭᠦᠯᠬᠦ ᠡᠭᠦᠷᠭᠡ ᠶᠢ ᠲᠡᠷᠡ ᠳᠠᠷᠤᠶ ᠳᠤᠨᠢ ᠪᠠᠶᠢᠴᠠᠭᠠᠨ ᠬᠠᠷᠭᠤᠭᠤᠯᠵᠤ᠂ ᠲᠡᠷᠡ ᠶᠤᠰᠤᠭᠠᠷ ᠨᠢ ᠠᠬᠢᠭᠤᠯᠤᠨ | ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠲᠣᠪᠤᠶᠢᠮ᠎ᠠ ᠠᠰᠠᠭᠤᠳᠠᠯ ᠤᠨ | ᠲᠤᠰᠬᠠᠶ ᠠᠵᠢᠯᠯᠠᠭ᠎ᠠ ᠶᠢ ᠬᠠᠰᠢ ᠶᠠᠰᠢ ᠥᠩᠭᠡᠷᠡᠭᠦᠯᠬᠦ ᠥᠬᠡᠶ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ | ᠪᠠᠲᠤᠯᠠᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠪᠠᠨ ᠴᠢᠩᠭᠠᠳᠬᠠᠵᠤ᠂ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠷ᠎ᠡ ᠪᠦᠲᠦᠭᠡᠯ ᠢᠶᠠᠨ | ᠪᠠᠬᠢᠵᠢᠭᠦᠯᠵᠦ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠬᠢᠭᠤᠯᠬᠤ ᠠᠵᠢᠯ ᠤᠨ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠨ᠎ᠠ᠃ | ︵ᠭᠤᠷᠪᠠ︶ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠶᠢ ᠴᠢᠩᠭᠠᠳᠬᠠᠨ᠎ᠠ᠃ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠬᠤ ᠬᠡᠷᠡᠭᠲᠡᠢ᠃ ᠣᠯᠵᠤ ᠮᠡᠳᠡᠭᠰᠡᠨ ᠬᠡᠯᠪᠡᠷᠢᠯ ᠤᠨ ᠴᠢᠨᠠᠷᠲᠠᠶ᠂ | ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠵᠥᠪ ᠴᠢᠭᠯᠡᠯ ᠢᠶᠠᠷ ᠵᠠᠯᠠᠷᠠᠭᠤᠯᠵᠤ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠪᠠᠶᠢᠳᠠᠯ ᠢ ᠴᠡᠭᠴᠡᠯᠡᠨ ᠵᠠᠰᠠᠬᠤ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠪᠠᠯ ᠲᠡᠷᠡ ᠳᠠᠷᠤᠶ ᠳᠤᠨᠢ ᠮᠡᠳᠡᠵᠦ ᠥᠭᠡᠷᠡᠴᠢᠯᠡᠨ | ᠰᠠᠶᠢᠵᠢᠷᠠᠭᠤᠯᠵᠤ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠰᠠᠨ ᠢ ᠲᠦᠷᠢᠮ ᠲᠣᠭᠲᠠᠭᠠᠯ | ᠰᠠᠬᠢᠯᠭ᠎ᠠ ᠪᠠᠲᠤ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠨᠠᠶᠢᠳᠠᠪᠤᠷᠢᠵᠢᠭᠤᠯᠬᠤ ᠨᠢ ᠪᠣᠳᠠᠲᠠᠢ ᠪᠢᠰᠢ | ᠪᠠᠶᠢᠬᠤ ᠶᠢ ᠴᠢᠩᠭ᠎ᠠ ᠰᠡᠷᠭᠡᠶᠢᠯᠡᠨ᠎ᠡ᠃ ᠡᠭᠦᠨ ᠤ ᠬᠠᠮᠲᠤ᠂ ᠬᠠᠮᠢᠶ᠎ᠠ ᠪᠥᠬᠦᠶ ᠭᠠᠵᠠᠷ ᠣᠷᠣᠨ ᠤ ᠰᠠᠯᠠᠭ᠎ᠠ ᠮᠥᠴᠢᠷ ᠤᠨ | ᠠᠵᠢᠯᠲᠠᠨ ᠤ ᠠᠵᠢᠯ ᠬᠢᠬᠦ ᠥᠬᠡᠶ᠂ ᠤᠳᠠᠭᠠᠨ ᠬᠢᠬᠦ᠂ ᠳᠤᠷ᠎ᠠ ᠪᠠᠷ ᠢᠶᠠᠨ ᠦᠢᠯᠡᠳᠬᠦ ᠠᠴᠠ ᠪᠣᠯᠤᠭᠰᠠᠨ ᠲᠣᠪᠤᠶᠢᠮ᠎ᠠ | ᠠᠰᠠᠭᠤᠳᠠᠯ ᠢ ︽ᠬᠦᠷᠢᠶ᠎ᠡ ᠬᠤᠰᠢᠭᠤᠨ ᠤ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ | ᠲᠠᠪᠴᠠᠩ︾ ᠳᠤ ᠣᠷᠣᠭᠤᠯᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠰᠢᠢᠳᠪᠦᠷᠢᠯᠡᠬᠦ ᠦᠷ᠎ᠡ | ᠪᠦᠲᠦᠮᠵᠢ ᠪᠠᠨ ᠴᠢᠩᠭᠠᠷᠠᠭᠤᠯᠤᠨ᠎ᠠ᠃ | ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠬᠤᠰᠢᠭᠤᠨ ᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ | ᠠᠵᠢᠯ ᠤᠨ ᠳᠤᠮᠳᠠᠬᠢ ᠲᠡᠷᠢᠭᠦᠨ ᠤ ᠦᠯᠢᠭᠡᠷ ᠳᠠᠭᠤᠷᠢᠶᠠᠯ ᠢ ᠢᠳᠡᠪᠬᠢᠲᠡᠶ ᠤᠬᠠᠭᠤᠯᠵᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠬᠤᠬᠢᠷᠠᠭᠤᠯᠤᠭᠰᠠᠨ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠤ᠂ | ᠰᠡᠷᠡᠮᠵᠢᠯᠡᠭᠦᠯᠬᠦ ᠬᠥᠮᠦᠵᠢᠯ ᠤᠨ ᠴᠢᠩᠭ᠎ᠠ ᠰᠦᠷᠳᠡᠭᠦᠯᠬᠦ᠂ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠦᠢᠯᠡᠳᠦᠯ ᠢ | ᠭᠦᠢᠴᠡᠳ ᠪᠠᠳᠠᠷᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠡᠷᠡᠮᠵᠢᠯᠡᠭᠦᠯᠬᠦ ᠬᠥᠮᠦᠵᠢᠯ ᠢ | ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠬᠡᠷᠡᠭ ᠢᠶᠠᠷ ᠲᠣᠯᠢ ᠪᠣᠯᠭᠠᠵᠤ᠂ | ᠬᠡᠷᠡᠭ ᠢ ᠪᠠᠭ᠎ᠠ ᠠᠴᠠ ᠨᠢ ᠰᠡᠷᠭᠡᠶᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠠᠮᠠᠭᠠᠯᠠᠬᠤ ᠦᠵᠡᠯ | ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠵᠤ᠂ ᠤᠬᠠᠭᠤᠯᠭ᠎ᠠ ᠶᠢᠨ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ | ᠪᠠᠶᠢᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠪᠦᠲᠦᠮᠵᠢᠲᠡᠶ ᠰᠠᠶᠢᠲᠤᠷ ᠬᠢᠬᠦ ᠳᠤ ᠰᠠᠶᠢᠨ ᠰᠠᠶᠢᠬᠠᠨ ᠰᠠᠭᠤᠷᠢ | ᠬᠠᠩᠭᠠᠨ᠎ᠠ᠃ | ᠬᠠᠷᠢᠯᠴᠠᠬᠤ ᠬᠥᠮᠥᠨ᠄ ᠮᠢᠩ ᠮᠢᠩ᠂ ᠬᠠᠷᠢᠯᠴᠠᠬᠤ ᠤᠲᠠᠰᠤ᠄ 4777089᠂ ᠡᠯᠧᠺᠲᠷᠣᠨ ᠰᠢᠤᠳᠠᠨ ᠤ | ᠬᠠᠶᠢᠷᠴᠠᠭ᠄ klqysb4777089@126.com | ᠳᠠᠭᠠᠯᠳᠤᠭᠤᠯᠤᠯ᠄ ᠡᠵᠡᠩᠨᠡᠯᠲᠡ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠳᠣᠪᠤᠶᠢᠮ᠎ᠠ ᠠᠰᠠᠭᠤᠳᠠᠯ ᠢ | ᠲᠤᠰᠬᠠᠶ ᠴᠡᠭᠴᠡᠯᠡᠨ ᠵᠠᠰᠠᠬᠤ ᠠᠰᠠᠭᠤᠳᠠᠯ ᠤᠨ ᠡᠬᠡ ᠳᠠᠩᠰᠠ | | | 2023 ᠣᠨ ᠤ 11 ᠰᠠᠷ᠎ᠠ ᠶᠢᠨ 20 ᠤ ᠡᠳᠦᠷ |